ᠨᠡᠪᠲᠡᠷᠡᠨ ᠤᠷᠤᠬᠤ
ᠮᠤᠩᠭ᠋ᠤᠯᠴᠤᠳ ᠤᠨ ᠣᠷᠤᠨ ᠰᠠᠭᠤᠴᠠ

ᠡᠯ᠎ᠡ ᠭᠠᠵᠠᠷ ᠤᠨ ᠮᠤᠩᠭ᠋ᠤᠯᠴᠤᠳ ᠤᠨ ᠣᠷᠤᠨ ᠰᠠᠭᠤᠴᠠ ᠶᠢᠨ ᠭᠡᠯᠪᠠᠷᠢ ᠮᠠᠶ‍ᠢᠭ ᠨᠢ ᠠᠳᠠᠯᠢ ᠦᠭᠡᠶ ᠪᠠᠢ᠌ᠳᠠᠭ᠃

ᠴᠢᠯᠦᠭᠡᠯᠡᠭ᠍ᠳᠡᠭᠦ ᠡᠴᠡ ᠡᠮᠦᠨ᠎ᠡ᠂ ᠠᠵᠢᠯ ᠲᠦᠷᠦᠯ ᠭᠢᠭᠡᠤᠨ ᠪᠠᠶᠠᠨ ᠶᠠᠳᠠᠭᠤ ᠶᠢᠨ ᠵᠦᠷᠢᠶ᠎ᠠ ᠪᠠᠷ ᠨᠢ ᠶᠡᠷᠦᠩᠭᠡᠢ ᠳᠡᠭᠡᠨ ᠳᠦᠷᠪᠡᠨ ᠵᠣᠢ᠌ᠯ ᠬᠤᠪᠢᠶᠠᠳᠠᠭ᠃ ᠨᠢᠭᠡ ᠨᠢ᠂ ᠯᠠᠮ᠎ᠠ ᠶᠢᠨ ᠰᠦᠮ᠎ᠡ ᠭᠡᠢ᠌ᠤᠨ ᠪᠣᠯᠤᠨ᠎ᠠ᠂ ᠶᠡᠭᠡ ᠪᠠᠭ᠎ᠠ ᠯᠠᠮ᠎ᠠ ᠶᠢᠨ ᠰᠠᠭᠤᠬᠤ ᠭᠠᠵᠠᠷ ᠤᠨ ᠭᠡᠪᠴᠢᠶ᠎ᠡ ᠪᠠ ᠴᠢᠨᠠᠷ ᠨᠢ ᠳᠤᠬᠠᠢ ᠶᠢᠨ ᠣᠷᠤᠨ ᠤ ᠠᠷᠠᠤᠨ ᠲᠦᠮᠡᠨ ᠤ ᠪᠠᠶᠠᠨ ᠶᠠᠳᠠᠭᠤ ᠪᠠᠢ᠌ᠬᠤ ᠲᠡᠶ ᠬᠤᠯᠪᠣᠭ᠎ᠠ ᠲᠡᠶ ᠪᠣᠯᠪᠠᠴᠤ᠂ ᠪᠦᠷ ᠦᠵᠡᠮᠵᠢᠳᠤ ᠰᠠᠢ᠌ᠬᠠᠨ ᠭᠠᠵᠠᠷ ᠢ ᠰᠤᠩᠭ᠋ᠤᠳᠠᠭ᠃ ᠪᠠᠢ᠌ᠰᠢᠩ ᠪᠠᠷᠢᠯᠭ᠎ᠠ ᠶᠢ ᠨᠢ ᠸᠠᠭᠠᠷ ᠳᠤᠭᠤᠰᠬ᠎ᠠ ᠮᠤᠳᠤ ᠴᠢᠯᠠᠭᠤ ᠪᠠᠷ ᠪᠠᠷᠢᠳᠠᠭ ᠪᠢᠭᠡᠤᠨ ᠭᠡᠯᠪᠠᠷᠢ ᠮᠠᠶ‍ᠢᠭ ᠤᠨ ᠳᠠᠯ᠎ᠠ ᠪᠠᠷ ᠴᠢᠩ ᠣᠯᠤᠰ ᠤᠨ ᠦᠶ᠎ᠡ ᠶᠢᠨ ᠣᠷᠳᠤ ᠬᠠᠷᠰᠢ ᠲᠡᠶ ᠳᠦᠰᠦᠭᠡᠷᠭᠦᠤ ᠪᠠᠢ᠌ᠳᠠᠭ᠃ ᠨᠥᠭᠦᠭᠡ ᠨᠢ᠂ ᠸᠠᠩ ᠤᠨ ᠣᠷᠳᠤᠨ ᠪᠣᠯᠤᠨ᠎ᠠ᠃ ᠸᠠᠩ ᠭᠦᠩ ᠢᠵᠠᠭᠤᠷᠳᠠᠨ ᠤ ᠰᠠᠭᠤᠬᠤ ᠭᠠᠵᠠᠷ ᠨᠢ ᠯᠠᠮ᠎ᠠ ᠶᠢᠨ ᠰᠦᠮ᠎ᠡ ᠲᠡᠶ ᠠᠳᠠᠯᠢ ᠰᠥᠷᠯᠢᠭ᠌ ᠰᠠᠢ᠌ᠬᠠᠨ ᠪᠠᠢ᠌ᠳᠠᠭ᠃ ᠪᠠᠰᠠ ᠨᠢᠭᠡ ᠨᠢ ᠢᠰᠡᠭᠡᠢ ᠪᠣᠯᠤᠨ ᠮᠤᠳᠤᠨ ᠮᠠᠲ᠋ᠸᠷᠢᠶᠠᠯ ᠶᠢᠡᠷ ᠭᠢᠭ᠍ᠰᠡᠨ ᠮᠤᠩᠭ᠋ᠤᠯ ᠭᠡᠷ ᠪᠣᠯᠤᠨ᠎ᠠ᠃ ᠳᠠᠷᠠ ᠨᠢ ᠡᠩ ᠤᠨ ᠮᠠᠯᠴᠢᠳ ᠤᠨ ᠰᠠᠭᠤᠬᠤ ᠣᠷᠤᠨ ᠰᠠᠭᠤᠴᠠ ᠪᠣᠯᠤᠨ᠎ᠠ᠃ ᠨᠥᠭᠦᠭᠡ ᠨᠢᠭᠡ ᠨᠢ᠂ ᠭᠢᠳᠠᠤᠨ ᠮᠠᠶ‍ᠢᠭ ᠤᠨ ᠭᠡᠷ ᠪᠠᠢ᠌ᠰᠢᠩ ᠪᠣᠯᠤᠨ᠎ᠠ᠂ ᠳᠠᠷᠠ ᠨᠢ ᠳᠠᠷᠢᠶᠠᠯᠠᠬᠤ ᠣᠷᠤᠨ ᠪᠣᠯᠤᠨ ᠬᠠᠭᠠᠰ ᠳᠠᠷᠢᠶᠠᠯᠠᠬᠤ ᠬᠠᠭᠠᠰ ᠮᠠᠯᠵᠢᠬᠤ ᠣᠷᠤᠨ ᠤ ᠣᠯᠠᠩᠭᠢ ᠭᠦᠮᠦᠰ ᠤᠨ ᠰᠠᠭᠤᠳᠠᠭ ᠣᠷᠤᠨ ᠰᠠᠭᠤᠴᠠ ᠪᠣᠯᠤᠨ᠎ᠠ᠃ ᠯᠠᠮ᠎ᠠ ᠶᠢᠨ ᠰᠦᠮ᠎ᠡ ᠭᠢᠭᠡᠤᠨ ᠸᠠᠩ ᠤᠨ ᠣᠷᠳᠤᠨ ᠪᠣᠯ ᠴᠥᠭᠡᠨ ᠳᠤᠭᠠᠨ ᠤ ᠣᠠᠴᠠᠭᠠᠢ ᠳᠠᠪᠬᠤᠷᠭᠠᠳᠠᠨ ᠤ ᠰᠠᠭᠤᠬᠤ ᠭᠠᠵᠠᠷ ᠪᠣᠯᠬᠤᠷ᠂ ᠡᠩ ᠤᠨ ᠠᠷᠠᠤᠨ ᠲᠦᠮᠡᠨ ᠤ ᠣᠷᠤᠨ ᠰᠠᠭᠤᠴᠠ ᠶᠢᠨ ᠪᠠᠢ᠌ᠳᠠᠯ ᠢ ᠳᠦᠯᠦᠭᠡᠯᠡᠵᠤ ᠴᠢᠳᠠᠬᠤ ᠦᠭᠡᠶ ᠶᠤᠮ᠃ ᠨᠥᠭᠦᠭᠡ ᠬᠤᠶᠠᠷ ᠵᠣᠢ᠌ᠯ ᠤᠨ ᠣᠷᠤᠨ ᠰᠠᠭᠤᠴᠠ ᠶᠢᠨ ᠭᠡᠯᠪᠠᠷᠢ ᠮᠠᠶ‍ᠢᠭ ᠨᠢ ᠡᠷᠭᠢᠯᠡᠭ᠍ᠰᠡᠨ ᠠᠵᠢᠯ ᠤᠨ ᠬᠤᠪᠢᠷᠠᠬᠤ ᠶᠢ ᠳᠠᠭᠠᠯᠳᠤᠨ ᠰᠤᠯᠢᠭᠳᠠᠳᠠᠭ ᠪᠠᠢ᠌ᠨ᠎ᠠ᠃ ᠶᠡᠷᠦᠩᠭᠡᠢ ᠳᠡᠭᠡᠨ᠂ ᠮᠠᠯᠵᠢᠬᠤ ᠣᠷᠤᠨ ᠤ ᠣᠯᠠᠩᠭᠢ ᠨᠢ ᠪᠦᠮᠪᠦᠭᠡᠷ ᠭᠡᠯᠪᠠᠷᠢ ᠲᠡᠶ ᠢᠰᠡᠭᠡᠢ ᠭᠡᠷ ᠲᠤ ᠰᠠᠭᠤᠳᠠᠭ ᠪᠦᠭᠡᠤᠨ ᠳᠠᠷᠢᠶᠠᠯᠠᠬᠤ ᠣᠷᠤᠨ ᠪᠣᠯᠤᠨ ᠬᠠᠭᠠᠰ ᠳᠠᠷᠢᠶᠠᠯᠠᠵᠤ ᠬᠠᠭᠠᠰ ᠮᠠᠯᠵᠢᠬᠤ ᠣᠷᠤᠨ ᠤ ᠣᠯᠠᠩᠭᠢ ᠨᠢ ᠭᠢᠳᠠᠤᠨ ᠮᠠᠶ‍ᠢᠭ ᠤᠨ ᠭᠡᠷ ᠪᠠᠢ᠌ᠰᠢᠩ ᠳᠤ ᠰᠠᠭᠤᠳᠠᠭ᠃ ᠮᠤᠩᠭ᠋ᠤᠯᠴᠤᠳ ᠤᠨ ᠦᠪᠡᠷᠮᠢᠴᠠ ᠣᠠᠴᠠᠯᠢᠭ ᠲᠡᠶ ᠣᠷᠤᠨ ᠰᠠᠭᠤᠴᠠ ᠭᠡᠪᠠᠯ ᠬᠠᠰᠢᠯᠠ ᠮᠤᠩᠭ᠋ᠤᠯ ᠭᠡᠷ ᠪᠣᠯᠤᠨ᠎ᠠ᠃

ᠴᠢᠯᠦᠭᠡᠯᠡᠭ᠍ᠳᠡᠭ᠍ᠰᠡᠨ ᠤ ᠳᠠᠷᠠᠭ᠎ᠠ᠂ ᠮᠤᠩᠭ᠋ᠤᠯ ᠦᠨᠳᠦᠰᠦᠳᠠᠨ ᠤ ᠠᠷᠠᠤᠨ ᠲᠦᠮᠡᠨ ᠤ ᠣᠷᠤᠨ ᠰᠠᠭᠤᠴᠠ ᠶᠢᠨ ᠨᠥᠭᠦᠴᠡᠯ ᠶᠡᠭᠡᠭᠡᠨ ᠰᠠᠢ᠌ᠵᠢᠷᠠᠪᠠ᠃ ᠮᠠᠯᠵᠢᠬᠤ ᠣᠷᠤᠨ ᠤ ᠣᠯᠠᠩᠭᠢ ᠨᠢ ᠨᠢᠭᠡᠨᠲᠡ ᠰᠠᠭᠤᠷᠢᠰᠢᠭᠠᠤᠨ᠂ ᠰᠠᠭᠤᠷᠢᠰᠢᠯ ᠳᠠᠭᠠᠨ ᠪᠠᠰᠠ ᠰᠠᠷᠠᠭᠤᠯ ᠠᠭᠤᠵᠢᠮ ᠭᠡᠷ ᠪᠠᠢ᠌ᠰᠢᠩ ᠪᠣᠶᠤ ᠶᠡᠭᠡ ᠣᠯᠠᠨ ᠳᠤᠭᠳᠠᠮᠠᠯ ᠮᠤᠩᠭ᠋ᠤᠯ ᠭᠡᠷ ᠪᠠᠷᠢᠭᠰᠠᠨ ᠪᠠᠢ᠌ᠨ᠎ᠠ᠃ ᠳᠠᠷᠢᠶᠠᠯᠠᠬᠤ ᠣᠷᠤᠨ ᠪᠠ ᠬᠠᠭᠠᠰ ᠳᠠᠷᠢᠶᠠᠯᠠᠵᠤ ᠬᠠᠭᠠᠰ ᠮᠠᠯᠵᠢᠬᠤ ᠣᠷᠤᠨ ᠳᠤ ᠰᠢᠨ᠎ᠠ ᠭᠡᠷ ᠪᠠᠢ᠌ᠰᠢᠩ ᠵᠢᠯ ᠡᠴᠡ ᠵᠢᠯ ᠣᠯᠠᠰᠢᠷᠠᠵᠤ ᠪᠠᠢ᠌ᠨ᠎ᠠ᠃ ᠳᠠᠯ᠎ᠠ ᠨᠤᠳᠤᠭ ᠤᠨ ᠮᠠᠯᠴᠢᠳ ᠭᠡᠴᠢᠨᠡᠨ ᠵᠢᠯ ᠤᠨ ᠳᠤᠷᠰᠢ ᠣᠰᠤ ᠪᠠᠯᠴᠢᠭᠡᠷ ᠢ ᠳᠠᠭᠠᠵᠤ ᠣᠳᠤᠷᠯᠠᠨ ᠨᠡᠭᠦᠵᠤ ᠪᠠᠢ᠌ᠭᠰᠠᠨ ᠠᠮᠢᠳᠤᠷᠠᠯ ᠶᠢᠡᠨ ᠦᠨᠳᠦᠰᠦᠨ ᠳᠡᠭᠡᠨ ᠡᠴᠦᠰᠯᠡᠭᠦᠯᠦᠭᠡᠤᠨ᠂ ᠰᠠᠭᠤᠷᠢᠰᠢᠨ ᠨᠤᠳᠤᠭᠯᠠᠵᠤ ᠣᠳᠤᠷᠯᠠᠨ ᠮᠠᠯᠵᠢᠬᠤ ᠪᠠ ᠬᠠᠭᠠᠰ ᠰᠠᠭᠤᠷᠢᠰᠢᠨ ᠨᠤᠳᠤᠭᠯᠠᠵᠤ ᠣᠳᠤᠷᠯᠠᠨ ᠮᠠᠯᠵᠢᠬᠤ ᠠᠮᠢᠳᠤᠷᠠᠯ ᠢ ᠭᠢᠵᠤ ᠡᠭᠢᠯᠡᠭ᠍ᠰᠡᠨ ᠪᠠᠢ᠌ᠨ᠎ᠠ᠃ ᠵᠢᠯ ᠪᠣᠯᠭᠠᠨ ᠨᠢᠭᠡ ᠪᠦᠯᠦᠭ᠌ ᠭᠦᠳᠡᠷ ᠴᠢᠭᠢᠷᠠᠭ ᠭᠦᠳᠡᠯᠮᠦᠷᠢ ᠶᠢᠨ ᠭᠦᠴᠤᠨ ᠨᠢ ᠮᠠᠯ ᠰᠥᠷᠦᠭ᠌ ᠶᠢᠡᠨ ᠳᠠᠭᠤᠵᠤ ᠣᠰᠤ ᠪᠠᠯᠴᠢᠭᠡᠷ ᠰᠠᠢ᠌ᠳᠠᠢ ᠭᠠᠵᠠᠷ ᠤᠳ ᠶᠢᠡᠷ ᠣᠳᠤᠷᠯᠠᠨ ᠶᠠᠪᠣᠬᠤ ᠡᠴᠡ ᠭᠠᠳᠠᠨ᠎ᠠ᠂ ᠭᠡᠷ ᠪᠦᠯᠢ ᠶᠢᠨ ᠪᠣᠰᠤᠳ ᠭᠦᠮᠦᠰ ᠨᠢ ᠪᠦᠷ ᠰᠠᠭᠤᠷᠢᠰᠢᠯ ᠳᠠᠭᠠᠨ ᠶᠠᠳᠠᠷ ᠳᠤᠷᠤᠢ ᠮᠠᠯ ᠶᠢᠡᠨ ᠠᠷᠠᠴᠢᠯᠠᠬᠤ ᠪᠣᠶᠤ ᠣᠠᠳᠤᠤ ᠠᠵᠢᠯ ᠭᠦᠳᠡᠯᠮᠦᠷᠢ ᠳ᠋ᠤ ᠣᠷᠤᠯᠴᠠᠳᠠᠭ ᠪᠣᠯᠵᠤ᠂ ᠵᠠᠯᠠᠭᠤᠴᠤᠳ ᠪᠠᠭᠠᠴᠤᠳ ᠴᠤ ᠰᠤᠷᠤᠯᠴᠠᠬᠤ ᠣᠷᠴᠢᠨ ᠳᠤᠭᠤᠷᠢᠨ ᠲᠡᠶ ᠪᠣᠯᠵᠠᠢ᠃ ᠮᠤᠩᠭ᠋ᠤᠯ ᠭᠡᠷ ᠤᠨ ᠴᠢᠨᠠᠷ ᠴᠢᠠᠰᠠᠭ᠎ᠠ ᠪᠣᠯᠤᠨ ᠭᠡᠷ ᠤᠨ ᠳᠤᠳᠤᠷᠠᠭᠢ ᠡᠳ᠋ᠯᠡᠯ ᠭᠡᠷᠡᠭ᠍ᠰᠡᠯ ᠨᠢ ᠴᠤ ᠶᠡᠭᠡᠭᠡᠨ ᠬᠤᠪᠢᠷᠠᠵᠤ᠂ ᠨᠠᠯᠢᠶᠠᠤᠨ ᠣᠯᠠᠨ ᠭᠠᠵᠠᠷ ᠤᠨ ᠭᠢᠨ ᠴᠦᠮ ᠰᠢᠨ᠎ᠠ ᠮᠤᠳᠤᠨ ᠣᠷᠤ ᠪᠣᠶᠤ ᠳᠠᠮᠤᠷ ᠣᠷᠤ ᠬᠤᠳᠠᠯᠳᠤᠨ ᠠᠪᠴᠤ᠂ ᠬᠤᠴᠢᠯᠭ᠎ᠠ ᠳᠡᠪᠢᠰᠭᠡᠷ ᠭᠦᠢᠴᠡᠳ ᠪᠣᠯᠤᠭᠰᠠᠨ ᠪᠦᠭᠡᠤᠨ ᠣᠯᠠᠩᠭᠢ ᠠᠢ᠌ᠯ ᠡᠷᠦᠭᠡ ᠶᠢᠨ ᠭᠢᠨ ᠰᠠᠯᠭᠢᠨ ᠭᠦᠴᠦᠳᠤ ᠴᠠᠭᠢᠯᠭᠠᠨ ᠭᠠᠷᠭᠠᠭᠤᠷ ᠣᠭᠰᠤᠷᠴᠤ ᠵᠢᠷᠤᠭᠳᠤ ᠷᠠᠳᠢᠤ᠋ ᠮᠠᠳᠤ ᠶᠢᠨ ᠴᠠᠭᠢᠯᠭᠠᠨ ᠭᠡᠷᠡᠭ᠍ᠰᠡᠯ ᠡᠳ᠋ᠯᠡᠭᠦ ᠪᠣᠯᠤᠭᠰᠠᠨ ᠪᠠᠢ᠌ᠨ᠎ᠠ᠃

ᠢᠷᠡᠯᠲᠡ᠄ ᠪᠢᠴᠢᠭ᠍ᠰᠡᠨ ᠥᠭᠡᠢ
ᠬᠠᠷᠢᠶ᠎ᠠ᠄ ᠵᠠᠩ ᠤᠢ᠌ᠯᠠ
ᠳᠠᠷᠤᠮ᠄ 7461
ᠴᠠᠭ᠄ 2005 ᠤᠨ ᠤ 11 ᠰᠠᠷ᠎ᠠ ᠶᠢᠨ 23
ᠨᠠᠢ᠌ᠷᠠᠭᠤᠯᠤᠭᠴᠢ᠄ ᠪᠦᠬᠡᠡᠷᠳᠡᠨᠢ
ᠰᠡᠳᠬᠢᠭᠳᠡᠯ ᠴᠣᠭᠯᠠᠭᠤᠯᠤᠯᠭ᠎ᠠ ᠤᠷᠮᠠᠰᠢᠭᠤᠯᠤᠯ ᠠᠯᠳᠠᠭ᠎ᠠ ᠲᠠᠢ