ᠨᠡᠪᠲᠡᠷᠡᠨ ᠤᠷᠤᠬᠤ
ᠳᠠᠭᠤᠷᠢᠶᠠᠨ ᠪᠢᠴᠢᠭᠦ ᠡᠴᠡ ᠭᠠᠷᠳᠠᠨ ᠠᠩᠭ᠍ᠯᠢ ᠭᠡᠯᠡᠨ ᠤ ᠵᠤᠬᠢᠶᠠᠨ ᠪᠢᠴᠢᠯᠭᠡ ᠶᠢ ᠵᠢᠯᠤᠭᠤᠳᠤᠭᠰᠠᠨ ᠳᠤᠬᠠᠢ

ᠪᠠᠭ᠎ᠠ ᠰᠤᠷᠭᠠᠭᠤᠯᠢ ᠶᠢᠨ ᠠᠩᠭ᠍ᠯᠢ ᠭᠡᠯᠡᠨ ᠤ ᠵᠤᠬᠢᠶᠠᠨ ᠪᠢᠴᠢᠯᠭᠡ ᠶᠢᠨ ᠪᠣᠯᠪᠠᠰᠤᠷᠠᠯ ᠪᠣᠯ ᠠᠩᠭ᠍ᠯᠢ ᠭᠡᠯᠡᠨ ᠤ ᠨᠢᠭᠡᠨ ᠴᠢᠬᠤᠯᠠ ᠠᠭᠤᠯᠭ᠎ᠠ ᠪᠣᠯᠬᠤ ᠮᠦᠷᠳᠡᠭᠡᠨ ᠶᠡᠷᠦᠩᠭᠡᠢ ᠪᠣᠯᠪᠠᠰᠤᠷᠠᠯ ᠪᠣᠯᠤᠨ᠎ᠠ᠃ ᠭᠡᠪᠠᠴᠤ ᠪᠠᠭ᠎ᠠ ᠰᠤᠷᠭᠠᠭᠤᠯᠢ ᠶᠢᠨ ᠪᠣᠳᠠᠳᠤ ᠪᠠᠢ᠌ᠳᠠᠯ ᠡᠴᠠ ᠦᠵᠡᠪᠠᠯ ᠰᠤᠷᠤᠭᠴᠢᠳ ᠵᠤᠬᠢᠶᠠᠨ ᠪᠢᠴᠢᠭᠦ ᠳᠤ ᠪᠠᠨ ᠶᠠᠭᠠᠭᠢᠵᠤ ᠪᠢᠴᠢᠭᠦ ᠪᠠᠨ ᠣᠯᠬᠤ ᠦᠭᠡᠶ ᠭᠠᠴᠢᠭᠳᠠᠳᠠᠭ᠃

ᠶᠠᠭ ᠡᠨᠡ ᠭᠦ ᠪᠠᠢ᠌ᠳᠠᠯ ᠳᠤ ᠴᠢᠭᠯᠡᠭᠦᠯᠤᠨ ᠪᠢ ᠳᠦᠷᠪᠠᠳᠦᠭᠡᠷ ᠣᠨ ᠤ ᠠᠩᠭ᠍ᠯᠢ ᠭᠡᠯᠡᠨ ᠤ ᠵᠤᠬᠢᠶᠠᠨ ᠪᠢᠴᠢᠯᠭᠡ ᠶᠢ ᠵᠢᠭᠠᠬᠤ ᠳᠤ ᠪᠠᠨ ᠭᠢᠴᠢᠶᠡᠯᠯᠡᠭᠡ ᠲᠡᠶ ᠪᠠᠨ ᠣᠶᠠᠯᠳᠤᠭᠤᠯᠤᠨ 《ᠳᠠᠭᠤᠷᠢᠶᠠᠨ ᠪᠢᠴᠢᠭᠦ》 ᠵᠢᠯᠤᠭᠤᠳᠤᠯᠭ᠎ᠠ ᠭᠢᠭ᠍ᠰᠡᠨ ᠶᠤᠮ᠃ ᠳᠠᠭᠤᠷᠢᠶᠠᠨ ᠪᠢᠴᠢᠭᠦ ᠭᠡᠳᠡᠭ᠌ ᠨᠢ ᠳᠠᠷᠤᠢ ᠣᠤᠯ ᠵᠤᠬᠢᠶᠠᠯ ᠤᠨ ᠪᠢᠴᠢᠭ᠍ᠰᠡᠨ ᠠᠷᠭ᠎ᠠ ᠪᠠᠷᠢᠯ ᠢ ᠳᠠᠭᠤᠷᠢᠶᠠᠨ ᠪᠢᠴᠢᠭᠦ ᠶᠢ ᠭᠡᠯᠡᠨ᠎ᠡ᠃ ᠪᠠᠰᠠ ᠮᠦᠷᠳᠠᠨ ᠪᠢᠴᠢᠭᠦ ᠭᠡᠵᠤ ᠭᠡᠯᠡᠵᠤ ᠪᠣᠯᠤᠨ᠎ᠠ᠃ ᠳᠠᠷᠤᠢ ᠵᠠᠷᠢᠮ ᠵᠤᠬᠢᠶᠠᠯ ᠶᠢᠡᠷ ᠦᠯᠢᠭᠡᠷ ᠪᠣᠯᠭᠠᠨ ᠵᠤᠬᠢᠶᠠᠯ ᠤᠨ ᠵᠤᠬᠢᠶᠠᠮᠵᠢ ᠪᠠ ᠭᠡᠯᠡ ᠨᠠᠢ᠌ᠷᠠᠭᠤᠯᠤᠭ᠎ᠠ᠂ ᠢᠯᠡᠳᠭᠡᠭᠦ ᠠᠷᠭ᠎ᠠ ᠵᠡᠷᠭᠡ ᠶᠢ ᠳᠠᠭᠤᠷᠢᠶᠠᠨ ᠪᠢᠴᠢᠭᠦ ᠶᠠᠪᠣᠳᠠᠯ ᠪᠣᠯᠤᠨ᠎ᠠ᠃ ᠳᠠᠭᠤᠷᠢᠶᠠᠨ ᠪᠢᠴᠢᠭᠦ ᠨᠢ ᠣᠭ ᠵᠤᠬᠢᠶᠠᠯ ᠢ ᠳᠠᠷᠠ ᠶᠤᠰᠤᠭᠠᠷ ᠨᠢ ᠬᠠᠭᠤᠯᠤᠨ ᠠᠪᠬᠤ ᠶᠠᠪᠣᠳᠠᠯ ᠪᠢᠰᠢ ᠪᠣᠯᠪᠠᠴᠤ ᠵᠤᠬᠢᠶᠠᠨ ᠪᠢᠴᠢᠯᠭᠡ ᠳᠤ ᠭᠦᠳᠦᠯᠭᠦ ᠪᠦᠳᠦᠮᠵᠢᠳᠡᠢ ᠨᠢᠭᠡᠨ ᠠᠷᠭ᠎ᠠ ᠶᠤᠮ᠃ ᠰᠤᠷᠤᠭᠴᠢᠳ ᠣᠤᠯ ᠵᠤᠬᠢᠶᠠᠯ ᠢ ᠰᠠᠢ᠌ᠳᠤᠷ ᠣᠩᠰᠢᠵᠤ ᠣᠢ᠌ᠯᠠᠭᠠᠭᠰᠠᠨ ᠰᠠᠭᠤᠷᠢᠨ ᠳᠡᠭᠡᠷ᠎ᠡ ᠭᠡᠯᠡ ᠨᠠᠢ᠌ᠷᠠᠭᠤᠯᠭ᠎ᠠ᠂ ᠪᠢᠴᠢᠯᠭᠡ ᠶᠢᠨ ᠠᠷᠭ᠎ᠠ ᠶᠢ ᠨᠢ ᠳᠠᠭᠤᠷᠢᠶᠠᠨ ᠦᠪᠡᠷ ᠤᠨ ᠶᠢᠡᠨ ᠪᠣᠳᠠᠳᠠᠢ ᠲᠡᠶ ᠣᠶᠠᠯᠳᠤᠭᠤᠯᠤᠨ ᠭᠡᠷᠭᠢᠨ ᠡᠮᠭᠢ ᠴᠡᠭ᠍ᠴᠡ ᠲᠡᠶ᠂ ᠠᠯᠬᠤᠮ ᠳᠠᠷᠠᠭ᠎ᠠ ᠲᠡᠶ ᠨᠠᠢ᠌ᠷᠠᠭᠤᠯᠤᠨ ᠪᠢᠴᠢᠭᠦ ᠶᠢ ᠵᠢᠯᠤᠭᠤᠤᠠᠴᠤ ᠵᠤᠬᠢᠶᠠᠨ ᠪᠢᠴᠢᠯᠭᠡ ᠶᠢᠨ ᠥᠢᠯᠡᠳᠦᠯᠭᠡ ᠭᠢᠯᠭᠡᠭᠦ ᠶᠠᠪᠣᠳᠠᠯ ᠪᠣᠯᠤᠨ᠎ᠠ᠃ ᠢᠩᠭᠢᠵᠤ ᠳᠠᠭᠤᠷᠢᠶᠠᠨ ᠪᠢᠴᠢᠭᠦᠯᠪᠠᠯ ᠰᠤᠷᠤᠭᠴᠢᠳ ᠵᠤᠬᠢᠶᠠᠨ ᠪᠢᠴᠢᠭᠦ ᠠᠷᠭ᠎ᠠ ᠣᠬᠠᠭᠠᠨ ᠶᠢᠡᠨ ᠣᠯᠵᠤ᠂ ᠪᠢᠴᠢᠭᠦ ᠶᠠᠭᠤᠮ᠎ᠠ ᠲᠡᠶ ᠪᠣᠯᠵᠤ ᠠᠷᠭ᠎ᠠ ᠪᠠᠷᠠᠨ ᠭᠦᠴᠢᠷᠳᠡᠭᠦ ᠦᠭᠡᠶ ᠪᠣᠯᠤᠨ᠎ᠠ᠃ ᠵᠢᠱᠢᠶᠠᠯᠠᠪᠠᠯ᠄ 《My friend》 ᠭᠡᠭᠦ ᠭᠢᠴᠢᠶᠠᠯ ᠢ ᠰᠤᠷᠤᠭᠰᠠᠨ ᠤ ᠳᠠᠷᠠᠭ᠎ᠠ᠂ ᠰᠤᠷᠤᠭᠴᠢᠳ ᠶᠢᠡᠷ ᠦᠪᠡᠷ ᠤᠨ ᠶᠢᠡᠨ ᠬᠠᠮᠤᠭ ᠤᠨ ᠰᠠᠢ᠌ᠨ ᠣᠢ᠌ᠯᠠᠭᠠᠳᠠᠭ ᠭᠦᠮᠤᠨ ᠤ ᠳᠦᠷᠢ ᠶᠢ ᠪᠢᠴᠢᠭᠦᠯᠭᠦ ᠳᠤ ᠪᠦᠭᠦ ᠠᠩᠭᠢ ᠶᠢᠨ ᠰᠤᠷᠤᠭᠴᠢᠳ ᠪᠠᠶᠠᠷᠳᠠᠢ ᠪᠢᠴᠢᠵᠤ ᠡᠭᠢᠯᠡᠪᠡ᠃ ᠨᠢᠭᠡ ᠰᠤᠷᠤᠭᠴᠢ 《My mother》 ᠭᠡᠭᠦ ᠭᠠᠷᠴᠠᠭ ᠶᠢᠡᠷ 《My mother is young .she likes music.She has long hair.》 ᠭᠡᠵᠤ ᠡᠵᠢ ᠶᠢ ᠪᠠᠨ ᠰᠠᠢ᠌ᠬᠠᠨ ᠳᠦᠷᠰᠤᠯᠠᠨ ᠪᠢᠴᠢᠭ᠍ᠰᠡᠨ ᠪᠠᠢ᠌ᠪᠠ᠃ ᠢᠩᠭᠢᠵᠤ ᠪᠢᠴᠢᠭᠦᠯᠭᠦ ᠨᠢ ᠪᠠᠭ᠎ᠠ ᠰᠤᠷᠭᠠᠭᠤᠯᠢ ᠶᠢᠨ ᠳᠦᠷᠪᠠᠳᠦᠭᠡᠷ ᠣᠨ ᠤ ᠰᠤᠷᠤᠭᠴᠢᠳ ᠢ ᠵᠤᠬᠢᠶᠠᠨ ᠪᠢᠴᠢᠯᠭᠡ ᠳᠤ ᠭᠦᠳᠦᠯᠤᠨ ᠣᠷᠤᠭᠤᠯᠬᠤ ᠳᠤ ᠳᠤᠰᠠᠳᠠᠢ ᠮᠦᠷᠳᠡᠭᠡᠨ ᠰᠤᠷᠤᠭᠴᠢᠳ ᠦᠪᠡᠷ ᠤᠨ ᠮᠡᠳᠡᠳᠡᠭ᠌ ᠵᠣᠢ᠌ᠯ ᠶᠢᠡᠨ ᠪᠢᠴᠢᠭᠦ ᠪᠠᠷ ᠳᠠᠮᠵᠢᠨ ᠥᠭᠡ ᠥᠭᠦᠯᠡᠪᠦᠷᠢ ᠶᠢ ᠳᠤᠭᠢᠯᠢᠭ ᠭᠡᠷᠡᠭᠯᠡᠭᠦ ᠪᠣᠯᠵᠤ᠂ ᠪᠢᠴᠢᠭᠦ ᠳᠠᠰ ᠳᠠᠷᠠᠭᠠᠯᠠᠯ ᠨᠢ ᠴᠤ ᠳᠢᠭᠯᠢᠮ ᠲᠡᠶ ᠳᠤᠳᠤᠷᠬᠠᠢ ᠪᠣᠯᠳᠠᠭ᠃

ᠰᠤᠷᠤᠭᠴᠢᠳ ᠢ ᠵᠤᠬᠢᠶᠠᠨ ᠪᠢᠴᠢᠯᠭᠡ ᠳᠤ ᠭᠦᠳᠦᠯᠤᠨ ᠣᠷᠤᠭᠤᠯᠬᠤ ᠳᠤ ᠶᠠᠭᠤᠨ ᠤ ᠡᠮᠤᠨ᠎ᠡ ᠳᠠᠳᠠᠨ ᠤ ᠣᠷᠮ᠎ᠠ ᠪᠠᠬ᠎ᠠ ᠶᠢ ᠭᠦᠭ᠍ᠵᠢᠭᠡᠭᠦ ᠭᠡᠷᠡᠭ᠍ᠳᠡᠢ᠃ 《ᠳᠤᠷ᠎ᠠ ᠪᠠᠬ᠎ᠠ ᠪᠣᠯ ᠰᠠ‍‌ᠶᠢ ᠬᠠᠮᠤᠭ ᠤᠨ ᠰᠠᠢ᠌ᠨ ᠪᠠᠭᠰᠢ》 ᠭᠡᠳᠡᠭ᠌ ᠶᠢᠡᠷ ᠡᠭᠢᠯᠡᠨ ᠠᠩᠭ᠍ᠯᠢ ᠵᠤᠬᠢᠶᠠᠯ ᠪᠢᠴᠢᠵᠤ ᠪᠠᠢ᠌ᠭ᠎ᠠ ᠪᠠᠭ᠎ᠠ ᠰᠤᠷᠭᠠᠭᠤᠯᠢ ᠶᠢᠨ ᠰᠤᠷᠤᠭᠴᠢ ᠳᠤ ᠠᠪᠴᠤ ᠭᠡᠯᠡᠪᠠᠯ ᠣᠷᠮ᠎ᠠ ᠪᠠᠬ᠎ᠠ ᠨᠢ ᠨᠠᠩ ᠴᠢᠬᠤᠯᠠ ᠶᠤᠮ᠃ ᠳᠠᠭᠤᠷᠢᠶᠠᠨ ᠪᠢᠴᠢᠭᠦ ᠨᠢ ᠳᠤᠤᠷᠠᠭᠢ ᠮᠠᠳᠤ ᠰᠠᠢ᠌ᠨ ᠳᠠᠯ᠎ᠠ ᠲᠡᠶ ᠪᠠᠢ᠌ᠳᠠᠭ᠃

ᠶᠠᠭᠤᠨ ᠤ ᠡᠮᠤᠨ᠎ᠡ᠂ ᠳᠠᠭᠤᠷᠢᠶᠠᠨ ᠪᠢᠴᠢᠭᠦ ᠶᠢ ᠵᠢᠯᠤᠭᠤᠤᠠᠬᠤ ᠪᠠᠷ ᠳᠠᠮᠵᠢᠨ ᠰᠤᠷᠤᠭᠴᠢᠳ ᠲᠤ ᠵᠤᠬᠢᠶᠠᠨ ᠪᠢᠴᠢᠯᠭᠡ ᠶᠢᠨ ᠠᠴᠢ ᠬᠤᠯᠪᠣᠭᠳᠠᠯ ᠢ ᠣᠢ᠌ᠯᠠᠭᠠᠭᠤᠯᠵᠤ᠂ ᠠᠩᠭ᠍ᠯᠢ ᠪᠠᠷ ᠵᠤᠬᠢᠶᠠᠯ ᠪᠢᠴᠢᠵᠤ ᠰᠤᠷᠬᠤ ᠶᠢᠨ ᠴᠢᠬᠤᠯᠠ ᠴᠢᠨᠠᠷ ᠢ ᠮᠡᠳᠡᠭᠦᠯᠵᠤ ᠴᠢᠳᠠᠨ᠎ᠠ᠃

ᠳᠠᠷᠠᠭ᠎ᠠ ᠨᠢ᠂ ᠰᠤᠷᠤᠭᠴᠢᠳ ᠰᠤᠷᠤᠯᠴᠠᠬᠤ ᠠᠷᠭ᠎ᠠ ᠪᠠᠷᠢᠯ ᠢ ᠰᠠᠢ᠌ᠳᠤᠷ ᠡᠵᠡᠮᠰᠢᠵᠤ᠂ ᠵᠤᠬᠢᠶᠠᠨ ᠪᠢᠴᠢᠯᠭᠡ ᠶᠢᠨ ᠵᠢᠮ᠎ᠠ ᠶᠤᠰᠤ ᠶᠢ ᠰᠥᠪᠠᠭ᠍ᠴᠢᠯᠡᠨ ᠣᠷᠤᠯᠳᠤᠪᠠᠯ ᠵᠤᠬᠢᠶᠠᠨ ᠪᠢᠴᠢᠭᠦ ᠣᠷᠮ᠎ᠠ ᠪᠠᠬ᠎ᠠ ᠲᠡᠶ ᠪᠣᠯᠳᠠᠭ᠃ ᠳᠠᠭᠤᠷᠢᠶᠠᠨ ᠪᠢᠴᠢᠭᠦᠯᠭᠦ ᠪᠠᠷ ᠳᠠᠮᠵᠢᠨ ᠵᠠᠷᠢᠮ ᠰᠤᠷᠤᠭᠴᠢ ᠶᠢᠨ ᠵᠤᠬᠢᠶᠠᠨ ᠪᠢᠴᠢᠯᠭᠡ ᠶᠢ ᠰᠤᠷᠬᠤ ᠳᠤᠷ᠎ᠠ ᠦᠭᠡᠶ ᠥᠵᠡᠭ᠍ᠳᠡᠯ ᠢ ᠥᠭᠡᠢ᠌ᠰᠭᠡᠵᠤ ᠪᠣᠯᠤᠨ᠎ᠠ᠃

ᠭᠤᠷᠪᠠᠳᠤᠭᠠᠷ ᠲᠤ᠂ ᠳᠠᠭᠤᠷᠢᠶᠠᠨ ᠪᠢᠴᠢᠭᠦᠯᠭᠦ ᠨᠢ ᠥᠢᠯᠡᠳᠦᠯᠭᠡ ᠶᠢᠨ ᠳᠤᠮᠳᠠ ᠵᠤᠬᠢᠶᠠᠨ ᠪᠢᠴᠢᠭᠦ ᠴᠢᠳᠠᠪᠣᠷᠢ ᠶᠢ ᠨᠢ ᠳᠡᠭᠡᠭ᠍ᠰᠢᠯᠡᠭᠦᠯᠭᠦ ᠳᠤ ᠳᠤᠰᠠᠳᠠᠢ ᠪᠠᠢ᠌ᠳᠠᠭ᠃

ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠠᠩᠭ᠍ᠯᠢ ᠭᠡᠯᠡᠨ ᠤ ᠵᠤᠬᠢᠶᠠᠨ ᠪᠢᠴᠢᠯᠭᠡ ᠶᠢ ᠳᠠᠭᠤᠷᠢᠶᠠᠨ ᠪᠢᠴᠢᠭᠦ ᠡᠴᠡ ᠭᠠᠷᠳᠠᠨ ᠵᠢᠯᠤᠭᠤᠤᠠᠬᠤ ᠨᠢ ᠠᠩᠭ᠍ᠯᠢ ᠭᠡᠯᠡᠨ ᠤ ᠵᠤᠬᠢᠶᠠᠨ ᠪᠢᠴᠢᠯᠭᠡ ᠳᠤ ᠣᠷᠮ᠎ᠠ ᠪᠠᠬ᠎ᠠ ᠲᠡᠶ ᠪᠣᠯᠬᠤ ᠪᠠ ᠰᠤᠷᠤᠭᠴᠢᠳ ᠤᠨ ᠬᠤᠵᠢᠮ ᠤᠨ ᠰᠤᠷᠤᠯᠴᠠᠯᠠᠭ᠎ᠠ ᠳᠤ ᠳᠤᠩ ᠠᠰᠢᠭᠳᠠᠢ ᠣᠴᠢᠷ ᠡᠴᠠ ᠠᠩᠭ᠍ᠯᠢ ᠭᠡᠯᠡᠨ ᠤ ᠪᠠᠭᠰᠢ ᠨᠡᠷ ᠡᠨᠡ ᠳᠠᠯ᠎ᠠ ᠪᠠᠷ ᠠᠩᠬᠠᠷᠤᠨ ᠵᠢᠯᠤᠭᠤᠤᠠᠴᠤ ᠪᠣᠯᠤᠮᠠᠷ ᠪᠠᠢ᠌ᠨ᠎ᠠ᠃


ᠵᠤᠬᠢᠶᠠᠭᠴᠢ ᠶᠢᠨ ᠬᠠᠶ‍ᠢᠭ᠄ ᠣᠷᠳᠤᠰ

ᠵᠤᠬᠢᠶᠠᠭᠴᠢ᠄ ᠬᠠᠩᠭᠢᠴᠤᠳ ᠴᠤᠯᠮᠤᠨ‍ᠭᠡᠷᠡᠯ
ᠢᠷᠡᠯᠲᠡ᠄ ᠢᠷᠡᠭᠦᠯᠦᠭᠰᠡᠨ ᠡᠬᠡ ᠪᠢᠴᠢᠭ᠌
ᠬᠠᠷᠢᠶ᠎ᠠ᠄ ᠪᠠᠭᠰᠢ ᠶᠢᠨ ᠬᠠᠨᠢ
ᠳᠠᠷᠤᠮ᠄ 2951
ᠴᠠᠭ᠄ 2010 ᠤᠨ ᠤ 08 ᠰᠠᠷ᠎ᠠ ᠶᠢᠨ 15
ᠨᠠᠢ᠌ᠷᠠᠭᠤᠯᠤᠭᠴᠢ᠄ ᠪᠦᠬᠡᠡᠷᠳᠡᠨᠢ
ᠰᠡᠳᠬᠢᠭᠳᠡᠯ ᠴᠣᠭᠯᠠᠭᠤᠯᠤᠯᠭ᠎ᠠ ᠤᠷᠮᠠᠰᠢᠭᠤᠯᠤᠯ ᠠᠯᠳᠠᠭ᠎ᠠ ᠲᠠᠢ