☆ ᠭᠦᠷᠵᠡᠪ
ᠰᠤᠷᠭᠠᠨ ᠭᠦᠮᠦᠵᠢᠯ ᠤᠨ ᠥᠭᠡᠷᠡᠴᠢᠯᠡᠯᠳᠡ ᠶᠢᠨ 《ᠭᠦᠳᠦᠯᠪᠦᠷᠢ》ᠵᠢ ᠰᠤᠷᠤᠯᠴᠠᠭᠰᠠᠨ ᠳᠡᠮᠳᠡᠭᠯᠡᠯ
ᠡᠨᠡ ᠵᠢᠯ ᠤᠨ ᠭᠤᠷᠪᠠᠳᠤᠭᠠᠷ ᠰᠠᠷ᠎ᠠ ᠶᠢᠨ ᠡᠭᠢᠨ ᠳᠤ᠂ ᠨᠠᠮ ᠤᠨ ᠲᠦᠪ ᠬᠤᠷᠢᠶ᠎ᠠ ᠪᠠ ᠳᠦᠷᠤ ᠶᠢᠨ ᠶᠠᠪᠣᠳᠠᠯ ᠤᠨ ᠬᠤᠷᠢᠶ᠎ᠠ ᠡᠴᠡ 《ᠣᠯᠤᠰ ᠤᠨ ᠳᠤᠮᠳᠠ ᠣᠷᠳᠤ ᠬᠤᠭᠤᠴᠠᠭᠠᠨ ᠤ ᠰᠤᠷᠭᠠᠨ ᠭᠦᠮᠦᠵᠢᠯ ᠤᠨ ᠥᠭᠡᠷᠡᠴᠢᠯᠡᠯᠳᠡ ᠪᠠ ᠭᠦᠭ᠍ᠵᠢᠭᠦᠯᠦᠯᠳᠡ ᠶᠢᠨ ᠲᠦᠯᠦᠪᠵᠢᠭᠦᠯᠦᠯᠳᠡ ᠶᠢᠨ ᠭᠦᠳᠡᠯᠪᠦᠷᠢ》 (2010 ᠊᠊᠊᠊᠊᠊᠊᠊᠊᠊᠊᠊᠊᠊᠊ 2020) ᠭᠡᠭ᠍ᠴᠢ ᠶᠢ ᠠᠩᠬ᠎ᠠ ᠵᠠᠷᠯᠠᠨ ᠨᠠᠢ᠌ᠳᠠᠯᠠᠵᠤ᠂ ᠨᠡᠢ᠌ᠭᠡᠮ ᠨᠠᠢ᠌ᠳᠠ ᠡᠴᠡ ᠢᠯᠠ ᠪᠠᠷ ᠰᠠᠨᠠᠯ ᠳᠤᠷᠠᠳᠤᠯᠭ᠎ᠠ ᠬᠤᠷᠢᠶᠠᠭᠰᠠᠨ ᠶᠢᠡᠨ᠂ ᠳᠤᠯᠤᠳᠤᠭᠠᠷ ᠰᠠᠷ᠎ᠠ ᠳᠤ ᠵᠢᠩᠭᠢᠨᠢ ᠪᠠᠷ ᠨᠠᠢ᠌ᠳᠠᠯᠠᠨ ᠭᠡᠷᠡᠭ᠍ᠵᠢᠭᠦᠯᠦᠭ᠍ᠰᠡᠨ ᠪᠠᠢ᠌ᠨ᠎ᠠ᠃
ᠳᠤᠰ 《ᠭᠦᠳᠦᠯᠪᠦᠷᠢ》 ᠨᠡᠢ᠌ᠳᠡᠯᠡᠭ᠍ᠳᠡᠭᠡᠳ ᠨᠢᠭᠡᠨᠲᠡ ᠬᠠᠭᠠᠰ ᠵᠢᠯ ᠪᠣᠯᠴᠢᠬᠠᠯ᠎ᠠ᠃ ᠡᠭᠦᠨ ᠳᠤ ᠴᠤᠬᠤᠮ ᠶᠠᠭᠤ ᠶᠢ ᠶᠠᠷᠢᠵᠤ ᠪᠠᠢ᠌ᠭ᠎ᠠ ᠪᠣᠯ ᠭᠡᠰᠡᠨ ᠰᠤᠨᠢᠭᠤᠴᠢ ᠰᠡᠳᠭᠢᠯ ᠢ ᠡᠪᠦᠷᠯᠡᠨ᠂ ᠣᠷᠴᠢᠮ ᠳᠤ ᠪᠢ ᠳᠤᠰ 《ᠭᠦᠳᠦᠯᠪᠦᠷᠢ》 ᠵᠢ᠌ ᠡᠭᠢᠨ ᠡᠴᠡ ᠨᠢ ᠠᠳᠠᠭ ᠲᠤ ᠨᠢ ᠳᠤᠯᠳᠠᠯ᠎ᠠ ᠨᠢᠭᠡᠨ ᠣᠳᠠᠭ᠎ᠠ ᠰᠢᠰᠲ᠋ᠸᠮ ᠲᠡᠶ ᠰᠠᠢ᠌ᠬᠠᠨ ᠣᠩᠰᠢᠵᠤ ᠦᠵᠡᠯ᠎ᠠ᠃
《ᠭᠦᠳᠦᠯᠪᠦᠷᠢ》 ᠨᠢ ᠬᠣᠢ᠌ᠰᠢᠳᠠ ᠶᠢᠨ ᠠᠷᠪᠠᠨ ᠵᠢᠯ ᠳᠤ ᠭᠢᠭᠦ ᠰᠤᠷᠭᠠᠨ ᠭᠦᠮᠦᠵᠢᠯ ᠤᠨ ᠠᠵᠢᠯ ᠢ ᠬᠠᠮᠤᠷᠠᠨ ᠪᠠᠭᠳᠠᠭᠠᠭᠰᠠᠨ ᠪᠠᠢ᠌ᠨ᠎ᠠ᠃ ᠭᠡᠪᠠᠴᠤ ᠠᠯᠢ ᠵᠢᠯ ᠠᠯᠢ ᠠᠯᠢ ᠠᠵᠢᠯ ᠢ ᠭᠢᠭᠦ᠂ ᠠᠯᠢ ᠠᠯᠢ ᠠᠵᠢᠯ ᠡᠴᠡ ᠡᠭᠢᠯᠡᠨ ᠭᠠᠷᠳᠠᠵᠤ ᠭᠢᠭᠦ ᠵᠡᠷᠭᠡ ᠨᠢ ᠶᠡᠭᠡᠳᠡ ᠳᠤᠳᠤᠷᠬᠠᠢ ᠳᠤᠷᠠᠳᠤᠨ ᠶᠠᠷᠢᠭᠰᠠᠨ ᠪᠠᠢ᠌ᠨ᠎ᠠ᠃ ᠮᠢᠨᠤ ᠣᠩᠰᠢᠨ ᠣᠢ᠌ᠯᠠᠭᠠᠭᠰᠠᠨ ᠶᠢᠡᠷ ᠪᠣᠯ᠂ ᠣᠷᠴᠢᠮ ᠳᠤ ᠡᠭᠢᠯᠡᠨ ᠭᠢᠵᠤ ᠭᠦᠢᠴᠡᠳᠭᠡᠭᠦ ᠡᠴᠡ 10 ᠳᠦᠷᠤᠯ ᠤᠨ ᠳᠤᠮᠤ ᠴᠢᠬᠤᠯᠠ ᠠᠵᠢᠯ ᠳᠦᠷᠤᠯ ᠪᠠ 10 ᠳᠦᠷᠤᠯ ᠤᠨ ᠥᠭᠡᠷᠡᠴᠢᠯᠡᠯᠳᠡ ᠶᠢᠨ ᠠᠵᠢᠯ ᠳᠦᠷᠤᠯ ᠪᠣᠢ᠃
10 ᠳᠦᠷᠤᠯ ᠤᠨ ᠳᠤᠮᠤ ᠴᠢᠬᠤᠯᠠ ᠠᠵᠢᠯ ᠳᠦᠷᠤᠯ ᠭᠡᠪᠠᠯ᠄ 1. ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠱᠠᠳᠤ ᠳ᠋ᠠᠭᠢ ᠰᠤᠷᠭᠠᠭᠤᠯᠢ ᠶᠢᠨ ᠪᠠᠷᠢᠮᠵᠢᠶᠠᠯᠢᠭ ᠴᠤᠭᠴᠠᠯᠠᠯᠳᠠ 2. ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠱᠠᠳᠤ ᠳ᠋ᠠᠭᠢ ᠪᠠᠭᠰᠢ ᠶᠢᠨ ᠡᠩᠨᠡᠭᠡᠨ ᠤ ᠪᠦᠳᠦᠭᠡᠨ ᠪᠠᠢ᠌ᠭᠤᠯᠤᠯᠳᠠ 3. ᠭᠦᠳᠡᠭᠡ ᠳᠤᠰᠬᠤᠨ ᠤ ᠰᠤᠷᠬᠤ ᠨᠠᠰᠤᠨ ᠡᠴᠡ ᠡᠮᠦᠨᠡᠭᠢ ᠰᠤᠷᠭᠠᠨ ᠭᠦᠮᠦᠵᠢᠯ ᠢ ᠲᠦᠯᠭᠢᠨ ᠠᠭᠢᠭᠤᠯᠬᠤ 4.ᠠᠵᠢᠯ ᠮᠡᠷᠭᠡᠵᠢᠯ ᠤᠨ ᠰᠤᠷᠭᠠᠨ ᠭᠦᠮᠦᠵᠢᠯ ᠤᠨ ᠦᠳᠦᠰᠤᠨ ᠴᠢᠳᠠᠪᠣᠷᠢ ᠶᠢᠨ ᠪᠦᠳᠦᠭᠡᠨ ᠪᠠᠢ᠌ᠭᠤᠯᠤᠯᠳᠠ ᠶᠢ ᠴᠢᠩᠭ᠋ᠠᠳᠬᠠᠬᠤ 5. ᠳᠡᠭᠡᠳᠤ ᠵᠡᠷᠭᠡ ᠶᠢᠨ ᠰᠤᠷᠭᠠᠨ ᠭᠦᠮᠦᠵᠢᠯ ᠤᠨ ᠴᠢᠨᠠᠷ ᠴᠢᠠᠰᠠᠭ᠎ᠠ ᠶᠢ ᠰᠠᠢ᠌ᠵᠢᠷᠠᠭᠤᠯᠬᠤ 6. ᠦᠨᠳᠦᠰᠦᠳᠠᠨ ᠤ ᠰᠤᠷᠭᠠᠨ ᠭᠦᠮᠦᠵᠢᠯ ᠢ ᠭᠦᠭ᠍ᠵᠢᠭᠦᠯᠭᠦ 7. ᠣᠠᠴᠠᠭᠠᠢ ᠰᠤᠷᠭᠠᠨ ᠭᠦᠮᠦᠵᠢᠯ ᠢ ᠭᠦᠭ᠍ᠵᠢᠭᠦᠯᠭᠦ 8. ᠶᠠᠳᠠᠭᠤ ᠭᠦᠴᠢᠷᠳᠡᠯᠳᠡᠢ ᠰᠤᠷᠤᠭᠴᠢᠳ ᠢ ᠳᠠᠮᠵᠢᠨ ᠳᠤᠰᠠᠯᠠᠬᠤ 9. ᠰᠤᠷᠭᠠᠨ ᠭᠦᠮᠦᠵᠢᠯ ᠤᠨ ᠰᠤᠷᠠᠭ ᠵᠠᠩᠭᠢᠵᠢᠯᠠᠯᠳᠠ ᠶᠢ ᠠᠭᠢᠭᠤᠯᠬᠤ 10. ᠣᠯᠠᠨ ᠣᠯᠤᠰ ᠤᠨ ᠬᠤᠭᠤᠷᠤᠠᠳᠤ ᠳ᠋ᠠᠭᠢ ᠰᠤᠷᠭᠠᠨ ᠭᠦᠮᠦᠵᠢᠯ ᠤᠨ ᠰᠤᠯᠢᠯᠴᠠᠭ᠎ᠠ ᠶᠢ ᠳᠦᠷᠭᠡᠳᠭᠡᠭᠦ ᠵᠡᠷᠭᠡ ᠠᠷᠪᠠᠨ ᠠᠭᠤᠯᠭ᠎ᠠ ᠪᠠᠭᠳᠠᠵᠤ ᠪᠣᠢ᠃
10 ᠳᠦᠷᠤᠯ ᠤᠨ ᠥᠭᠡᠷᠡᠴᠢᠯᠡᠯᠳᠡ ᠳᠤ ᠨᠢ ᠄ 1. ᠴᠢᠨᠠᠷ ᠴᠢᠠᠰᠠᠭ᠎ᠠ ᠶᠢᠨ ᠰᠤᠷᠭᠠᠨ ᠭᠦᠮᠦᠵᠢᠭᠦᠯᠦᠯᠳᠡ ᠶᠢᠨ ᠳᠤᠷᠰᠢᠴᠠ ᠶᠢ ᠲᠦᠯᠭᠢᠨ ᠠᠭᠢᠭᠤᠯᠬᠤ 2. ᠠᠯᠪᠠᠨ ᠵᠢᠷᠤᠮ ᠤᠨ ᠰᠤᠷᠭᠠᠨ ᠭᠦᠮᠦᠵᠢᠯ ᠢ ᠠᠳᠠᠯᠢ ᠳᠡᠭ᠍ᠰᠢ ᠪᠠᠷ ᠭᠦᠭ᠍ᠵᠭᠦᠯᠭᠦ ᠳᠤᠷᠰᠢᠴᠠ ᠶᠢ ᠲᠦᠯᠭᠢᠨ ᠠᠭᠢᠭᠤᠯᠬᠤ 3.ᠠᠵᠢᠯ ᠮᠡᠷᠭᠡᠵᠢᠯ ᠤᠨ ᠰᠤᠷᠭᠠᠨ ᠭᠦᠮᠦᠵᠢᠯ ᠤᠨ ᠰᠤᠷᠭᠠᠭᠤᠯᠢ ᠡᠷᠭᠢᠯᠡᠭᠦ ᠭᠡᠪ ᠳᠦᠷᠰᠤ ᠶᠢᠨ ᠳᠤᠷᠰᠢᠴᠠ ᠶᠢ ᠲᠦᠯᠭᠢᠨ ᠠᠭᠢᠭᠤᠯᠬᠤ 4. ᠨᠠᠰᠤᠨ ᠳᠤᠷᠰᠢᠳᠠ ᠶᠢᠨ ᠰᠤᠷᠭᠠᠨ ᠭᠦᠮᠦᠵᠢᠯ ᠤᠨ ᠳᠤᠷᠰᠢᠴᠠ ᠶᠢ ᠳᠦᠷᠭᠡᠳᠭᠡᠭᠦ 5. ᠰᠢᠯᠢᠳᠡᠭ᠌ ᠰᠤᠳᠤᠨ ᠴᠢᠳᠠᠪᠣᠷᠢᠳᠠᠨ ᠢ ᠰᠢᠯᠢᠨ ᠰᠤᠩᠭ᠋ᠤᠬᠤ ᠪᠠ ᠭᠦᠮᠦᠵᠢᠭᠦᠯᠤᠨ ᠪᠣᠯᠪᠠᠰᠤᠷᠠᠭᠤᠯᠬᠤ ᠳᠤᠷᠰᠢᠴᠠ ᠶᠢ ᠳᠦᠷᠭᠡᠳᠭᠡᠭᠦ 6. ᠰᠢᠯᠭᠠᠯᠳᠠ ᠶᠢᠨ ᠳᠦᠷᠢᠮ ᠪᠠ ᠰᠤᠷᠤᠭᠴᠢ ᠡᠯᠡᠰᠭᠦ ᠳᠦᠷᠢᠮ ᠤᠨ ᠥᠭᠡᠷᠴᠢᠯᠡᠯᠳᠡ ᠶᠢ ᠴᠢᠩᠭ᠋ᠠᠳᠬᠠᠬᠤ 7. ᠣᠳᠤᠭᠢᠴᠢᠯᠠᠭᠰᠠᠨ ᠶᠡᠭᠡ ᠳᠡᠭᠡᠳᠤ ᠰᠤᠷᠭᠠᠭᠤᠯᠢ ᠶᠢᠨ ᠥᠭᠡᠷᠴᠢᠯᠡᠯᠳᠡ ᠪᠠ ᠭᠦᠭ᠍ᠵᠢᠭᠦᠯᠦᠯᠳᠡ ᠶᠢᠨ ᠳᠤᠷᠠᠰᠢᠴᠠ ᠶᠢ ᠳᠦᠷᠭᠡᠳᠭᠡᠭᠦ 8. ᠰᠤᠷᠭᠠᠭᠤᠯᠢ ᠡᠷᠭᠢᠯᠡᠭᠦ ᠪᠠᠢ᠌ᠭᠤᠯᠤᠮᠵᠢ ᠶᠢᠨ ᠥᠭᠡᠷᠴᠢᠯᠡᠯᠳᠡ ᠶᠢ ᠳᠦᠷᠭᠡᠳᠭᠡᠨ ᠭᠦᠡᠵᠡᠭᠡᠢ᠌ᠷᠡᠭᠦᠯᠭᠦ 9. ᠣᠷᠤᠨ ᠨᠤᠳᠤᠭ ᠤᠨ ᠰᠤᠷᠭᠠᠨ ᠭᠦᠮᠦᠵᠢᠯ ᠤᠨ ᠪᠠᠯᠠ ᠣᠷᠤᠭᠤᠯᠤᠯᠳᠠ ᠶᠢᠨ ᠥᠭᠡᠷᠴᠢᠯᠡᠯᠳᠡ ᠶᠢ ᠳᠦᠷᠭᠡᠳᠭᠡᠭᠦ 10. ᠮᠤᠵᠢ ᠣᠷᠤᠨ ᠤ ᠳᠠᠰ ᠤᠨ ᠰᠤᠷᠭᠠᠨ ᠭᠦᠮᠦᠵᠢᠯ ᠤᠨ ᠪᠠᠯᠠ ᠣᠷᠤᠭᠤᠯᠤᠯᠳᠠ ᠶᠢᠨ ᠥᠭᠡᠷᠡᠴᠢᠯᠡᠯᠳᠡ ᠶᠢ ᠠᠭᠢᠭᠤᠯᠬᠤ ᠵᠡᠷᠭᠡ ᠠᠷᠪᠠᠨ ᠠᠭᠤᠯᠭ᠎ᠠ᠂ ᠳᠦᠷᠤᠯ ᠵᠣᠢ᠌ᠯ ᠪᠣᠢ᠃
ᠠᠯᠢ ᠳᠦᠷᠤᠯ ᠤᠨ ᠠᠵᠢᠯ ᠳᠦᠷᠤᠯ ᠤᠨ ᠥᠭᠡᠷᠡᠴᠢᠯᠡᠯᠳᠡ ᠭᠦᠭ᠍ᠵᠢᠭᠦᠯᠦᠯᠳᠡ ᠶᠢ ᠳᠦᠷᠭᠡᠳᠭᠡᠭᠦ᠂ ᠠᠭᠢᠭᠤᠯᠬᠤ ᠳᠤ ᠴᠦᠮ ᠠᠰ ᠠᠰ ᠤᠨ ᠪᠠᠶ᠎ᠠ ᠳᠤ ᠨᠢ ᠵᠤᠭᠢᠴᠠᠭᠰᠠᠨ ᠠᠷᠭ᠎ᠠ᠂ ᠲᠦᠯᠦᠪᠯᠡᠯᠭᠡ᠂ ᠳᠦᠷᠤ ᠶᠢᠨ ᠪᠣᠳᠤᠯᠭ᠎ᠠ ᠪᠠᠢ᠌ᠬᠤ ᠭᠡᠷᠡᠭ᠍ᠳᠡᠢ ᠪᠠᠢ᠌ᠳᠠᠭ᠃ ᠳᠤᠰ 《ᠭᠦᠳᠦᠯᠪᠦᠷᠢ》 ᠳ᠋ᠤ ᠡᠭᠦᠨ ᠢ ᠴᠤ ᠨᠠᠯᠢᠶᠠᠤᠨ ᠨᠠᠷᠢᠨ ᠳᠤᠳᠤᠷᠬᠠᠢ ᠶᠠᠷᠢᠨ ᠳᠤᠳᠤᠷᠬᠠᠢ᠌ᠯᠠᠭᠰᠠᠨ ᠪᠠᠢ᠌ᠨ᠎ᠠ᠃
ᠪᠠᠰᠠ ᠰᠤᠷᠤᠭᠴᠢᠳ ᠤᠨ ᠳᠠᠷᠤᠭᠠᠰᠤ ᠶᠢ ᠭᠦᠩᠭᠡᠯᠡᠭᠦ᠂ ᠪᠠᠭᠰᠢ ᠨᠡᠷ ᠤᠨ ᠴᠠᠯᠢᠩ ᠭᠦᠯᠦᠰᠤ ᠪᠣᠶᠤ ᠣᠯᠭᠤᠮᠵᠢ ᠶᠢᠨ ᠠᠰᠠᠭᠤᠳᠠᠯ ᠢ ᠰᠢ᠌ᠳᠪᠦᠷᠢᠯᠡᠭᠦ (ᠲ᠋ᠡᠭᠡᠭ᠍ᠰᠢᠯᠡᠭᠦᠯᠭᠦ)᠂ ᠰᠤᠷᠭᠠᠨ ᠭᠦᠮᠦᠵᠢᠯ ᠤᠨ ᠴᠢᠨᠠᠷ ᠴᠢᠠᠰᠠᠭ᠎ᠠ ᠶᠢ ᠳᠡᠭᠡᠭ᠍ᠰᠢᠯᠡᠭᠦᠯᠭᠦ᠂ ᠭᠢᠴᠢᠶᠠᠯ ᠤᠨ ᠳᠤᠭᠢᠷᠠᠭᠤᠯᠤᠯᠳᠠ᠂ ᠪᠦᠳᠦᠴᠡ ᠶᠢ ᠥᠭᠡᠷᠡᠴᠢᠯᠡᠭᠦ᠂ ᠰᠢᠯᠢᠳᠡᠭ᠍ᠵᠢᠭᠦᠯᠭᠦ ᠵᠡᠷᠭᠡ ᠠᠰᠠᠭᠤᠳᠠᠯ ᠤᠳ ᠢ ᠴᠤ ᠣᠠᠴᠠᠯᠠᠨ ᠳᠤᠷᠠᠳᠤᠭᠰᠠᠨ ᠪᠠᠢ᠌ᠨ᠎ᠠ᠃ ᠡᠳᠡᠭᠡᠷ ᠠᠰᠠᠭᠤᠳᠠᠯ ᠨᠢ ᠣᠳᠤᠬᠠᠨ ᠤ ᠰᠤᠷᠭᠠᠨ ᠭᠦᠮᠦᠵᠢᠯ ᠤᠨ ᠠᠵᠢᠯ ᠤᠨ ᠳᠤᠮᠳᠠ ᠣᠷᠤᠰᠢᠵᠤ ᠪᠠᠢ᠌ᠭ᠎ᠠ ᠭᠤᠤᠯ ᠠᠰᠠᠭᠤᠳᠠᠯ᠂ ᠭᠤᠤᠯ ᠠᠵᠢᠯ ᠤᠳ ᠪᠣᠯᠬᠤ ᠶᠤᠮ᠃ ᠰᠤᠷᠭᠠᠨ ᠭᠦᠮᠦᠵᠢᠯ ᠤᠨ ᠥᠭᠡᠷᠡᠴᠢᠯᠡᠯᠳᠡ ᠶᠢ ᠳᠦᠷᠭᠡᠳᠭᠡᠵᠤ᠂ ᠰᠤᠷᠭᠠᠨ ᠭᠦᠮᠦᠵᠢᠯ ᠤᠨ ᠭᠦᠭ᠍ᠵᠢᠭᠦᠯᠦᠯᠳᠡ ᠶᠢ ᠠᠭᠢᠭᠤᠯᠤᠶ᠎ᠠ ᠭᠡᠪᠠᠯ᠂ ᠡᠳᠡᠭᠡᠷ ᠠᠰᠠᠭᠤᠳᠠᠯ ᠤᠳ ᠢ ᠠᠩᠬᠠᠷᠤᠯ ᠳᠠᠭᠠᠨ ᠠᠪᠴᠤ᠂ ᠰᠠᠢ᠌ᠳᠤᠷ ᠳᠤᠭᠢᠷᠠᠭᠤᠯᠬᠤ᠂ ᠭᠢᠭᠦ ᠭᠡᠷᠡᠭ᠍ᠳᠡᠢ ᠪᠢᠯᠠ︕ ᠁
ᠥᠭᠡᠷᠡᠴᠢᠯᠡᠯᠳᠡ ᠨᠢ ᠶᠠᠮᠠᠷ ᠨᠢᠭᠡᠨ ᠴᠠᠭ ᠤᠨ ᠰᠠᠯᠭᠢ᠂ 《ᠴᠠᠪ》᠊ᠤᠨ ᠵᠤᠭᠤᠭ ᠪᠢᠰᠢ᠃ ᠳᠠᠷᠠ ᠪᠣᠯ ᠴᠠᠭ ᠦᠶ᠎ᠡ ᠡᠴᠡ ᠭᠦᠮᠤᠨ ᠠᠷᠠᠤᠨ᠂ ᠨᠡᠢ᠌ᠭᠡᠮ ᠨᠠᠢ᠌ᠳᠠ ᠳᠤ ᠴᠢᠩᠭ᠎ᠠ ᠱᠠᠭᠠᠷᠳᠠᠨ ᠳᠠᠯᠪᠢᠵᠤ ᠪᠠᠢ᠌ᠭ᠎ᠠ ᠱᠠᠭᠠᠷᠳᠠᠯᠭ᠎ᠠ᠂ ᠳᠠᠰᠢᠭᠤᠷᠳᠠᠯᠭᠠ ᠪᠣᠯᠬᠤ ᠶᠤᠮ᠃ ᠡᠨᠡᠭᠦ ᠱᠠᠭᠠᠷᠳᠠᠯᠭ᠎ᠠ᠂ ᠳᠠᠰᠢᠭᠤᠷᠳᠠᠯᠭᠠ ᠶᠢ ᠳᠠᠭᠠᠭᠠᠵᠤ ᠳᠠᠰᠴᠤ ᠭᠠᠷᠬᠤ ᠭᠦᠮᠤᠨ ᠯᠠ ᠰᠠᠶᠢ ᠡᠨᠡᠭᠦ ᠥᠭᠡᠷᠴᠢᠯᠡᠯᠳᠡ ᠭᠦᠭ᠍ᠵᠢᠭᠦᠯᠦᠯᠳᠡ ᠶᠢ ᠰᠠᠢ᠌ᠳᠤᠷ ᠳᠤᠤᠱᠯᠠᠭᠤᠯᠤᠨ ᠭᠢᠵᠤ ᠴᠢᠳᠠᠬᠤ ᠶᠤᠮ︕
ᠮᠠᠨ ᠤ ᠦᠨᠳᠦᠰᠦᠳᠠᠨ ᠤ ᠰᠤᠷᠭᠠᠨ ᠭᠦᠮᠦᠵᠢᠯ ᠨᠢ ᠴᠤ ᠡᠨᠡᠭᠦ 《ᠭᠦᠳᠦᠯᠪᠦᠷᠢ》 ᠵᠢᠨ ᠦᠨᠳᠦᠰᠦᠨ ᠵᠤᠷᠢᠭ ᠰᠠᠨᠠᠭ᠎ᠠ ᠪᠠᠷ ᠵᠥᠭᠯᠡᠭᠦᠷ᠂ ᠴᠢᠭᠯᠡᠭᠦᠷ ᠪᠣᠯᠭᠠᠵᠤ᠂ ᠦᠪᠡᠷ ᠤᠨ ᠣᠠᠴᠠᠯᠢᠭ ᠰᠠᠳᠭᠢᠴᠠ ᠳᠡᠭᠡᠨ ᠵᠤᠭᠢᠴᠠᠭᠰᠠᠨ ᠥᠭᠡᠷᠡᠴᠢᠯᠡᠯᠳᠡ ᠭᠦᠭ᠍ᠵᠢᠭᠦᠯᠦᠯᠳᠡ ᠶᠢᠨ ᠠᠵᠢᠯ ᠢ ᠭᠢᠭᠦ ᠭᠡᠷᠡᠭ᠍ᠳᠡᠢ᠃ ᠡᠨᠡ ᠴᠢᠨᠢ ᠮᠠᠨ ᠤ ᠦᠨᠳᠦᠰᠦᠳᠠᠨ ᠤ ᠰᠤᠷᠭᠠᠨ ᠭᠦᠮᠦᠵᠢᠯ ᠲᠡᠶ ᠳᠠᠮᠠᠢ ᠬᠠᠪᠢᠳᠠᠬᠤ ᠦᠭᠡᠶ ᠭᠡᠭᠦ ᠪᠣᠶᠤ ᠮᠠᠨ ᠤ ᠦᠨᠳᠦᠰᠦᠳᠠᠨ ᠤ ᠰᠤᠷᠭᠠᠨ ᠭᠦᠮᠦᠵᠢᠯ ᠢ ᠥᠭᠡᠷᠡᠴᠢᠯᠡᠭᠦ᠂ ᠭᠦᠭ᠍ᠵᠢᠭᠦᠯᠭᠦ ᠳᠤᠬᠠᠢ ᠳᠠᠮᠠᠢ ᠶᠠᠭᠤᠮ᠎ᠠ ᠶᠠᠷᠢᠭᠰᠠᠨ ᠦᠭᠡᠶ᠂ ᠳᠤᠷᠠᠳᠤᠭᠰᠠᠨ ᠦᠭᠡᠶ ᠭᠡᠳ ᠭᠡᠳᠡᠷᠭᠡᠭ᠌ ᠥᠭᠡ ᠶᠠᠷᠢᠭᠠᠤᠨ ᠭᠡᠳᠡᠰᠤ ᠪᠠᠨ ᠮᠠᠭᠠᠵᠢᠭᠠᠤᠨ ᠵᠤᠭᠰᠤᠭᠠᠤᠨ ᠪᠠᠢ᠌ᠵᠤ ᠪᠣᠯᠬᠤ ᠦᠭᠡᠶ᠃ ᠦᠪᠡᠷ ᠤᠨ ᠣᠬᠠᠮᠰᠠᠷ ᠡᠴᠡ ᠪᠠᠨ᠂ ᠰᠠᠨᠠᠭᠠᠴᠢᠯᠭ᠎ᠠ ᠡᠴᠡ ᠪᠠᠨ᠂ ᠦᠪᠡᠷ ᠤᠨ ᠪᠠᠶ᠎ᠠ ᠪᠣᠶᠤ ᠥᠭᠡᠷ᠎ᠡ ᠪᠣᠰᠤᠳ᠂ ᠵᠢᠴᠢ ᠦᠨᠳᠦᠰᠦᠳᠠᠨ ᠳᠡᠭᠡᠨ ᠳᠤᠰᠠᠳᠠᠢ ᠠᠵᠢᠯ ᠢ ᠢᠯᠡᠭᠦᠭᠡᠨ ᠰᠠᠳᠤᠵᠤ ᠰᠠᠨᠠᠭᠠᠴᠢᠯᠠᠨ ᠭᠢᠭᠦ ᠭᠡᠷᠡᠭ᠍ᠳᠡᠢ᠃
ᠥᠭᠡᠷᠡᠴᠢᠯᠡᠯᠳᠡ ᠭᠢᠭᠦ ᠳᠤ ᠵᠤᠷᠢᠭ ᠲᠡᠶ ᠰᠦᠰᠦ ᠲᠡᠶ ᠪᠠᠢ᠌ᠬᠤ ᠭᠡᠷᠡᠭ᠍ᠳᠡᠢ ᠪᠠᠢ᠌ᠳᠠᠭ᠃ ᠥᠭᠡᠷᠡᠴᠢᠯᠡᠯᠳᠡ ᠭᠢᠭᠦ ᠳᠤ ᠰᠢᠨ᠎ᠠ ᠶᠢ ᠡᠭᠦᠳᠭᠦ ᠰᠢᠯᠢᠳᠡᠭ᠌ ᠢ ᠪᠦᠳᠦᠭᠡᠭᠦ ᠭᠡᠷᠡᠭ᠍ᠳᠡᠢ ᠪᠠᠢ᠌ᠳᠠᠭ᠃ ᠥᠭᠡᠷᠡᠴᠢᠯᠡᠯᠳᠡ ᠭᠢᠭᠦ ᠳᠤ ᠪᠣᠳᠠᠳᠠᠢ ᠵᠣᠢ᠌ᠯᠠᠰ ᠢ ᠠᠳᠬᠤᠬᠤ ᠭᠡᠷᠡᠭ᠍ᠳᠡᠢ ᠪᠠᠢ᠌ᠳᠠᠭ᠃ ᠥᠭᠡᠷᠡᠴᠢᠯᠡᠯᠳᠡ ᠭᠢᠭᠦ ᠳᠤ ᠪᠣᠳᠤᠴᠠ ᠰᠠᠳᠭᠢᠴᠠ ᠳᠤᠳᠤ ᠪᠠᠢ᠌ᠬᠤ ᠭᠡᠷᠡᠭ᠍ᠳᠡᠢ ᠪᠠᠢ᠌ᠳᠠᠭ᠃ ᠥᠭᠡᠷᠡᠴᠢᠯᠡᠯᠯᠳᠡ ᠭᠢᠭᠦ ᠳᠤ ᠪᠣᠳᠤᠭᠰᠠᠨ ᠰᠠᠨᠠᠭᠰᠠᠨ ᠶᠢᠡᠷ ᠶᠢᠡᠨ ᠵᠤᠷᠢᠭᠳᠠᠢ ᠶᠠᠪᠣᠬᠤ ᠭᠡᠷᠡᠭ᠍ᠳᠡᠢ ᠪᠠᠢ᠌ᠳᠠᠭ᠃
2010.12.06 ᠊ᠤ ᠦᠳᠡᠰᠢ᠂ ᠬᠦᠬᠡᠬᠤᠲᠠᠨ᠎ᠡ᠃
ᠵᠤᠬᠢᠶᠠᠭᠴᠢ ᠶᠢᠨ ᠬᠠᠶᠢᠭ ᠄ ᠬᠦᠬᠡᠬᠤᠲᠠ ᠶᠢᠨ ᠭᠢᠩᠭ᠋ᠠᠨ ᠵᠠᠮ ᠤᠨ ᠦᠨᠳᠦᠰᠦᠳᠠᠨ ᠤ ᠪᠠᠭ᠎ᠠ ᠰᠤᠷᠭᠠᠭᠤᠯᠢ
ᠵᠤᠬᠢᠶᠠᠭᠴᠢ᠄ ᠭᠦᠷᠵᠡᠪ
ᠢᠷᠡᠯᠲᠡ᠄ ᠢᠷᠡᠭᠦᠯᠦᠭᠰᠡᠨ ᠡᠬᠡ ᠪᠢᠴᠢᠭ᠌
ᠬᠠᠷᠢᠶ᠎ᠠ᠄
ᠪᠠᠭᠰᠢ ᠶᠢᠨ ᠬᠠᠨᠢᠳᠠᠷᠤᠮ᠄ 3370
ᠴᠠᠭ᠄ 2011 ᠤᠨ ᠤ 03 ᠰᠠᠷ᠎ᠠ ᠶᠢᠨ 29
ᠨᠠᠢ᠌ᠷᠠᠭᠤᠯᠤᠭᠴᠢ᠄ ᠪᠦᠬᠡᠡᠷᠳᠡᠨᠢ