ᠴᠠᠭᠠᠨᠬᠤᠸᠠ ᠮᠤᠩᠭ᠋ᠤᠯ ᠪᠠᠭ᠎ᠠ ᠰᠤᠷᠭᠠᠭᠤᠯᠢ

ᠴᠠᠭᠠᠨᠬᠤᠸᠠ ᠪᠠᠯᠭᠠᠰᠤᠨ ᠦ ᠮᠤᠩᠭ᠋ᠤᠯ ᠦᠨᠳᠦᠰᠦᠲᠡᠨ ᠦ ᠭᠤᠤᠯ ᠪᠠᠭ᠎ᠠ ᠰᠤᠷᠭᠠᠭᠤᠯᠢ ᠨᠢ ᠬᠢᠷᠢᠨ ᠮᠤᠵᠢ ᠵᠢᠨ ᠡᠮᠦᠨᠡᠲᠦ ᠭᠤᠷᠯᠤᠤᠰ ᠦᠨ ᠮᠤᠩᠭ᠋ᠤᠯ ᠦᠨᠳᠦᠰᠦᠲᠡᠨ ᠦ ᠦᠪᠡᠷᠲᠡᠭᠡᠨ ᠵᠠᠰᠠᠬᠤ ᠰᠢᠶᠠᠨ ᠳᠦ ᠪᠠᠢᠢᠷᠢᠯᠠᠵᠦ᠂ᠬᠢᠷᠢᠨ ᠮᠤᠵᠢ ᠵᠢᠨ ᠦᠨᠳᠦᠰᠦᠲᠡᠨ ᠦ ᠰᠤᠷᠭᠠᠨ ᠬᠦᠮᠦᠵᠢᠯ ᠦᠨ 《ᠴᠤᠩᠬᠤᠪᠴᠢ》ᠪᠤᠯᠤᠭᠰᠠᠨ ᠪᠠᠢᠢᠨ᠎ᠠ᠂ᠮᠤᠩᠭ᠋ᠤᠯ ᠬᠢᠳᠠᠳ ᠬᠡᠯᠡ ᠪᠡᠷ ᠭᠤᠤᠯᠯᠠᠭᠤᠯᠤᠭᠰᠠᠨ《ᠬᠤᠤᠰ ᠬᠡᠯᠡᠨ》 ᠦ ᠰᠤᠷᠭᠠᠨ ᠬᠦᠮᠦᠵᠢᠯ ᠵᠢᠴᠢ ᠮᠤᠩᠭ᠋ᠤᠯ ᠬᠢᠳᠠᠳ ᠬᠡᠯᠡ ᠪᠡᠷ ᠭᠤᠤᠯᠯᠠᠭᠤᠯᠵᠦ᠂ᠠᠩᠬᠢᠯᠢ ᠬᠡᠯᠡ ᠬᠠᠪᠰᠤᠷᠭᠠᠭᠰᠠᠨ《ᠭᠤᠷᠪᠠᠨ ᠬᠡᠯᠡᠨ》 ᠦ ᠰᠤᠷᠭᠠᠨ ᠬᠦᠮᠦᠵᠢᠯ ᠢ ᠤᠷᠢᠳ ᠬᠤᠵᠢᠳ ᠡᠬᠢᠯᠡᠬᠦᠯᠵᠦ᠂ᠮᠤᠷᠢᠨ ᠬᠤᠭᠤᠷ ᠦᠨ ᠮᠡᠷᠭᠡᠵᠢᠯ ᠦᠨ ᠰᠤᠷᠭᠠᠭᠤᠯᠢ ᠵᠢ ᠤᠷᠢᠨ ᠤᠷᠤᠭᠤᠯᠵᠦ᠂ᠦᠨᠳᠦᠰᠦᠲᠡᠨ ᠦ ᠪᠦᠵᠢᠭ᠌ ᠪᠤᠯᠤᠨ ᠦᠨᠳᠦᠰᠦᠲᠡᠨ ᠦ ᠪᠡᠶ᠎ᠠ ᠵᠢᠨ ᠲᠠᠮᠢᠷ ᠦᠨ ᠵᠢᠭᠠᠨ ᠰᠤᠷᠭᠠᠯᠲᠠ ᠵᠢ ᠦᠷᠨᠢᠭᠦᠯᠵᠦ᠂ᠡᠭᠦᠨ ᠵᠢᠡᠷ ᠵᠢᠡᠨ ᠰᠤᠷᠭᠠᠭᠤᠯᠢ ᠵᠢᠨ ᠵᠢᠡᠨ ᠪᠠᠬᠠᠷᠠᠭᠤᠯᠬᠤ ᠬᠦᠴᠦᠨ ᠢ ᠢᠯᠡᠷᠡᠭᠦᠯᠵᠦ᠂ᠰᠤᠷᠭᠠᠭᠤᠯᠢ ᠵᠢᠨ ᠨᠦᠯᠦᠬᠡ ᠪᠠᠨ ᠦᠷᠭᠡᠳᠭᠡᠵᠦ᠂ᠨᠠᠷᠡᠲᠦ ᠪᠠᠭᠰᠢ ᠰᠢᠯᠢᠳᠡᠭ ᠪᠠᠭᠰᠢ ᠵᠢ ᠲᠠᠲᠠᠵᠦ᠂ᠰᠤᠷᠭᠠᠭᠤᠯᠢ ᠵᠢᠨ ᠵᠢᠡᠨ ᠬᠦᠭᠵᠢᠯᠲᠡ ᠵᠢ ᠬᠦᠴᠦᠲᠡᠢ ᠠᠬᠢᠭᠤᠯᠪᠠ᠃

ᠦᠨᠦᠳᠦᠷ ᠦᠨ ᠴᠠᠭᠠᠨᠬᠤᠸᠠ ᠮᠤᠩᠭ᠋ᠤᠯ ᠪᠠᠭ᠎ᠠ ᠰᠤᠷᠭᠠᠭᠤᠯᠢ ᠵᠢᠨ ᠰᠤᠷᠭᠠᠭᠤᠯᠢ ᠡᠷᠬᠢᠯᠡᠬᠦ ᠨᠦᠬᠦᠴᠡᠯ ᠲᠠᠪᠠᠭᠤᠯᠢᠭ᠂ᠰᠤᠷᠭᠠᠭᠤᠯᠢ ᠵᠢᠨ ᠲᠠᠯᠠᠪᠠᠢ ᠨᠢ30000 ᠲᠦᠷᠪᠡᠯᠵᠢᠨ ᠮᠸᠲ᠋ᠷ ᠬᠦᠷᠴᠦ᠂ᠬᠠᠷᠢᠶᠠᠨ ᠳᠦ ᠪᠠᠨ ᠬᠤᠳᠠ ᠵᠢᠨ ᠲᠡᠰ ᠦᠨ ᠬᠡᠥᠬᠡᠳ ᠦᠨ ᠴᠡᠴᠡᠷᠯᠢᠭ1᠃ᠲᠤᠰᠬᠤᠨ ᠦ ᠪᠠᠭ᠎ᠠ ᠰᠤᠷᠭᠠᠭᠤᠯᠢ5 ᠪᠠᠢᠢᠵᠦ᠂ᠲᠡᠭᠦᠨ ᠳᠦ ᠦᠨᠳᠦᠰᠦᠲᠡᠨ ᠦ ᠲᠤᠰᠬᠤᠨ ᠦ2ᠪᠠᠭ᠎ᠠ ᠰᠤᠷᠭᠠᠭᠤᠯᠢ᠂ᠡᠩ ᠦᠨ ᠲᠤᠰᠬᠤᠨ ᠦ3ᠪᠠᠭ᠎ᠠ ᠰᠤᠷᠭᠠᠭᠤᠯᠢ ᠪᠤᠥ᠂175ᠪᠠᠭᠰᠢ ᠠᠵᠢᠯᠲᠠᠨ ᠲᠠᠢ᠂1270ᠰᠤᠷᠤᠭᠴᠢ ᠲᠠᠢ᠃ᠤᠯᠠᠨ ᠵᠢᠯ ᠦᠨ ᠲᠤᠷᠰᠢ᠂ᠲᠡᠭᠡᠳᠦ ᠱᠠᠳᠦᠨ ᠦ ᠵᠠᠰᠠᠭ ᠦᠨ ᠤᠷᠳᠤᠨ ᠪᠤᠯᠤᠨ ᠦᠨᠳᠦᠰᠦᠲᠡᠨ ᠨᠤᠭᠦᠳ ᠦᠨ ᠤᠯᠠᠨ ᠲᠦᠮᠡᠨ ᠦ ᠬᠠᠯᠠᠮᠵᠢᠯᠠᠯ ᠪᠤᠯᠤᠨ ᠬᠠᠪᠰᠤᠷᠤᠯᠭ᠎ᠠ ᠪᠡᠷ᠂ᠴᠠᠭᠠᠨᠬᠤᠸᠠ ᠮᠤᠩᠭ᠋ᠤᠯ ᠪᠠᠭ᠎ᠠ ᠰᠤᠷᠭᠠᠭᠤᠯᠢ ᠨᠢ ᠡᠯ᠎ᠠ ᠲᠠᠯ᠎ᠠ ᠪᠡᠷ ᠢᠯᠡᠷᠬᠡᠢ ᠠᠮᠵᠢᠯᠲᠠ ᠤᠯᠪᠠ᠃

ᠲᠤᠰ ᠰᠤᠷᠭᠠᠭᠤᠯᠢ ᠵᠢᠨ ᠰᠤᠷᠭᠠᠭᠤᠯᠢ ᠡᠷᠬᠢᠯᠡᠬᠦ ᠨᠦᠭᠦᠴᠡᠯ ᠶᠡᠬᠡ ᠪᠡᠷ ᠰᠠᠢᠢᠵᠢᠷᠠᠭᠰᠠᠨ ᠪᠠ ᠤᠯᠠᠨ ᠲᠦᠮᠡᠨ ᠦ ᠴᠢᠨᠠᠷᠵᠢᠭᠤᠨ ᠰᠤᠷᠭᠠᠨ ᠬᠦᠮᠦᠵᠢᠯ ᠦᠨ ᠱᠠᠭᠠᠷᠳᠠᠯᠭ᠎ᠠ ᠵᠢ ᠲᠠᠭᠠᠯᠳᠤᠨ ᠮᠠᠰᠢ ᠤᠯᠠᠨ ᠬᠡᠷ ᠦᠨ ᠠᠬᠠᠮᠠᠳ ᠰᠤᠷᠭᠠᠭᠤᠯᠢ ᠵᠢᠨ ᠲᠡᠷᠭᠡᠨ ᠳᠦ ᠰᠠᠭᠤᠬᠤ ᠪᠤᠶᠤ ᠰᠤᠷᠭᠠᠭᠤᠯᠢ ᠵᠢᠨ ᠭᠠᠳᠠᠭᠤᠷ ᠰᠠᠭᠤᠯᠭᠠᠬᠤ ᠵᠡᠷᠬᠡ ᠬᠡᠯᠪᠡᠷᠢ ᠪᠡᠷ ᠬᠡᠥᠬᠡᠳ ᠵᠢᠡᠨ ᠲᠤᠰ ᠰᠤᠷᠭᠠᠭᠤᠯᠢ ᠳᠦ ᠬᠦᠷᠭᠡᠵᠦ᠂ᠰᠤᠷᠭᠠᠭᠤᠯᠢ ᠳᠦ ᠢᠷᠡᠬᠦ ᠰᠤᠷᠤᠭᠴᠢ ᠵᠢᠨ ᠲᠤᠭ᠎ᠠ ᠤᠯᠠᠰᠢᠷᠠᠵᠦ ᠯᠡ ᠪᠠᠢᠢᠨ᠎ᠠ᠃2011 ᠤᠨ ᠳᠦ᠂ᠰᠢᠶᠠᠨ ᠦ ᠵᠠᠰᠠᠭ ᠦᠨ ᠤᠷᠳᠤᠨ ᠡᠴᠡ《ᠰᠤᠷᠤᠭᠴᠢ ᠲᠤᠰᠴᠦ ᠬᠦᠷᠭᠡᠬᠦ ᠲᠡᠷᠬᠡ ᠬᠤᠳᠠᠯᠳᠤᠨ ᠠᠪᠬᠤ ᠨᠡᠢᠢᠬᠡᠮ ᠦᠨ ᠬᠦᠴᠦᠨ ᠢ ᠵᠤᠷᠢᠭᠵᠢᠭᠤᠯᠬᠤ ᠲᠤᠬᠠᠢ ᠬᠡᠷᠡᠭᠵᠢᠬᠦᠯᠬᠦ ᠰᠠᠨᠠᠯ》 ᠢ ᠲᠤᠭᠳᠠᠭᠠᠨ ᠨᠡᠢᠢᠳᠡᠯᠡᠵᠦ᠂ᠪᠠᠷᠢᠮᠵᠢᠶᠠᠲᠦ ᠰᠤᠷᠭᠠᠭᠤᠯᠢ ᠵᠢᠨ ᠲᠡᠷᠬᠡ ᠬᠤᠳᠠᠯᠳᠤᠨ ᠠᠪᠬᠤ ᠪᠦᠷᠢ ᠳᠦ ᠰᠢᠶᠠᠨ ᠦ ᠡᠳ᠋ ᠦᠨ ᠵᠠᠰᠠᠭ ᠡᠴᠡ10ᠲᠦᠮᠡᠨ ᠲᠦᠭᠦᠷᠢᠭ᠌ ᠨᠦᠬᠦᠪᠦᠷᠢᠯᠡᠬᠦ ᠬᠦᠬᠢᠬᠦᠯᠬᠦ ᠲᠦᠷᠦ ᠵᠢᠨ ᠪᠤᠳᠤᠯᠭ᠎ᠠ ᠠᠪᠴᠦ᠂ᠲᠦᠷᠦ ᠵᠢᠨ ᠪᠤᠳᠤᠯᠭ᠎ᠠ ᠵᠢᠨ ᠨᠠᠢᠢᠳᠠᠪᠤᠷᠢᠵᠢᠭᠤᠯᠬᠤ ᠵᠢ ᠲᠠᠭᠠᠯᠳᠤᠨ ᠰᠤᠷᠤᠭᠴᠢ ᠵᠢ ᠠᠮᠤᠷ ᠲᠦᠪᠰᠢᠨ ᠲᠤᠰᠴᠦ ᠬᠦᠷᠭᠡᠬᠦ ᠠᠰᠠᠭᠤᠳᠠᠯ ᠪᠦᠳᠦᠮᠵᠢᠲᠡᠢ ᠰᠡᠢᠢᠳᠪᠦᠷᠢᠯᠡᠭᠳᠡᠪᠡ᠃ᠤᠳᠤᠬᠠᠨ ᠳᠦ᠂ᠰᠤᠷᠭᠠᠭᠤᠯᠢ ᠵᠢᠨ ᠲᠡᠷᠬᠡ9ᠪᠠᠢᠢᠵᠦ᠂ᠲᠡᠷᠭᠡᠨ ᠳᠦ ᠰᠠᠭᠤᠬᠤ ᠰᠤᠷᠤᠭᠴᠢ ᠵᠢᠨ ᠲᠤᠭ᠎ᠠ 408 ᠬᠦᠮᠦᠨ ᠬᠦᠷᠦᠭᠰᠡᠨ ᠪᠠᠢᠢᠨ᠎ᠠ᠃


ᠰᠤᠷᠤᠭᠴᠢᠳ ᠬᠢᠴᠢᠶᠡᠯ ᠪᠠᠭᠤᠭᠰᠠᠨ ᠦ ᠲᠠᠷᠠᠭ᠎ᠠ ᠠᠨᠳᠠᠢ ᠪᠦᠵᠢᠭ᠌ ᠪᠤᠯᠪᠠᠰᠤᠷᠠᠨ᠎ᠠ


ᠭᠡᠷ ᠦᠨ ᠠᠬᠠᠮᠠᠳ ᠲᠤᠭᠳᠠᠭᠰᠠᠨ ᠴᠠᠭ ᠲᠦ ᠬᠡᠥᠬᠡᠳ ᠵᠢᠡᠨ ᠲᠤᠰᠴᠦ ᠪᠠᠢᠢᠨ᠎ᠠ᠃ᠰᠤᠷᠭᠠᠭᠤᠯᠢ ᠵᠢᠨ ᠲᠡᠷᠬᠡ ᠬᠠᠪᠢᠲᠠᠨ ᠵᠤᠭᠰᠤᠬᠤ ᠳᠦ ᠲᠤᠭᠳᠠᠭᠰᠠᠨ ᠢᠯᠡ ᠲᠤᠳᠤ ᠲᠡᠮᠳᠡᠭ ᠲᠠᠢ᠂ᠬᠤᠶᠠᠷ ᠴᠢᠭ᠍ᠯᠡᠯ ᠦᠨ ᠲᠡᠷᠭᠡ ᠡᠷᠬᠡᠪᠰᠢ ᠲᠡᠷᠭᠡ ᠪᠠᠨ ᠵᠤᠭᠰᠤᠭᠠᠨ ᠬᠦᠯᠢᠶᠡᠨ᠎ᠠ

ᠬᠢᠴᠢᠶᠡᠯᠯᠡᠵᠦ ᠪᠠᠢᠢᠨ᠎ᠠ

ᠰᠤᠷᠭᠠᠭᠤᠯᠢ ᠳᠦ ᠪᠠᠰᠠ200 ᠮᠤᠷᠢᠨ ᠬᠤᠭᠤᠷ ᠨᠡᠮᠡᠭᠳᠡᠯ᠎ᠠ



ᠵᠤᠬᠢᠶᠠᠭᠴᠢ᠄ ᠪᠠᠶᠠᠨᠳᠦᠭᠦᠷᠡᠩ᠂ᠪᠠᠶᠠᠷ
ᠢᠷᠡᠯᠲᠡ᠄ ᠦᠨᠳᠦᠰᠦᠲᠡᠨ ᠦ ᠵᠢᠷᠤᠭᠲᠦ ᠰᠡᠳᠭᠦᠯ ᠦᠨ ᠬᠤᠷᠢᠶ᠎ᠠ
ᠬᠠᠷᠢᠶ᠎ᠠ᠄
ᠳᠠᠷᠤᠮ᠄ 251
ᠴᠠᠭ᠄ 2015 ᠤᠨ ᠤ 06 ᠰᠠᠷ᠎ᠠ ᠶᠢᠨ 12
ᠨᠠᠢ᠌ᠷᠠᠭᠤᠯᠤᠭᠴᠢ᠄ ᠰᠠᠴᠤᠷᠠᠯ
ᠭᠡᠰᠢᠭᠦᠨ ᠤ ᠰᠢᠰᠲ᠋ᠸᠮ ᠢ ᠦᠢᠯᠡᠳᠦᠭᠡᠳᠦᠢ ᠪᠠᠢ᠌ᠭᠰᠠᠭᠠᠷ᠁