ᠨᠡᠪᠲᠡᠷᠡᠨ ᠤᠷᠤᠬᠤ
ᠰᠤᠷᠠᠭ ᠵᠠᠩᠭᠢ ᠶᠢᠨ ᠮᠡᠷᠭᠡᠵᠢᠯ ᠭᠡᠪ ᠴᠢᠨᠠᠷ ᠤᠨ ᠰᠤᠷᠭᠠᠨ ᠭᠦᠮᠦᠵᠢᠯ ᠳᠤ ᠥᠵᠡᠭᠦᠯᠭᠦ ᠠᠴᠢ ᠬᠤᠯᠪᠣᠭᠳᠠᠯ

ᠰᠤᠷᠠᠭ ᠵᠠᠩᠭᠢᠴᠢᠯᠠᠭᠰᠠᠨ ᠨᠡᠢ᠌ᠭᠡᠮ ᠨᠢ ᠣᠳᠤᠬᠠᠨ ᠤ ᠨᠡᠢ᠌ᠭᠡᠮ ᠤᠨ ᠭᠦᠭ᠍ᠵᠢᠯᠳᠡ ᠶᠢ ᠳᠠᠭᠠᠯᠳᠤᠨ ᠦᠣᠠᠳᠠᠷ ᠳᠦᠷᠭᠡᠨ ᠭᠦᠭ᠍ᠵᠢᠵᠤ᠂ ᠳᠡᠯᠡᠭᠡᠢ ᠶᠢᠨ ᠭᠦᠷᠢᠶ᠎ᠡ ᠭᠡᠪᠴᠢᠶᠡᠨ ᠳᠤ ᠨᠢᠭᠡᠨ ᠰᠤᠷᠠᠭ ᠵᠠᠩᠭᠢ ᠶᠢᠨ ᠣᠷᠴᠢᠨ ᠢ ᠪᠣᠢ ᠪᠣᠯᠭᠠᠨ᠂ ᠣᠯᠠᠨ ᠵᠠᠭᠤᠴᠢᠳᠤ ᠮᠡᠷᠭᠡᠵᠢᠯ᠂ ᠳᠦᠦᠷ ᠰᠦᠯᠵᠢᠶᠠᠨ ᠮᠡᠷᠭᠡᠵᠢᠯ ᠤᠨ ᠭᠡᠷᠡᠭᠯᠡᠯᠳᠡ ᠨᠢ ᠴᠤ ᠭᠦᠮᠦᠰ ᠤᠨ ᠠᠮᠢᠳᠤᠷᠠᠯ ᠥᠢᠯᠡᠳᠦᠯᠭᠡ ᠲᠡᠶ ᠰᠢᠭᠤᠳ ᠬᠤᠯᠪᠣᠭᠳᠠᠨ᠂ ᠣᠯᠠᠮ ᠡᠴᠡ ᠣᠯᠠᠮ ᠦᠷᠭᠡᠨ ᠭᠡᠷᠡᠭᠯᠡᠭ᠍ᠳᠡᠭᠦ ᠪᠣᠯᠵᠠᠢ᠃

ᠮᠠᠨ ᠤ ᠣᠳᠤᠬᠠᠨ ᠤ ᠰᠤᠷᠠᠭ ᠵᠠᠩᠭᠢ ᠶᠢᠨ ᠨᠡᠢ᠌ᠭᠡᠮ ᠨᠢ ᠳᠡᠭᠡᠳᠤ ᠭᠡᠮᠵᠢᠶᠡᠨ ᠤ ᠴᠢᠳᠠᠪᠣᠷᠢᠳᠠᠨ ᠢ ᠭᠡᠷᠡᠭ᠍ᠰᠡᠵᠤ᠂ ᠴᠢᠳᠡᠪᠦᠷᠢᠳᠡᠨ ᠤ ᠳᠠᠪᠰᠢᠯᠳᠠ ᠶᠢ ᠠᠭᠢᠭᠤᠯᠵᠤ᠂ ᠳᠠᠳᠠᠨ ᠤ ᠦᠷᠢᠰᠦᠯᠳᠦᠭᠡᠨ ᠤ ᠳᠤᠮᠳᠠ ᠣᠷᠤᠭᠰᠢ ᠳᠠᠪᠰᠢᠬᠤ ᠶᠢᠨ ᠠᠭᠢᠭᠤᠯᠬᠤ ᠭᠦᠴᠤᠨ ᠪᠣᠯᠤᠭᠰᠠᠨ ᠪᠠᠢ᠌ᠨ᠎ᠠ᠃ ᠨᠡᠢ᠌ᠭᠡᠮ ᠤᠨ ᠭᠦᠭ᠍ᠵᠢᠯᠳᠡ ᠨᠢ ᠰᠤᠶᠤᠯ ᠰᠤᠷᠭᠠᠨ ᠭᠦᠮᠦᠵᠢᠯ ᠡᠴᠠ ᠰᠠᠯᠵᠤ ᠪᠣᠯᠤᠰᠢ ᠦᠭᠡᠶ ᠶᠤᠮ᠃ ᠰᠤᠷᠭᠠᠭᠤᠯᠢ ᠪᠣᠯ ᠰᠤᠶᠤᠯ ᠰᠤᠷᠭᠠᠨ ᠭᠦᠮᠦᠵᠢᠯ ᠭᠦᠷᠳᠡᠭᠡᠭᠦ ᠰᠠᠭᠤᠷᠢᠨ ᠭᠠᠵᠠᠷ ᠮᠦᠨ᠃ ᠪᠦᠭᠦ ᠳᠠᠯ᠎ᠠ ᠪᠠᠷ ᠥᠪᠴᠢᠯᠡᠭ᠍ᠰᠡᠨ ᠴᠢᠳᠠᠪᠣᠷᠢᠳᠠᠨ ᠢ ᠭᠦᠮᠦᠵᠢᠭᠦᠯᠭᠦ ᠳᠤ ᠰᠤᠷᠭᠠᠭᠤᠯᠢ ᠨᠢ ᠣᠮᠳᠠᠭᠠᠢ᠌ᠯᠠᠵᠤ ᠪᠣᠯᠤᠰᠢ ᠦᠭᠡᠶ ᠭᠤᠤᠯ ᠪᠠᠢ᠌ᠷᠢ ᠶᠢ ᠡᠵᠡᠯᠡᠵᠤ ᠪᠠᠢ᠌ᠬᠤ ᠶᠤᠮ᠃ ᠡᠨᠡ ᠨᠢ ᠮᠦᠨ ᠴᠤ ᠰᠤᠷᠭᠠᠭᠤᠯᠢ ᠶᠢᠨ ᠰᠤᠷᠭᠠᠨ ᠭᠦᠮᠦᠵᠢᠯ ᠳᠤ ᠳᠠᠯᠪᠢᠭᠳᠠᠵᠤ ᠪᠠᠢ᠌ᠭ᠎ᠠ ᠳᠡᠭᠡᠳᠤ ᠭᠡᠮᠵᠢᠶᠡᠨ ᠤ ᠱᠠᠭᠠᠷᠳᠠᠯᠭ᠎ᠠ ᠮᠦᠨ᠃ ᠶᠠᠷᠢᠶᠠᠨ ᠦᠭᠡᠶ ᠰᠢᠯᠢᠳᠡᠭ᠌ ᠰᠠᠢ᠌ᠨ ᠰᠤᠷᠭᠠᠨ ᠭᠦᠮᠦᠵᠢᠭᠦᠯᠭᠦ ᠣᠷᠴᠢᠨ ᠳᠤᠭᠤᠷᠢᠨ᠂ ᠪᠣᠳᠠᠳᠠᠢ ᠳᠤ ᠣᠶᠠᠯᠳᠤᠭᠰᠠᠨ ᠵᠢᠭᠠᠬᠤ ᠮᠠᠲ᠋ᠸᠷᠢᠶᠠᠯ ᠪᠠ ᠠᠷᠭ᠎ᠠ ᠠᠪᠴᠠᠯ᠂ ᠭᠢᠴᠢᠶᠠᠯ ᠤᠨ ᠳᠠᠩᠭᠢᠮ ᠳᠤ ᠵᠤᠭᠢᠴᠠᠭᠰᠠᠨ ᠵᠢᠭᠠᠬᠤ ᠵᠠᠭᠪᠣᠷ ᠨᠢ ᠭᠡᠪ ᠴᠢᠨᠠᠷ ᠤᠨ ᠰᠤᠷᠭᠠᠨ ᠭᠦᠮᠦᠵᠢᠯ ᠢ ᠠᠭᠢᠭᠤᠯᠬᠤ ᠶᠢᠨ ᠵᠠᠮ ᠮᠦᠷ ᠮᠦᠨ᠃ ᠡᠭᠦᠨ ᠳᠤ ᠵᠢᠭᠠᠬᠤ ᠮᠠᠲ᠋ᠸᠷᠢᠶᠠᠯ ᠢ ᠵᠤᠭᠢᠰᠳᠠᠢ ᠠᠰᠢᠭᠯᠠᠨ᠂ ᠳᠡᠭᠦᠨ ᠢ ᠥᠭᠡᠷᠡᠴᠢᠯᠡᠭᠦ ᠪᠠ ᠳᠤᠭᠢᠷᠠᠭᠤᠯᠬᠤ ᠨᠢ ᠭᠢᠴᠢᠶᠠᠯ ᠤᠨ ᠥᠭᠡᠷᠡᠴᠢᠯᠡᠯᠳᠡ ᠶᠢᠨ ᠣᠷᠢᠳᠠᠯ ᠨᠥᠭᠦᠴᠡᠯ ᠮᠦᠨ᠃

ᠣᠳᠤᠬᠠᠨ ᠳᠤ᠂ ᠨᠡᠢ᠌ᠭᠡᠮ ᠳᠤ ᠬᠠᠷᠢᠭᠤᠴᠠᠯᠭ᠎ᠠ ᠲᠡᠶ᠂ ᠰᠢᠨ᠎ᠠ ᠶᠢ ᠡᠭᠦᠳᠭᠦ ᠳᠠᠨᠢᠯᠳᠠ ᠲᠡᠶ᠂ ᠰᠢᠨ᠎ᠠ ᠶᠢ ᠡᠭᠦᠳᠭᠦ ᠵᠤᠷᠢᠭ ᠰᠠᠨᠠᠭ᠎ᠠ ᠲᠡᠶ᠂ ᠰᠢᠨ᠎ᠠ ᠶᠢ ᠡᠭᠦᠳᠭᠦ ᠴᠢᠳᠠᠪᠣᠷᠢ ᠲᠡᠶ ᠪᠦᠭᠦ ᠳᠠᠯ᠎ᠠ ᠪᠠᠷ ᠭᠦᠭ᠍ᠵᠢᠭ᠍ᠰᠡᠨ ᠴᠢᠳᠠᠪᠣᠷᠢᠳᠠᠨ ᠨᠢ ᠨᠡᠢ᠌ᠭᠡᠮ ᠤᠨ ᠭᠦᠭ᠍ᠵᠢᠯᠳᠡ ᠶᠢᠨ ᠳᠡᠷᠢᠭᠦᠨ ᠪᠠᠢ᠌ᠷᠢᠨ ᠳᠤ ᠳᠠᠯᠪᠢᠭᠳᠠᠵᠤ ᠪᠠᠢ᠌ᠨ᠎ᠠ᠃ ᠡᠢ᠌ᠮᠤ ᠡᠴᠠ ᠨᠢᠭᠡᠨ ᠰᠤᠷᠭᠠᠨ ᠭᠦᠮᠦᠵᠢᠯ ᠤᠨ ᠭᠤᠤᠯ ᠳᠠᠭᠠᠭᠤᠯᠤᠭᠴᠢ᠂ ᠵᠢᠯᠤᠭᠤᠳᠤᠭᠴᠢ ᠪᠣᠯᠤᠭᠰᠠᠨ ᠪᠠᠭᠰᠢ ᠶᠢᠨ ᠬᠤᠪᠢ ᠳᠤ᠂ ᠪᠣᠰᠤᠳ ᠡᠴᠠ ᠣᠷᠣᠢ᠌ᠯᠠᠭᠰᠠᠨ ᠮᠡᠷᠭᠡᠵᠢᠯ᠂ ᠵᠢᠭᠠᠨ ᠰᠤᠷᠭᠠᠬᠤ ᠠᠷᠭ᠎ᠠ ᠡᠠᠪᠴᠠᠯ ᠢ ᠡᠷᠢᠯᠭᠢᠯᠡᠵᠤ ᠵᠢᠭᠠᠨ ᠰᠤᠷᠭᠠᠯᠳᠠ ᠶᠢᠨ ᠴᠢᠨᠠᠷ ᠴᠢᠠᠰᠠᠭ᠎ᠠ ᠪᠠ ᠦᠷ᠎ᠡ ᠠᠰᠢᠭ ᠶᠢᠡᠨ ᠳᠡᠭᠡᠭ᠍ᠰᠢᠯᠡᠭᠦᠯᠭᠦ ᠨᠢ ᠮᠠᠨ ᠤ ᠨᠢᠳᠤᠨ ᠡᠮᠤᠨ᠎ᠡ ᠳᠠᠯᠪᠢᠭᠳᠠᠵᠤ ᠪᠠᠢ᠌ᠭ᠎ᠠ ᠴᠢᠬᠤᠯᠠ ᠠᠰᠠᠭᠤᠳᠠᠯ ᠪᠣᠯᠵᠠᠢ᠃ ᠤᠢ᠌ᠷ᠎ᠡ ᠶᠢᠨ ᠭᠡᠳᠤᠨ ᠵᠢᠯ ᠤᠨ ᠵᠢᠭᠠᠨ ᠰᠤᠷᠭᠠᠯᠳᠠ ᠶᠢᠨ ᠳᠤᠷᠰᠢᠯᠭ᠎ᠠ ᠬᠤᠷᠠᠮᠳᠤᠭᠤᠯᠭ᠎ᠠ ᠳᠤᠮᠳᠠ ᠳᠡᠭᠡᠭ᠍ᠰᠢᠯᠡᠭᠦᠯᠭᠦ ᠪᠠ ᠭᠦᠡᠳᠦᠳᠭᠡᠭᠦ ᠴᠢᠬᠤᠯᠠ ᠲᠡᠶ ᠭᠡᠵᠤ ᠦᠵᠡᠵᠤ ᠪᠠᠢ᠌ᠬᠤ ᠵᠣᠢ᠌ᠯ ᠶᠢᠡᠨ ᠳᠤᠤᠷᠠᠭᠢ ᠭᠡᠳᠤᠨ ᠳᠠᠯ᠎ᠠ ᠪᠠᠷ ᠶᠠᠷᠢᠶ᠎ᠠ᠃

ᠨᠢᠭᠡ᠂ ᠵᠢᠭᠠᠬᠤ ᠮᠠᠲ᠋ᠸᠷᠢᠶᠠᠯ ᠳᠤ ᠪᠠᠨ ᠰᠠᠭᠤᠷᠢᠯᠠᠵᠤ᠂ ᠰᠢᠨ᠎ᠠ ᠶᠢ ᠡᠭᠦᠳᠭᠦ ᠵᠤᠷᠢᠭ ᠰᠠᠨᠠᠭ᠎ᠠ ᠶᠢ ᠭᠦᠮᠦᠵᠢᠭᠦᠯᠭᠦ ᠨᠢ ᠭᠤᠤᠯ ᠴᠢᠮᠦᠭᠡ ᠪᠣᠯᠤᠨ᠎ᠠ᠃

ᠵᠢᠭᠠᠬᠤ ᠮᠠᠲ᠋ᠸᠷᠢᠶᠠᠯ ᠶᠢᠡᠨ ᠳᠠᠭᠢᠨ ᠳᠠᠪᠳᠠᠨ ᠰᠤᠳᠦᠯᠵᠤ᠂ ᠪᠦᠭᠦᠯᠢ ᠴᠤᠭᠴᠠ ᠡᠴᠠ ᠨᠢ ᠨᠠᠪᠳᠠᠷᠠᠳᠠᠯ᠎ᠠ ᠣᠢ᠌ᠯᠠᠭᠠᠨ᠂ ᠭᠤᠤᠯ ᠴᠢᠮᠦᠭᠡ ᠶᠢ ᠨᠢ ᠪᠠᠷᠢᠵᠤ᠂ ᠭᠤᠤᠯᠳᠠᠯᠭ᠎ᠠ ᠭᠦᠴᠢᠷᠳᠡᠯᠭᠡ ᠶᠢ ᠠᠳᠬᠤᠵᠤ ᠠᠪᠣᠨ᠎ᠠ᠃ ᠪᠠᠭᠰᠢ ᠪᠣᠯᠤᠭᠰᠠᠤᠨ ᠵᠢᠭᠠᠬᠤ ᠮᠠᠲ᠋ᠸᠷᠢᠶᠠᠯ ᠳᠤ ᠪᠠᠨ ᠭᠦᠡᠵᠡᠭᠡᠢ᠌ᠷᠡᠵᠤ᠂ ᠰᠤᠷᠤᠭᠴᠢᠳ ᠲᠤ ᠦᠨᠡᠨ ᠪᠣᠳᠠᠳᠠᠢ ᠮᠡᠳᠡᠯᠭᠡ ᠳᠠᠨᠢᠯᠳᠠ ᠶᠢ ᠤᠯᠡᠮᠵᠢᠯᠡᠨ᠂ ᠥᠢᠯᠡᠳᠦᠯᠭᠡ ᠳᠤᠮᠳᠠ ᠡᠴᠠ ᠮᠡᠳᠡᠯᠭᠡ ᠬᠤᠷᠠᠮᠳᠤᠭᠤᠯᠬᠤ ᠶᠢ ᠠᠩᠬᠠᠷᠤᠨ᠎ᠠ᠃ ᠡᠢ᠌ᠮᠤ ᠡᠴᠠ ᠵᠥᠪᠭᠡᠨ ᠦᠪᠡᠷ ᠤᠨ ᠪᠠᠶ᠎ᠠ ᠶᠢᠨ ᠮᠡᠳᠡᠯᠭᠡ ᠳᠠᠨᠢᠯᠳᠠ ᠪᠠᠨ ᠦᠷᠭᠡᠳᠭᠡᠵᠤ᠂ ᠰᠢᠨ᠎ᠡ ᠶᠢ ᠡᠭᠦᠳᠭᠦ ᠦᠵᠡᠯᠳᠠ ᠳᠠᠨᠢᠯᠳᠠ ᠪᠠᠨ ᠳᠡᠭᠡᠭ᠍ᠰᠢᠯᠡᠭᠦᠯᠪᠠᠯ ᠰᠠ‍‌ᠶᠢ ᠨᠡᠢ᠌ᠭᠡᠮ ᠲᠡᠶ ᠮᠦᠷ ᠵᠡᠷᠭᠡᠴᠡᠨ ᠠᠯᠬᠤᠵᠤ᠂ ᠳᠡᠯᠡᠭᠡᠢ ᠶᠢᠨ ᠡᠭᠢ ᠰᠤᠷᠪᠣᠯᠵᠢ ᠶᠢ ᠵᠢᠭᠠᠨ ᠰᠤᠷᠭᠠᠯᠳᠠ ᠳᠤᠮᠳᠠ ᠪᠠᠨ ᠠᠭᠤᠰᠬᠠᠵᠤ ᠴᠢᠳᠠᠨ᠎ᠠ᠃ ᠮᠦᠨ ᠴᠤ ᠵᠤᠷᠢᠭᠳᠠᠢ ᠪᠠᠷ ᠰᠢᠨ᠎ᠠ ᠪᠣᠳᠠᠰ᠂ ᠰᠢᠨ᠎ᠠ ᠠᠷᠭ᠎ᠠ ᠠᠪᠴᠠᠯ ᠢ ᠡᠷᠢᠯᠭᠢᠯᠡᠵᠤ᠂ ᠳᠡᠭᠦᠨ ᠤ ᠦᠨᠳᠦᠰᠦᠨ ᠵᠢᠮ᠎ᠠ ᠶᠤᠰᠤ ᠶᠢ ᠠᠳᠬᠤᠵᠤ ᠠᠪᠬᠤ ᠭᠡᠷᠡᠭ᠍ᠳᠡᠢ᠃ ᠡᠳᠡᠭᠡᠷ ᠵᠣᠢ᠌ᠯᠠᠰ ᠢ ᠪᠦᠷᠢᠯᠳᠦᠭᠦᠯᠭᠦ ᠳᠤ ᠶᠠᠭᠤᠨ ᠤ ᠡᠣᠷᠢᠳ ᠦᠨᠳᠦᠷ ᠭᠡᠮᠵᠢᠶᠡᠨ ᠤ ᠮᠡᠷᠭᠡᠵᠢᠯ ᠴᠢᠳᠠᠪᠣᠷᠢ ᠪᠠ ᠣᠷ᠎ᠠ ᠮᠡᠷᠭᠡᠵᠢᠯ ᠪᠠᠢ᠌ᠬᠤ ᠭᠡᠷᠡᠭ᠍ᠳᠡᠢ᠃ ᠢᠩᠭᠢᠮᠠᠠᠵᠢᠨ ᠰᠠ‍‌ᠶᠢ ᠵᠢᠭᠠᠨ ᠰᠤᠷᠭᠠᠯᠳᠠ ᠶᠢᠨ ᠬᠠᠮᠤᠭ ᠳᠦᠲᠡ ᠵᠠᠮ ᠶᠢᠡᠷ ᠣᠷᠤᠭᠰᠢᠳᠠᠢ ᠠᠯᠬᠤᠵᠤ ᠴᠢᠳᠠᠨ᠎ᠠ᠃ ᠴᠠᠭᠢᠯᠭᠠᠠᠵᠢᠯᠠᠭᠰᠠᠨ ᠳᠤᠨᠤᠭ ᠳᠦᠭᠦᠭᠡᠷᠦᠮᠵᠢ ᠨᠢ ᠮᠠᠨ ᠤ ᠵᠢᠭᠠᠨ ᠰᠤᠷᠭᠠᠯᠳᠠ ᠳᠤᠮᠳᠠ ᠰᠢ᠌ᠤᠠᠪᠣᠷᠢᠯᠠᠵᠤ ᠳᠡᠢ᠌ᠯᠭᠦ ᠦᠭᠡᠶ ᠣᠯᠠᠨ ᠳᠠᠯ᠎ᠠ ᠶᠢᠨ ᠠᠰᠠᠭᠤᠳᠠᠯ ᠢ ᠬᠠᠮᠤᠭ ᠤᠨ ᠣᠬᠤᠷ ᠬᠤᠭᠤᠴᠠᠭᠠᠨ ᠳᠤ ᠳᠠᠨᠢᠭᠤᠯᠵᠤ ᠳᠡᠢ᠌ᠯᠭᠦ ᠪᠦᠭᠡᠳ ᠦᠷ᠎ᠡ ᠠᠰᠢᠭ ᠨᠢ ᠰᠠᠢ᠌ᠨ ᠪᠠᠢ᠌ᠳᠠᠭ᠃ ᠳᠠᠷᠠ ᠨᠢ ᠴᠠᠭ ᠢ ᠠᠷᠪᠢᠯᠠᠬᠤ ᠮᠦᠷᠳᠡᠭᠡᠨ ᠰᠤᠷᠤᠭᠴᠢᠳ ᠤᠨ ᠳᠦᠰᠦᠭᠡᠯᠡᠨ ᠪᠣᠳᠤᠬᠤ ᠴᠢᠳᠠᠪᠣᠷᠢ᠂ ᠰᠠᠳᠭᠢᠨ ᠪᠣᠳᠤᠬᠤ ᠴᠢᠳᠠᠪᠣᠷᠢ ᠶᠢ ᠳᠡᠭᠡᠭ᠍ᠰᠢᠯᠡᠭᠦᠯᠵᠤ᠂ ᠡᠭᠦᠨ ᠤ ᠣᠯᠠᠮ ᠡᠴᠠ ᠰᠢᠭᠤᠳ ᠰᠠᠷᠠᠯᠳᠠ ᠪᠠᠷ ᠳᠠᠮᠵᠢᠨ ᠣᠶᠤᠨ ᠳᠠᠷᠢᠭᠢᠨ ᠳᠤ ᠨᠢ ᠮᠡᠳᠡᠯᠭᠡ ᠶᠢ ᠭᠦᠨ ᠬᠠᠳᠠᠩᠰᠢᠭᠤᠯᠵᠤ ᠴᠢᠳᠠᠨ᠎ᠠ᠃

ᠬᠤᠶᠠᠷ᠂ ᠵᠢᠭᠠᠬᠤ ᠬᠠᠷᠠᠯᠳᠠ ᠪᠠᠨ ᠪᠠᠶᠡᠯᠡᠭᠦᠯᠭᠦ ᠳᠤ ᠰᠠᠭᠤᠷᠢᠯᠠᠵᠤ᠂ ᠰᠤᠷᠤᠭᠴᠢᠳ ᠤᠨ ᠰᠤᠷᠬᠤ ᠢᠳᠠᠪᠭᠢᠵᠢᠯ ᠢ ᠳᠠᠢ᠌ᠴᠢᠯᠠᠨ᠂ ᠰᠤᠷᠬᠤ ᠠᠷᠭ᠎ᠠ ᠶᠢ ᠵᠢᠭᠠᠨ᠎ᠠ᠃

ᠭᠢᠴᠢᠶᠠᠯ ᠤᠨ ᠳᠠᠩᠭᠢᠮ ᠤᠨ ᠵᠢᠭᠠᠨ ᠰᠤᠷᠭᠠᠯᠳᠠ ᠶᠢᠨ ᠦᠷ᠎ᠡ ᠠᠰᠢᠭ ᠤᠨ ᠦᠨᠳᠦᠷ ᠡᠰᠡᠭᠦ ᠨᠢ ᠵᠢᠭᠠᠨ ᠰᠤᠷᠭᠠᠯᠳᠠ ᠶᠢᠨ ᠬᠠᠷᠠᠯᠳᠠ ᠳᠤ ᠪᠠᠨ ᠭᠢᠷᠢ ᠵᠡᠷᠭᠡ ᠭᠦᠷᠴᠤ ᠴᠢᠳᠠᠭᠰᠠᠨ ᠡᠰᠡᠭᠦ ᠲᠡᠶ ᠰᠢᠭᠤᠳ ᠬᠤᠯᠪᠣᠭᠳᠠᠯ ᠲᠡᠶ ᠶᠤᠮ᠃ ᠠᠳᠠᠯᠢ ᠪᠣᠰᠤ ᠭᠢᠷᠢ ᠭᠡᠮᠵᠢᠶᠡᠨ ᠤ ᠠᠳᠠᠯᠢ ᠪᠣᠰᠤ ᠣᠠᠴᠠᠯᠢᠭ ᠲᠡᠶ ᠰᠤᠷᠤᠭᠴᠢᠳ ᠤᠨ ᠭᠦᠯᠢᠶᠡᠨ ᠠᠪᠬᠤ ᠴᠢᠳᠠᠪᠣᠷᠢ᠂ ᠭᠢᠷᠢ ᠲᠦᠪᠰᠢᠨ ᠳᠤ ᠭᠡᠷᠭᠢᠨ ᠬᠠᠠᠳᠤᠭᠤᠯᠵᠤ ᠵᠢᠭᠠᠨ ᠰᠤᠷᠭᠠᠯᠳᠠ ᠪᠠᠨ ᠶᠠᠪᠣᠭᠳᠠᠭᠤᠯᠬᠤ ᠨᠢ ᠮᠠᠨ ᠤ ᠵᠢᠭᠠᠨ ᠰᠤᠷᠭᠠᠯᠳᠠ ᠶᠢᠨ ᠣᠷ᠎ᠠ ᠮᠡᠷᠭᠡᠵᠢᠯ ᠪᠣᠯᠤᠨ᠎ᠠ᠃ ᠭᠢᠴᠢᠶᠠᠯ ᠤᠨ ᠳᠠᠩᠭᠢᠮ ᠤᠨ ᠵᠢᠭᠠᠨ ᠰᠤᠷᠭᠠᠯᠳᠠ ᠶᠢ ᠵᠤᠭᠢᠰᠳᠠᠢ ᠠᠰᠢᠭᠯᠠᠵᠤ᠂ ᠰᠤᠷᠤᠭᠴᠢ ᠨᠢᠭᠡᠪᠦᠷᠢ ᠶᠢᠨ ᠠᠩᠬᠠᠷᠤᠯ ᠢ ᠳᠠᠳᠠᠬᠤ ᠨᠢ ᠪᠠᠭᠰᠢ ᠪᠣᠯᠤᠭᠰᠠᠨ ᠤᠨ ᠣᠷᠠᠨ ᠠᠪᠢᠶᠠᠰ ᠪᠣᠯᠬᠤ ᠶᠤᠮ᠃ ᠡᠢ᠌ᠮᠤ ᠡᠴᠠ ᠪᠠᠭᠰᠢ ᠡᠴᠠ ᠵᠢᠷᠤᠭᠳᠤ ᠹᠢᠯᠢᠮ ᠪᠣᠶᠤ ᠰᠤᠨᠢᠨ ᠵᠢᠭ᠍ᠳᠡᠢ ᠵᠢᠭᠠᠬᠤ ᠪᠠᠭᠠᠵᠢ ᠶᠢ ᠠᠰᠢᠭᠯᠠᠬᠤ ᠳᠤ ᠣᠯᠠᠨ ᠵᠠᠭᠤᠴᠢᠳᠤ ᠮᠠᠰᠢᠨ ᠢ ᠭᠦᠢᠴᠡᠳ ᠠᠰᠢᠭᠯᠠᠬᠤ ᠭᠡᠷᠡᠭ᠍ᠳᠡᠢ᠃ ᠡᠨᠡ ᠨᠢ ᠰᠤᠷᠤᠭᠴᠢ ᠨᠢᠭᠡᠪᠦᠷᠢ ᠶᠢᠨ ᠣᠷᠮᠠᠰᠢᠯ ᠢ ᠭᠦᠭ᠍ᠵᠢᠭᠡᠨ᠂ ᠳᠠᠳᠠᠨ ᠤ ᠪᠢᠴᠢᠬᠠᠨ ᠰᠠᠳᠭᠢᠴᠠ ᠶᠢ ᠪᠠᠭᠰᠢ ᠶᠢᠨ ᠪᠠᠶ᠎ᠠ ᠳᠡᠭᠡᠷ᠎ᠡ ᠳᠦᠪᠯᠡᠷᠡᠭᠦᠯᠭᠦ ᠣᠠᠴᠠ ᠶᠢᠨ ᠰᠠᠢ᠌ᠨ ᠠᠷᠭ᠎ᠠ ᠪᠣᠯᠤᠨ᠎ᠠ᠂ ᠡᠢ᠌ᠡᠭᠦ ᠪᠠᠭᠰᠢ ᠡᠴᠠ ᠰᠤᠷᠤᠭᠴᠢᠳ ᠤᠨ ᠠᠩᠬᠠᠷᠤᠯ ᠢ ᠠᠶᠠᠠᠳᠠᠭᠠᠨ ᠳᠠᠳᠠᠵᠤ ᠠᠪᠴᠢᠷᠠᠵᠤ ᠴᠢᠳᠠᠬᠤ ᠪᠣᠯᠤᠨ᠎ᠠ᠃

ᠭᠤᠷᠪᠠ᠂ ᠵᠢᠭᠠᠬᠤ ᠮᠠᠲ᠋ᠸᠷᠢᠶᠠᠯ ᠪᠠ ᠥᠢᠯᠡᠳᠦᠯᠭᠡ ᠶᠢ ᠠᠮᠢᠳᠤᠯᠢᠭ ᠶᠢᠡᠷ ᠣᠶᠠᠯᠳᠤᠭᠤᠯᠵᠤ᠂ ᠭᠢᠴᠢᠶᠠᠯ ᠤᠨ ᠳᠠᠩᠭᠢᠮ ᠪᠠ ᠭᠢᠴᠢᠶᠠᠯ ᠤᠨ ᠭᠠᠳᠠᠨᠠᠭᠢ ᠰᠤᠷᠭᠠᠨ ᠭᠦᠮᠦᠵᠢᠯ ᠢ ᠠᠪᠴᠠᠯᠳᠤᠭᠤᠯᠤᠨ᠎ᠠ᠃

ᠶᠠᠷᠤᠳᠠ ᠶᠢᠨ ᠥᠭᠡᠨ ᠳᠤ 《ᠠᠮᠢᠳᠤᠷᠠᠯ ᠥᠢᠯᠡᠳᠦᠯᠭᠡ ᠪᠣᠯ ᠪᠢᠳᠠᠨ ᠤ ᠪᠠᠭᠰᠢ ᠮᠦᠨ》 ᠭᠡᠵᠤ ᠭᠡᠯᠡᠳᠡᠭ᠌᠃ ᠪᠠᠭᠰᠢ ᠡᠴᠠ ᠵᠢᠭᠠᠬᠤ ᠮᠠᠲ᠋ᠸᠷᠢᠶᠠᠯ ᠢ ᠠᠮᠢᠳᠤᠷᠠᠯ ᠲᠡᠶ ᠰᠢᠭᠤᠳ ᠡᠦᠶᠡᠯᠳᠦᠭᠦᠯᠵᠤ᠂ ᠥᠢᠯᠡᠳᠦᠯᠭᠡ ᠳᠤᠮᠳᠠ ᠡᠴᠠ ᠮᠡᠳᠡᠯᠭᠡ ᠬᠤᠷᠠᠮᠳᠤᠭᠤᠯᠬᠤ ᠶᠢ ᠵᠢᠭᠠᠨ ᠰᠤᠷᠭᠠᠯᠳᠠ ᠶᠢᠨ ᠭᠤᠤᠯ ᠰᠢᠵᠢᠮ ᠪᠣᠯᠭᠠᠬᠤ ᠭᠡᠷᠡᠭ᠍ᠳᠡᠢ᠃ ᠪᠢᠳᠠ ᠰᠤᠷᠤᠭᠴᠢᠳ ᠲᠤ ᠪᠠᠨ ᠮᠡᠳᠡᠯᠭᠡ ᠵᠢᠭᠠᠵᠤ ᠪᠠᠢ᠌ᠬᠤ ᠨᠢ ᠳᠠᠳᠠᠨ ᠤ ᠥᠢᠯᠡᠳᠦᠯᠭᠡ ᠶᠢᠨ ᠳᠤᠮᠳᠠ ᠦᠨᠡᠩᠬᠦ ᠭᠡᠷᠡᠭᠯᠡᠵᠤ ᠴᠢᠳᠠᠬᠤ ᠪᠣᠯᠭᠠᠬᠤ ᠶᠢᠨ ᠲᠦᠯᠦᠭᠡ ᠶᠤᠮ᠃ ᠡᠢ᠌ᠮᠤ ᠡᠴᠠ ᠥᠢᠯᠡᠳᠦᠯᠭᠡ ᠪᠠ ᠵᠢᠭᠠᠬᠤ ᠮᠠᠲ᠋ᠸᠷᠢᠶᠠᠯ ᠬᠤᠶᠠᠷ ᠢ ᠨᠢᠭᠳᠠ ᠣᠶᠠᠯᠳᠤᠭᠤᠯᠬᠤ ᠭᠡᠷᠡᠭ᠍ᠳᠡᠢ᠃ ᠰᠤᠷᠤᠭᠴᠢᠳ ᠲᠤ ᠭᠢᠴᠢᠶᠠᠯ ᠤᠨ ᠭᠠᠳᠠᠨ᠎ᠠ ᠰᠤᠷᠠᠭ ᠵᠠᠩᠭᠢ ᠶᠢ ᠭᠡᠷᠭᠢᠨ ᠠᠰᠢᠭᠯᠠᠬᠤ ᠶᠢ ᠵᠢᠭᠠᠨ ᠰᠤᠷᠭᠠᠵᠤ᠂ ᠳᠠᠳᠠᠨ ᠤ ᠦᠵᠡᠯᠳᠠ ᠳᠠᠨᠢᠯᠳᠠ ᠶᠢᠨ ᠭᠦᠷᠢᠶ᠎ᠡ ᠭᠡᠪᠴᠢᠶ᠎ᠡ ᠶᠢ ᠦᠷᠭᠡᠳᠭᠡᠨ᠎ᠡ᠃ ᠳᠤᠬᠠᠢ᠌ᠯᠠᠪᠠᠯ ᠺᠤᠮᠫᠢᠦ᠋ᠲ᠋ᠧᠷ ᠢ ᠠᠰᠢᠭᠯᠠᠵᠤ ᠰᠤᠷᠠᠭ ᠴᠢᠮᠡᠭᠡ ᠡᠷᠢᠭᠦ ᠪᠣᠶᠤ ᠳᠤᠤᠷ ᠰᠦᠯᠵᠢᠶᠠᠨ ᠡᠴᠠ ᠦᠪᠡᠷ ᠤᠨ ᠰᠤᠷᠤᠯᠴᠬᠠᠤ ᠮᠠᠲ᠋ᠸᠷᠢᠶᠠᠯ ᠳᠤ ᠪᠠᠨ ᠭᠡᠷᠡᠭ᠍ᠴᠡᠭᠡᠳᠡᠢ ᠵᠣᠢ᠌ᠯᠠᠰ ᠢ ᠭᠦᠯᠢᠶᠡᠨ ᠠᠪᠬᠤ ᠶᠢ ᠱᠠᠭᠠᠷᠳᠠᠨ᠎ᠠ᠃ ᠰᠤᠷᠤᠭᠴᠢᠳ ᠤᠨ ᠰᠡᠳᠭᠢᠭᠦᠢ ᠶᠢᠨ ᠭᠦᠭ᠍ᠵᠢᠯᠳᠡ ᠪᠣᠯ ᠭᠢᠵᠠᠭᠠᠷ ᠦᠭᠡᠶ ᠶᠤᠮ᠃ ᠳᠠᠳᠠᠨ ᠳᠤ ᠵᠥᠪᠭᠡᠨ ᠠᠷᠭ᠎ᠠ ᠵᠠᠮ ᠢ ᠨᠢ ᠵᠢᠭᠠᠨ ᠥᠭ᠍ᠪᠠᠯ ᠳᠠᠳᠠ ᠡᠨᠡᠭᠦ ᠡᠭᠢ ᠰᠤᠷᠪᠣᠯᠵᠢ ᠶᠢᠨ ᠳᠤᠮᠳᠠ ᠡᠷᠭᠡ ᠳᠤᠷ᠎ᠠ ᠪᠠᠷ ᠶᠢᠡᠨ ᠱᠤᠩᠪᠠᠬᠤ ᠪᠣᠯᠤᠨ᠎ᠠ᠃

ᠶᠡᠷᠦᠩᠭᠡᠢ᠌ᠯᠡᠪᠠᠯ᠂ ᠭᠢᠴᠢᠶᠠᠯ ᠤᠨ ᠳᠠᠩᠭᠢᠮ ᠤᠨ ᠵᠢᠭᠠᠨ ᠰᠤᠷᠭᠠᠯᠳᠠ ᠶᠢᠨ ᠥᠭᠡᠷᠡᠴᠢᠯᠡᠯᠳᠡ᠂ ᠭᠢᠴᠢᠶᠡᠯ ᠤᠨ ᠳᠠᠩᠭᠢᠮ ᠤᠨ ᠦᠷ᠎ᠡ ᠠᠰᠢᠭ ᠢ ᠳᠡᠭᠡᠭ᠍ᠰᠢᠯᠡᠭᠦᠯᠭᠦ᠂ ᠰᠤᠷᠤᠭᠴᠢᠳ ᠤᠨ ᠪᠦᠭᠦ ᠳᠠᠯ᠎ᠠ ᠶᠢᠨ ᠴᠢᠳᠠᠪᠣᠷᠢ ᠶᠢ ᠳᠡᠭᠡᠭ᠍ᠰᠢᠯᠡᠭᠦᠯᠭᠦ ᠳᠤ ᠣᠳᠤᠭᠢᠴᠢᠯᠠᠭᠰᠠᠨ ᠰᠤᠷᠠᠭ ᠵᠠᠩᠭᠢ ᠶᠢᠨ ᠵᠢᠭᠠᠨ ᠰᠤᠷᠭᠠᠯᠳᠠ ᠭᠤᠤᠯ ᠪᠠᠢ᠌ᠷᠢ ᠶᠢ ᠡᠵᠡᠯᠡᠵᠤ ᠪᠠᠢ᠌ᠨ᠎ᠠ᠃ ᠪᠠᠭ᠎ᠠ ᠰᠤᠷᠭᠠᠭᠤᠯᠢ ᠶᠢᠨ ᠬᠡᠦᠬᠡᠳ ᠨᠢ ᠴᠤᠪᠣᠭᠤ ᠳᠡᠭ᠍ᠵᠢᠨ᠂ ᠠᠵᠢᠭᠴᠢ ᠭᠢᠷᠬᠠᠢ᠂ ᠳᠠᠷᠢᠭᠢ ᠳᠤᠯᠤᠭᠠᠢ ᠭᠦᠳᠡᠯᠭᠡᠭᠦ ᠳᠤᠷ᠎ᠠ ᠲᠡᠶ ᠳᠤᠯᠠ ᠵᠢᠭᠠᠨ ᠰᠤᠷᠭᠠᠯᠳᠠ ᠶᠢᠨ ᠳᠤᠮᠳᠠ ᠥᠵᠡᠭᠦᠯᠤᠨ ᠳᠠᠨᠢᠭᠤᠯᠬᠤ᠂ ᠳᠦᠰᠦᠭᠡᠯᠡᠨ ᠦᠭ‍ᠭᠦ ᠰᠡᠳᠭᠢᠭᠦᠢ ᠶᠢ ᠠᠳᠬᠤᠵᠤ᠂ ᠵᠢᠭᠠᠨ ᠰᠤᠷᠭᠠᠬᠤ ᠨᠢ ᠮᠠᠰᠢ ᠴᠢᠬᠤᠯᠠ ᠶᠤᠮ᠃ ᠰᠤᠷᠤᠭᠴᠢᠳ ᠰᠢᠨ᠎ᠠ ᠰᠤᠷᠭᠤᠭ ᠪᠣᠳᠠᠰ ᠢ ᠰᠢᠩᠭᠡᠭᠡᠨ ᠠᠪᠬᠤ ᠪᠠ ᠭᠦᠯᠢᠶᠡᠨ ᠠᠪᠬᠤ ᠴᠢᠳᠠᠪᠣᠷᠢ ᠨᠢ ᠣᠠᠴᠠ ᠦᠨᠳᠦᠷ ᠪᠠᠢ᠌ᠳᠠᠭ ᠡᠴᠠ ᠪᠠᠭᠰᠢ ᠪᠣᠯᠤᠭᠰᠠᠤᠨ ᠬᠤᠪᠢ ᠪᠠᠶ᠎ᠠ ᠶᠢᠨ ᠮᠡᠳᠡᠯᠭᠡ ᠮᠠᠳᠠᠴᠠ ᠪᠠ ᠰᠢᠨ᠎ᠠ ᠰᠤᠷᠠᠭ ᠵᠠᠩᠭᠢᠴᠢᠯᠠᠭᠰᠠᠨ ᠮᠡᠷᠭᠡᠵᠢᠯ ᠤᠨ ᠴᠢᠳᠠᠪᠣᠷᠢ ᠪᠠᠷ ᠦᠪᠴᠢ ᠪᠠᠶ᠎ᠠ ᠪᠠᠨ ᠵᠡᠪᠰᠡᠭᠯᠡᠭᠦ ᠶᠢ ᠣᠠᠴᠠ ᠱᠠᠭᠠᠷᠳᠠᠵᠤ ᠪᠠᠢ᠌ᠨ᠎ᠠ᠃ ᠢᠩᠭᠢᠮᠠᠠᠵᠢᠨ ᠰᠠ‍‌ᠶᠢ ᠰᠤᠷᠤᠭᠴᠢᠳ ᠲᠤ ᠭᠦᠳᠡᠯᠭᠡᠭ᠍ᠴᠢ ᠪᠠ ᠲᠦᠯᠭᠢᠴᠢ ᠭᠦᠴᠤᠨ ᠪᠣᠯᠵᠤ᠂ ᠠᠰᠠᠭᠤᠳᠠᠯ ᠢ ᠢᠯᠡᠷᠡᠭᠦᠯᠵᠤ᠂ ᠠᠰᠠᠭᠤᠳᠠᠯ ᠢ ᠰᠢ᠌ᠤᠠᠪᠣᠷᠢᠯᠠᠨ᠂ ᠭᠢᠴᠢᠶᠠᠯ ᠤᠨ ᠳᠠᠩᠭᠢᠮ ᠤᠨ ᠵᠢᠭᠠᠨ ᠰᠤᠷᠭᠠᠯᠳᠠ ᠶᠢᠨ ᠦᠷ᠎ᠡ ᠠᠰᠢᠭ ᠶᠢᠡᠨ ᠳᠡᠭᠡᠭ᠍ᠰᠢᠯᠡᠭᠦᠯᠵᠤ ᠴᠢᠳᠠᠨ᠎ᠠ᠃


ᠵᠤᠬᠢᠶᠠᠭᠴᠢ ᠶᠢᠨ ᠬᠠ‍‌ᠶᠢᠭ ᠄ ᠰᠢᠯᠢ ᠶᠢᠨ ᠭᠤᠤᠯ ᠠᠢ᠌ᠮᠠᠭ ᠤᠨ ᠠᠪᠠᠭ᠎ᠠ ᠬᠤᠰᠢᠭᠤᠨ ᠤ ᠮᠤᠩᠭ᠋ᠤᠯ ᠦᠨᠳᠦᠰᠦᠳᠠᠨ ᠤ ᠪᠠᠭ᠎ᠠ ᠰᠤᠷᠭᠠᠭᠤᠯᠢ

ᠵᠤᠬᠢᠶᠠᠭᠴᠢ᠄ ᠥᠨᠢᠷᠴᠡᠴᠡᠭ᠌
ᠢᠷᠡᠯᠲᠡ᠄ ᠢᠷᠡᠭᠦᠯᠦᠭᠰᠡᠨ ᠡᠬᠡ ᠪᠢᠴᠢᠭ᠌
ᠬᠠᠷᠢᠶ᠎ᠠ᠄ ᠪᠠᠭᠰᠢ ᠶᠢᠨ ᠬᠠᠨᠢ
ᠳᠠᠷᠤᠮ᠄ 11626
ᠴᠠᠭ᠄ 2014 ᠤᠨ ᠤ 03 ᠰᠠᠷ᠎ᠠ ᠶᠢᠨ 25
ᠨᠠᠢ᠌ᠷᠠᠭᠤᠯᠤᠭᠴᠢ᠄ ᠪᠦᠬᠡᠡᠷᠳᠡᠨᠢ
ᠰᠡᠳᠬᠢᠭᠳᠡᠯ ᠴᠣᠭᠯᠠᠭᠤᠯᠤᠯᠭ᠎ᠠ ᠤᠷᠮᠠᠰᠢᠭᠤᠯᠤᠯ ᠠᠯᠳᠠᠭ᠎ᠠ ᠲᠠᠢ