ᠨᠡᠪᠲᠡᠷᠡᠨ ᠤᠷᠤᠬᠤ
ᠢᠷᠠᠭᠤ ᠨᠠᠢ᠌ᠷᠠᠭ ᠪᠣᠯ

ᠢᠷᠠᠭᠤ ᠨᠠᠢ᠌ᠷᠠᠭ ᠪᠣᠯ ᠊᠊᠊᠊᠊᠊᠊᠊᠊᠊᠊᠊᠊᠊᠊

ᠰᠡᠳᠬᠢᠯᠭᠡ ᠶᠢᠨ ᠠᠭᠤᠷᠠᠬᠠᠢ ᠡᠴᠠ

ᠰᠢᠯᠭᠠᠵᠤ ᠭᠠᠷᠭᠠᠭᠰᠠᠨ ᠭᠦᠳᠡᠷ᠂

ᠢᠷᠠᠭᠤ ᠨᠠᠢ᠌ᠷᠠᠭ ᠪᠣᠯ ᠊᠊᠊᠊᠊᠊᠊᠊᠊᠊᠊᠊᠊᠊᠊

ᠠᠮᠢᠳᠤᠷᠠᠯ ᠤᠨ ᠬᠠᠭᠤᠳᠠᠰᠤ ᠡᠴᠠ

ᠠᠮᠢᠠᠴᠢᠯᠠᠵᠤ ᠵᠤᠬᠢᠶᠠᠭᠰᠠᠨ ᠰᠤᠳᠤᠷ᠂

ᠢᠷᠠᠭᠤ ᠨᠠᠢ᠌ᠷᠠᠭ ᠪᠣᠯ ᠊᠊᠊᠊᠊᠊᠊᠊᠊᠊᠊᠊᠊᠊᠊

ᠦᠨᠡᠨ ᠤ ᠮᠦᠷ ᠢ ᠵᠠᠮᠨᠠᠭᠰᠠᠨ

ᠪᠣᠴᠠᠯᠳᠠ ᠦᠭᠡᠶ ᠰᠢᠯᠤᠭᠤᠨ ᠠᠶᠠᠯᠠᠯ᠂

ᠢᠷᠠᠭᠤ ᠨᠠᠢ᠌ᠷᠠᠭ ᠪᠣᠯ

ᠦᠵᠡᠯ ᠤᠨ ᠦᠷ ᠢ ᠣᠭᠳᠤᠭᠰᠠᠨ

ᠪᠣᠳᠤᠯ ᠤᠨ ᠠᠪᠣᠷᠭᠤ ᠪᠠᠶᠠᠯᠠᠯ


ᠵᠤᠬᠢᠶᠠᠭᠴᠢ ᠶᠢᠨ ᠬᠠᠶ‍ᠢᠭ᠄ ᠰᠢᠠᠵᠠᠶᠠᠩ ᠬᠤᠪᠣᠭᠰᠠᠢ᠌ᠷᠢ ᠰᠢᠶᠠᠨ

ᠵᠤᠬᠢᠶᠠᠭᠴᠢ᠄ ᠡᠷᠭᠡᠪᠠᠳᠤ
ᠢᠷᠡᠯᠲᠡ᠄ ᠢᠷᠡᠭᠦᠯᠦᠭᠰᠡᠨ ᠡᠬᠡ ᠪᠢᠴᠢᠭ᠌
ᠬᠠᠷᠢᠶ᠎ᠠ᠄ ᠰᠢᠯᠦᠭ
ᠳᠠᠷᠤᠮ᠄ 12441
ᠴᠠᠭ᠄ 2010 ᠤᠨ ᠤ 07 ᠰᠠᠷ᠎ᠠ ᠶᠢᠨ 08
ᠨᠠᠢ᠌ᠷᠠᠭᠤᠯᠤᠭᠴᠢ᠄ ᠪᠦᠬᠡᠡᠷᠳᠡᠨᠢ
ᠰᠡᠳᠬᠢᠭᠳᠡᠯ ᠴᠣᠭᠯᠠᠭᠤᠯᠤᠯᠭ᠎ᠠ ᠤᠷᠮᠠᠰᠢᠭᠤᠯᠤᠯ ᠠᠯᠳᠠᠭ᠎ᠠ ᠲᠠᠢ