ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠠᠤᠯᠢ

ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠠᠤᠯᠢ


( 1986 ᠣᠨ ᠤ 4 ᠰᠠᠷ᠎ᠠ ᠶᠢᠨ 12 ᠊ᠤ ᠡᠳᠦᠷ ᠵᠢᠷᠭᠤᠳᠤᠭᠠᠷ ᠬᠤᠭᠤᠴᠠᠭᠠᠨ ᠤ ᠪᠦᠭᠦ ᠣᠯᠤᠰ ᠤᠨ ᠠᠷᠠᠤᠨ ᠤᠨ ᠳᠦᠯᠦᠭᠡᠯᠡᠭ᠍ᠴᠢᠳ ᠤᠨ ᠶᠡᠭᠡ ᠬᠤᠷᠠᠯ ᠤᠨ ᠳᠦᠷᠪᠠᠳᠦᠭᠡᠷ ᠬᠤᠷᠠᠯᠳᠤᠭᠠᠨ ᠡᠴᠡ ᠪᠠᠳᠤᠯᠠᠵᠤ᠂ 2006 ᠣᠨ ᠤ 6 ᠰᠠᠷ᠎ᠠ ᠶᠢᠨ 29 ᠊ᠤ ᠡᠳᠦᠷ ᠠᠷᠪᠠᠳᠤᠭᠠᠷ ᠬᠤᠭᠤᠴᠠᠭᠠᠨ ᠤ ᠪᠦᠭᠦ ᠣᠯᠤᠰ ᠤᠨ ᠠᠷᠠᠤᠨ ᠤᠨ ᠳᠦᠯᠦᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠤᠷᠢᠨ ᠬᠤᠶᠠᠳᠤᠭᠠᠷ ᠬᠤᠷᠠᠯᠳᠤᠭᠠᠨ ᠡᠴᠡ ᠵᠠᠰᠠᠪᠣᠷᠢ ᠣᠷᠤᠭᠤᠯᠪᠠ )


ᠭᠠᠷᠴᠠᠭ

ᠨᠢᠭᠡᠳᠦᠭᠡᠷ ᠪᠦᠯᠦᠭ᠌   ᠶᠡᠷᠦᠩᠭᠡᠢ ᠳᠦᠷᠢᠮ

ᠬᠤᠶᠠᠳᠤᠭᠠᠷ ᠪᠦᠯᠦᠭ᠌   ᠰᠤᠷᠤᠭᠴᠢ

ᠭᠤᠷᠪᠠᠳᠤᠭᠠᠷ ᠪᠦᠯᠦᠭ᠌   ᠰᠤᠷᠭᠠᠭᠤᠯᠢ

ᠳᠦᠷᠪᠠᠳᠦᠭᠡᠷ ᠪᠦᠯᠦᠭ᠌   ᠪᠠᠭᠰᠢ

ᠳᠠᠪᠣᠳᠤᠭᠠᠷ ᠪᠦᠯᠦᠭ᠌   ᠰᠤᠷᠭᠠᠨ ᠭᠦᠮᠦᠵᠢᠭᠦᠯᠭᠦ ᠪᠠ ᠵᠢᠭᠠᠨ ᠰᠤᠷᠭᠠᠬᠤ

ᠵᠢᠷᠭᠤᠳᠤᠭᠠᠷ ᠪᠦᠯᠦᠭ᠌   ᠵᠠᠷᠤᠳᠠᠯ ᠤᠨ ᠪᠠᠳᠤᠯᠠᠭ᠎ᠠ

ᠳᠤᠯᠤᠳᠤᠭᠠᠷ ᠪᠦᠯᠦᠭ᠌   ᠬᠠᠤᠯᠢ ᠶᠢᠨ ᠬᠠᠷᠢᠭᠤᠴᠠᠯᠭ᠎ᠠ

ᠨᠢ᠋ᠮᠠᠳᠤᠭᠠᠷ ᠪᠦᠯᠦᠭ᠌   ᠳᠠᠭᠠᠯᠳᠤᠭᠤᠯᠤᠭᠰᠠᠨ ᠳᠦᠷᠢᠮ


ᠨᠢᠭᠡᠳᠦᠭᠡᠷ ᠪᠦᠯᠦᠭ᠌      ᠶᠡᠷᠦᠩᠭᠡᠢ ᠳᠦᠷᠢᠮ


ᠨᠢᠭᠡᠳᠦᠭᠡᠷ ᠵᠣᠢ᠌ᠯ ᠰᠤᠷᠭᠠᠭᠤᠯᠢ ᠳᠤ ᠣᠷᠤᠬᠤ ᠨᠠᠰᠤᠨ ᠤ ᠭᠡᠦᠭᠡᠤᠨ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠭᠦᠮᠦᠵᠢᠯ ᠭᠦᠷᠳᠡᠭᠦ ᠡᠷᠭᠡ ᠶᠢ ᠪᠠᠳᠤᠯᠠᠵᠤ᠂ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠭᠡᠷᠡᠭ᠍ᠵᠢᠭᠦᠯᠦᠭ᠍ᠳᠡᠭᠦ ᠶᠢ ᠪᠠᠳᠤᠯᠠᠵᠤ᠂ ᠪᠦᠭᠦ ᠦᠨᠳᠦᠰᠦᠳᠠᠨ ᠤ ᠭᠡᠪ ᠴᠢᠨᠠᠷ ᠢ ᠳᠡᠭᠡᠭ᠍ᠰᠢᠯᠡᠭᠦᠯᠭᠦ ᠶᠢᠨ ᠳᠦᠯᠦᠭᠡ ᠦᠨᠳᠦᠰᠦᠨ ᠬᠠᠤᠯᠢ ᠪᠠ ᠰᠤᠷᠭᠠᠨ ᠭᠦᠮᠦᠵᠢᠯ ᠤᠨ ᠬᠠᠤᠯᠢ ᠶᠢ ᠦᠨᠳᠦᠰᠦᠯᠠᠨ ᠳᠤᠰ ᠬᠠᠤᠯᠢ ᠶᠢ ᠳᠤᠭᠳᠠᠭᠠᠪᠠ᠃

ᠬᠤᠶᠠᠳᠤᠭᠠᠷ ᠵᠣᠢ᠌ᠯ ᠣᠯᠤᠰ ᠡᠴᠡ ᠶ‍ᠢᠰᠤᠨ ᠵᠢᠯ ᠤᠨ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠳᠦᠷᠢᠮ ᠢ ᠭᠡᠷᠡᠭ᠍ᠵᠢᠭᠦᠯᠦᠨ᠎ᠡ᠃

ᠠᠯᠪᠠᠨ ᠵᠢᠷᠤᠮ ᠤᠨ ᠰᠤᠷᠭᠠᠨ ᠭᠦᠮᠦᠵᠢᠯ ᠪᠣᠯ ᠣᠯᠤᠰ ᠡᠴᠡ ᠨᠢᠭᠡᠳᠦᠯᠳᠡᠢ ᠭᠡᠷᠡᠭ᠍ᠵᠢᠭᠦᠯᠵᠤ ᠪᠠᠢ᠌ᠭ᠎ᠠ ᠪᠣᠢ ᠪᠦᠭᠦᠢ ᠰᠤᠷᠭᠠᠭᠤᠯᠢ ᠳᠤ ᠣᠷᠤᠬᠤ ᠨᠠᠰᠤᠨ ᠤ ᠭᠡᠦᠭᠡᠤᠨ ᠪᠠᠭᠠᠴᠤᠳ ᠤᠨ ᠡᠷᠭᠡᠪᠰᠢ ᠭᠦᠷᠳᠡᠭᠦ ᠭᠡᠷᠡᠭ᠍ᠳᠡᠢ ᠰᠤᠷᠭᠠᠨ ᠭᠦᠮᠦᠵᠢᠯ ᠮᠦᠨ᠂ ᠣᠯᠤᠰ ᠡᠴᠡ ᠡᠷᠭᠡᠪᠰᠢ ᠪᠠᠳᠤᠯᠠᠬᠤ ᠭᠡᠷᠡᠭ᠍ᠳᠡᠢ ᠨᠠᠢ᠌ᠳᠠ ᠶᠢᠨ ᠠᠰᠠᠷᠠᠮᠵᠢ ᠶᠢᠨ ᠴᠢᠨᠠᠷᠳᠠᠢ ᠣᠢ᠌ᠯᠠᠰ ᠮᠦᠨ᠃

ᠠᠯᠪᠠᠨ ᠵᠢᠷᠤᠮ ᠤᠨ ᠰᠤᠷᠭᠠᠨ ᠭᠦᠮᠦᠵᠢᠯ ᠢ ᠭᠡᠷᠡᠭ᠍ᠵᠢᠭᠦᠯᠭᠦ ᠳᠤ ᠰᠤᠷᠤᠯᠭ᠎ᠠ ᠶᠢᠨ ᠵᠠᠷᠤᠳᠠᠯ ᠪᠠ ᠰᠤᠯᠠ ᠵᠠᠷᠤᠳᠠᠯ ᠬᠤᠷᠢᠶᠠᠬᠤ ᠦᠭᠡᠶ᠃

ᠣᠯᠤᠰ ᠡᠴᠡ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠵᠠᠷᠤᠳᠠᠯ ᠤᠨ ᠪᠠᠳᠤᠯᠠᠭ᠎ᠠ ᠶᠢᠨ ᠳᠤᠭᠳᠠᠴᠠ ᠶᠢ ᠪᠠᠢ᠌ᠭᠤᠯᠵᠤ᠂ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠳᠦᠷᠢᠮ ᠤᠨ ᠭᠡᠷᠡᠭ᠍ᠵᠢᠭᠦᠯᠦᠭ᠍ᠳᠡᠭᠦ ᠶᠢ ᠪᠠᠳᠤᠯᠠᠨ᠎ᠠ᠃

ᠭᠤᠷᠪᠠᠳᠤᠭᠠᠷ ᠵᠣᠢ᠌ᠯ ᠠᠯᠪᠠᠨ ᠵᠢᠷᠤᠮ ᠤᠨ ᠰᠤᠷᠭᠠᠨ ᠭᠦᠮᠦᠵᠢᠯ ᠡᠷᠭᠡᠪᠰᠢ ᠣᠯᠤᠰ ᠤᠨ ᠰᠤᠷᠭᠠᠨ ᠭᠦᠮᠦᠵᠢᠯ ᠤᠨ ᠴᠢᠭᠯᠡᠯᠳᠡ ᠶᠢ ᠳᠤᠤᠱᠯᠠᠭᠤᠯᠤᠨ᠂ ᠭᠡᠪ ᠴᠢᠨᠠᠷ ᠤᠨ ᠰᠤᠷᠭᠠᠨ ᠭᠦᠮᠦᠵᠢᠯ ᠢ ᠭᠡᠷᠡᠭ᠍ᠵᠢᠭᠦᠯᠵᠤ᠂ ᠰᠤᠷᠭᠠᠨ ᠭᠦᠮᠦᠵᠢᠯ ᠤᠨ ᠶᠠᠰᠤ ᠴᠢᠨᠠᠷ ᠢ ᠳᠡᠭᠡᠭ᠍ᠰᠢᠯᠡᠭᠦᠯᠤᠨ᠂ ᠰᠤᠷᠭᠠᠭᠤᠯᠢ ᠳᠤ ᠣᠷᠤᠬᠤ ᠨᠠᠰᠤᠨ ᠤ ᠭᠡᠦᠭᠡᠤᠨ ᠪᠠᠭᠠᠴᠤᠳ ᠢ ᠵᠠᠩ ᠮᠤᠷᠠᠯ᠂ ᠣᠶᠤᠨ ᠮᠡᠳᠡᠯᠭᠡ᠂ ᠪᠠᠶ᠎ᠠ ᠮᠠᠬᠠᠪᠣᠤᠨ ᠵᠡᠷᠭᠡ ᠪᠦᠭᠦ ᠳᠠᠯ᠎ᠠ ᠪᠠᠷ ᠭᠦᠭ᠍ᠵᠢᠭᠦᠯᠵᠤ᠂ ᠭᠦᠰᠡᠯᠡᠩ ᠲᠡᠶ᠂ ᠶᠤᠰᠤ ᠮᠤᠷᠠᠯ ᠲᠡᠶ᠂ ᠰᠤᠶᠤᠯ ᠪᠣᠯᠪᠠᠰᠤᠷᠠᠯ ᠲᠡᠶ᠂ ᠰᠠᠭᠢᠯᠭ᠎ᠠ ᠪᠠᠳᠤ ᠲᠡᠶ ᠨᠡᠢ᠌ᠭᠡᠮ ᠵᠢᠷᠤᠮ ᠤᠨ ᠪᠦᠳᠦᠭᠡᠨ ᠪᠠᠢ᠌ᠭᠤᠯᠤᠭᠴᠢᠳ ᠪᠠ ᠵᠠᠯᠭᠠᠮᠵᠢᠯᠠᠭᠴᠢᠳ ᠢ ᠭᠦᠮᠦᠵᠢᠭᠦᠯᠭᠦ ᠳᠤ ᠰᠠᠭᠤᠷᠢ ᠳᠠᠯᠪᠢᠵᠤ ᠦᠭ‍ᠭᠦ ᠭᠡᠷᠡᠭ᠍ᠳᠡᠢ᠃

ᠳᠦᠷᠪᠠᠳᠦᠭᠡᠷ ᠵᠣᠢ᠌ᠯ ᠪᠦᠭᠦᠳᠡ ᠨᠠᠢ᠌ᠷᠠᠮᠳᠠᠬᠤ ᠳᠤᠮᠳᠠᠳᠤ ᠠᠷᠠᠤᠨ ᠣᠯᠤᠰ ᠤᠨ ᠬᠠᠷᠢᠶ᠎ᠠ ᠲᠡᠶ ᠰᠤᠷᠭᠠᠭᠤᠯᠢ ᠳᠤ ᠣᠷᠤᠬᠤ ᠨᠠᠰᠤᠨ ᠤ ᠭᠡᠦᠭᠡᠤᠨ ᠪᠠᠭᠠᠴᠤᠳ ᠪᠦᠭᠦᠨ ᠭᠦᠢᠰᠤ᠂ ᠦᠨᠳᠦᠰᠦᠳᠠᠨ᠂ ᠠᠷᠠᠰᠤᠳᠠᠨ᠂ ᠭᠡᠷ ᠪᠦᠯᠢ ᠶᠢᠨ ᠡᠳ᠋ ᠭᠦᠷᠦᠩᠭᠡ ᠶᠢᠨ ᠪᠠᠢ᠌ᠳᠠᠯ᠂ ᠱᠠᠰᠢᠨ ᠰᠢᠳᠦᠯᠭᠡ ᠵᠡᠷᠭᠡ ᠶᠢᠨ ᠢᠯᠭᠠᠯ ᠦᠭᠡᠶ ᠪᠠᠷ ᠬᠠᠤᠯᠢ ᠶᠤᠰᠤᠭᠠᠷ ᠠᠯᠪᠠᠨ ᠵᠢᠷᠤᠮ ᠤᠨ ᠰᠤᠷᠭᠠᠨ ᠭᠦᠮᠦᠵᠢᠯ ᠢ ᠡᠷᠭᠡ ᠳᠡᠭ᠍ᠰᠢ ᠪᠠᠷ ᠭᠦᠷᠳᠡᠭᠦ ᠡᠷᠭᠡ ᠲᠡᠶ ᠪᠦᠭᠡᠤᠨ ᠠᠯᠪᠠᠨ ᠵᠢᠷᠤᠮ ᠤᠨ ᠰᠤᠷᠭᠠᠨ ᠭᠦᠮᠦᠵᠢᠯ ᠢ ᠭᠦᠷᠳᠡᠭᠦ ᠡᠭᠦᠷᠭᠡ ᠪᠠᠨ ᠭᠦᠢᠴᠡᠳᠭᠡᠨ᠎ᠡ᠃

ᠳᠠᠪᠣᠳᠤᠭᠠᠷ ᠵᠣᠢ᠌ᠯ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠵᠢᠴᠢ ᠳᠡᠭᠦᠨ ᠤ ᠬᠤᠯᠪᠣᠭᠳᠠᠯ ᠪᠦᠭᠦᠢ ᠰᠠᠯᠠᠭ᠎ᠠ ᠮᠦᠴᠢᠷ ᠡᠴᠡ ᠳᠤᠰ ᠬᠠᠤᠯᠢ ᠳᠤ ᠳᠤᠭᠳᠠᠭᠠᠭᠰᠠᠨ ᠡᠯ᠎ᠡ ᠵᠣᠢ᠌ᠯ ᠤᠨ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠤ᠂ ᠰᠤᠷᠭᠠᠭᠤᠯᠢ ᠳᠤ ᠣᠷᠤᠬᠤ ᠨᠠᠰᠤᠨ ᠤ ᠭᠡᠦᠭᠡᠤᠨ᠂ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠭᠦᠮᠦᠵᠢᠯ ᠭᠦᠷᠳᠡᠭᠦ ᠡᠷᠭᠡ ᠶᠢ ᠪᠠᠳᠤᠯᠠᠬᠤ ᠭᠡᠷᠡᠭ᠍ᠳᠡᠢ᠃

ᠰᠤᠷᠭᠠᠭᠤᠯᠢ ᠳᠤ ᠣᠷᠤᠬᠤ ᠨᠠᠰᠤᠨ ᠤ ᠭᠡᠦᠭᠡᠤᠨ᠂ ᠪᠠᠭᠠᠴᠤᠳ ᠤᠨ ᠡᠴᠢᠭᠡ ᠡᠭᠡ ᠪᠣᠶᠤ ᠬᠠᠤᠯᠢ ᠪᠠᠷ ᠳᠤᠭᠳᠠᠭᠠᠭᠰᠠᠨ ᠪᠣᠰᠤᠳ ᠭᠢᠨᠠᠨ ᠬᠠᠮᠠᠭᠠᠯᠠᠭᠴᠢ ᠡᠴᠡ ᠳᠠᠳᠠ ᠨᠡᠷ ᠤᠨ ᠴᠠᠭ ᠬᠤᠭᠤᠴᠠᠭᠠᠨ ᠳᠠᠭᠠᠨ ᠰᠤᠷᠭᠠᠭᠤᠯᠢ ᠳᠤ ᠣᠷᠤᠵᠤ ᠠᠯᠪᠠᠨ ᠵᠢᠷᠤᠮ ᠤᠨ ᠰᠤᠷᠭᠠᠨ ᠭᠦᠮᠦᠵᠢᠯ ᠭᠦᠷᠳᠡᠭᠦ ᠪᠠ ᠳᠡᠭᠦᠰᠭᠡᠭᠦ ᠶᠢ ᠬᠠᠤᠯᠢ ᠶᠤᠰᠤᠭᠠᠷ ᠪᠠᠳᠤᠯᠠᠬᠤ ᠭᠡᠷᠡᠭ᠍ᠳᠡᠢ᠃

ᠬᠠᠤᠯᠢ ᠶᠤᠰᠤᠭᠠᠷ ᠠᠯᠪᠠᠨ ᠵᠢᠷᠤᠮ ᠤᠨ ᠰᠤᠷᠭᠠᠨ ᠭᠦᠮᠦᠵᠢᠯ ᠢ ᠭᠡᠷᠡᠭ᠍ᠵᠢᠭᠦᠯᠵᠤ ᠪᠠᠢ᠌ᠭ᠎ᠠ ᠰᠤᠷᠭᠠᠭᠤᠯᠢ ᠳᠤᠭᠳᠠᠭᠰᠠᠨ ᠪᠠᠷᠢᠮᠵᠢᠶ᠎ᠠ ᠶᠤᠰᠤᠭᠠᠷ ᠰᠤᠷᠭᠠᠨ ᠭᠦᠮᠦᠵᠢᠭᠦᠯᠭᠦ᠂ ᠵᠢᠭᠠᠨ ᠰᠤᠷᠭᠠᠬᠤ ᠡᠭᠦᠷᠭᠡ ᠪᠠᠨ ᠪᠠᠶᠡᠯᠡᠭᠦᠯᠵᠤ᠂ ᠰᠤᠷᠭᠠᠨ ᠭᠦᠮᠦᠵᠢᠭᠦᠯᠭᠦ ᠪᠠ ᠵᠢᠭᠠᠨ ᠰᠤᠷᠭᠠᠬᠤ ᠶᠠᠰᠤ ᠴᠢᠨᠠᠷ ᠢ ᠪᠠᠳᠤᠯᠠᠬᠤ ᠭᠡᠷᠡᠭ᠍ᠳᠡᠢ᠃ ᠨᠡᠢ᠌ᠭᠡᠮ ᠤᠨ ᠵᠤᠬᠢᠶᠠᠨ ᠪᠠᠢ᠌ᠭᠤᠯᠤᠯᠳᠠ ᠪᠠ ᠬᠤᠪᠢ ᠭᠦᠮᠤᠨ ᠡᠴᠡ ᠰᠤᠷᠭᠠᠭᠤᠯᠢ ᠳᠤ ᠣᠷᠤᠬᠤ ᠨᠠᠰᠤᠨ ᠤ ᠭᠡᠦᠭᠡᠤᠨ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠭᠦᠮᠦᠵᠢᠯ ᠭᠦᠷᠳᠡᠭᠦ ᠳᠤ ᠰᠠᠢ᠌ᠨ ᠰᠠᠢ᠌ᠬᠠᠨ ᠣᠷᠴᠢᠨ ᠨᠥᠭᠦᠴᠡᠯ ᠢ ᠪᠦᠷᠢᠯᠳᠦᠭᠦᠯᠵᠤ ᠦᠭ‍ᠭᠦ ᠭᠡᠷᠡᠭ᠍ᠳᠡᠢ᠃

ᠵᠢᠷᠭᠤᠳᠤᠭᠠᠷ ᠵᠣᠢ᠌ᠯ ᠲᠦᠷᠦ ᠶᠢᠨ ᠶᠠᠪᠣᠳᠠᠯ ᠤᠨ ᠬᠤᠷᠢᠶ᠎ᠠ ᠪᠣᠯᠤᠨ ᠰᠢᠶᠠᠨ ᠤ ᠱᠠᠳᠤᠨ ᠡᠴᠡ ᠳᠡᠭᠡᠭ᠍ᠰᠢᠭᠢ ᠣᠷᠤᠨ ᠨᠤᠳᠤᠭ ᠤᠨ ᠠᠷᠠᠤᠨ ᠤᠨ ᠵᠠᠰᠠᠭ ᠤᠨ ᠣᠷᠳᠤᠨ ᠡᠴᠡ ᠰᠤᠷᠭᠠᠨ ᠭᠦᠮᠦᠵᠢᠯ ᠤᠨ ᠡᠭᠢ ᠪᠠᠶᠠᠯᠢᠭ ᠢ ᠵᠦᠢ ᠵᠤᠭᠢᠰᠳᠠᠢ ᠳᠤᠭᠢᠷᠠᠭᠤᠯᠵᠤ᠂ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠳᠡᠩᠴᠡᠭᠦᠷᠢᠳᠡᠢ ᠭᠦᠭ᠍ᠵᠢᠯᠳᠡ ᠶᠢ ᠠᠭᠢᠭᠤᠯᠵᠤ᠂ ᠪᠠᠭᠤᠷᠠᠢ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠨᠥᠭᠦᠴᠡᠯ ᠢ ᠰᠠᠢ᠌ᠵᠢᠷᠠᠭᠤᠯᠬᠤ ᠪᠦᠭᠡᠤᠨ ᠠᠷᠭ᠎ᠠ ᠭᠡᠮᠵᠢᠶ᠎ᠡ ᠠᠪᠴᠤ ᠪᠠᠢ᠌ᠭᠠᠤᠨ ᠭᠦᠳᠡᠭᠡ ᠳᠤᠰᠬᠤᠨ ᠤ ᠭᠠᠵᠠᠷ ᠣᠷᠤᠨ᠂ ᠦᠨᠳᠦᠰᠦᠳᠠᠨ ᠤ ᠭᠠᠵᠠᠷ ᠣᠷᠤᠨ ᠳᠤ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠭᠡᠷᠡᠭ᠍ᠵᠢᠭᠦᠯᠦᠭ᠍ᠳᠡᠭᠦ ᠶᠢ ᠪᠠᠳᠤᠯᠠᠵᠤ᠂ ᠰᠤᠷᠭᠠᠭᠤᠯᠢ ᠳᠤ ᠣᠷᠤᠬᠤ ᠨᠠᠰᠤᠨ ᠤ ᠭᠡᠷ ᠪᠦᠯᠢ ᠶᠢᠨ ᠠᠵᠤ ᠠᠬᠤᠢ ᠨᠢ ᠭᠦᠴᠢᠷᠳᠡᠯᠳᠡᠢ ᠪᠠ ᠵᠡᠮᠳᠡᠭ᠌ ᠭᠡᠦᠭᠡᠤᠨ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠭᠦᠮᠦᠵᠢᠯ ᠭᠦᠷᠳᠡᠭᠦ ᠶᠢ ᠪᠠᠳᠤᠯᠠᠬᠤ ᠭᠡᠷᠡᠭ᠍ᠳᠡᠢ᠃

ᠠᠵᠤ ᠠᠬᠤᠢ ᠭᠦᠭ᠍ᠵᠢᠭ᠍ᠰᠡᠨ ᠭᠠᠵᠠᠷ ᠣᠷᠤᠨ ᠡᠴᠡ ᠠᠵᠤ ᠠᠬᠤᠢ ᠳᠠᠮᠠᠢ ᠭᠦᠭ᠍ᠵᠢᠭᠡᠳᠦᠢ ᠭᠠᠵᠠᠷ ᠣᠷᠤᠨ ᠤ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠭᠡᠷᠡᠭ᠍ᠵᠢᠭᠦᠯᠦᠭ᠍ᠳᠡᠭᠦ ᠶᠢ ᠳᠠᠮᠵᠢᠨ ᠳᠤᠰᠠᠯᠠᠬᠤ ᠶᠢ ᠣᠯᠤᠰ ᠡᠴᠡ ᠵᠤᠬᠢᠶᠠᠨ ᠪᠠᠢ᠌ᠭᠤᠯᠤᠨ ᠵᠤᠷᠢᠭᠵᠢᠭᠤᠯᠤᠨ᠎ᠠ᠃

ᠳᠤᠯᠤᠳᠤᠭᠠᠷ ᠵᠣᠢ᠌ᠯ ᠠᠯᠪᠠᠨ ᠵᠢᠷᠤᠮ ᠤᠨ ᠰᠤᠷᠭᠠᠨ ᠭᠦᠮᠦᠵᠢᠯ ᠳᠤ ᠲᠦᠷᠦ ᠶᠢᠨ ᠶᠠᠪᠣᠳᠠᠯ ᠤᠨ ᠬᠤᠷᠢᠶ᠎ᠠ ᠡᠴᠡ ᠣᠳᠤᠷᠢᠳᠤᠭᠰᠠᠨ᠂ ᠮᠤᠵᠢ᠂ ᠥᠪᠠᠷᠳᠡᠭᠡᠨ ᠵᠠᠰᠠᠬᠤ ᠣᠷᠤᠨ᠂ ᠰᠢᠭᠤᠳ ᠬᠠᠷᠢᠶ᠎ᠠ ᠬᠤᠳᠠ ᠶᠢᠨ ᠠᠷᠠᠤᠨ ᠤᠨ ᠵᠠᠰᠠᠭ ᠤᠨ ᠣᠷᠳᠤᠨ ᠡᠴᠡ ᠨᠢᠭᠡᠳᠦᠯᠳᠡᠢ ᠳᠦᠯᠦᠪᠵᠢᠭᠦᠯᠵᠤ ᠭᠡᠷᠡᠭ᠍ᠵᠢᠭᠦᠯᠦᠭ᠍ᠰᠡᠨ᠂ ᠰᠢᠶᠠᠨ ᠤ ᠱᠠᠳᠤᠨ ᠤ ᠠᠷᠠᠤᠨ ᠤᠨ ᠵᠠᠰᠠᠭ ᠤᠨ ᠣᠷᠳᠤᠨ ᠶᠢᠡᠷ ᠡᠷᠭᠢᠯᠡᠨ ᠬᠠᠮᠢᠶᠠᠷᠤᠭᠤᠯᠤᠭᠰᠠᠨ ᠳᠦᠷᠢᠮ ᠢ ᠭᠡᠷᠡᠭ᠍ᠵᠢᠭᠦᠯᠦᠨ᠎ᠡ᠃

ᠰᠢᠶᠠᠨ ᠤ ᠱᠠᠳᠤᠨ ᠡᠴᠡ ᠳᠡᠭᠡᠭ᠍ᠰᠢᠭᠢ ᠠᠷᠠᠤᠨ ᠤᠨ ᠵᠠᠰᠠᠭ ᠤᠨ ᠣᠷᠳᠤᠨ ᠤ ᠰᠤᠷᠭᠠᠨ ᠭᠦᠮᠦᠵᠢᠯ ᠤᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠡᠴᠡ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠭᠡᠷᠡᠭ᠍ᠵᠢᠭᠦᠯᠦᠭ᠍ᠳᠡᠭᠦ ᠠᠵᠢᠯ ᠢ ᠪᠣᠳᠠᠳᠠᠢ ᠬᠠᠷᠢᠭᠤᠴᠠᠨ᠎ᠠ ︔ ᠰᠢᠶᠠᠨ ᠤ ᠱᠠᠳᠤᠨ ᠡᠴᠡ ᠳᠡᠭᠡᠭ᠍ᠰᠢᠭᠢ ᠠᠷᠠᠤᠨ ᠤᠨ ᠵᠠᠰᠠᠭ ᠤᠨ ᠣᠷᠳᠤᠨ ᠤ ᠪᠣᠰᠤᠳ ᠬᠤᠯᠪᠣᠭᠳᠠᠯ ᠪᠦᠭᠦᠢ ᠰᠠᠯᠠᠭ᠎ᠠ ᠮᠦᠴᠢᠷ ᠡᠴᠡ ᠳᠤᠰ ᠳᠤᠰ ᠤᠨ ᠶᠢᠡᠨ ᠳᠤᠰᠢᠶᠠᠯ ᠬᠠᠷᠢᠭᠤᠴᠠᠯᠭ᠎ᠠ ᠶᠢᠨ ᠭᠡᠪᠴᠢᠶᠡᠨ ᠳᠤ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠭᠡᠷᠡᠭ᠍ᠵᠢᠭᠦᠯᠦᠭ᠍ᠳᠡᠭᠦ ᠠᠵᠢᠯ ᠢ ᠬᠠᠷᠢᠭᠤᠴᠠᠨ᠎ᠠ᠃

ᠨᠢ᠋ᠮᠠᠳᠤᠭᠠᠷ ᠵᠣᠢ᠌ᠯ ᠠᠷᠠᠤᠨ ᠤᠨ ᠵᠠᠰᠠᠭ ᠤᠨ ᠣᠷᠳᠤᠨ ᠤ ᠰᠤᠷᠭᠠᠨ ᠭᠦᠮᠦᠵᠢᠯ ᠢ ᠭᠢᠨᠠᠨ ᠵᠢᠯᠤᠭᠤᠤᠠᠬᠤ ᠪᠠᠢ᠌ᠭᠤᠯᠤᠮᠵᠢ ᠡᠴᠡ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠠᠵᠢᠯ ᠤᠨ ᠬᠠᠤᠯᠢ ᠴᠠᠭᠠᠵᠠ ᠬᠠᠤᠯᠢ ᠳᠤᠭᠳᠠᠭᠠᠯ ᠢ ᠭᠡᠷᠡᠭ᠍ᠵᠢᠭᠦᠯᠵᠤ ᠪᠠᠢ᠌ᠭ᠎ᠠ ᠪᠠᠢ᠌ᠳᠠᠯ᠂ ᠰᠤᠷᠭᠠᠨ ᠭᠦᠮᠦᠵᠢᠭᠦᠯᠭᠦ ᠪᠠ ᠵᠢᠭᠠᠨ ᠰᠤᠷᠭᠠᠬᠤ ᠶᠠᠰᠤ ᠴᠢᠨᠠᠷ ᠵᠢᠴᠢ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠳᠡᠩᠴᠡᠭᠦᠷᠢᠳᠡᠢ ᠭᠦᠭ᠍ᠵᠢᠯᠳᠡ ᠶᠢᠨ ᠪᠠᠢ᠌ᠳᠠᠯ ᠵᠡᠷᠭᠡ ᠶᠢ ᠭᠢᠨᠠᠨ ᠵᠢᠯᠤᠭᠤᠤᠠᠴᠤ᠂ ᠭᠢᠨᠠᠨ ᠵᠢᠯᠤᠭᠤᠳᠤᠭᠰᠠᠨ ᠮᠡᠳᠡᠭᠦᠯᠦᠯᠳᠡ ᠪᠠᠨ ᠨᠡᠢ᠌ᠭᠡᠮ ᠳᠤ ᠨᠠᠢ᠌ᠳᠠᠯᠠᠨ᠎ᠠ᠃

ᠶ‍ᠢᠰᠦᠳᠦᠭᠡᠷ ᠵᠣᠢ᠌ᠯ ᠶᠠᠮᠠᠷᠪᠠ ᠨᠡᠢ᠌ᠭᠡᠮ ᠤᠨ ᠵᠤᠬᠢᠶᠠᠨ ᠪᠠᠢ᠌ᠭᠤᠯᠤᠯᠳᠠ ᠪᠣᠶᠤ ᠬᠤᠪᠢ ᠭᠦᠮᠤᠨ ᠳᠤᠰ ᠬᠠᠤᠯᠢ ᠡᠴᠡ ᠵᠥᠷᠢᠴᠡᠭ᠍ᠰᠡᠨ ᠠᠵᠢᠯᠯᠠᠭ᠎ᠠ ᠶᠢ ᠬᠤᠯᠪᠣᠭᠳᠠᠯ ᠪᠦᠭᠦᠢ ᠲᠦᠷᠦ ᠶᠢᠨ ᠪᠠᠢ᠌ᠭᠤᠯᠭ᠎ᠠ ᠳᠤ ᠢᠯᠡᠴᠢᠯᠡᠭᠦ ᠪᠣᠶᠤ ᠵᠠᠭᠠᠯᠳᠤᠬᠤ ᠡᠷᠭᠡ ᠲᠡᠶ᠃

ᠳᠤᠰ ᠬᠠᠤᠯᠢ ᠶᠢ ᠵᠥᠷᠢᠴᠡᠭ᠍ᠰᠡᠨ ᠭᠦᠡᠳᠤ ᠶᠡᠭᠡ ᠭᠡᠷᠡᠭ᠌ ᠶᠠᠪᠣᠳᠠᠯ ᠡᠭᠦᠰᠦᠭᠡᠤᠨ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠭᠡᠷᠡᠭ᠍ᠵᠢᠭᠦᠯᠦᠭ᠍ᠳᠡᠭᠦ ᠶᠢ ᠬᠠᠷᠰᠢᠯᠠᠵᠤ᠂ ᠨᠡᠢ᠌ᠭᠡᠮ ᠳᠤ ᠭᠦᠡᠳᠤ ᠶᠡᠭᠡ ᠨᠥᠯᠦᠭᠡ ᠣᠴᠠᠷᠠᠭᠤᠯᠤᠭᠰᠠᠨ ᠪᠠᠢ᠌ᠪᠠᠯ᠂ ᠣᠳᠤᠷᠢᠤᠠᠬᠤ ᠬᠠᠷᠢᠭᠤᠴᠠᠯᠭ᠎ᠠ ᠲᠡᠶ ᠠᠷᠠᠤᠨ ᠤᠨ ᠵᠠᠰᠠᠭ ᠤᠨ ᠣᠷᠳᠤᠨ ᠪᠣᠶᠤ ᠠᠷᠠᠤᠨ ᠤᠨ ᠵᠠᠰᠠᠭ ᠤᠨ ᠣᠷᠳᠤᠨ ᠤ ᠰᠤᠷᠭᠠᠨ ᠭᠦᠮᠦᠵᠢᠯ ᠤᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠠᠯᠳᠠᠭ᠎ᠠ ᠪᠣᠷᠤᠭᠤ ᠪᠠᠨ ᠭᠦᠯᠢᠶᠡᠵᠤ ᠳᠤᠰᠢᠶᠠᠯ ᠡᠴᠡ ᠪᠠᠨ ᠪᠠᠭᠤᠬᠤ ᠭᠡᠷᠡᠭ᠍ᠳᠡᠢ᠃

ᠠᠷᠪᠠᠳᠤᠭᠠᠷ ᠵᠣᠢ᠌ᠯ ᠠᠯᠪᠠᠨ ᠵᠢᠷᠤᠮ ᠤᠨ ᠰᠤᠷᠭᠠᠨ ᠭᠦᠮᠦᠵᠢᠯ ᠢ ᠭᠡᠷᠡᠭ᠍ᠵᠭᠦᠯᠭᠦ ᠠᠵᠢᠯ ᠤᠨ ᠳᠤᠮᠳᠠ ᠳᠤᠪᠣᠢ᠌ᠮ᠎ᠠ ᠬᠤᠪᠢ ᠨᠠᠮᠠᠷᠢ ᠥᠵᠡᠭᠦᠯᠦᠭ᠍ᠰᠡᠨ ᠨᠡᠢ᠌ᠭᠡᠮ ᠤᠨ ᠵᠤᠬᠢᠶᠠᠨ ᠪᠠᠢ᠌ᠭᠤᠯᠤᠯᠳᠠ ᠪᠠ ᠬᠤᠪᠢ ᠭᠦᠮᠤᠨ ᠢ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠵᠢᠴᠢ ᠳᠡᠭᠦᠨ ᠤ ᠬᠤᠯᠪᠣᠭᠳᠠᠯ ᠪᠦᠭᠦᠢ ᠰᠠᠯᠠᠭ᠎ᠠ ᠮᠦᠴᠢᠷ ᠡᠴᠡ ᠬᠤᠯᠪᠣᠭᠳᠠᠯ ᠪᠦᠭᠦᠢ ᠳᠤᠭᠳᠠᠭᠠᠯ ᠶᠤᠰᠤᠭᠠᠷ ᠭᠦᠭᠢᠭᠦᠯᠤᠨ ᠱᠠᠩᠨᠠᠨ᠎ᠠ᠃


ᠬᠤᠶᠠᠳᠤᠭᠠᠷ ᠪᠦᠯᠦᠭ᠌     ᠰᠤᠷᠤᠭᠴᠢ


ᠠᠷᠪᠠᠨ ᠨᠢᠭᠡᠳᠦᠭᠡᠷ ᠵᠣᠢ᠌ᠯ ᠪᠦᠭᠦᠯᠢ ᠵᠢᠷᠭᠤᠭᠠᠨ ᠨᠠᠰᠤ ᠭᠦᠷᠦᠭ᠍ᠰᠡᠨ ᠭᠡᠦᠭᠡᠤᠨ ᠢ ᠡᠴᠢᠭᠡ ᠡᠭᠡ ᠨᠢ ᠪᠣᠶᠤ ᠬᠠᠤᠯᠢ ᠪᠠᠷ ᠳᠤᠭᠳᠠᠭᠠᠭᠰᠠᠨ ᠪᠣᠰᠤᠳ ᠭᠢᠨᠠᠨ ᠬᠠᠮᠠᠭᠠᠯᠠᠭᠴᠢ ᠨᠢ ᠰᠤᠷᠭᠠᠭᠤᠯᠢ ᠳᠤ ᠣᠷᠤᠭᠤᠯᠵᠤ᠂ ᠠᠯᠪᠠᠨ ᠵᠢᠷᠤᠮ ᠤᠨ ᠰᠤᠷᠭᠠᠨ ᠭᠦᠮᠦᠵᠢᠯ ᠢ ᠭᠦᠷᠳᠠᠭᠡᠵᠤ ᠠᠯᠪᠠᠨ ᠵᠢᠷᠤᠮ ᠤᠨ ᠰᠤᠷᠭᠠᠨ ᠭᠦᠮᠦᠵᠢᠯ ᠢ ᠳᠡᠭᠦᠰᠭᠡᠭᠦ ᠭᠡᠷᠡᠭ᠍ᠳᠡᠢ ︔ ᠨᠥᠭᠦᠴᠡᠯ ᠪᠦᠷᠢᠯᠳᠦᠭᠡᠳᠦᠢ ᠭᠠᠵᠠᠷ ᠣᠷᠤᠨ ᠤ ᠭᠡᠦᠭᠡᠤᠨ ᠢ ᠪᠦᠭᠦᠯᠢ ᠳᠤᠯᠤᠭᠠᠨ ᠨᠠᠰᠤ ᠭᠦᠷᠦᠭ᠍ᠰᠡᠨ ᠤ ᠳᠠᠷᠠᠭ᠎ᠠ ᠰᠤᠷᠭᠠᠭᠤᠯᠢ ᠳᠤ ᠣᠷᠤᠭᠤᠯᠵᠤ ᠪᠣᠯᠤᠨ᠎ᠠ᠃

ᠰᠤᠷᠭᠠᠭᠤᠯᠢ ᠳᠤ ᠣᠷᠤᠬᠤ ᠨᠠᠰᠤᠨ ᠤ ᠭᠡᠦᠭᠡᠤᠨ᠂ ᠪᠠᠭᠠᠴᠤᠳ ᠪᠠᠶ᠎ᠠ ᠮᠠᠬᠠᠪᠣᠤᠨ ᠤᠨ ᠰᠢᠯᠳᠠᠭᠠᠨ ᠡᠴᠡ ᠪᠣᠯᠵᠤ᠂ ᠰᠤᠷᠭᠠᠭᠤᠯᠢ ᠳᠤ ᠣᠷᠤᠬᠤ ᠶᠢ ᠬᠣᠢ᠌ᠰᠢᠯᠠᠭᠤᠯᠬᠤ ᠪᠣᠶᠤ ᠰᠤᠷᠤᠯᠭ᠎ᠠ ᠡᠴᠡ ᠪᠠᠨ ᠲᠦᠷ ᠵᠤᠭᠰᠤᠬᠤ ᠦᠶ᠎ᠡ ᠳᠤ᠂ ᠳᠡᠭᠦᠨ ᠤ ᠡᠴᠢᠭᠡ ᠡᠭᠡ ᠨᠢ ᠪᠣᠶᠤ ᠬᠠᠤᠯᠢ ᠪᠠᠷ ᠳᠤᠭᠳᠠᠭᠠᠭᠰᠠᠨ ᠪᠣᠰᠤᠳ ᠭᠢᠨᠠᠨ ᠬᠠᠮᠠᠭᠠᠯᠠᠭᠴᠢ ᠨᠢ ᠭᠤᠶᠤᠴᠢᠯᠠᠯ ᠭᠠᠷᠭᠠᠵᠤ᠂ ᠳᠤᠬᠠᠢ ᠶᠢᠨ ᠭᠠᠵᠠᠷ ᠤᠨ ᠰᠤᠮᠤ ᠪᠠᠯᠭᠠᠰᠤᠨ ᠤ ᠠᠷᠠᠤᠨ ᠤᠨ ᠵᠠᠰᠠᠭ ᠤᠨ ᠣᠷᠳᠤᠨ ᠪᠣᠶᠤ ᠰᠢᠶᠠᠨ ᠤ ᠱᠠᠳᠤᠨ ᠤ ᠠᠷᠠᠤᠨ ᠤᠨ ᠵᠠᠰᠠᠭ ᠤᠨ ᠣᠷᠳᠤᠨ ᠤ ᠰᠤᠷᠭᠠᠨ ᠭᠦᠮᠦᠵᠢᠯ ᠤᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠶᠢᠡᠷ ᠵᠥᠪᠰᠢᠶᠡᠷᠡᠭᠦᠯᠭᠦ ᠭᠡᠷᠡᠭ᠍ᠳᠡᠢ᠃

ᠠᠷᠪᠠᠨ ᠬᠤᠶᠠᠳᠤᠭᠠᠷ ᠵᠣᠢ᠌ᠯ ᠰᠤᠷᠭᠠᠭᠤᠯᠢ ᠳᠤ ᠣᠷᠤᠬᠤ ᠨᠠᠰᠤᠨ ᠤ ᠭᠡᠦᠭᠡᠤᠨ᠂ ᠪᠠᠭᠠᠴᠤᠳ ᠢ ᠰᠢᠯᠭᠠᠯᠳᠠ ᠭᠢᠭᠦ ᠦᠭᠡᠶ ᠪᠠᠷ ᠰᠤᠷᠭᠠᠭᠤᠯᠢ ᠳᠤ ᠣᠷᠤᠭᠤᠯᠤᠨ᠎ᠠ᠃ ᠣᠷᠤᠨ ᠨᠤᠳᠤᠭ ᠤᠨ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠡᠴᠡ ᠰᠤᠷᠭᠠᠭᠤᠯᠢ ᠳᠤ ᠣᠷᠤᠬᠤ ᠨᠠᠰᠤᠨ ᠤ ᠭᠡᠦᠭᠡᠤᠨ ᠪᠠᠭᠠᠴᠤᠳ ᠢ ᠡᠷᠦᠭᠡ ᠠᠮᠠ ᠶᠢᠨ ᠳᠠᠩᠰᠠ ᠪᠠᠢ᠌ᠭ᠎ᠠ ᠭᠠᠵᠠᠷ ᠤᠨ ᠭᠡᠷ ᠡᠴᠡ ᠨᠢ ᠣᠢ᠌ᠷᠠᠯᠴᠠᠭ᠎ᠠ ᠰᠤᠷᠭᠠᠭᠤᠯᠢ ᠳᠤ ᠣᠷᠤᠭᠤᠯᠬᠤ ᠶᠢ ᠪᠠᠳᠤᠯᠠᠬᠤ ᠭᠡᠷᠡᠭ᠍ᠳᠡᠢ᠃

ᠡᠴᠢᠭᠡ ᠡᠭᠡ ᠨᠢ ᠪᠣᠶᠤ ᠬᠠᠤᠯᠢ ᠪᠠᠷ ᠳᠤᠭᠳᠠᠭᠠᠭᠰᠠᠨ ᠪᠣᠰᠤᠳ ᠭᠢᠨᠠᠨ ᠬᠠᠮᠠᠭᠠᠯᠠᠭᠴᠢ ᠨᠢ ᠡᠷᠦᠭᠡ ᠠᠮᠠ ᠶᠢᠨ ᠳᠠᠩᠰᠠ ᠪᠠᠢ᠌ᠭ᠎ᠠ ᠭᠠᠵᠠᠷ ᠲᠠᠭᠠᠨ ᠠᠵᠢᠯᠯᠠᠬᠤ ᠪᠣᠶᠤ ᠰᠠᠭᠤᠵᠤ ᠪᠠᠢ᠌ᠬᠤ ᠦᠭᠡᠶ ᠪᠠᠢ᠌ᠳᠠᠯ ᠳᠤᠤᠷ᠎ᠠ᠂ ᠳᠠᠳᠠ ᠨᠡᠷ ᠤᠨ ᠰᠤᠷᠭᠠᠭᠤᠯᠢ ᠳᠤ ᠣᠷᠤᠬᠤ ᠨᠠᠰᠤᠨ ᠤ ᠭᠡᠦᠭᠡᠤᠨ᠂ ᠪᠠᠭᠠᠴᠤᠳ ᠨᠢ ᠡᠴᠢᠭᠡ ᠡᠭᠡ ᠪᠣᠶᠤ ᠪᠣᠰᠤᠳ ᠬᠠᠤᠯᠢ ᠪᠠᠷ ᠳᠤᠭᠳᠠᠭᠠᠭᠰᠠᠨ ᠭᠢᠨᠠᠨ ᠬᠠᠮᠠᠭᠠᠯᠠᠭᠴᠢ ᠶᠢᠨ ᠠᠵᠢᠯᠯᠠᠵᠤ ᠪᠠᠢ᠌ᠭ᠎ᠠ ᠪᠣᠶᠤ ᠰᠠᠭᠤᠵᠤ ᠪᠠᠢ᠌ᠭ᠎ᠠ ᠭᠠᠵᠠᠷ ᠲᠤ ᠠᠯᠪᠠᠨ ᠵᠢᠷᠤᠮ ᠤᠨ ᠰᠤᠷᠭᠠᠨ ᠭᠦᠮᠦᠵᠢᠯ ᠢ ᠭᠦᠷᠳᠡᠭᠦ ᠭᠡᠪᠠᠯ᠂ ᠳᠤᠬᠠᠢ ᠶᠢᠨ ᠭᠠᠵᠠᠷ ᠤᠨ ᠠᠷᠠᠤᠨ ᠤᠨ ᠵᠠᠰᠠᠭ ᠤᠨ ᠣᠷᠳᠤᠨ ᠡᠴᠡ ᠳᠠᠳᠠ ᠨᠡᠷ ᠲᠤ ᠡᠷᠭᠡ ᠳᠡᠭ᠍ᠰᠢ ᠪᠠᠷ ᠠᠯᠪᠠᠨ ᠵᠢᠷᠤᠮ ᠤᠨ ᠰᠤᠷᠭᠠᠨ ᠭᠦᠮᠦᠵᠢᠯ ᠭᠦᠷᠳᠡᠭᠦ ᠨᠥᠭᠦᠴᠡᠯ ᠬᠠᠩᠭ᠋ᠡᠵᠤ ᠦᠭ‍ᠭᠦ ᠭᠡᠷᠡᠭ᠍ᠳᠡᠢ᠃ ᠪᠣᠳᠠᠳᠠᠢ ᠠᠷᠭ᠎ᠠ ᠶᠢ ᠮᠤᠵᠢ᠂ ᠥᠪᠠᠷᠳᠡᠭᠡᠨ ᠵᠠᠰᠠᠬᠤ ᠣᠷᠤᠨ᠂ ᠰᠢᠭᠤᠳ ᠬᠠᠷᠢᠶ᠎ᠠ ᠬᠤᠳᠠ ᠡᠴᠡ ᠳᠤᠭᠳᠠᠭᠠᠨ᠎ᠠ᠃

ᠰᠢᠶᠠᠨ ᠤ ᠱᠠᠳᠤᠨ ᠤ ᠠᠷᠠᠤᠨ ᠤᠨ ᠵᠠᠰᠠᠭ ᠤᠨ ᠣᠷᠳᠤᠨ ᠤ ᠰᠤᠷᠭᠠᠨ ᠭᠦᠮᠦᠵᠢᠯ ᠤᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠡᠴᠡ ᠳᠤᠰ ᠵᠠᠰᠠᠭ ᠵᠠᠭᠢᠷᠭᠠᠨ ᠤ ᠣᠷᠤᠨ ᠳ᠋ᠠᠭᠢ ᠴᠡᠷᠢᠭ᠌ ᠭᠦᠮᠤᠨ ᠤ ᠦᠷ᠎ᠡ ᠭᠡᠦᠭᠡᠤᠨ ᠤᠨ ᠠᠯᠪᠠᠨ ᠵᠢᠷᠤᠮ ᠤᠨ ᠰᠤᠷᠭᠠᠨ ᠭᠦᠮᠦᠵᠢᠯ ᠭᠦᠷᠳᠡᠭᠦ ᠶᠢ ᠪᠠᠳᠤᠯᠠᠨ᠎ᠠ᠃

ᠠᠷᠪᠠᠨ ᠭᠤᠷᠪᠠᠳᠤᠭᠠᠷ ᠵᠣᠢ᠌ᠯ ᠰᠢᠶᠠᠨ ᠤ ᠱᠠᠳᠤᠨ ᠤ ᠠᠷᠠᠤᠨ ᠤᠨ ᠵᠠᠰᠠᠭ ᠤᠨ ᠣᠷᠳᠤᠨ ᠤ ᠰᠤᠷᠭᠠᠨ ᠭᠦᠮᠦᠵᠢᠯ ᠤᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠪᠣᠯᠤᠨ ᠰᠤᠮᠤ ᠪᠠᠯᠭᠠᠰᠤᠨ ᠤ ᠠᠷᠠᠤᠨ ᠤᠨ ᠵᠠᠰᠠᠭ ᠤᠨ ᠣᠷᠳᠤᠨ ᠡᠴᠡ ᠵᠤᠬᠢᠶᠠᠨ ᠪᠠᠢ᠌ᠭᠤᠯᠤᠨ ᠰᠢᠪᠠᠳᠠᠵᠤ ᠪᠠᠢ᠌ᠭᠠᠤᠨ᠂ ᠰᠤᠷᠭᠠᠭᠤᠯᠢ ᠳᠤ ᠣᠷᠤᠬᠤ ᠨᠠᠰᠤᠨ ᠤ ᠭᠡᠦᠭᠡᠤᠨ ᠪᠠᠭᠠᠴᠤᠳ ᠢ ᠰᠤᠷᠭᠠᠭᠤᠯᠢ ᠳᠤ ᠣᠷᠤᠭᠤᠯᠵᠤ᠂ ᠰᠤᠷᠭᠠᠭᠤᠯᠢ ᠳᠤ ᠣᠷᠤᠬᠤ ᠨᠠᠰᠤᠨ ᠤ ᠭᠡᠦᠭᠡᠤᠨ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠭᠦᠮᠦᠵᠢᠯ ᠭᠦᠷᠳᠡᠭᠦ ᠭᠦᠴᠢᠷᠳᠡᠯ ᠢ ᠨᠢ ᠬᠠᠪᠰᠤᠷᠤᠨ ᠰᠢ᠌ᠤᠠᠪᠣᠷᠢᠯᠠᠵᠤ᠂ ᠠᠷᠭ᠎ᠠ ᠭᠡᠮᠵᠢᠶ᠎ᠡ ᠠᠪᠴᠤ ᠪᠠᠢ᠌ᠭᠠᠤᠨ ᠰᠤᠷᠭᠠᠭᠤᠯᠢ ᠳᠤ ᠣᠷᠤᠬᠤ ᠨᠠᠰᠤᠨ ᠤ ᠭᠡᠦᠭᠡᠤᠨ᠂ ᠪᠠᠭᠠᠴᠤᠳ ᠤᠨ ᠰᠤᠷᠤᠯᠭ᠎ᠠ ᠪᠠᠨ ᠳᠤᠷᠭᠤᠨ ᠵᠤᠭᠰᠤᠬᠤ ᠶᠢ ᠬᠤᠷᠢᠭᠯᠠᠨ᠎ᠠ᠃

ᠰᠠᠭᠤᠭᠠᠯᠢ ᠠᠷᠠᠤᠨ ᠤᠨ ᠵᠦᠪᠯᠠᠯ ᠪᠣᠯᠤᠨ ᠭᠠᠴᠠᠭᠠᠨ ᠤ ᠠᠷᠠᠤᠨ ᠤᠨ ᠵᠦᠪᠯᠠᠯ ᠨᠢ ᠵᠠᠰᠠᠭ ᠤᠨ ᠣᠷᠳᠤᠨ ᠳᠤ ᠬᠠᠮᠵᠢᠨ ᠠᠵᠢᠯ ᠢ ᠰᠠᠢ᠌ᠳᠤᠷ ᠭᠢᠵᠤ᠂ ᠰᠤᠷᠭᠠᠭᠤᠯᠢ ᠳᠤ ᠣᠷᠤᠬᠤ ᠨᠠᠰᠤᠨ ᠤ ᠭᠡᠦᠭᠡᠤᠨ᠂ ᠪᠠᠭᠠᠴᠤᠳ ᠢ ᠰᠢᠪᠠᠳᠠᠵᠤ ᠪᠠᠢ᠌ᠭᠠᠤᠨ ᠰᠤᠷᠭᠠᠭᠤᠯᠢ ᠳᠤ ᠣᠷᠤᠭᠤᠯᠤᠨ᠎ᠠ᠃

ᠠᠷᠪᠠᠨ ᠳᠦᠷᠪᠠᠳᠦᠭᠡᠷ ᠵᠣᠢ᠌ᠯ ᠠᠯᠪᠠᠨ ᠵᠢᠷᠤᠮ ᠤᠨ ᠰᠤᠷᠭᠠᠨ ᠭᠦᠮᠦᠵᠢᠯ ᠭᠦᠷᠳᠡᠭᠦ ᠶᠤᠰᠤᠳᠠᠢ ᠰᠤᠷᠭᠠᠭᠤᠯᠢ ᠳᠤ ᠣᠷᠤᠬᠤ ᠨᠠᠰᠤᠨ ᠤ ᠭᠡᠦᠭᠡᠤᠨ ᠪᠠᠭᠠᠴᠤᠳ ᠢ ᠠᠵᠢᠯᠳᠠᠨ ᠭᠡᠷᠡᠭᠯᠡᠭᠦ ᠨᠢᠭᠡᠴᠡ ᠡᠯᠰᠡᠵᠤ ᠭᠡᠷᠡᠭᠯᠡᠭᠦ ᠶᠢ ᠬᠤᠷᠢᠭᠯᠠᠨ᠎ᠠ᠃

ᠣᠯᠤᠰ ᠤᠨ ᠬᠤᠯᠪᠣᠭᠳᠠᠯ ᠪᠦᠭᠦᠢ ᠳᠤᠭᠳᠠᠭᠠᠯ ᠢ ᠦᠨᠳᠦᠰᠦᠯᠠᠨ ᠰᠤᠷᠭᠠᠭᠤᠯᠢ ᠳᠤ ᠣᠷᠤᠬᠤ ᠨᠠᠰᠤᠨ ᠤ ᠭᠡᠦᠭᠡᠤᠨ ᠪᠠᠭᠠᠴᠤᠳ ᠢ ᠡᠯᠰᠡᠵᠤ ᠣᠷᠠᠯᠢᠭ᠂ ᠪᠠᠶ᠎ᠠ ᠶᠢᠨ ᠳᠠᠮᠢᠷ ᠵᠡᠷᠭᠡ ᠳᠤᠰᠬᠠᠢ ᠮᠡᠷᠭᠡᠵᠢᠯ ᠤᠨ ᠪᠣᠯᠪᠠᠰᠤᠷᠠᠯ ᠭᠢᠯᠭᠡᠭᠦ ᠪᠠᠷ ᠵᠥᠪᠰᠢᠶᠡᠷᠡᠭᠦᠯᠦᠭ᠍ᠰᠡᠨ ᠨᠡᠢ᠌ᠭᠡᠮ ᠤᠨ ᠵᠤᠬᠢᠶᠠᠨ ᠪᠠᠢ᠌ᠭᠤᠯᠤᠯᠳᠠ ᠨᠢ ᠡᠯᠰᠡᠵᠤ ᠠᠪᠣᠭᠰᠠᠨ ᠰᠤᠷᠭᠠᠭᠤᠯᠢ ᠳᠤ ᠣᠷᠤᠬᠤ ᠨᠠᠰᠤᠨ ᠤ ᠭᠡᠦᠭᠡᠤᠨ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠭᠦᠮᠦᠵᠢᠯ ᠭᠦᠷᠳᠡᠭᠦ ᠶᠢ ᠪᠠᠳᠤᠯᠠᠬᠤ ᠭᠡᠷᠡᠭ᠍ᠳᠡᠢ ︔ ᠠᠯᠪᠠᠨ ᠵᠢᠷᠤᠮ ᠤᠨ ᠰᠤᠷᠭᠠᠨ ᠭᠦᠮᠦᠵᠢᠯ ᠢ ᠥᠪᠠᠷᠳᠡᠭᠡᠨ ᠭᠡᠷᠡᠭ᠍ᠵᠢᠭᠦᠯᠭᠦ ᠳᠤ ᠭᠦᠷᠪᠠᠯ᠂ ᠰᠢᠶᠠᠨ ᠤ ᠱᠠᠳᠤᠨ ᠤ ᠠᠷᠠᠤᠨ ᠤᠨ ᠵᠠᠰᠠᠭ ᠤᠨ ᠣᠷᠳᠤᠨ ᠤ ᠰᠤᠷᠭᠠᠨ ᠭᠦᠮᠦᠵᠢᠯ ᠤᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠶᠢᠡᠷ ᠵᠥᠪᠰᠢᠶᠡᠷᠡᠭᠦᠯᠭᠦ ᠭᠡᠷᠡᠭ᠍ᠳᠡᠢ᠃


ᠭᠤᠷᠪᠠᠳᠤᠭᠠᠷ ᠪᠦᠯᠦᠭ᠌     ᠰᠤᠷᠭᠠᠭᠤᠯᠢ


ᠠᠷᠪᠠᠨ ᠳᠠᠪᠣᠳᠤᠭᠠᠷ ᠵᠣᠢ᠌ᠯ ᠰᠢᠶᠠᠨ ᠤ ᠱᠠᠳᠤᠨ ᠡᠴᠡ ᠳᠡᠭᠡᠭ᠍ᠰᠢᠭᠢ ᠣᠷᠤᠨ ᠨᠤᠳᠤᠭ ᠤᠨ ᠠᠷᠠᠤᠨ ᠤᠨ ᠵᠠᠰᠠᠭ ᠤᠨ ᠣᠷᠳᠤᠨ ᠡᠴᠡ ᠳᠤᠰ ᠵᠠᠰᠠᠭ ᠵᠠᠭᠢᠷᠭᠠᠨ ᠤ ᠣᠷᠤᠨ ᠳ᠋ᠠᠭᠢ ᠰᠤᠷᠭᠠᠭᠤᠯᠢ ᠳᠤ ᠣᠷᠤᠬᠤ ᠨᠠᠰᠤᠨ ᠤ ᠭᠡᠦᠭᠡᠤᠨ᠂ ᠪᠠᠭᠠᠴᠤᠳ ᠤᠨ ᠳᠤᠭ᠎ᠠ ᠭᠡᠮᠵᠢᠶ᠎ᠡ ᠪᠠ ᠳᠠᠷᠬᠠᠯᠳᠠ ᠶᠢᠨ ᠪᠠᠢ᠌ᠳᠠᠯ ᠵᠡᠷᠭᠡ ᠡᠯᠧᠮᠧᠨ᠋ᠲ ᠢ ᠦᠨᠳᠦᠰᠦᠯᠠᠨ᠂ ᠣᠯᠤᠰ ᠤᠨ ᠬᠤᠯᠪᠣᠭᠳᠠᠯ ᠪᠦᠭᠦᠢ ᠳᠤᠭᠳᠠᠭᠠᠯ ᠢ ᠦᠨᠳᠦᠰᠦᠯᠠᠵᠤ ᠪᠠᠢ᠌ᠭᠠᠤᠨ ᠰᠤᠷᠭᠠᠭᠤᠯᠢ ᠪᠠᠢ᠌ᠭᠤᠯᠬᠤ ᠳᠦᠯᠦᠪᠵᠢᠭᠦᠯᠭᠡ ᠪᠠᠨ ᠳᠤᠭᠳᠠᠭᠠᠨ ᠳᠤᠭᠢᠷᠠᠭᠤᠯᠤᠨ᠎ᠠ᠃ ᠰᠢᠨ᠎ᠠ ᠪᠠᠷ ᠪᠠᠢ᠌ᠭᠤᠯᠤᠭᠰᠠᠨ ᠰᠠᠭᠤᠭᠠᠯᠢ ᠠᠷᠠᠤᠨ ᠤᠨ ᠳᠤᠭᠤᠷᠢᠭ ᠲᠤ ᠰᠤᠷᠭᠠᠭᠤᠯᠢ ᠪᠠᠢ᠌ᠭᠤᠯᠬᠤ ᠭᠡᠷᠡᠭ᠍ᠴᠡᠭᠡ ᠲᠡᠶ ᠪᠠᠢ᠌ᠪᠠᠯ᠂ ᠳᠡᠭᠦᠨ ᠢ ᠰᠠᠭᠤᠭᠠᠯᠢ ᠠᠷᠠᠤᠨ ᠤᠨ ᠳᠤᠭᠤᠷᠢᠭ ᠤᠨ ᠪᠦᠳᠦᠭᠡᠨ ᠪᠠᠢ᠌ᠭᠤᠯᠤᠯᠳᠠ ᠯᠤᠭ᠎ᠠ ᠵᠡᠷᠭᠡᠪᠠᠷ ᠶᠠᠪᠣᠭᠳᠠᠭᠤᠯᠬᠤ ᠭᠡᠷᠡᠭ᠍ᠳᠡᠢ᠃

ᠠᠷᠪᠠᠨ ᠵᠢᠷᠭᠤᠳᠤᠭᠠᠷ ᠵᠣᠢ᠌ᠯ ᠰᠤᠷᠭᠠᠭᠤᠯᠢ ᠶᠢ ᠪᠦᠳᠦᠭᠡᠨ ᠪᠠᠢ᠌ᠭᠤᠯᠬᠤ ᠳᠠᠭᠠᠨ ᠣᠯᠤᠰ ᠤᠨ ᠳᠤᠭᠳᠠᠭᠠᠭᠰᠠᠨ ᠰᠤᠷᠭᠠᠭᠤᠯᠢ ᠡᠷᠭᠢᠯᠡᠭᠦ ᠪᠠᠷᠢᠮᠵᠢᠶ᠎ᠠ ᠳᠤ ᠨᠡᠢ᠌ᠴᠡᠭᠦᠯᠵᠤ᠂ ᠰᠤᠷᠭᠠᠨ ᠭᠦᠮᠦᠵᠢᠭᠦᠯᠭᠦ ᠪᠠ ᠵᠢᠭᠠᠨ ᠰᠤᠷᠭᠠᠬᠤ ᠭᠡᠷᠡᠭ᠍ᠴᠡᠭᠡ ᠳᠤ ᠵᠤᠭᠢᠴᠠᠭᠤᠯᠬᠤ ᠭᠡᠷᠡᠭ᠍ᠳᠡᠢ ︔ ᠣᠯᠤᠰ ᠤᠨ ᠳᠤᠭᠳᠠᠭᠠᠭᠰᠠᠨ ᠭᠠᠵᠠᠷ ᠰᠤᠩᠭ᠋ᠤᠬᠤ ᠱᠠᠭᠠᠷᠳᠠᠯᠭ᠎ᠠ ᠪᠠ ᠪᠦᠳᠦᠭᠡᠨ ᠪᠠᠢ᠌ᠭᠤᠯᠬᠤ ᠪᠠᠷᠢᠮᠵᠢᠶ᠎ᠠ ᠳᠤ ᠨᠡᠢ᠌ᠴᠡᠭᠦᠯᠵᠤ᠂ ᠰᠤᠷᠤᠭᠴᠢ ᠪᠠ ᠪᠠᠭᠰᠢ ᠠᠵᠢᠯᠳᠠᠤᠨ ᠤᠨ ᠠᠮᠤᠷ ᠲᠦᠪᠰᠢᠨ ᠢ ᠦᠨᠡᠨ ᠭᠦ ᠪᠠᠳᠤᠯᠠᠬᠤ ᠭᠡᠷᠡᠭ᠍ᠳᠡᠢ᠃

ᠠᠷᠪᠠᠨ ᠳᠤᠯᠤᠳᠤᠭᠠᠷ ᠵᠣᠢ᠌ᠯ ᠰᠢᠶᠠᠨ ᠤ ᠱᠠᠳᠤᠨ ᠤ ᠠᠷᠠᠤᠨ ᠤᠨ ᠵᠠᠰᠠᠭ ᠤᠨ ᠣᠷᠳᠤᠨ ᠡᠴᠡ ᠭᠡᠷᠡᠭ᠍ᠴᠡᠭᠡ ᠪᠠᠨ ᠦᠨᠳᠦᠰᠦᠯᠠᠨ ᠪᠠᠢ᠌ᠷᠢ ᠳᠤ ᠰᠠᠭᠤᠬᠤ ᠳᠦᠷᠢᠮᠳᠤ ᠰᠤᠷᠭᠠᠭᠤᠯᠢ ᠪᠠᠢ᠌ᠭᠤᠯᠵᠤ᠂ ᠳᠠᠷᠠᠬᠠᠢ ᠪᠣᠳᠠᠷᠬᠠᠢ ᠰᠠᠭᠤᠵᠤ ᠪᠠᠢ᠌ᠭ᠎ᠠ ᠰᠤᠷᠭᠠᠭᠤᠯᠢ ᠳᠤ ᠣᠷᠤᠬᠤ ᠨᠠᠰᠤᠨ ᠤ ᠭᠡᠦᠭᠡᠤᠨ᠂ ᠪᠠᠭᠠᠴᠤᠳ ᠤᠨ ᠰᠤᠷᠭᠠᠭᠤᠯᠢ ᠳᠤ ᠣᠷᠤᠵᠤ ᠠᠯᠪᠠᠨ ᠵᠢᠷᠤᠮ ᠤᠨ ᠰᠤᠷᠭᠠᠨ ᠭᠦᠮᠦᠵᠢᠯ ᠭᠦᠷᠳᠡᠭᠦ ᠶᠢ ᠪᠠᠳᠤᠯᠠᠨ᠎ᠠ᠃

ᠠᠷᠪᠠᠨ ᠨᠢ᠋ᠮᠠᠳᠤᠭᠠᠷ ᠵᠣᠢ᠌ᠯ ᠲᠦᠷᠦ ᠶᠢᠨ ᠶᠠᠪᠣᠳᠠᠯ ᠤᠨ ᠬᠤᠷᠢᠶᠠᠨ ᠤ ᠰᠤᠷᠭᠠᠨ ᠭᠦᠮᠦᠵᠢᠯ ᠤᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠪᠣᠯᠤᠨ ᠮᠤᠵᠢ᠂ ᠥᠪᠠᠷᠳᠡᠭᠡᠨ ᠵᠠᠰᠠᠬᠤ ᠣᠷᠤᠨ᠂ ᠰᠢᠭᠤᠳ ᠬᠠᠷᠢᠶ᠎ᠠ ᠬᠤᠳᠠ ᠶᠢᠨ ᠠᠷᠠᠤᠨ ᠤᠨ ᠵᠠᠰᠠᠭ ᠤᠨ ᠣᠷᠳᠤᠨ ᠡᠴᠡ ᠭᠡᠷᠡᠭ᠍ᠴᠡᠭᠡ ᠪᠠᠨ ᠦᠨᠳᠦᠰᠦᠯᠠᠵᠤ ᠪᠠᠢ᠌ᠭᠠᠤᠨ ᠠᠵᠤ ᠠᠬᠤᠢ ᠭᠦᠭ᠍ᠵᠢᠭ᠍ᠰᠡᠨ ᠭᠠᠵᠠᠷ ᠣᠷᠤᠨ ᠳᠤ ᠴᠥᠭᠡᠨ ᠳᠤᠭᠠᠳᠤ ᠦᠨᠳᠦᠰᠦᠳᠠᠨ ᠤ ᠰᠤᠷᠭᠠᠭᠤᠯᠢ ᠳᠤ ᠣᠷᠤᠬᠤ ᠨᠠᠰᠤᠨ ᠤ ᠭᠡᠦᠭᠡᠤᠨ ᠪᠠᠭᠠᠴᠤᠳ ᠢ ᠭᠦᠯᠢᠶᠡᠨ ᠠᠪᠬᠤ ᠰᠤᠷᠭᠠᠭᠤᠯᠢ (ᠠᠩᠭᠢ) ᠭᠠᠷᠭᠠᠨ᠎ᠠ᠃

ᠠᠷᠪᠠ ᠶ‍ᠢᠰᠦᠳᠦᠭᠡᠷ ᠵᠣᠢ᠌ᠯ ᠰᠢᠶᠠᠨ ᠤ ᠱᠠᠳᠤᠨ ᠡᠴᠡ ᠳᠡᠭᠡᠭ᠍ᠰᠢᠭᠢ ᠣᠷᠤᠨ ᠨᠤᠳᠤᠭ ᠤᠨ ᠠᠷᠠᠤᠨ ᠤᠨ ᠵᠠᠰᠠᠭ ᠤᠨ ᠣᠷᠳᠤᠨ ᠡᠴᠡ ᠭᠡᠷᠡᠭ᠍ᠴᠡᠭᠡ ᠪᠠᠨ ᠦᠨᠳᠦᠰᠦᠯᠠᠨ ᠣᠠᠴᠠᠭᠠᠢ ᠰᠤᠷᠭᠠᠨ ᠭᠦᠮᠦᠵᠢᠯ ᠢ ᠭᠡᠷᠡᠭ᠍ᠵᠢᠭᠦᠯᠭᠦ ᠵᠤᠭᠢᠴᠠᠩᠭ᠋ᠤᠢ ᠰᠤᠷᠭᠠᠭᠤᠯᠢ (ᠠᠩᠭᠢ) ᠭᠠᠷᠭᠠᠵᠤ᠂ ᠬᠠᠷᠠᠭ᠎ᠠ ᠵᠡᠮᠳᠡᠭ᠌᠂ ᠰᠤᠨᠤᠷ ᠪᠠ ᠥᠭᠡ ᠭᠡᠯᠡ ᠨᠢ ᠵᠡᠮᠳᠡᠭ᠌ ᠪᠣᠯᠤᠨ ᠣᠶᠤᠨ ᠣᠬᠠᠭᠠᠨ ᠨᠢ ᠵᠡᠮᠳᠡᠭ᠌ ᠰᠤᠷᠭᠠᠭᠤᠯᠢ ᠳᠤ ᠣᠷᠤᠬᠤ ᠨᠠᠰᠤᠨ ᠤ ᠭᠡᠦᠭᠡᠤᠨ᠂ ᠪᠠᠭᠠᠴᠤᠳ ᠲᠤ ᠠᠯᠪᠠᠨ ᠵᠢᠷᠤᠮ ᠤᠨ ᠰᠤᠷᠭᠠᠨ ᠭᠦᠮᠦᠵᠢᠯ ᠭᠦᠷᠳᠡᠭᠡᠨ᠎ᠡ᠃ ᠣᠠᠴᠠᠭᠠᠢ ᠰᠤᠷᠭᠠᠨ ᠭᠦᠮᠦᠵᠢᠯ ᠤᠨ ᠰᠤᠷᠭᠠᠭᠤᠯᠢ (ᠠᠩᠭᠢ) ᠨᠢ ᠵᠡᠮᠳᠡᠭ᠌ ᠭᠡᠦᠭᠡᠤᠨ ᠪᠠᠭᠠᠴᠤᠳ ᠤᠨ ᠰᠤᠷᠤᠯᠴᠠᠬᠤ᠂ ᠡᠷᠡᠭᠦᠯᠵᠢᠭᠦ᠂ ᠠᠮᠢᠳᠤᠷᠠᠯ ᠤᠨ ᠣᠠᠴᠠᠯᠢᠭ ᠲᠤ ᠳᠤᠭᠢᠷᠠᠭᠰᠠᠨ ᠳᠠᠯᠠᠪᠣᠷ ᠭᠠᠵᠠᠷ ᠪᠠ ᠳᠤᠨᠤᠭ ᠳᠦᠭᠦᠭᠡᠷᠦᠮᠵᠢ ᠶᠢ ᠪᠦᠷᠢᠯᠳᠦᠭᠦᠯᠭᠦ ᠭᠡᠷᠡᠭ᠍ᠳᠡᠢ᠃

ᠡᠡᠭ᠌ ᠤᠨ ᠰᠤᠷᠭᠠᠭᠤᠯᠢ ᠨᠢ ᠡᠡᠭ᠌ ᠤᠨ ᠰᠤᠷᠭᠠᠨ ᠭᠦᠮᠦᠵᠢᠯ ᠢ ᠭᠦᠷᠳᠡᠭᠦ ᠴᠢᠳᠠᠪᠣᠷᠢ ᠲᠡᠶ ᠰᠤᠷᠭᠠᠭᠤᠯᠢ ᠳᠤ ᠣᠷᠤᠬᠤ ᠨᠠᠰᠤᠨ ᠤ ᠵᠡᠮᠳᠡᠭ᠌ ᠭᠡᠦᠭᠡᠤᠨ ᠪᠠᠭᠠᠴᠤᠳ ᠤᠨ ᠠᠩᠭᠢ ᠳᠠᠭᠠᠵᠤ ᠰᠤᠷᠤᠯᠴᠠᠬᠤ ᠶᠢ ᠭᠦᠯᠢᠶᠡᠵᠤ ᠠᠪᠬᠤ ᠭᠡᠷᠡᠭ᠍ᠳᠡᠢ ᠪᠦᠭᠡᠤᠨ ᠳᠠᠳᠠ ᠨᠡᠷ ᠤᠨ ᠰᠤᠷᠤᠯᠴᠠᠬᠤ᠂ ᠡᠷᠡᠭᠦᠯᠵᠢᠭᠦ ᠳᠤ ᠳᠡᠮᠵᠢᠯᠭᠡ ᠥᠵᠡᠭᠦᠯᠭᠦ ᠭᠡᠷᠡᠭ᠍ᠳᠡᠢ᠃

ᠬᠤᠷᠢᠳᠤᠭᠠᠷ ᠵᠣᠢ᠌ᠯ ᠰᠢᠶᠠᠨ ᠤ ᠱᠠᠳᠤᠨ ᠡᠴᠡ ᠳᠡᠭᠡᠭ᠍ᠰᠢᠭᠢ ᠣᠷᠤᠨ ᠨᠤᠳᠤᠭ ᠤᠨ ᠠᠷᠠᠤᠨ ᠤᠨ ᠵᠠᠰᠠᠭ ᠤᠨ ᠣᠷᠳᠤᠨ ᠡᠴᠡ ᠭᠡᠷᠡᠭ᠍ᠴᠡᠭᠡ ᠪᠠᠨ ᠦᠨᠳᠦᠰᠦᠯᠠᠨ᠂ ᠨᠠᠰᠤᠨ ᠳᠤ ᠦᠯᠦ ᠭᠦᠷᠦᠭ᠍ᠰᠡᠳ ᠤᠨ ᠶᠠᠯ᠎ᠠ ᠭᠢᠭᠦ ᠶᠢ ᠣᠷᠢᠤᠠᠴᠢᠯᠠᠨ ᠰᠡᠷᠭᠡᠢ᠌ᠯᠡᠭᠦ ᠬᠠᠤᠯᠢ ᠳᠤ ᠳᠤᠭᠳᠠᠭᠠᠭᠰᠠᠨ ᠭᠦᠡᠳᠤ ᠨᠤᠴᠢᠳᠠᠢ ᠮᠠᠭᠤ ᠣᠢ᠌ᠯᠠ ᠠᠵᠢᠯᠯᠠᠭ᠎ᠠ ᠪᠦᠭᠦᠢ ᠰᠤᠷᠭᠠᠭᠤᠯᠢ ᠳᠤ ᠣᠷᠤᠬᠤ ᠨᠠᠰᠤᠨ ᠤ ᠪᠠᠭᠠᠴᠤᠳ ᠲᠤ ᠳᠤᠰᠬᠠᠢ ᠰᠤᠷᠭᠠᠭᠤᠯᠢ ᠪᠠᠢ᠌ᠭᠤᠯᠵᠤ᠂ ᠠᠯᠪᠠᠨ ᠵᠢᠷᠤᠮ ᠤᠨ ᠰᠤᠷᠭᠠᠨ ᠭᠦᠮᠦᠵᠢᠯ ᠢ ᠭᠡᠷᠡᠭ᠍ᠵᠭᠦᠯᠦᠨ᠎ᠡ᠃

ᠬᠤᠷᠢᠨ ᠨᠢᠭᠡᠳᠦᠭᠡᠷ ᠵᠣᠢ᠌ᠯ ᠠᠯᠪᠠᠨ ᠵᠢᠷᠤᠮ ᠤᠨ ᠰᠤᠷᠭᠠᠨ ᠭᠦᠮᠦᠵᠢᠯ ᠳᠡᠭᠦᠰᠭᠡᠭ᠍ᠰᠡᠨ ᠦᠭᠡᠶ ᠨᠠᠰᠤᠨ ᠳᠤ ᠦᠯᠦ ᠭᠦᠷᠦᠭ᠍ᠰᠡᠨ ᠶᠠᠯᠠᠳᠠᠨ ᠪᠠ ᠠᠯᠪᠠᠳᠠᠯᠭ᠎ᠠ ᠶᠢᠨ ᠴᠢᠨᠠᠷᠳᠠᠢ ᠰᠤᠷᠭᠠᠨ ᠭᠦᠮᠦᠵᠢᠭᠦᠯᠭᠦ ᠠᠷᠭ᠎ᠠ ᠠᠪᠣᠭᠤᠯᠵᠤ ᠪᠠᠢ᠌ᠭ᠎ᠠ ᠨᠠᠰᠤᠨ ᠳᠤ ᠦᠯᠦ ᠭᠦᠷᠦᠭ᠍ᠰᠡᠳ ᠲᠤ ᠠᠯᠪᠠᠨ ᠵᠢᠷᠤᠮ ᠤᠨ ᠰᠤᠷᠭᠠᠨ ᠭᠦᠮᠦᠵᠢᠯ ᠢ ᠭᠦᠷᠳᠡᠭᠡᠭᠦ ᠭᠡᠷᠡᠭ᠍ᠳᠡᠢ᠂ ᠭᠡᠷᠡᠭ᠍ᠰᠡᠭᠦ ᠵᠠᠷᠤᠳᠠᠯ ᠢ ᠨᠢ ᠠᠷᠠᠤᠨ ᠤᠨ ᠵᠠᠰᠠᠭ ᠤᠨ ᠣᠷᠳᠤᠨ ᠡᠴᠡ ᠪᠠᠳᠤᠯᠠᠨ᠎ᠠ᠃

ᠬᠤᠷᠢᠨ ᠬᠤᠶᠠᠳᠤᠭᠠᠷ ᠵᠣᠢ᠌ᠯ ᠰᠢᠶᠠᠨ ᠤᠨ ᠱᠠᠳᠤᠨ ᠡᠴᠡ ᠳᠡᠭᠡᠭ᠍ᠰᠢᠭᠢ ᠠᠷᠠᠤᠨ ᠤᠨ ᠵᠠᠰᠠᠭ ᠤᠨ ᠣᠷᠳᠤᠨ ᠵᠢᠴᠢ ᠳᠡᠭᠦᠨ ᠤ ᠰᠤᠷᠭᠠᠨ ᠭᠦᠮᠦᠵᠢᠯ ᠤᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠡᠴᠡ ᠰᠤᠷᠭᠠᠭᠤᠯᠢ ᠶᠢᠨ ᠳᠡᠩᠴᠡᠭᠦᠷᠢᠳᠡᠢ ᠭᠦᠭ᠍ᠵᠢᠯᠳᠡ ᠶᠢ ᠠᠭᠢᠭᠤᠯᠵᠤ᠂ ᠰᠤᠷᠭᠠᠭᠤᠯᠢ ᠨᠤᠭᠤᠳ ᠤᠨ ᠬᠤᠭᠤᠷᠤᠠᠳᠤᠭᠢ ᠰᠤᠷᠭᠠᠭᠤᠯᠢ ᠡᠷᠭᠢᠯᠡᠭᠦ ᠨᠥᠭᠦᠴᠡᠯ ᠤᠨ ᠵᠦᠷᠢᠶ᠎ᠠ ᠶᠢ ᠪᠠᠭᠠᠰᠬᠠᠬᠤ ᠭᠡᠷᠡᠭ᠍ᠳᠡᠢ᠂ ᠰᠤᠷᠭᠠᠭᠤᠯᠢ ᠶᠢ ᠭᠤᠤᠯᠳᠠᠯᠭᠠᠳᠤ ᠰᠤᠷᠭᠠᠭᠤᠯᠢ ᠪᠠ ᠭᠤᠤᠯᠳᠠᠯᠭᠠᠳᠤ ᠪᠣᠰᠤ ᠰᠤᠷᠭᠠᠭᠤᠯᠢ ᠭᠡᠵᠤ ᠬᠤᠪᠢᠶᠠᠵᠤ ᠪᠣᠯᠬᠤ ᠦᠭᠡᠶ᠃ ᠰᠤᠷᠭᠠᠭᠤᠯᠢ ᠨᠢ ᠭᠤᠤᠯᠳᠠᠯᠭᠠᠳᠤ ᠠᠩᠭᠢ ᠪᠠ ᠭᠤᠤᠯᠳᠠᠯᠭᠠᠳᠤ ᠪᠣᠰᠤ ᠠᠩᠭᠢ ᠭᠡᠵᠤ ᠬᠤᠪᠢᠶᠠᠵᠤ ᠪᠣᠯᠬᠤ ᠦᠭᠡᠶ᠃

ᠰᠢᠶᠠᠨ ᠤ ᠱᠠᠳᠤᠨ ᠡᠴᠡ ᠳᠡᠭᠡᠭ᠍ᠰᠢᠭᠢ ᠠᠷᠠᠤᠨ ᠤᠨ ᠵᠠᠰᠠᠭ ᠤᠨ ᠣᠷᠳᠤᠨ ᠵᠢᠴᠢ ᠳᠡᠭᠦᠨ ᠤ ᠰᠤᠷᠭᠠᠨ ᠭᠦᠮᠦᠵᠢᠯ ᠤᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠨᠢ ᠠᠯᠪᠠᠨ ᠡᠴᠡ ᠡᠷᠭᠢᠯᠡᠭ᠍ᠰᠡᠨ ᠰᠤᠷᠭᠠᠭᠤᠯᠢ ᠶᠢᠨ ᠰᠢᠠᠵᠢ ᠴᠢᠨᠠᠷ ᠢ ᠶᠠᠮᠠᠷᠪᠠ ᠨᠠᠷ᠎ᠠ ᠪᠠᠷ ᠬᠤᠪᠢᠷᠠᠭᠤᠯᠬᠤ ᠪᠣᠶᠤ ᠭᠡᠯᠪᠠᠷᠢ ᠶᠢ ᠨᠢ ᠥᠭᠡᠷᠡᠳᠦᠭᠦᠯᠤᠨ ᠬᠤᠪᠢᠷᠠᠭᠤᠯᠵᠤ ᠪᠣᠯᠬᠤ ᠦᠭᠡᠶ᠃

ᠬᠤᠷᠢᠨ ᠭᠤᠷᠪᠠᠳᠤᠭᠠᠷ ᠵᠣᠢ᠌ᠯ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠵᠢᠴᠢ ᠳᠡᠭᠦᠨ ᠤ ᠬᠤᠯᠪᠣᠭᠳᠠᠯ ᠪᠦᠭᠦᠢ ᠰᠠᠯᠠᠭ᠎ᠠ ᠮᠦᠴᠢᠷ ᠡᠴᠡ ᠬᠠᠤᠯᠢ ᠶᠤᠰᠤᠭᠠᠷ ᠰᠤᠷᠭᠠᠭᠤᠯᠢ ᠶᠢᠨ ᠡᠷᠭᠢᠨ ᠳᠤᠭᠤᠷᠢᠨ ᠤ ᠡᠮᠭᠢ ᠵᠢᠷᠤᠮ ᠢ ᠬᠠᠮᠠᠭᠠᠯᠠᠵᠤ᠂ ᠰᠤᠷᠤᠭᠴᠢ᠂ ᠪᠠᠭᠰᠢ᠂ ᠰᠤᠷᠭᠠᠭᠤᠯᠢ ᠶᠢᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠵᠤ᠂ ᠰᠤᠷᠭᠠᠭᠤᠯᠢ ᠳᠤ ᠠᠮᠤᠷ ᠲᠦᠪᠰᠢᠨ ᠤ ᠪᠠᠳᠤᠯᠠᠭ᠎ᠠ ᠶᠢ ᠬᠠᠩᠭ᠋ᠠᠨ᠎ᠠ᠃

ᠬᠤᠷᠢᠨ ᠳᠦᠷᠪᠠᠳᠦᠭᠡᠷ ᠵᠣᠢ᠌ᠯ ᠰᠤᠷᠭᠠᠭᠤᠯᠢ ᠡᠴᠡ ᠡᠡᠶ‍ᠦᠯᠭᠦᠢ ᠶᠢᠨ ᠳᠦᠷᠢᠮ ᠪᠠ ᠪᠠᠴᠢᠮ ᠪᠠᠢ᠌ᠳᠠᠯ ᠢ ᠠᠷᠭᠠᠴᠠᠬᠤ ᠳᠤᠭᠳᠠᠴᠠ ᠶᠢ ᠪᠠᠢ᠌ᠭᠤᠯᠤᠨ ᠳᠡᠭᠦᠯᠳᠡᠷᠵᠢᠭᠦᠯᠵᠤ᠂ ᠰᠤᠷᠤᠭᠴᠢᠳ ᠲᠤ ᠡᠡᠶ‍ᠦᠯᠭᠦᠢ ᠶᠢᠨ ᠳᠤᠬᠠᠢ ᠭᠦᠮᠦᠵᠢᠯ ᠭᠢᠵᠤ᠂ ᠬᠠᠮᠢᠶᠠᠷᠤᠯᠳᠠ ᠪᠠᠨ ᠴᠢᠩᠭ᠋ᠠᠤᠠᠬᠠᠵᠤ᠂ ᠳᠠᠯᠳᠠ ᠭᠡᠮ ᠢ ᠴᠠᠭ ᠳᠤᠬᠠᠢ ᠳ᠋ᠤᠨᠢ ᠠᠷᠢᠯᠭᠠᠵᠤ᠂ ᠡ᠊ᠨᠳᠡᠯ ᠭᠠᠷᠬᠤ ᠶᠢ ᠣᠷᠢᠤᠠᠴᠢᠯᠠᠨ ᠰᠡᠷᠭᠡᠢ᠌ᠯᠡᠭᠦ ᠭᠡᠷᠡᠭ᠍ᠳᠡᠢ᠃

ᠰᠢᠶᠠᠨ ᠤ ᠱᠠᠳᠤᠨ ᠡᠴᠡ ᠳᠡᠭᠡᠭ᠍ᠰᠢᠭᠢ ᠣᠷᠤᠨ ᠨᠤᠳᠤᠭ ᠤᠨ ᠠᠷᠠᠤᠨ ᠤᠨ ᠵᠠᠰᠠᠭ ᠤᠨ ᠣᠷᠳᠤᠨ ᠡᠴᠡ ᠰᠤᠷᠭᠠᠭᠤᠯᠢ ᠶᠢᠨ ᠪᠠᠢ᠌ᠷᠢ ᠶᠢᠨ ᠡᠡᠶ‍ᠦᠯᠭᠦᠢ ᠶᠢ ᠳᠤᠭᠳᠠᠮᠠᠯ ᠬᠤᠭᠤᠴᠠᠭ᠎ᠠ ᠲᠡᠶ ᠪᠠᠷ ᠪᠠᠢ᠌ᠴᠠᠭᠠᠨ᠎ᠠ ︔ ᠰᠠᠯᠪᠢᠨ ᠵᠠᠰᠠᠵᠤ᠂ ᠥᠭᠡᠷᠡᠴᠢᠯᠡᠭᠦ ᠴᠢᠬᠤᠯᠠᠳᠠᠢ ᠪᠠᠢ᠌ᠪᠠᠯ ᠴᠠᠭ ᠳᠤᠬᠠᠢ ᠳ᠋ᠤᠨᠢ ᠰᠠᠯᠪᠢᠨ ᠵᠠᠰᠠᠵᠤ᠂ ᠥᠭᠡᠷᠡᠴᠢᠯᠡᠭᠦ ᠭᠡᠷᠡᠭ᠍ᠳᠡᠢ᠃

ᠰᠤᠷᠭᠠᠭᠤᠯᠢ ᠨᠢ ᠵᠤᠷᠢᠭᠤᠳᠠ ᠶᠠᠯ᠎ᠠ ᠭᠢᠵᠤ ᠬᠠᠤᠯᠢ ᠶᠤᠰᠤᠭᠠᠷ ᠣᠯᠤᠰ ᠲᠦᠷᠦ ᠶᠢᠨ ᠡᠷᠭᠡ ᠪᠠᠨ ᠬᠠᠰᠤᠭᠤᠯᠤᠭᠰᠠᠨ ᠭᠦᠮᠤᠨ ᠪᠣᠶᠤ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠠᠵᠢᠯ ᠢ ᠭᠢᠭᠦ ᠳᠤ ᠳᠤᠭᠢᠷᠠᠬᠤ ᠦᠭᠡᠶ ᠪᠣᠰᠤᠳ ᠭᠦᠮᠤᠨ ᠢ ᠣᠷᠢᠨ ᠭᠡᠷᠡᠭᠯᠡᠵᠤ ᠰᠤᠷᠭᠠᠭᠤᠯᠢ ᠶᠢᠨ ᠠᠵᠢᠯᠳᠠᠨ ᠪᠣᠯᠭᠠᠵᠤ ᠪᠣᠯᠬᠤ ᠦᠭᠡᠶ᠃

ᠬᠤᠷᠢᠨ ᠳᠠᠪᠣᠳᠤᠭᠠᠷ ᠵᠣᠢ᠌ᠯ ᠰᠤᠷᠭᠠᠭᠤᠯᠢ ᠨᠢ ᠣᠯᠤᠰ ᠤᠨ ᠳᠤᠭᠳᠠᠭᠠᠯ ᠢ ᠵᠦᠷᠢᠴᠠᠵᠤ ᠰᠥᠢᠦᠡᠭᠡᠯ ᠬᠤᠷᠢᠶᠠᠵᠤ ᠪᠣᠯᠬᠤ ᠦᠭᠡᠶ᠂ ᠰᠤᠷᠤᠭᠴᠢᠳ ᠲᠤ ᠳᠠᠸᠠᠷ᠂ ᠥᠢᠯᠡᠴᠢᠯᠡᠭᠡ ᠶᠢ ᠪᠣᠷᠤᠯᠠᠭᠤᠯᠬᠤ ᠪᠣᠶᠤ ᠭᠡᠯᠪᠠᠷᠢ ᠶᠢ ᠨᠢ ᠥᠭᠡᠷᠡᠳᠦᠭᠦᠯᠤᠨ ᠪᠣᠷᠤᠯᠠᠭᠤᠯᠬᠤ ᠵᠡᠷᠭᠡ ᠠᠷᠭ᠎ᠠ ᠭᠡᠯᠪᠠᠷᠢ ᠪᠠᠷ ᠠᠰᠢᠭ ᠳᠤᠰᠠ ᠣᠯᠵᠤ ᠪᠣᠯᠬᠤ ᠦᠭᠡᠶ᠃

ᠬᠤᠷᠢᠨ ᠵᠢᠷᠭᠤᠳᠤᠭᠠᠷ ᠵᠣᠢ᠌ᠯ ᠰᠤᠷᠭᠠᠭᠤᠯᠢ ᠨᠢ ᠰᠤᠷᠭᠠᠭᠤᠯᠢ ᠶᠢᠨ ᠳᠠᠷᠤᠭ᠎ᠠ ᠶᠢᠨ ᠬᠠᠷᠢᠭᠤᠴᠠᠬᠤ ᠳᠦᠷᠢᠮ ᠢ ᠭᠡᠷᠡᠭ᠍ᠵᠢᠭᠦᠯᠦᠨ᠎ᠡ᠃ ᠰᠤᠷᠭᠠᠭᠤᠯᠢ ᠶᠢᠨ ᠳᠠᠷᠤᠭ᠎ᠠ ᠨᠢ ᠣᠯᠤᠰ ᠤᠨ ᠳᠤᠭᠳᠠᠭᠠᠭᠰᠠᠨ ᠳᠤᠰᠢᠶᠠᠯ ᠡᠭᠦᠷᠭᠡᠯᠡᠭᠦ ᠨᠥᠭᠦᠴᠡᠯ ᠳᠤ ᠨᠡᠢ᠌ᠴᠡᠭ᠍ᠰᠡᠨ ᠪᠠᠢ᠌ᠬᠤ ᠭᠡᠷᠡᠭ᠍ᠳᠡᠢ᠃ ᠰᠤᠷᠭᠠᠭᠤᠯᠢ ᠶᠢᠨ ᠳᠠᠷᠤᠭ᠎ᠠ ᠶᠢ ᠰᠢᠶᠠᠨ ᠤ ᠱᠠᠳᠤᠨ ᠤ ᠠᠷᠠᠤᠨ ᠤᠨ ᠵᠠᠰᠠᠭ ᠤᠨ ᠣᠷᠳᠤᠨ ᠤ ᠰᠤᠷᠭᠠᠨ ᠭᠦᠮᠦᠵᠢᠯ ᠤᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠡᠴᠡ ᠬᠠᠤᠯᠢ ᠶᠤᠰᠤᠭᠠᠷ ᠣᠷᠢᠨ ᠳᠤᠮᠢᠯᠠᠨ᠎ᠠ᠃

ᠬᠤᠷᠢᠨ ᠳᠤᠯᠤᠳᠤᠭᠠᠷ ᠵᠣᠢ᠌ᠯ ᠰᠤᠷᠭᠠᠭᠤᠯᠢ ᠶᠢᠨ ᠬᠠᠮᠢᠶᠠᠷᠤᠯᠳᠠ ᠶᠢᠨ ᠳᠦᠷᠢᠮ ᠢ ᠵᠥᠷᠢᠴᠡᠭ᠍ᠰᠡᠨ ᠰᠤᠷᠤᠭᠴᠢᠳ ᠢ ᠰᠤᠷᠭᠠᠭᠤᠯᠢ ᠡᠴᠡ ᠰᠢᠭᠦᠮᠵᠢᠯᠡᠨ ᠰᠤᠷᠭᠠᠬᠤ ᠭᠡᠷᠡᠭ᠍ᠳᠡᠢ᠂ ᠰᠤᠷᠭᠠᠭᠤᠯᠢ ᠡᠴᠡ ᠭᠦᠭᠡᠭᠡᠵᠤ ᠪᠣᠯᠬᠤ ᠦᠭᠡᠶ᠃


ᠳᠦᠷᠪᠠᠳᠦᠭᠡᠷ ᠪᠦᠯᠦᠭ᠌     ᠪᠠᠭᠰᠢ


ᠬᠤᠷᠢᠨ ᠨᠢ᠋ᠮᠠᠳᠤᠭᠠᠷ ᠵᠣᠢ᠌ᠯ ᠪᠠᠭᠰᠢ ᠬᠠᠤᠯᠢ ᠳᠤ ᠳᠤᠭᠳᠠᠭᠠᠭᠰᠠᠨ ᠡᠷᠭᠡ ᠶᠢ ᠡᠳ᠋ᠯᠡᠭᠦ ᠪᠦᠭᠡᠤᠨ ᠬᠠᠤᠯᠢ ᠳᠤ ᠳᠤᠭᠳᠠᠭᠠᠭᠰᠠᠨ ᠡᠭᠦᠷᠭᠡ ᠪᠠᠨ ᠭᠦᠢᠴᠡᠳᠭᠡᠵᠤ᠂ ᠭᠦᠮᠤᠨ ᠳᠤ ᠭᠡᠪ ᠳᠦᠷᠢᠮ ᠪᠣᠯᠵᠤ᠂ ᠠᠷᠠᠤᠨ ᠤᠨ ᠰᠤᠷᠭᠠᠨ ᠭᠦᠮᠦᠵᠢᠯ ᠤᠨ ᠣᠢ᠌ᠯᠠᠰ ᠲᠤ ᠦᠨᠡᠠᠴᠢ ᠰᠢᠳᠤᠷᠭᠤ ᠪᠠᠢ᠌ᠬᠤ ᠭᠡᠷᠡᠭ᠍ᠳᠡᠢ᠃ ᠨᠡᠢ᠌ᠭᠡᠮ ᠳᠠᠶᠠᠭᠠᠷ ᠶᠢᠡᠨ ᠪᠠᠭᠰᠢ ᠶᠢ ᠭᠦᠡᠳᠦᠦᠡᠭᠡᠭᠦ ᠭᠡᠷᠡᠭ᠍ᠳᠡᠢ᠃

ᠬᠤᠷᠢ ᠶ‍ᠢᠰᠦᠳᠦᠭᠡᠷ ᠵᠣᠢ᠌ᠯ ᠪᠠᠭᠰᠢ ᠰᠤᠷᠭᠠᠨ ᠭᠦᠮᠦᠵᠢᠭᠦᠯᠭᠦ ᠪᠠ ᠵᠢᠭᠠᠨ ᠰᠤᠷᠭᠠᠬᠤ ᠳᠤᠮᠳᠠ ᠪᠠᠨ ᠰᠤᠷᠤᠭᠴᠢᠳ ᠲᠤ ᠡᠷᠭᠡ ᠳᠡᠭ᠍ᠰᠢ ᠪᠠᠷ ᠬᠠᠠᠳᠤᠵᠤ᠂ ᠰᠤᠷᠤᠭᠴᠢ ᠶᠢᠨ ᠪᠣᠳᠠᠭᠠᠯᠢ ᠪᠠᠶ᠎ᠠ ᠶᠢᠨ ᠵᠦᠷᠢᠶ᠎ᠠ ᠶᠢ ᠠᠩᠬᠠᠷᠴᠤ᠂ ᠪᠠᠢ᠌ᠳᠠᠯ ᠳ᠋ᠤᠨᠢ ᠳᠤᠭᠢᠷᠠᠭᠤᠯᠤᠨ ᠵᠢᠭᠠᠵᠤ᠂ ᠰᠤᠷᠤᠭᠴᠢ ᠶᠢᠨ ᠪᠦᠷᠢᠨ ᠭᠦᠢᠴᠡᠳ ᠭᠦᠭ᠍ᠵᠢᠯᠳᠡ ᠶᠢ ᠠᠭᠢᠭᠤᠯᠬᠤ ᠭᠡᠷᠡᠭ᠍ᠳᠡᠢ᠃

ᠪᠠᠭᠰᠢ ᠨᠢ ᠰᠤᠷᠤᠭᠴᠢᠳ ᠤᠨ ᠭᠦᠮᠤᠨ ᠤ ᠨᠠᠷ᠎ᠠ ᠲᠦᠷᠦ ᠶᠢ ᠭᠦᠡᠳᠦᠦᠡᠭᠡᠭᠦ ᠭᠡᠷᠡᠭ᠍ᠳᠡᠢ᠂ ᠰᠤᠷᠤᠭᠴᠢ ᠶᠢ ᠭᠠᠳᠠᠭᠤᠷᠴᠢᠯᠠᠵᠤ ᠪᠣᠯᠬᠤ ᠦᠭᠡᠶ᠂ ᠰᠤᠷᠤᠭᠴᠢ ᠶᠢ ᠳᠠᠮᠤᠯᠠᠬᠤ᠂ ᠭᠡᠯᠪᠠᠷᠢ ᠶᠢ ᠨᠢ ᠥᠭᠡᠷᠡᠳᠦᠭᠦᠯᠤᠨ ᠳᠠᠮᠤᠯᠠᠬᠤ ᠪᠣᠶᠤ ᠭᠦᠮᠤᠨ ᠤ ᠨᠠᠷ᠎ᠠ ᠲᠦᠷᠦ ᠶᠢ ᠭᠤᠳᠤᠭᠠᠭᠰᠠᠨ ᠪᠣᠰᠤᠳ ᠠᠵᠢᠯᠯᠠᠭ᠎ᠠ ᠶᠢ ᠭᠢᠵᠤ ᠪᠣᠯᠬᠤ ᠦᠭᠡᠶ᠂ ᠰᠤᠷᠤᠭᠴᠢᠳ ᠤᠨ ᠬᠠᠤᠯᠢ ᠶᠤᠰᠤᠨ ᠤ ᠡᠷᠭᠡ ᠠᠰᠢᠭ ᠲᠤ ᠬᠠᠯᠳᠠᠵᠤ ᠪᠣᠯᠬᠤ ᠦᠭᠡᠶ᠃

ᠭᠤᠴᠢᠳᠤᠭᠠᠷ ᠵᠣᠢ᠌ᠯ ᠪᠠᠭᠰᠢ ᠡᠷᠭᠡᠪᠰᠢ ᠣᠯᠤᠰ ᠡᠴᠡ ᠳᠤᠭᠳᠠᠭᠠᠭᠰᠠᠨ ᠪᠠᠭᠰᠢ ᠶᠢᠨ ᠭᠢᠷᠢ ᠭᠡᠮ ᠢ ᠣᠯᠤᠭᠰᠠᠨ ᠪᠠᠢ᠌ᠬᠤ ᠭᠡᠷᠡᠭ᠍ᠳᠡᠢ᠃

ᠣᠯᠤᠰ ᠡᠴᠡ ᠨᠢᠭᠡᠳᠦᠯᠳᠡᠢ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠪᠠᠭᠰᠢ ᠶᠢᠨ ᠳᠤᠰᠢᠶᠠᠯ ᠤᠨ ᠳᠦᠷᠢᠮ ᠢ ᠪᠠᠢ᠌ᠭᠤᠯᠤᠨ᠎ᠠ᠃ ᠪᠠᠭᠰᠢ ᠶᠢᠨ ᠳᠤᠰᠢᠶᠠᠯ ᠢ ᠠᠩᠬ᠎ᠠ ᠵᠡᠷᠭᠡ ᠶᠢᠨ ᠳᠤᠰᠢᠶᠠᠯ᠂ ᠳᠤᠮᠳᠠ ᠵᠡᠷᠭᠡ ᠶᠢᠨ ᠳᠤᠰᠢᠶᠠᠯ ᠪᠣᠯᠤᠨ ᠳᠡᠭᠡᠳᠤ ᠵᠡᠷᠭᠡ ᠶᠢᠨ ᠳᠤᠰᠢᠶᠠᠯ ᠭᠡᠵᠤ ᠬᠤᠪᠢᠶᠠᠨ᠎ᠠ᠃

ᠭᠤᠴᠢᠨ ᠨᠢᠭᠡᠳᠦᠭᠡᠷ ᠵᠣᠢ᠌ᠯ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠡᠴᠡ ᠪᠠᠭᠰᠢ ᠶᠢᠨ ᠴᠠᠯᠢᠩ ᠠᠰᠠᠷᠠᠮᠵᠢ ᠪᠣᠯᠤᠨ ᠨᠡᠢ᠌ᠭᠡᠮ ᠤᠨ ᠳᠠᠭᠠᠤᠠᠬᠠᠯ ᠤᠨ ᠬᠠᠷᠠᠭᠠᠯᠵᠠᠯ ᠢ ᠪᠠᠳᠤᠯᠠᠵᠤ᠂ ᠪᠠᠭᠰᠢ ᠶᠢᠨ ᠠᠵᠢᠯ ᠪᠠ ᠠᠮᠢᠳᠤᠷᠠᠯ ᠤᠨ ᠨᠥᠭᠦᠴᠡᠯ ᠢ ᠨᠢ ᠰᠠᠢ᠌ᠵᠢᠷᠠᠭᠤᠯᠤᠨ᠎ᠠ ︔ ᠭᠦᠳᠡᠭᠡ ᠳᠤᠰᠬᠤᠨ ᠤ ᠪᠠᠭᠰᠢ ᠶᠢᠨ ᠴᠠᠯᠢᠩ ᠵᠠᠷᠤᠳᠠᠯ ᠤᠨ ᠪᠠᠳᠤᠯᠠᠭ᠎ᠠ ᠶᠢᠨ ᠳᠤᠭᠳᠠᠴᠠ ᠶᠢ ᠳᠡᠭᠦᠯᠳᠡᠷᠵᠢᠭᠦᠯᠦᠨ᠎ᠡ᠃

ᠪᠠᠭᠰᠢ ᠶᠢᠨ ᠳᠤᠮᠳᠠᠴᠢ ᠴᠠᠯᠢᠩ ᠤᠨ ᠭᠡᠮᠵᠢᠶ᠎ᠡ ᠶᠢ ᠳᠤᠬᠠᠢ ᠶᠢᠨ ᠭᠠᠵᠠᠷ ᠤᠨ ᠠᠯᠪᠠᠳᠠᠨ ᠤ ᠳᠤᠮᠳᠠᠴᠢ ᠴᠠᠯᠢᠩ ᠤᠨ ᠭᠡᠮᠵᠢᠶ᠎ᠡ ᠡᠴᠡ ᠳᠤᠤᠷ᠎ᠠ ᠪᠣᠰᠤ ᠪᠠᠢ᠌ᠯᠭᠠᠬᠤ ᠭᠡᠷᠡᠭ᠍ᠳᠡᠢ᠃

ᠣᠠᠴᠠᠭᠠᠢ ᠰᠤᠷᠭᠠᠨ ᠭᠦᠮᠦᠵᠢᠯ ᠤᠨ ᠪᠠᠭᠰᠢ ᠳᠤ ᠣᠠᠴᠠᠭᠠᠢ ᠠᠵᠢᠯ ᠤᠨ ᠪᠠᠢ᠌ᠷᠢ ᠶᠢᠨ ᠳᠤᠰᠠᠯᠠᠮᠵᠢ ᠶᠢᠨ ᠨᠥᠭᠦᠪᠦᠷᠢ ᠵᠤᠭᠤᠰ ᠤᠯᠭᠤᠨ᠎ᠠ᠃ ᠦᠨᠳᠦᠰᠦᠳᠠᠨ ᠤ ᠭᠠᠵᠠᠷ ᠣᠷᠤᠨ ᠪᠣᠶᠤ ᠵᠠᠬ᠎ᠠ ᠭᠢᠵᠠᠭᠠᠷ ᠤᠨ ᠶᠠᠳᠠᠭᠤ ᠭᠦᠴᠢᠷᠳᠡᠯᠳᠡᠢ ᠭᠠᠵᠠᠷ ᠣᠷᠤᠨ ᠳᠤ ᠠᠵᠢᠯᠯᠠᠵᠤ ᠪᠠᠢ᠌ᠭ᠎ᠠ ᠪᠠᠭᠰᠢ ᠳᠤ ᠬᠠᠳᠠᠭᠤ ᠪᠠᠷᠭᠡ ᠶᠠᠳᠠᠭᠤ ᠭᠦᠴᠢᠷᠳᠡᠯᠳᠡᠢ ᠭᠠᠵᠠᠷ ᠣᠷᠤᠨ ᠤ ᠳᠤᠰᠠᠯᠠᠮᠵᠢ ᠶᠢᠨ ᠨᠥᠭᠦᠪᠦᠷᠢ ᠵᠤᠭᠤᠰ ᠤᠯᠭᠤᠨ᠎ᠠ᠃

ᠭᠤᠴᠢᠨ ᠬᠤᠶᠠᠳᠤᠭᠠᠷ ᠵᠣᠢ᠌ᠯ ᠰᠢᠶᠠᠨ ᠤ ᠱᠠᠳᠤᠨ ᠡᠴᠡ ᠳᠡᠭᠡᠭ᠍ᠰᠢᠭᠢ ᠠᠷᠠᠤᠨ ᠤᠨ ᠵᠠᠰᠠᠭ ᠤᠨ ᠣᠷᠳᠤᠨ ᠡᠴᠡ ᠪᠠᠭᠰᠢ ᠨᠡᠷ ᠢ ᠭᠦᠮᠦᠵᠢᠭᠦᠯᠭᠦ ᠶᠢ ᠴᠢᠩᠭ᠋ᠠᠤᠠᠬᠠᠵᠤ᠂ ᠠᠷᠭ᠎ᠠ ᠭᠡᠮᠵᠢᠶ᠎ᠡ ᠠᠪᠴᠤ ᠪᠠᠢ᠌ᠭᠠᠤᠨ ᠪᠠᠭᠰᠢ ᠶᠢᠨ ᠰᠤᠷᠭᠠᠨ ᠭᠦᠮᠦᠵᠢᠯ ᠢ ᠭᠦᠭ᠍ᠵᠢᠭᠦᠯᠭᠦ ᠭᠡᠷᠡᠭ᠍ᠳᠡᠢ᠃ ᠰᠢᠶᠠᠨ ᠤ ᠱᠠᠳᠤᠨ ᠤ ᠠᠷᠠᠤᠨ ᠤᠨ ᠵᠠᠰᠠᠭ ᠤᠨ ᠣᠷᠳᠤᠨ ᠤ ᠰᠤᠷᠭᠠᠨ ᠭᠦᠮᠦᠵᠢᠯ ᠤᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠡᠴᠡ ᠳᠤᠰ ᠵᠠᠰᠠᠭ ᠵᠠᠭᠢᠷᠭᠠᠨ ᠤ ᠣᠷᠤᠨ ᠳ᠋ᠠᠭᠢ ᠰᠤᠷᠭᠠᠭᠤᠯᠢ ᠶᠢᠨ ᠪᠠᠭᠰᠢ ᠶᠢᠨ ᠭᠦᠴᠤᠨ ᠢ ᠳᠡᠩᠴᠡᠭᠦᠷᠢᠳᠡᠢ ᠳᠤᠭᠢᠷᠠᠭᠤᠯᠵᠤ᠂ ᠰᠤᠷᠭᠠᠭᠤᠯᠢ ᠶᠢᠨ ᠳᠠᠷᠤᠭ᠎ᠠ᠂ ᠪᠠᠭᠰᠢ ᠨᠡᠷ ᠤᠨ ᠪᠣᠯᠪᠠᠰᠤᠷᠠᠭᠤᠯᠤᠯ ᠪᠠ ᠰᠢᠯᠵᠢᠯᠳᠠ ᠶᠢ ᠵᠤᠬᠢᠶᠠᠨ ᠪᠠᠢ᠌ᠭᠤᠯᠵᠤ᠂ ᠪᠠᠭᠤᠷᠠᠢ ᠰᠤᠷᠭᠠᠭᠤᠯᠢ ᠶᠢᠨ ᠪᠦᠳᠦᠭᠡᠨ ᠪᠠᠢ᠌ᠭᠤᠯᠤᠯᠳᠠ ᠶᠢ ᠴᠢᠩᠭ᠋ᠠᠤᠠᠬᠠᠬᠤ ᠭᠡᠷᠡᠭ᠍ᠳᠡᠢ᠃

ᠭᠤᠴᠢᠨ ᠭᠤᠷᠪᠠᠳᠤᠭᠠᠷ ᠵᠣᠢ᠌ᠯ ᠬᠤᠳᠠ ᠶᠢᠨ ᠰᠤᠷᠭᠠᠭᠤᠯᠢ ᠶᠢᠨ ᠪᠠᠭᠰᠢ ᠨᠡᠷ ᠪᠠ ᠳᠡᠭᠡᠳᠤ ᠰᠤᠷᠭᠠᠭᠤᠯᠢ ᠳᠡᠭᠦᠰᠦᠭ᠍ᠰᠡᠨ ᠰᠤᠷᠤᠭᠴᠢᠳ ᠤᠨ ᠭᠦᠳᠡᠭᠡ ᠳᠤᠰᠬᠤᠨ ᠤ ᠭᠠᠵᠠᠷ ᠣᠷᠤᠨ᠂ ᠦᠨᠳᠦᠰᠦᠳᠠᠨ ᠤ ᠭᠠᠵᠠᠷ ᠣᠷᠤᠨ ᠳᠤ ᠣᠴᠢᠵᠤ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠠᠵᠢᠯ ᠭᠢᠭᠦ ᠶᠢ ᠲᠦᠷᠦ ᠶᠢᠨ ᠶᠠᠪᠣᠳᠠᠯ ᠤᠨ ᠬᠤᠷᠢᠶ᠎ᠠ ᠪᠣᠯᠤᠨ ᠣᠷᠤᠨ ᠨᠤᠳᠤᠭ ᠤᠨ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠡᠴᠡ ᠵᠤᠷᠢᠭᠵᠢᠭᠤᠯᠤᠨ ᠳᠠᠮᠵᠢᠨ᠎ᠠ᠃

ᠳᠡᠭᠡᠳᠤ ᠰᠤᠷᠭᠠᠭᠤᠯᠢ ᠳᠡᠭᠦᠰᠦᠭ᠍ᠰᠡᠨ ᠰᠤᠷᠤᠭᠴᠢᠳ ᠤᠨ ᠰᠠᠢ᠌ᠨ ᠳᠤᠷ᠎ᠠ ᠡᠴᠡ ᠪᠠᠨ ᠣᠷᠤᠯᠴᠠᠭᠴᠢ ᠶᠢᠨ ᠭᠡᠯᠪᠠᠷᠢ ᠪᠠᠷ ᠭᠦᠳᠡᠭᠡ ᠳᠤᠰᠬᠤᠨ ᠤ ᠭᠠᠵᠠᠷ ᠣᠷᠤᠨ᠂ ᠦᠨᠳᠦᠰᠦᠳᠠᠨ ᠤ ᠭᠠᠵᠠᠷ ᠣᠷᠤᠨ ᠤ ᠪᠠᠭᠰᠢ ᠳᠤᠳᠠᠭᠳᠠᠵᠤ ᠪᠠᠢ᠌ᠭ᠎ᠠ ᠰᠤᠷᠭᠠᠭᠤᠯᠢ ᠳᠤ ᠣᠴᠢᠵᠤ ᠪᠠᠭᠰᠢᠯᠠᠬᠤ ᠶᠢ ᠣᠯᠤᠰ ᠡᠴᠡ ᠵᠤᠷᠢᠭᠵᠢᠭᠤᠯᠤᠨ᠎ᠠ᠃ ᠰᠢᠶᠠᠨ ᠤ ᠱᠠᠳᠤᠨ ᠤ ᠠᠷᠠᠤᠨ ᠤᠨ ᠵᠠᠰᠠᠭ ᠤᠨ ᠣᠷᠳᠤᠨ ᠤ ᠰᠤᠷᠭᠠᠨ ᠭᠦᠮᠦᠵᠢᠯ ᠤᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠡᠴᠡ ᠳᠠᠳᠠ ᠨᠡᠷ ᠤᠨ ᠪᠠᠭᠰᠢ ᠶᠢᠨ ᠭᠢᠷᠢ ᠭᠡᠮ ᠢ ᠬᠠᠤᠯᠢ ᠶᠤᠰᠤᠭᠠᠷ ᠮᠠᠭᠠᠤᠠᠯᠠᠨ ᠳᠤᠭᠳᠠᠭᠠᠵᠤ᠂ ᠪᠠᠭᠰᠢᠯᠠᠭᠰᠠᠨ ᠴᠠᠭ ᠬᠤᠭᠤᠴᠠᠭ᠎ᠠ ᠶᠢ ᠨᠢ ᠠᠵᠢᠯᠯᠠᠭᠰᠠᠨ ᠵᠢᠯ ᠳᠤ ᠪᠣᠳᠤᠵᠤ ᠣᠷᠤᠭᠤᠯᠤᠨ᠎ᠠ᠃


ᠳᠠᠪᠣᠳᠤᠭᠠᠷ ᠪᠦᠯᠦᠭ᠌     ᠰᠤᠷᠭᠠᠨ ᠭᠦᠮᠦᠵᠢᠭᠦᠯᠭᠦ ᠪᠠ ᠵᠢᠭᠠᠨ ᠰᠤᠷᠭᠠᠬᠤ


ᠭᠤᠴᠢᠨ ᠳᠦᠷᠪᠠᠳᠦᠭᠡᠷ ᠵᠣᠢ᠌ᠯ ᠰᠤᠷᠭᠠᠨ ᠭᠦᠮᠦᠵᠢᠭᠦᠯᠭᠦ ᠪᠠ ᠵᠢᠭᠠᠨ ᠰᠤᠷᠭᠠᠬᠤ ᠠᠵᠢᠯ ᠢ ᠰᠤᠷᠭᠠᠨ ᠭᠦᠮᠦᠵᠢᠯ ᠤᠨ ᠵᠢᠮ᠎ᠠ ᠶᠤᠰᠤ ᠪᠣᠯᠤᠨ ᠰᠤᠷᠤᠭᠴᠢᠳ ᠤᠨ ᠪᠠᠶ᠎ᠠ ᠰᠠᠤᠠᠭᠢᠯ ᠤᠨ ᠪᠣᠢ᠌ᠵᠢᠯᠳᠠ ᠭᠦᠭ᠍ᠵᠢᠯᠳᠡ ᠶᠢᠨ ᠣᠠᠴᠠᠯᠢᠭ ᠲᠡᠶ ᠨᠡᠢ᠌ᠴᠡᠭᠦᠯᠵᠤ᠂ ᠪᠦᠭᠦ ᠰᠤᠷᠤᠭᠴᠢᠳ ᠲᠤ ᠴᠢᠭᠯᠡᠭᠦᠯᠵᠤ᠂ ᠪᠢᠴᠢᠭ᠌ ᠵᠢᠭᠠᠵᠤ ᠭᠦᠮᠤᠨ ᠢ ᠭᠦᠮᠦᠵᠢᠭᠦᠯᠵᠤ᠂ ᠶᠤᠰᠤ ᠮᠤᠷᠠᠯ ᠤᠨ ᠭᠦᠮᠦᠵᠢᠯ᠂ ᠣᠶᠤᠨ ᠣᠬᠠᠭᠠᠨ ᠤ ᠭᠦᠮᠦᠵᠢᠯ᠂ ᠪᠠᠶ᠎ᠠ ᠶᠢᠨ ᠳᠠᠮᠢᠷ᠂ ᠭᠤᠸ᠎ᠠ ᠰᠠᠢ᠌ᠬᠠᠨ ᠤ ᠭᠦᠮᠦᠵᠢᠯ ᠵᠡᠷᠭᠡ ᠶᠢ ᠰᠤᠷᠭᠠᠨ ᠭᠦᠮᠦᠵᠢᠭᠦᠯᠭᠦ ᠪᠠ ᠵᠢᠭᠠᠨ ᠰᠤᠷᠭᠠᠬᠤ ᠠᠵᠢᠯᠯᠠᠭ᠎ᠠ ᠶᠢᠨ ᠳᠤᠮᠳᠠ ᠣᠷᠭᠠᠨᠢᠭ ᠶᠢᠡᠷ ᠨᠢᠭᠡᠳᠭᠡᠵᠤ᠂ ᠰᠤᠷᠤᠭᠴᠢᠳ ᠤᠨ ᠪᠠᠶ᠎ᠠ ᠪᠠᠨ ᠳᠠᠭᠠᠭᠠᠵᠤ ᠰᠡᠳᠭᠢᠭᠦ ᠴᠢᠳᠠᠪᠣᠷᠢ᠂ ᠰᠢᠨ᠎ᠠ ᠶᠢ ᠡᠭᠦᠦᠡᠭᠦ ᠴᠢᠳᠠᠪᠣᠷᠢ ᠪᠠ ᠥᠢᠯᠡᠳᠦᠯᠭᠡ ᠭᠢᠭᠦ ᠴᠢᠳᠠᠪᠣᠷᠢ ᠶᠢ ᠴᠢᠬᠤᠯᠠᠴᠢᠯᠠᠨ ᠭᠦᠮᠦᠵᠢᠭᠦᠯᠵᠤ᠂ ᠰᠤᠷᠤᠭᠴᠢᠳ ᠤᠨ ᠪᠦᠭᠦ ᠳᠠᠯ᠎ᠠ ᠶᠢᠨ ᠭᠦᠭ᠍ᠵᠢᠯᠳᠡ ᠶᠢ ᠠᠭᠢᠭᠤᠯᠬᠤ ᠭᠡᠷᠡᠭ᠍ᠳᠡᠢ᠃

ᠭᠤᠴᠢᠨ ᠳᠠᠪᠣᠳᠤᠭᠠᠷ ᠵᠣᠢ᠌ᠯ ᠲᠦᠷᠦ ᠶᠢᠨ ᠶᠠᠪᠣᠳᠠᠯ ᠤᠨ ᠬᠤᠷᠢᠶᠠᠨ ᠤ ᠰᠤᠷᠭᠠᠨ ᠭᠦᠮᠦᠵᠢᠯ ᠤᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠡᠴᠡ ᠰᠤᠷᠭᠠᠭᠤᠯᠢ ᠳᠤ ᠣᠷᠤᠬᠤ ᠨᠠᠰᠤᠨ ᠤ ᠭᠡᠦᠭᠡᠤᠨ ᠪᠠᠭᠠᠴᠤᠳ ᠤᠨ ᠪᠠᠶ᠎ᠠ ᠰᠠᠤᠠᠭᠢᠯ ᠤᠨ ᠪᠣᠢ᠌ᠵᠢᠯᠳᠠ ᠭᠦᠭ᠍ᠵᠢᠯᠳᠡ ᠶᠢᠨ ᠪᠠᠢ᠌ᠳᠠᠯ ᠪᠠ ᠪᠣᠳᠠᠳᠠᠢ ᠪᠠᠢ᠌ᠳᠠᠯ ᠢ ᠦᠨᠳᠦᠰᠦᠯᠠᠵᠤ᠂ ᠵᠢᠭᠠᠨ ᠰᠤᠷᠭᠠᠬᠤ ᠳᠦᠷᠢᠮ᠂ ᠰᠤᠷᠭᠠᠨ ᠭᠦᠮᠦᠵᠢᠭᠦᠯᠭᠦ ᠪᠠ ᠵᠢᠭᠠᠨ ᠰᠤᠷᠭᠠᠬᠤ ᠠᠭᠤᠯᠭ᠎ᠠ ᠪᠣᠯᠤᠨ ᠭᠢᠴᠢᠶᠠᠯ ᠤᠨ ᠪᠠᠢ᠌ᠷᠢᠯᠠᠭᠤᠯᠤᠯᠳᠠ ᠶᠢ ᠳᠤᠭᠳᠠᠭᠠᠵᠤ᠂ ᠰᠢᠯᠭᠠᠯᠳᠠ ᠶᠢᠨ ᠳᠦᠷᠢᠮ ᠢ ᠥᠭᠡᠷᠡᠴᠢᠯᠡᠭᠦ ᠶᠢᠨ ᠬᠠᠮᠳᠤ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠭᠦ ᠠᠷᠭ᠎ᠠ ᠶᠢ ᠰᠠᠢ᠌ᠵᠢᠷᠠᠭᠤᠯᠵᠤ᠂ ᠭᠡᠪ ᠴᠢᠨᠠᠷ ᠤᠨ ᠰᠤᠷᠭᠠᠨ ᠭᠦᠮᠦᠵᠢᠯ ᠢ ᠭᠡᠷᠡᠭ᠍ᠵᠢᠭᠦᠯᠭᠦ ᠶᠢ ᠲᠦᠯᠬᠢᠨ ᠠᠭᠢᠭᠤᠯᠤᠨ᠎ᠠ᠃

ᠰᠤᠷᠭᠠᠭᠤᠯᠢ ᠪᠣᠯᠤᠨ ᠪᠠᠭᠰᠢ ᠨᠡᠷ ᠳᠤᠭᠳᠠᠭᠠᠭᠰᠠᠨ ᠰᠤᠷᠭᠠᠨ ᠭᠦᠮᠦᠵᠢᠭᠦᠯᠭᠦ ᠪᠠ ᠵᠢᠭᠠᠨ ᠰᠤᠷᠭᠠᠬᠤ ᠠᠭᠤᠯᠭ᠎ᠠ ᠪᠣᠯᠤᠨ ᠭᠢᠴᠢᠶᠠᠯ ᠤᠨ ᠪᠠᠢ᠌ᠷᠢᠯᠠᠭᠤᠯᠤᠯᠳᠠ ᠶᠤᠰᠤᠭᠠᠷ ᠰᠤᠷᠭᠠᠨ ᠭᠦᠮᠦᠵᠢᠭᠦᠯᠭᠦ ᠪᠠ ᠵᠢᠭᠠᠨ ᠰᠤᠷᠭᠠᠬᠤ ᠠᠵᠢᠯ ᠶᠢᠡᠨ ᠥᠷᠨᠢᠭᠦᠯᠵᠤ᠂ ᠣᠯᠤᠰ ᠤᠨ ᠳᠤᠭᠳᠠᠭᠠᠭᠰᠠᠨ ᠦᠨᠳᠦᠰᠦᠨ ᠶᠠᠰᠤ ᠴᠢᠨᠠᠷ ᠤᠨ ᠱᠠᠭᠠᠷᠳᠠᠯᠭ᠎ᠠ ᠳᠤ ᠭᠦᠷᠭᠡᠭᠦ ᠶᠢ ᠪᠠᠳᠤᠯᠠᠨ᠎ᠠ᠃

ᠰᠤᠷᠭᠠᠭᠤᠯᠢ ᠪᠣᠯᠤᠨ ᠪᠠᠭᠰᠢ ᠨᠡᠷ ᠤᠨ ᠰᠡᠩᠭᠡᠷᠡᠭᠦᠯᠭᠦ ᠮᠠᠶ‍ᠢᠭ ᠤᠨ ᠰᠤᠷᠭᠠᠨ ᠭᠦᠮᠦᠵᠢᠯ ᠵᠡᠷᠭᠡ ᠰᠤᠷᠭᠠᠨ ᠭᠦᠮᠦᠵᠢᠭᠦᠯᠭᠦ ᠪᠠ ᠵᠢᠭᠠᠨ ᠰᠤᠷᠭᠠᠬᠤ ᠠᠷᠭ᠎ᠠ ᠪᠠᠷ ᠰᠤᠷᠭᠠᠨ ᠭᠦᠮᠦᠵᠢᠭᠦᠯᠭᠦ ᠪᠠ ᠵᠢᠭᠠᠨ ᠰᠤᠷᠭᠠᠬᠤ ᠶᠠᠰᠤ ᠴᠢᠨᠠᠷ ᠶᠢᠡᠨ ᠳᠡᠭᠡᠭ᠍ᠰᠢᠯᠡᠭᠦᠯᠭᠦ ᠶᠢ ᠣᠯᠤᠰ ᠡᠴᠡ ᠵᠤᠷᠢᠭᠵᠢᠭᠤᠯᠤᠨ᠎ᠠ᠃

ᠭᠤᠴᠢᠨ ᠵᠢᠷᠭᠤᠳᠤᠭᠠᠷ ᠵᠣᠢ᠌ᠯ ᠰᠤᠷᠭᠠᠭᠤᠯᠢ ᠡᠴᠡ ᠶᠤᠰᠤ ᠮᠤᠷᠠᠯ ᠤᠨ ᠭᠦᠮᠦᠵᠢᠯ ᠢ ᠳᠡᠷᠢᠭᠦᠨ ᠪᠠᠢ᠌ᠷᠢᠨ ᠳᠤ ᠳᠠᠯᠪᠢᠵᠤ᠂ ᠶᠤᠰᠤ ᠮᠤᠷᠠᠯ ᠤᠨ ᠭᠦᠮᠦᠵᠢᠯ ᠢ ᠰᠤᠷᠭᠠᠨ ᠭᠦᠮᠦᠵᠢᠭᠦᠯᠭᠦ ᠪᠠ ᠵᠢᠭᠠᠨ ᠰᠤᠷᠭᠠᠬᠤ ᠠᠵᠢᠯ ᠳᠤ ᠠᠭᠤᠯᠵᠤ᠂ ᠰᠤᠷᠤᠭᠴᠢᠳ ᠤᠨ ᠨᠠᠰᠤ ᠵᠢᠯ ᠲᠡᠶ ᠳᠤᠭᠢᠷᠠᠭᠰᠠᠨ ᠨᠡᠢ᠌ᠭᠡᠮ ᠤᠨ ᠥᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠤ᠂ ᠰᠤᠷᠭᠠᠭᠤᠯᠢ᠂ ᠭᠡᠷ ᠪᠦᠯᠢ᠂ ᠨᠡᠢ᠌ᠭᠡᠮ ᠶᠢᠡᠷ ᠶᠢᠡᠨ ᠬᠠᠷᠢᠯᠴᠠᠨ ᠬᠠᠮᠵᠢᠯᠴᠠᠭᠰᠠᠨ ᠦᠵᠡᠯ ᠰᠠᠨᠠᠭ᠎ᠠ ᠶᠤᠰᠤ ᠮᠤᠷᠠᠯ ᠤᠨ ᠰᠤᠷᠭᠠᠨ ᠭᠦᠮᠦᠵᠢᠯ ᠤᠨ ᠰᠢᠰᠲ᠋ᠸᠮ ᠢ ᠪᠦᠷᠢᠯᠳᠦᠭᠦᠯᠵᠤ᠂ ᠰᠤᠷᠤᠭᠴᠢᠳ ᠤᠨ ᠰᠠᠢ᠌ᠨ ᠰᠠᠢ᠌ᠬᠠᠨ ᠦᠵᠡᠯ ᠰᠠᠨᠠᠭ᠎ᠠ ᠶᠤᠰᠤ ᠮᠤᠷᠠᠯ ᠪᠠ ᠣᠢ᠌ᠯᠠ ᠠᠵᠢᠯᠯᠠᠭ᠎ᠠ ᠶᠢᠨ ᠵᠠᠩ ᠳᠠᠤᠠᠬᠠᠯ ᠲᠡᠶ ᠪᠣᠯᠬᠤ ᠶᠢ ᠠᠭᠢᠭᠤᠯᠬᠤ ᠭᠡᠷᠡᠭ᠍ᠳᠡᠢ᠃

ᠭᠤᠴᠢᠨ ᠳᠤᠯᠤᠳᠤᠭᠠᠷ ᠵᠣᠢ᠌ᠯ ᠰᠤᠷᠭᠠᠭᠤᠯᠢ ᠡᠴᠡ ᠰᠤᠷᠤᠭᠴᠢᠳ ᠤᠨ ᠭᠢᠴᠢᠶᠠᠯ ᠤᠨ ᠭᠠᠳᠠᠭᠤᠷᠭᠢ ᠭᠦᠳᠡᠯᠭᠡᠭᠡᠨ ᠤ ᠴᠠᠭ ᠢ ᠪᠠᠳᠤᠯᠠᠵᠤ᠂ ᠰᠤᠶᠤᠯ ᠴᠡᠩᠭᠡᠯ ᠵᠡᠷᠭᠡ ᠭᠢᠴᠢᠶᠠᠯ ᠤᠨ ᠭᠠᠳᠠᠭᠤᠷᠭᠢ ᠭᠦᠳᠡᠯᠭᠡᠭᠡᠨ ᠢ ᠵᠤᠬᠢᠶᠠᠨ ᠪᠠᠢ᠌ᠭᠤᠯᠤᠨ ᠥᠷᠨᠢᠭᠦᠯᠭᠦ ᠭᠡᠷᠡᠭ᠍ᠳᠡᠢ᠃ ᠨᠡᠢ᠌ᠭᠡᠮ ᠤᠨ ᠣᠯᠠᠨ ᠨᠠᠢ᠌ᠳᠠ ᠶᠢᠨ ᠰᠤᠶᠤᠯ ᠪᠠᠶ᠎ᠠ ᠶᠢᠨ ᠳᠠᠮᠢᠷ ᠤᠨ ᠳᠦᠭᠦᠭᠡᠷᠦᠮᠵᠢ ᠨᠢ ᠰᠤᠷᠭᠠᠭᠤᠯᠢ ᠶᠢᠨ ᠭᠢᠴᠢᠶᠠᠯ ᠤᠨ ᠭᠠᠳᠠᠭᠤᠷᠭᠢ ᠭᠦᠳᠡᠯᠭᠡᠭᠡᠨ ᠢ ᠥᠷᠨᠢᠭᠦᠯᠭᠦ ᠳᠤ ᠳᠦᠭᠦᠮ ᠥᠵᠡᠭᠦᠯᠭᠦ ᠭᠡᠷᠡᠭ᠍ᠳᠡᠢ᠃

ᠭᠤᠴᠢᠨ ᠨᠢ᠋ᠮᠠᠳᠤᠭᠠᠷ ᠵᠣᠢ᠌ᠯ ᠰᠤᠷᠬᠤ ᠪᠢᠴᠢᠭ᠌ ᠢ ᠣᠯᠤᠰ ᠤᠨ ᠰᠤᠷᠭᠠᠨ ᠭᠦᠮᠦᠵᠢᠯ ᠤᠨ ᠴᠢᠭᠯᠡᠯᠳᠡ ᠪᠠ ᠭᠢᠴᠢᠶᠠᠯ ᠤᠨ ᠪᠠᠷᠢᠮᠵᠢᠶ᠎ᠠ ᠶᠢ ᠦᠨᠳᠦᠰᠦᠯᠠᠵᠤ ᠨᠠᠢ᠌ᠷᠠᠭᠤᠯᠤᠨ ᠪᠢᠴᠢᠵᠤ᠂ ᠠᠭᠤᠯᠭ᠎ᠠ ᠶᠢ ᠨᠢ ᠠᠯᠢ ᠪᠣᠯᠬᠤ ᠪᠠᠷ ᠨᠠᠷᠢᠯᠢᠭ ᠠᠪᠰᠠᠷᠬᠠᠨ ᠪᠠᠢ᠌ᠯᠭᠠᠵᠤ᠂ ᠵᠠᠪᠠᠯ ᠱᠠᠭᠠᠷᠳᠠᠭᠳᠠᠬᠤ ᠰᠠᠭᠤᠷᠢ ᠮᠡᠳᠡᠯᠭᠡ᠂ ᠦᠨᠳᠦᠰᠦᠨ ᠣᠷ᠎ᠠ ᠴᠢᠳᠠᠪᠣᠷᠢ ᠶᠢ ᠰᠢᠯᠢᠨ ᠰᠤᠩᠭ᠋ᠤᠵᠤ᠂ ᠭᠢᠮᠳᠠᠬᠠᠨ ᠪᠦᠭᠡᠤᠨ ᠪᠣᠳᠠᠳᠤ ᠭᠡᠷᠡᠭ᠍ᠴᠡᠭᠡ ᠲᠡᠶ ᠪᠠᠢ᠌ᠯᠭᠠᠵᠤ᠂ ᠶᠠᠰᠤ ᠴᠢᠨᠠᠷ ᠢ ᠪᠠᠳᠤᠯᠠᠨ᠎ᠠ᠃

ᠲᠦᠷᠦ ᠶᠢᠨ ᠪᠠᠢ᠌ᠭᠤᠯᠭ᠎ᠠ ᠶᠢᠨ ᠠᠵᠢᠯᠳᠠᠨ ᠪᠣᠯᠤᠨ ᠭᠢᠴᠢᠶᠠᠯ ᠤᠨ ᠪᠢᠴᠢᠭ᠌ ᠢ ᠭᠢᠨᠠᠨ ᠪᠠᠢ᠌ᠴᠠᠭᠠᠬᠤ ᠭᠦᠮᠦᠰ ᠭᠢᠴᠢᠶᠠᠯ ᠤᠨ ᠪᠢᠴᠢᠭ᠌ ᠢ ᠨᠠᠢ᠌ᠷᠠᠭᠤᠯᠤᠨ ᠪᠢᠴᠢᠭᠦ ᠠᠵᠢᠯ ᠳᠤ ᠣᠷᠤᠯᠴᠠᠬᠤ ᠪᠣᠶᠤ ᠭᠡᠯᠪᠠᠷᠢ ᠶᠢ ᠨᠢ ᠥᠭᠡᠷᠡᠳᠦᠭᠦᠯᠤᠨ ᠣᠷᠤᠯᠴᠠᠵᠤ ᠪᠣᠯᠬᠤ ᠦᠭᠡᠶ᠃

ᠭᠤᠴᠢ ᠶ‍ᠢᠰᠦᠳᠦᠭᠡᠷ ᠵᠣᠢ᠌ᠯ ᠣᠯᠤᠰ ᠡᠴᠡ ᠭᠢᠴᠢᠶᠠᠯ ᠤᠨ ᠪᠢᠴᠢᠭ᠌ ᠢ ᠭᠢᠨᠠᠨ ᠳᠤᠭᠳᠠᠭᠠᠬᠤ ᠳᠦᠷᠢᠮ ᠢ ᠭᠡᠷᠡᠭ᠍ᠵᠢᠭᠦᠯᠦᠨ᠎ᠡ᠃ ᠭᠢᠴᠢᠶᠠᠯ ᠤᠨ ᠪᠢᠴᠢᠭ᠌ ᠢ ᠭᠢᠨᠠᠨ ᠳᠤᠭᠳᠠᠭᠠᠬᠤ ᠠᠷᠭ᠎ᠠ ᠶᠢ ᠲᠦᠷᠦ ᠶᠢᠨ ᠶᠠᠪᠣᠳᠠᠯ ᠤᠨ ᠬᠤᠷᠢᠶᠠᠨ ᠤ ᠰᠤᠷᠭᠠᠨ ᠭᠦᠮᠦᠵᠢᠯ ᠤᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠡᠴᠡ ᠳᠤᠭᠳᠠᠭᠠᠨ᠎ᠠ᠃

ᠭᠢᠨᠠᠨ ᠳᠤᠭᠳᠠᠭᠠᠭᠰᠠᠨ ᠦᠭᠡᠶ ᠭᠢᠴᠢᠶᠠᠯ ᠤᠨ ᠪᠢᠴᠢᠭ᠌ ᠢ ᠭᠡᠪᠯᠡᠭᠦ ᠪᠣᠶᠤ ᠰᠤᠩᠭ᠋ᠤᠨ ᠭᠡᠷᠡᠭᠯᠡᠵᠤ ᠪᠣᠯᠬᠤ ᠦᠭᠡᠶ᠃

ᠳᠦᠴᠢᠳᠦᠭᠡᠷ ᠵᠣᠢ᠌ᠯ ᠭᠢᠴᠢᠶᠠᠯ ᠤᠨ ᠪᠢᠴᠢᠭ᠌ ᠲᠤ ᠲᠦᠷᠦ ᠶᠢᠨ ᠶᠠᠪᠣᠳᠠᠯ ᠤᠨ ᠬᠤᠷᠢᠶᠠᠨ ᠤ ᠦᠨ᠎ᠡ ᠬᠠᠩᠰᠢ ᠶᠢᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠡᠴᠡ ᠭᠡᠪᠯᠡᠯ ᠤᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠲᠡᠶ ᠬᠠᠮᠳᠤᠷᠠᠨ ᠵᠢᠭᠠᠬᠠᠨ ᠠᠰᠢᠭ ᠬᠤᠠᠵᠢᠪᠣᠷᠢ ᠲᠡᠶ ᠪᠠᠢ᠌ᠯᠭᠠᠬᠤ ᠵᠠᠷᠴᠢᠮ ᠶᠢᠡᠷ ᠰᠠᠭᠤᠷᠢ ᠪᠠᠷᠢᠮᠵᠢᠶᠠᠳᠤ ᠦᠨ᠎ᠡ ᠳᠤᠭᠳᠠᠭᠠᠨ᠎ᠠ᠃ ᠮᠤᠵᠢ᠂ ᠥᠪᠠᠷᠳᠡᠭᠡᠨ ᠵᠠᠰᠠᠬᠤ ᠣᠷᠤᠨ᠂ ᠰᠢᠭᠤᠳ ᠬᠠᠷᠢᠶ᠎ᠠ ᠬᠤᠳᠠ ᠶᠢᠨ ᠠᠷᠠᠤᠨ ᠤᠨ ᠵᠠᠰᠠᠭ ᠤᠨ ᠣᠷᠳᠤᠨ ᠤ ᠦᠨ᠎ᠡ ᠬᠠᠩᠰᠢ ᠶᠢᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠡᠴᠡ ᠭᠡᠪᠯᠡᠯ ᠤᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠲᠡᠶ ᠬᠠᠮᠳᠤᠷᠠᠨ ᠰᠠᠭᠤᠷᠢ ᠪᠠᠷᠢᠮᠵᠢᠶᠠᠳᠤ ᠦᠨ᠎ᠡ ᠶᠢ ᠦᠨᠳᠦᠰᠦᠯᠠᠵᠤ ᠵᠢᠵᠢᠭᠯᠡᠨ ᠬᠤᠳᠠᠯᠳᠤᠬᠤ ᠦᠨ᠎ᠡ ᠶᠢ ᠳᠤᠭᠳᠠᠭᠠᠨ᠎ᠠ᠃

ᠳᠦᠴᠢᠨ ᠨᠢᠭᠡᠳᠦᠭᠡᠷ ᠵᠣᠢ᠌ᠯ ᠭᠢᠴᠢᠶᠠᠯ ᠤᠨ ᠪᠢᠴᠢᠭ᠌ ᠢ ᠡᠭᠡᠯᠵᠢᠯᠡᠨ ᠭᠡᠷᠡᠭᠯᠡᠭᠦ ᠶᠢ ᠣᠯᠤᠰ ᠡᠴᠡ ᠵᠤᠷᠢᠭᠵᠢᠭᠤᠯᠤᠨ᠎ᠠ᠃


ᠵᠢᠷᠭᠤᠳᠤᠭᠠᠷ ᠪᠦᠯᠦᠭ᠌      ᠵᠠᠷᠤᠳᠠᠯ ᠤᠨ ᠪᠠᠳᠤᠯᠠᠭ᠎ᠠ


ᠳᠦᠴᠢᠨ ᠬᠤᠶᠠᠳᠤᠭᠠᠷ ᠵᠣᠢ᠌ᠯ ᠣᠯᠤᠰ ᠡᠴᠡ ᠠᠯᠪᠠᠨ ᠵᠢᠷᠤᠮ ᠤᠨ ᠰᠤᠷᠭᠠᠨ ᠭᠦᠮᠦᠵᠢᠯ ᠢ ᠡᠳ᠋ ᠤᠨ ᠵᠠᠰᠠᠭ ᠤᠨ ᠪᠠᠳᠤᠯᠠᠬᠤ ᠭᠡᠪᠴᠢᠶᠡᠨ ᠳᠤ ᠪᠦᠭᠦ ᠳᠠᠯ᠎ᠠ ᠪᠠᠷ ᠣᠷᠤᠭᠤᠯᠤᠨ᠎ᠠ᠂ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠵᠠᠷᠤᠳᠠᠯ ᠢ ᠲᠦᠷᠦ ᠶᠢᠨ ᠶᠠᠪᠣᠳᠠᠯ ᠤᠨ ᠬᠤᠷᠢᠶ᠎ᠠ ᠪᠣᠯᠤᠨ ᠣᠷᠤᠨ ᠨᠤᠳᠤᠭ ᠤᠨ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠡᠴᠡ ᠳᠤᠰ ᠬᠠᠤᠯᠢ ᠶᠢᠨ ᠳᠤᠭᠳᠠᠭᠠᠯ ᠶᠤᠰᠤᠭᠠᠷ ᠪᠠᠳᠤᠯᠠᠨ᠎ᠠ᠃

ᠲᠦᠷᠦ ᠶᠢᠨ ᠶᠠᠪᠣᠳᠠᠯ ᠤᠨ ᠬᠤᠷᠢᠶ᠎ᠠ ᠪᠣᠯᠤᠨ ᠣᠷᠤᠨ ᠨᠤᠳᠤᠭ ᠤᠨ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠡᠴᠡ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠵᠠᠷᠤᠳᠠᠯ ᠢ ᠡᠳ᠋ ᠤᠨ ᠵᠠᠰᠠᠭ ᠤᠨ ᠲᠦᠰᠤᠪ ᠲᠡᠭᠡᠨ ᠣᠷᠤᠭᠤᠯᠵᠤ᠂ ᠪᠠᠭᠰᠢ ᠠᠵᠢᠯᠳᠠᠤᠨ ᠤᠨ ᠣᠷᠤᠨ ᠳᠤᠭᠠᠨ ᠤ ᠪᠠᠷᠢᠮᠵᠢᠶ᠎ᠠ᠂ ᠴᠠᠯᠢᠩ ᠤᠨ ᠪᠠᠷᠢᠮᠵᠢᠶ᠎ᠠ ᠪᠣᠯᠤᠨ ᠰᠤᠷᠭᠠᠭᠤᠯᠢ ᠶᠢᠨ ᠪᠦᠳᠦᠭᠡᠨ ᠪᠠᠢ᠌ᠭᠤᠯᠤᠯᠳᠠ ᠶᠢᠨ ᠪᠠᠷᠢᠮᠵᠢᠶ᠎ᠠ᠂ ᠰᠤᠷᠤᠭᠴᠢᠳ ᠤᠨ ᠳᠡᠭ᠍ᠰᠢᠦᠡᠭᠡᠭ᠍ᠰᠡᠨ ᠨᠠᠢ᠌ᠳᠠ ᠶᠢᠨ ᠭᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠠ ᠵᠡᠷᠭᠡ ᠶᠢ ᠦᠨᠳᠦᠰᠦᠯᠠᠵᠤ᠂ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠵᠠᠷᠤᠳᠠᠯ ᠢ ᠴᠠᠭ ᠳᠤᠬᠠᠢ ᠳ᠋ᠤᠨᠢ ᠳᠤᠭ᠎ᠠ ᠶᠤᠰᠤᠭᠠᠷ ᠰᠢᠯᠵᠢᠭᠦᠯᠤᠨ ᠥᠭ᠍ᠴᠤ᠂ ᠰᠤᠷᠭᠠᠭᠤᠯᠢ ᠶᠢᠨ ᠭᠡᠪ ᠤᠨ ᠠᠵᠢᠯᠯᠠᠭ᠎ᠠ ᠪᠠ ᠰᠤᠷᠭᠠᠭᠤᠯᠢ ᠶᠢᠨ ᠪᠠᠢ᠌ᠷᠢ ᠶᠢᠨ ᠡᠡᠶ‍ᠦᠯᠭᠦᠢ ᠪᠠᠢ᠌ᠬᠤ ᠶᠢ ᠪᠠᠳᠤᠯᠠᠵᠤ᠂ ᠪᠠᠭᠰᠢ ᠠᠵᠢᠯᠳᠠᠤᠨ ᠤᠨ ᠴᠠᠯᠢᠩ ᠢ ᠳᠤᠭᠳᠠᠭᠠᠯ ᠶᠤᠰᠤᠭᠠᠷ ᠦᠭ‍ᠭᠦ ᠶᠢ ᠦᠨᠡᠨ ᠭᠦ ᠪᠠᠳᠤᠯᠠᠨ᠎ᠠ᠃

ᠲᠦᠷᠦ ᠶᠢᠨ ᠶᠠᠪᠣᠳᠠᠯ ᠤᠨ ᠬᠤᠷᠢᠶ᠎ᠠ ᠪᠣᠯᠤᠨ ᠣᠷᠤᠨ ᠨᠤᠳᠤᠭ ᠤᠨ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠤ ᠠᠯᠪᠠᠨ ᠵᠢᠷᠤᠮ ᠤᠨ ᠰᠤᠷᠭᠠᠨ ᠭᠦᠮᠦᠵᠢᠯ ᠢ ᠭᠡᠷᠡᠭ᠍ᠵᠢᠭᠦᠯᠭᠦ ᠶᠢ ᠭᠡᠷᠡᠭ᠍ᠰᠡᠭᠦ ᠡᠳ᠋ ᠤᠨ ᠵᠠᠰᠠᠭ ᠡᠴᠡ ᠰᠢᠯᠵᠢᠭᠦᠯᠤᠨ ᠦᠭ‍ᠭᠦ ᠵᠤᠭᠤᠰ ᠤᠨ ᠨᠡᠮᠡᠭ᠍ᠳᠡᠯ ᠤᠨ ᠬᠠᠷᠢᠴᠠᠯ ᠢ ᠡᠳ᠋ ᠤᠨ ᠵᠠᠰᠠᠭ ᠤᠨ ᠪᠠᠢ᠌ᠩᠭ᠋ᠤ ᠶᠢᠨ ᠴᠢᠨᠠᠷᠳᠠᠢ ᠣᠷᠤᠯᠭ᠎ᠠ ᠶᠢᠨ ᠨᠡᠮᠡᠭ᠍ᠳᠡᠯ ᠤᠨ ᠬᠠᠷᠢᠴᠠᠯ ᠡᠴᠡ ᠦᠨᠳᠦᠷ ᠪᠠᠢ᠌ᠯᠭᠠᠵᠤ᠂ ᠰᠤᠷᠭᠠᠭᠤᠯᠢ ᠳᠤ ᠪᠠᠢ᠌ᠭ᠎ᠠ ᠰᠤᠷᠤᠭᠴᠢᠳ ᠤᠨ ᠳᠤᠭ᠎ᠠ ᠪᠠᠷ ᠳᠡᠭ᠍ᠰᠢᠦᠡᠭᠡᠭ᠍ᠰᠡᠨ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠵᠠᠷᠤᠳᠠᠯ ᠢ ᠠᠯᠬᠤᠮ ᠠᠯᠬᠤᠮ ᠶᠢᠡᠷ ᠨᠡᠮᠡᠭ᠍ᠳᠡᠭᠦᠯᠭᠦ ᠶᠢ ᠪᠠᠳᠤᠯᠠᠵᠤ᠂ ᠪᠠᠭᠰᠢ ᠠᠵᠢᠯᠳᠠᠤᠨ ᠤᠨ ᠴᠠᠯᠢᠩ ᠪᠠ ᠰᠤᠷᠤᠭᠴᠢᠳ ᠲᠤ ᠳᠡᠭ᠍ᠰᠢᠦᠡᠭᠡᠭ᠍ᠰᠡᠨ ᠨᠠᠢ᠌ᠳᠠ ᠶᠢᠨ ᠭᠡᠷᠡᠭᠯᠡᠭᠡᠨ ᠤ ᠵᠠᠷᠤᠳᠠᠯ ᠢ ᠠᠯᠬᠤᠮ ᠠᠯᠬᠤᠮ ᠶᠢᠡᠷ ᠨᠡᠮᠡᠭ᠍ᠳᠡᠭᠦᠯᠭᠦ ᠶᠢ ᠪᠠᠳᠤᠯᠠᠬᠤ ᠭᠡᠷᠡᠭ᠍ᠳᠡᠢ᠃

ᠳᠦᠴᠢᠨ ᠭᠤᠷᠪᠠᠳᠤᠭᠠᠷ ᠵᠣᠢ᠌ᠯ ᠰᠤᠷᠭᠠᠭᠤᠯᠢ ᠶᠢᠨ ᠰᠤᠷᠤᠭᠴᠢᠳ ᠲᠤ ᠳᠡᠭ᠍ᠰᠢᠦᠡᠭᠡᠭ᠍ᠰᠡᠨ ᠨᠠᠢ᠌ᠳᠠ ᠶᠢᠨ ᠭᠡᠷᠡᠭᠯᠡᠭᠡᠨ ᠤ ᠵᠠᠷᠤᠳᠠᠯ ᠤᠨ ᠦᠨᠳᠦᠰᠦᠨ ᠪᠠᠷᠢᠮᠵᠢᠶ᠎ᠠ ᠶᠢ ᠲᠦᠷᠦ ᠶᠢᠨ ᠶᠠᠪᠣᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠡᠴᠡ ᠰᠤᠷᠭᠠᠨ ᠭᠦᠮᠦᠵᠢᠯ ᠤᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠲᠡᠶ ᠬᠠᠮᠳᠤᠷᠠᠨ ᠳᠤᠭᠳᠠᠭᠠᠬᠤ ᠪᠦᠭᠡᠤᠨ ᠠᠵᠤ ᠠᠬᠤᠢ ᠪᠠ ᠨᠡᠢ᠌ᠭᠡᠮ ᠤᠨ ᠭᠦᠭ᠍ᠵᠢᠯᠳᠡ ᠶᠢᠨ ᠪᠠᠢ᠌ᠳᠠᠯ ᠢ ᠦᠨᠳᠦᠰᠦᠯᠠᠵᠤ ᠴᠠᠭ ᠳᠤᠬᠠᠢ ᠳ᠋ᠤᠨᠢ ᠳᠡᠭᠦᠨ ᠳᠤ ᠳᠤᠭᠢᠷᠠᠭᠤᠯᠤᠯᠳᠠ ᠭᠢᠨ᠎ᠠ᠃ ᠰᠤᠷᠤᠭᠴᠢᠳ ᠲᠤ ᠳᠡᠭ᠍ᠰᠢᠦᠡᠭᠡᠭ᠍ᠰᠡᠨ ᠨᠠᠢ᠌ᠳᠠ ᠶᠢᠨ ᠭᠡᠷᠡᠭᠯᠡᠭᠡᠨ ᠤ ᠵᠠᠷᠤᠳᠠᠯ ᠤᠨ ᠦᠨᠳᠦᠰᠦᠨ ᠪᠠᠷᠢᠮᠵᠢᠶ᠎ᠠ ᠶᠢ ᠳᠤᠭᠳᠠᠭᠠᠨ ᠳᠤᠭᠢᠷᠠᠭᠤᠯᠬᠤ ᠳᠠᠭᠠᠨ ᠰᠤᠷᠭᠠᠨ ᠭᠦᠮᠦᠵᠢᠭᠦᠯᠭᠦ ᠪᠠ ᠵᠢᠭᠠᠨ ᠰᠤᠷᠭᠠᠬᠤ ᠦᠨᠳᠦᠰᠦᠨ ᠭᠡᠷᠡᠭ᠍ᠴᠡᠭᠡ ᠶᠢ ᠬᠠᠩᠭ᠋ᠠᠬᠤ ᠭᠡᠷᠡᠭ᠍ᠳᠡᠢ᠃

ᠮᠤᠵᠢ᠂ ᠥᠪᠠᠷᠳᠡᠭᠡᠨ ᠵᠠᠰᠠᠬᠤ ᠣᠷᠤᠨ᠂ ᠰᠢᠭᠤᠳ ᠬᠠᠷᠢᠶ᠎ᠠ ᠬᠤᠳᠠ ᠶᠢᠨ ᠠᠷᠠᠤᠨ ᠤᠨ ᠵᠠᠰᠠᠭ ᠤᠨ ᠣᠷᠳᠤᠨ ᠡᠴᠡ ᠳᠤᠰ ᠵᠠᠰᠠᠭ ᠵᠠᠭᠢᠷᠭᠠᠨ ᠤ ᠣᠷᠤᠨ ᠳ᠋ᠠᠭᠢ ᠪᠣᠳᠠᠳᠤ ᠪᠠᠢ᠌ᠳᠠᠯ ᠶᠢᠡᠨ ᠦᠨᠳᠦᠰᠦᠯᠠᠵᠤ᠂ ᠣᠯᠤᠰ ᠤᠨ ᠪᠠᠷᠢᠮᠵᠢᠶ᠎ᠠ ᠡᠴᠡ ᠳᠤᠤᠷ᠎ᠠ ᠦᠭᠡᠶ ᠪᠠᠢ᠌ᠬᠤ ᠰᠤᠷᠭᠠᠭᠤᠯᠢ ᠶᠢᠨ ᠰᠤᠷᠤᠭᠴᠢᠳ ᠲᠤ ᠳᠡᠭ᠍ᠰᠢᠦᠡᠭᠡᠭ᠍ᠰᠡᠨ ᠨᠠᠢ᠌ᠳᠠ ᠶᠢᠨ ᠭᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠠ ᠶᠢ ᠳᠤᠭᠳᠠᠭᠠᠵᠤ ᠪᠣᠯᠤᠨ᠎ᠠ᠃

ᠣᠠᠴᠠᠭᠠᠢ ᠰᠤᠷᠭᠠᠨ ᠭᠦᠮᠦᠵᠢᠯ ᠤᠨ ᠰᠤᠷᠭᠠᠭᠤᠯᠢ (ᠠᠩᠭᠢ) ᠵᠢᠨ ᠰᠤᠷᠤᠭᠴᠢᠳ ᠲᠤ ᠳᠡᠭ᠍ᠰᠢᠦᠡᠭᠡᠭ᠍ᠰᠡᠨ ᠨᠠᠢ᠌ᠳᠠ ᠶᠢᠨ ᠭᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠠ ᠶᠢ ᠡᠡᠭ᠌ ᠤᠨ ᠰᠤᠷᠭᠠᠭᠤᠯᠢ ᠶᠢᠨ ᠰᠤᠷᠤᠭᠴᠢᠳ ᠲᠤ ᠳᠡᠭ᠍ᠰᠢᠦᠡᠭᠡᠭ᠍ᠰᠡᠨ ᠨᠠᠢ᠌ᠳᠠ ᠶᠢᠨ ᠭᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠠ ᠡᠴᠡ ᠦᠨᠳᠦᠷ ᠪᠠᠢ᠌ᠯᠭᠠᠬᠤ ᠭᠡᠷᠡᠭ᠍ᠳᠡᠢ᠃

ᠳᠦᠴᠢᠨ ᠳᠦᠷᠪᠠᠳᠦᠭᠡᠷ ᠵᠣᠢ᠌ᠯ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠵᠠᠷᠤᠳᠠᠯ ᠤᠨ ᠣᠷᠤᠭᠤᠯᠤᠯᠳᠠ ᠶᠢᠨ ᠳᠠᠯ᠎ᠠ ᠪᠠᠷ ᠲᠦᠷᠦ ᠶᠢᠨ ᠶᠠᠪᠣᠳᠠᠯ ᠤᠨ ᠬᠤᠷᠢᠶ᠎ᠠ ᠪᠣᠯᠤᠨ ᠣᠷᠤᠨ ᠨᠤᠳᠤᠭ ᠤᠨ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠡᠴᠡ ᠳᠤᠰᠢᠶᠠᠯ ᠬᠠᠷᠢᠭᠤᠴᠠᠯᠭ᠎ᠠ ᠪᠠᠨ ᠦᠨᠳᠦᠰᠦᠯᠠᠨ ᠬᠠᠮᠳᠤ ᠪᠠᠷ ᠡᠭᠦᠷᠭᠡᠯᠡᠵᠤ᠂ ᠮᠤᠵᠢ᠂ ᠥᠪᠠᠷᠳᠡᠭᠡᠨ ᠵᠠᠰᠠᠬᠤ ᠣᠷᠤᠨ᠂ ᠰᠢᠭᠤᠳ ᠬᠠᠷᠢᠶ᠎ᠠ ᠬᠤᠳᠠ ᠶᠢᠨ ᠠᠷᠠᠤᠨ ᠤᠨ ᠵᠠᠰᠠᠭ ᠤᠨ ᠣᠷᠳᠤᠨ ᠡᠴᠡ ᠬᠠᠷᠢᠭᠤᠴᠠᠨ ᠨᠢᠭᠡᠳᠦᠯᠳᠡᠢ ᠲᠦᠯᠦᠪᠯᠠᠵᠤ ᠨᠠᠢ᠌ᠳᠠᠪᠣᠷᠢᠵᠢᠭᠤᠯᠬᠤ ᠳᠦᠷᠢᠮ ᠢ ᠭᠡᠷᠡᠭ᠍ᠵᠢᠭᠦᠯᠦᠨ᠎ᠡ᠃ ᠭᠦᠳᠡᠭᠡ ᠳᠤᠰᠬᠤᠨ ᠤ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠭᠡᠷᠡᠭ᠍ᠰᠡᠭᠦ ᠵᠠᠷᠤᠳᠠᠯ ᠢ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠡᠴᠡ ᠲᠦᠷᠦ ᠶᠢᠨ ᠶᠠᠪᠣᠳᠠᠯ ᠤᠨ ᠬᠤᠷᠢᠶᠠᠨ ᠤ ᠳᠤᠭᠳᠠᠭᠠᠯ ᠢ ᠦᠨᠳᠦᠰᠦᠯᠠᠵᠤ᠂ ᠵᠣᠢ᠌ᠯ ᠬᠤᠪᠢᠶᠠᠨ᠂ ᠬᠠᠷᠢᠴᠠᠯ ᠶᠤᠰᠤᠭᠠᠷ ᠬᠤᠪᠢᠶᠠᠨ ᠡᠭᠦᠷᠭᠡᠯᠡᠨ᠎ᠡ᠃

ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠡᠴᠡ ᠭᠡᠷ ᠤᠨ ᠠᠮᠢᠳᠤᠷᠠᠯ ᠨᠢ ᠭᠦᠴᠢᠷᠳᠡᠢ ᠰᠤᠷᠭᠠᠭᠤᠯᠢ ᠳᠤ ᠣᠷᠤᠬᠤ ᠨᠠᠰᠤᠨ ᠤ ᠭᠡᠦᠭᠡᠤᠨ᠂ ᠪᠠᠭᠠᠴᠤᠳ ᠲᠤ ᠭᠢᠴᠢᠶᠠᠯ ᠤᠨ ᠪᠢᠴᠢᠭ᠌ ᠢ ᠰᠥᠢᠦᠡᠭᠡᠯ ᠠᠪᠬᠤ ᠦᠭᠡᠶ ᠪᠠᠷ ᠬᠠᠩᠭ᠋ᠠᠬᠤ ᠮᠥᠷᠳᠡᠭᠡᠨ ᠪᠠᠢ᠌ᠷᠢ ᠳᠤ ᠰᠠᠭᠤᠬᠤ ᠰᠤᠷᠤᠭᠴᠢᠳ ᠲᠤ ᠠᠮᠢᠳᠤᠷᠠᠯ ᠤᠨ ᠰᠥᠢᠦᠡᠭᠡᠯ ᠤᠨ ᠨᠥᠭᠦᠪᠦᠷᠢ ᠤᠯᠭᠤᠨ᠎ᠠ᠃ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠵᠠᠷᠤᠳᠠᠯ ᠤᠨ ᠪᠠᠳᠤᠯᠠᠭ᠎ᠠ ᠶᠢᠨ ᠪᠣᠳᠠᠳᠠᠢ ᠠᠷᠭ᠎ᠠ ᠶᠢ ᠲᠦᠷᠦ ᠶᠢᠨ ᠶᠠᠪᠣᠳᠠᠯ ᠤᠨ ᠬᠤᠷᠢᠶ᠎ᠠ ᠡᠴᠡ ᠳᠤᠭᠳᠠᠭᠠᠨ᠎ᠠ᠃

ᠳᠦᠴᠢᠨ ᠳᠠᠪᠣᠳᠤᠭᠠᠷ ᠵᠣᠢ᠌ᠯ ᠣᠷᠤᠨ ᠨᠤᠳᠤᠭ ᠤᠨ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠡᠳ᠋ ᠤᠨ ᠵᠠᠰᠠᠭ ᠤᠨ ᠲᠦᠰᠤᠪ ᠲᠡᠭᠡᠨ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠵᠠᠷᠤᠳᠠᠯ ᠢ ᠠᠰ ᠳᠤᠨᠢ ᠵᠢᠭᠰᠠᠭᠠᠨ᠎ᠠ᠃

ᠰᠢᠶᠠᠨ ᠤ ᠱᠠᠳᠤᠨ ᠤ ᠠᠷᠠᠤᠨ ᠤᠨ ᠵᠠᠰᠠᠭ ᠤᠨ ᠣᠷᠳᠤᠨ ᠡᠴᠡ ᠲᠦᠰᠤᠪ ᠢ ᠨᠠᠢ᠌ᠷᠠᠭᠤᠯᠤᠨ ᠵᠤᠬᠢᠶᠠᠬᠤ ᠳᠠᠭᠠᠨ᠂ ᠭᠦᠳᠡᠭᠡ ᠳᠤᠰᠬᠤᠨ ᠤ ᠭᠠᠵᠠᠷ ᠣᠷᠤᠨ ᠤ ᠰᠤᠷᠭᠠᠭᠤᠯᠢ ᠪᠣᠯᠤᠨ ᠪᠠᠭᠤᠷᠠᠢ ᠰᠤᠷᠭᠠᠭᠤᠯᠢ ᠳᠠᠰᠢ ᠭᠡᠯᠪᠠᠢ᠌ᠯᠭᠡᠭᠦ ᠡᠴᠡ ᠭᠠᠳᠠᠨ᠎ᠠ᠂ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠵᠠᠷᠤᠳᠠᠯ ᠢ ᠳᠡᠩᠴᠡᠭᠦᠷᠢᠳᠡᠢ ᠳᠤᠭᠢᠷᠠᠭᠤᠯᠬᠤ ᠭᠡᠷᠡᠭ᠍ᠳᠡᠢ᠃

ᠳᠦᠴᠢᠨ ᠵᠢᠷᠭᠤᠳᠤᠭᠠᠷ ᠵᠣᠢ᠌ᠯ ᠲᠦᠷᠦ ᠶᠢᠨ ᠶᠠᠪᠣᠳᠠᠯ ᠤᠨ ᠬᠤᠷᠢᠶ᠎ᠠ ᠪᠣᠯᠤᠨ ᠮᠤᠵᠢ᠂ ᠥᠪᠠᠷᠳᠡᠭᠡᠨ ᠵᠠᠰᠠᠬᠤ ᠣᠷᠤᠨ᠂ ᠰᠢᠭᠤᠳ ᠬᠠᠷᠢᠶ᠎ᠠ ᠬᠤᠳᠠ ᠶᠢᠨ ᠠᠷᠠᠤᠨ ᠤᠨ ᠵᠠᠰᠠᠭ ᠤᠨ ᠣᠷᠳᠤᠨ ᠡᠴᠡ ᠡᠳ᠋ ᠤᠨ ᠵᠠᠰᠠᠭ ᠤᠨ ᠰᠢᠯᠵᠢᠭᠦᠯᠤᠨ ᠦᠭ‍ᠭᠦ ᠳᠦᠷᠢᠮ ᠢ ᠵᠢᠷᠤᠮᠵᠢᠭᠤᠯᠵᠤ᠂ ᠡᠡᠭ᠌ ᠤᠨ ᠴᠢᠨᠠᠷᠳᠠᠢ ᠰᠢᠯᠵᠢᠭᠦᠯᠤᠨ ᠦᠭ‍ᠭᠦ ᠭᠡᠪᠴᠢᠶ᠎ᠡ ᠶᠢ ᠦᠷᠭᠡᠳᠭᠡᠭᠦ ᠪᠦᠭᠡᠤᠨ ᠠᠯᠪᠠᠨ ᠵᠢᠷᠤᠮ ᠤᠨ ᠰᠤᠷᠭᠠᠨ ᠭᠦᠮᠦᠵᠢᠯ ᠳ᠋ᠠᠭᠢ ᠳᠤᠰᠬᠠᠢ ᠵᠣᠢ᠌ᠯ ᠤᠨ ᠰᠢᠯᠵᠢᠭᠦᠯᠤᠨ ᠦᠭ‍ᠭᠦ ᠶᠠᠪᠣᠳᠠᠯ ᠢ ᠵᠢᠷᠤᠮᠵᠢᠭᠤᠯᠵᠤ᠂ ᠣᠷᠤᠨ ᠨᠤᠳᠤᠭ ᠤᠨ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠤ ᠠᠯᠪᠠᠨ ᠵᠢᠷᠤᠮ ᠤᠨ ᠰᠤᠷᠭᠠᠨ ᠭᠦᠮᠦᠵᠢᠯ ᠳ᠋ᠠᠭᠢ ᠣᠷᠤᠭᠤᠯᠤᠯᠳᠠ ᠪᠠᠨ ᠨᠡᠮᠡᠭ᠍ᠳᠡᠭᠦᠯᠭᠦ ᠶᠢ ᠳᠠᠮᠵᠢᠵᠤ ᠭᠦᠳᠦᠯᠤᠨ ᠵᠢᠯᠤᠭᠤᠳᠤᠨ᠎ᠠ᠃ ᠣᠷᠤᠨ ᠨᠤᠳᠤᠭ ᠤᠨ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠡᠴᠡ ᠳᠡᠭᠡᠳᠤ ᠱᠠᠳᠤᠨ ᠤ ᠠᠷᠠᠤᠨ ᠤᠨ ᠵᠠᠰᠠᠭ ᠤᠨ ᠣᠷᠳᠤᠨ ᠤ ᠠᠯᠪᠠᠨ ᠵᠢᠷᠤᠮ ᠤᠨ ᠰᠤᠷᠭᠠᠨ ᠭᠦᠮᠦᠵᠢᠯ ᠳᠤ ᠰᠢᠯᠵᠢᠭᠦᠯᠤᠨ ᠦᠭ‍ᠭᠦᠭ᠍ᠰᠡᠨ ᠪᠠᠯᠠ ᠮᠥᠩᠭᠦ ᠶᠢ ᠳᠤᠭᠳᠠᠭᠠᠯ ᠶᠤᠰᠤᠭᠠᠷ ᠠᠯᠪᠠᠨ ᠵᠢᠷᠤᠮ ᠤᠨ ᠰᠤᠷᠭᠠᠨ ᠭᠦᠮᠦᠵᠢᠯ ᠳᠤ ᠭᠡᠷᠡᠭᠯᠡᠭᠦ ᠶᠢ ᠦᠨᠡᠨ ᠭᠦ ᠪᠠᠳᠤᠯᠠᠨ᠎ᠠ᠃

ᠳᠦᠴᠢᠨ ᠳᠤᠯᠤᠳᠤᠭᠠᠷ ᠵᠣᠢ᠌ᠯ ᠲᠦᠷᠦ ᠶᠢᠨ ᠶᠠᠪᠣᠳᠠᠯ ᠤᠨ ᠬᠤᠷᠢᠶ᠎ᠠ ᠪᠣᠯᠤᠨ ᠰᠢᠶᠠᠨ ᠱᠠᠳᠤᠨ ᠡᠴᠡ ᠳᠡᠭᠡᠭ᠍ᠰᠢᠭᠢ ᠣᠷᠤᠨ ᠨᠤᠳᠤᠭ ᠤᠨ ᠠᠷᠠᠤᠨ ᠤᠨ ᠵᠠᠰᠠᠭ ᠤᠨ ᠣᠷᠳᠤᠨ ᠡᠴᠡ ᠪᠣᠳᠠᠳᠤ ᠭᠡᠷᠡᠭ᠍ᠴᠡᠭᠡ ᠪᠠᠨ ᠦᠨᠳᠦᠰᠦᠯᠠᠨ ᠳᠤᠰᠬᠠᠢ ᠵᠣᠢ᠌ᠯ ᠤᠨ ᠪᠠᠯᠠ ᠮᠥᠩᠭᠦ ᠪᠠᠢ᠌ᠭᠤᠯᠵᠤ᠂ ᠭᠦᠳᠡᠭᠡ ᠳᠤᠰᠬᠤᠨ ᠤ ᠭᠠᠵᠠᠷ ᠣᠷᠤᠨ᠂ ᠦᠨᠳᠦᠰᠦᠳᠠᠨ ᠤ ᠭᠠᠵᠠᠷ ᠣᠷᠤᠨ ᠤ ᠠᠯᠪᠠᠨ ᠵᠢᠷᠤᠮ ᠤᠨ ᠰᠤᠷᠭᠠᠨ ᠭᠦᠮᠦᠵᠢᠯ ᠢ ᠭᠡᠷᠡᠭ᠍ᠵᠢᠭᠦᠯᠭᠦ ᠶᠢ ᠲᠡᠳᠬᠦᠨ ᠳᠠᠮᠵᠢᠨ᠎ᠠ᠃

ᠳᠦᠴᠢᠨ ᠨᠢ᠋ᠮᠠᠳᠤᠭᠠᠷ ᠵᠣᠢ᠌ᠯ ᠨᠡᠢ᠌ᠭᠡᠮ ᠤᠨ ᠵᠤᠬᠢᠶᠠᠨ ᠪᠠᠢ᠌ᠭᠤᠯᠤᠯᠳᠠ ᠪᠣᠯᠤᠨ ᠬᠤᠪᠢ ᠭᠦᠮᠤᠨ ᠡᠴᠡ ᠠᠯᠪᠠᠨ ᠵᠢᠷᠤᠮ ᠤᠨ ᠰᠤᠷᠭᠠᠨ ᠭᠦᠮᠦᠵᠢᠯ ᠳᠤ ᠪᠠᠯᠡᠭᠯᠡᠨ ᠭᠦᠷᠭᠡᠭᠦ ᠶᠢ ᠣᠯᠤᠰ ᠡᠴᠡ ᠵᠤᠷᠢᠭᠵᠢᠭᠤᠯᠤᠨ᠎ᠠ᠂ ᠣᠯᠤᠰ ᠤᠨ ᠰᠠᠭᠤᠷᠢ ᠮᠥᠩᠭᠦᠨ ᠤ ᠨᠡᠢ᠌ᠭᠡᠮᠯᠢᠭ᠌ ᠤᠨ ᠬᠠᠮᠢᠶᠠᠷᠤᠯᠳᠠ ᠶᠢᠨ ᠬᠤᠯᠪᠣᠭᠳᠠᠯ ᠪᠦᠭᠦᠢ ᠳᠤᠭᠳᠠᠭᠠᠯ ᠶᠤᠰᠤᠭᠠᠷ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠰᠠᠭᠤᠷᠢ ᠮᠥᠩᠭᠦ ᠪᠠᠢ᠌ᠭᠤᠯᠬᠤ ᠶᠢ ᠣᠯᠤᠰ ᠡᠴᠡ ᠵᠤᠷᠢᠭᠵᠢᠭᠤᠯᠤᠨ᠎ᠠ᠃

ᠳᠦᠴᠢ ᠶ‍ᠢᠰᠦᠳᠦᠭᠡᠷ ᠵᠣᠢ᠌ᠯ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠵᠠᠷᠤᠳᠠᠯ ᠢ ᠲᠦᠰᠤᠪ ᠤᠨ ᠳᠤᠭᠳᠠᠭᠠᠯ ᠢ ᠴᠢᠩᠭ᠋᠎ᠠ ᠵᠢᠷᠤᠮᠯᠠᠨ ᠠᠯᠪᠠᠨ ᠵᠢᠷᠤᠮ ᠤᠨ ᠰᠤᠷᠭᠠᠨ ᠭᠦᠮᠦᠵᠢᠯ ᠳᠤ ᠭᠡᠷᠡᠭᠯᠡᠨ᠎ᠡ ︔ ᠶᠠᠮᠠᠷᠪᠠ ᠵᠤᠬᠢᠶᠠᠨ ᠪᠠᠢ᠌ᠭᠤᠯᠤᠯᠳᠠ ᠪᠣᠯᠤᠨ ᠬᠤᠪᠢ ᠭᠦᠮᠤᠨ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠵᠠᠷᠤᠳᠠᠯ ᠢ ᠡᠵᠡᠯᠡᠭᠦ ᠪᠠ ᠨᠡᠭᠦᠯᠭᠡᠨ ᠭᠡᠷᠡᠭᠯᠡᠵᠤ ᠪᠣᠯᠬᠤ ᠦᠭᠡᠶ᠂ ᠰᠤᠷᠭᠠᠭᠤᠯᠢ ᠡᠴᠡ ᠬᠠᠤᠯᠢ ᠪᠣᠰᠤ ᠪᠠᠷ ᠰᠥᠢᠦᠡᠭᠡᠯ ᠬᠤᠷᠢᠶᠠᠬᠤ ᠪᠣᠶᠤ ᠳᠡᠰᠭᠡᠨ ᠳᠠᠭᠠᠭᠠᠯᠭᠠᠵᠤ ᠪᠣᠯᠬᠤ ᠦᠭᠡᠶ᠃

ᠳᠠᠪᠢᠳᠤᠭᠠᠷ ᠵᠣᠢ᠌ᠯ ᠰᠢᠶᠠᠨ ᠤᠨ ᠱᠠᠳᠤᠨ ᠡᠴᠡ ᠳᠡᠭᠡᠭ᠍ᠰᠢᠭᠢ ᠠᠷᠠᠤᠨ ᠤᠨ ᠵᠠᠰᠠᠭ ᠤᠨ ᠣᠷᠳᠤᠨ ᠡᠴᠡ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠵᠠᠷᠤᠳᠠᠯ ᠤᠨ ᠭᠢᠨᠠᠨ ᠪᠣᠳᠤᠬᠤ ᠭᠢᠨᠠᠯᠳᠠ ᠳᠠᠯᠪᠢᠬᠤ ᠳᠦᠷᠢᠮ ᠪᠠ ᠪᠦᠷᠢᠦᠡᠭᠡᠵᠤ ᠵᠠᠷᠯᠠᠬᠤ ᠳᠦᠷᠢᠮ ᠢ ᠪᠠᠢ᠌ᠭᠤᠯᠤᠨ ᠳᠡᠭᠦᠯᠳᠡᠷᠵᠢᠭᠦᠯᠦᠨ᠎ᠡ᠃


ᠳᠤᠯᠤᠳᠤᠭᠠᠷ ᠪᠦᠯᠦᠭ᠌      ᠬᠠᠤᠯᠢ ᠶᠢᠨ ᠬᠠᠷᠢᠭᠤᠴᠠᠯᠭ᠎ᠠ


ᠳᠠᠪᠢᠨ ᠨᠢᠭᠡᠳᠦᠭᠡᠷ ᠵᠣᠢ᠌ᠯ ᠲᠦᠷᠦ ᠶᠢᠨ ᠶᠠᠪᠣᠳᠠᠯ ᠤᠨ ᠬᠤᠷᠢᠶ᠎ᠠ ᠶᠢᠨ ᠬᠤᠯᠪᠣᠭᠳᠠᠯ ᠪᠦᠭᠦᠢ ᠰᠠᠯᠠᠭ᠎ᠠ ᠮᠦᠴᠢᠷ ᠪᠣᠯᠤᠨ ᠣᠷᠤᠨ ᠨᠤᠳᠤᠭ ᠤᠨ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠨᠢ ᠳᠤᠰ ᠬᠠᠤᠯᠢ ᠶᠢᠨ ᠵᠢᠷᠭᠤᠳᠤᠭᠠᠷ ᠪᠦᠯᠦᠭ᠌ ᠤᠨ ᠳᠤᠭᠳᠠᠭᠠᠯ ᠢ ᠵᠦᠷᠢᠴᠠᠵᠤ᠂ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠵᠠᠷᠤᠳᠠᠯ ᠢ ᠪᠠᠳᠤᠯᠠᠬᠤ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭ᠍ᠰᠡᠨ ᠦᠭᠡᠶ ᠪᠠᠢ᠌ᠪᠠᠯ᠂ ᠲᠦᠷᠦ ᠶᠢᠨ ᠶᠠᠪᠣᠳᠠᠯ ᠤᠨ ᠬᠤᠷᠢᠶ᠎ᠠ ᠪᠣᠶᠤ ᠳᠡᠭᠡᠳᠤ ᠱᠠᠳᠤᠨ ᠤ ᠣᠷᠤᠨ ᠨᠤᠳᠤᠭ ᠤᠨ ᠠᠷᠠᠤᠨ ᠤᠨ ᠵᠠᠰᠠᠭ ᠤᠨ ᠣᠷᠳᠤᠨ ᠡᠴᠡ ᠵᠠᠷᠯᠢᠭᠳᠠᠵᠤ ᠪᠠᠢ᠌ᠭᠠᠤᠨ ᠬᠤᠭᠤᠴᠠᠭ᠎ᠠ ᠳᠤᠭᠳᠠᠭᠠᠨ ᠵᠠᠯᠠᠷᠠᠭᠤᠯᠤᠭᠤᠯᠤᠨ᠎ᠠ ︔ ᠣᠢ᠌ᠯᠠ ᠪᠠᠢ᠌ᠳᠠᠯ ᠨᠢ ᠭᠦᠡᠳᠤ ᠨᠤᠴᠢᠳᠠᠢ ᠪᠠᠢ᠌ᠪᠠᠯ᠂ ᠰᠢᠭᠤᠳ ᠬᠠᠷᠢᠭᠤᠴᠠᠵᠤ ᠪᠠᠢ᠌ᠭ᠎ᠠ ᠡᠷᠭᠢᠯᠡᠨ ᠬᠠᠮᠢᠶᠠᠷᠬᠤ ᠭᠦᠮᠤᠨ ᠪᠣᠶᠤ ᠰᠢᠭᠤᠳ ᠬᠠᠷᠢᠭᠤᠴᠠᠯᠭ᠎ᠠ ᠲᠡᠶ ᠪᠣᠰᠤᠳ ᠭᠦᠮᠤᠨ ᠳᠤ ᠬᠠᠤᠯᠢ ᠶᠤᠰᠤᠭᠠᠷ ᠵᠠᠰᠠᠭ ᠵᠠᠭᠢᠷᠭᠠᠨ ᠤ ᠰᠢᠦᠡᠭᠡᠯ ᠦᠭ‍ᠭᠦᠨ᠎ᠡ᠃

ᠳᠠᠪᠢᠨ ᠬᠤᠶᠠᠳᠤᠭᠠᠷ ᠵᠣᠢ᠌ᠯ ᠰᠢᠶᠠᠨ ᠤ ᠱᠠᠳᠤᠨ ᠡᠴᠡ ᠳᠡᠭᠡᠭ᠍ᠰᠢᠭᠢ ᠣᠷᠤᠨ ᠨᠤᠳᠤᠭ ᠤᠨ ᠠᠷᠠᠤᠨ ᠤᠨ ᠵᠠᠰᠠᠭ ᠤᠨ ᠣᠷᠳᠤᠨ ᠳᠤ ᠳᠤᠤᠷ᠎ᠠ ᠵᠢᠭᠰᠠᠭᠠᠭᠰᠠᠨ ᠪᠠᠢ᠌ᠳᠠᠯ ᠤᠳ ᠤᠨ ᠨᠢᠭᠡ ᠨᠢ ᠪᠠᠢ᠌ᠪᠠᠯ᠂ ᠳᠡᠭᠡᠳᠤ ᠱᠠᠳᠤᠨ ᠤ ᠠᠷᠠᠤᠨ ᠤᠨ ᠵᠠᠰᠠᠭ ᠤᠨ ᠣᠷᠳᠤᠨ ᠡᠴᠡ ᠵᠠᠷᠯᠢᠭᠳᠠᠵᠤ ᠪᠠᠢ᠌ᠭᠠᠤᠨ ᠬᠤᠭᠤᠴᠠᠭ᠎ᠠ ᠳᠤᠭᠳᠠᠭᠠᠨ ᠵᠠᠯᠠᠷᠠᠭᠤᠯᠤᠭᠤᠯᠤᠨ᠎ᠠ ︔ ᠣᠢ᠌ᠯᠠ ᠪᠠᠢ᠌ᠳᠠᠯ ᠨᠢ ᠭᠦᠡᠳᠤ ᠨᠤᠴᠢᠳᠠᠢ ᠪᠠᠢ᠌ᠪᠠᠯ᠂ ᠰᠢᠭᠤᠳ ᠬᠠᠷᠢᠭᠤᠴᠠᠵᠤ ᠪᠠᠢ᠌ᠭ᠎ᠠ ᠡᠷᠭᠢᠯᠡᠨ ᠬᠠᠮᠢᠶᠠᠷᠬᠤ ᠭᠦᠮᠤᠨ ᠪᠣᠶᠤ ᠰᠢᠭᠤᠳ ᠬᠠᠷᠢᠭᠤᠴᠠᠯᠭ᠎ᠠ ᠲᠡᠶ ᠪᠣᠰᠤᠳ ᠭᠦᠮᠤᠨ ᠳᠤ ᠬᠠᠤᠯᠢ ᠶᠤᠰᠤᠭᠠᠷ ᠵᠠᠰᠠᠭ ᠵᠠᠭᠢᠷᠭᠠᠨ ᠤ ᠰᠢᠦᠡᠭᠡᠯ ᠦᠭ‍ᠭᠦᠨ᠎ᠡ᠄

(ᠨᠢᠭᠡ )ᠰᠤᠷᠭᠠᠭᠤᠯᠢ ᠶᠢᠨ ᠪᠠᠢ᠌ᠷᠢᠯᠠᠭᠤᠯᠬᠤ ᠳᠦᠯᠦᠪᠵᠢᠭᠦᠯᠭᠡ ᠶᠢ ᠣᠯᠤᠰ ᠤᠨ ᠬᠤᠯᠪᠣᠭᠳᠠᠯ ᠪᠦᠭᠦᠢ ᠳᠤᠭᠳᠠᠭᠠᠯ ᠶᠤᠰᠤᠭᠠᠷ ᠳᠤᠭᠳᠠᠭᠠᠵᠤ᠂ ᠳᠤᠭᠢᠷᠠᠭᠤᠯᠤᠭᠰᠠᠨ ᠦᠭᠡᠶ ᠪᠠᠢ᠌ᠬᠤ ︔

(ᠬᠤᠶᠠᠷ) ᠰᠤᠷᠭᠠᠭᠤᠯᠢ ᠶᠢᠨ ᠪᠦᠳᠦᠭᠡᠨ ᠪᠠᠢ᠌ᠭᠤᠯᠤᠯᠳᠠ ᠨᠢ ᠣᠯᠤᠰ ᠤᠨ ᠳᠤᠭᠳᠠᠭᠠᠭᠰᠠᠨ ᠰᠤᠷᠭᠠᠭᠤᠯᠢ ᠡᠷᠭᠢᠯᠡᠭᠦ ᠪᠠᠷᠢᠮᠵᠢᠶ᠎ᠠ᠂ ᠭᠠᠵᠠᠷ ᠰᠤᠩᠭ᠋ᠤᠬᠤ ᠱᠠᠭᠠᠷᠳᠠᠯᠭ᠎ᠠ ᠪᠣᠯᠤᠨ ᠪᠦᠳᠦᠭᠡᠨ ᠪᠠᠢ᠌ᠭᠤᠯᠤᠯᠳᠠ ᠶᠢᠨ ᠪᠠᠷᠢᠮᠵᠢᠶ᠎ᠠ ᠳᠤ ᠦᠯᠦ ᠨᠡᠢ᠌ᠴᠡᠭ᠍ᠰᠡᠨ ᠪᠠᠢ᠌ᠬᠤ ︔

(ᠭᠤᠷᠪᠠ) ᠰᠤᠷᠭᠠᠭᠤᠯᠢ ᠶᠢᠨ ᠪᠠᠢ᠌ᠷᠢ ᠶᠢᠨ ᠡᠡᠶ‍ᠦᠯᠭᠦᠢ ᠶᠢ ᠳᠤᠭᠳᠠᠮᠠᠯ ᠬᠤᠭᠤᠴᠠᠭ᠎ᠠ ᠲᠡᠶ ᠪᠠᠷ ᠪᠠᠢ᠌ᠴᠠᠭᠠᠭᠰᠠᠨ ᠦᠭᠡᠶ ᠪᠦᠭᠡᠤᠨ ᠴᠠᠭ ᠳᠤᠬᠠᠢ ᠳ᠋ᠤᠨᠢ ᠰᠠᠯᠪᠢᠨ ᠵᠠᠰᠠᠵᠤ᠂ ᠥᠭᠡᠷᠡᠴᠢᠯᠡᠭ᠍ᠰᠡᠨ ᠦᠭᠡᠶ ᠪᠠᠢ᠌ᠬᠤ ︔

(ᠲ᠋ᠤᠢᠷᠪᠠ) ᠳᠤᠰ ᠬᠠᠤᠯᠢ ᠶᠢᠨ ᠳᠤᠭᠳᠠᠭᠠᠯ ᠶᠤᠰᠤᠭᠠᠷ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠵᠠᠷᠤᠳᠠᠯ ᠢ ᠳᠡᠩᠴᠡᠭᠦᠷᠢᠳᠡᠢ ᠳᠤᠭᠢᠷᠠᠭᠤᠯᠤᠭᠰᠠᠨ ᠦᠭᠡᠶ ᠪᠠᠢ᠌ᠬᠤ᠃

ᠳᠠᠪᠢᠨ ᠭᠤᠷᠪᠠᠳᠤᠭᠠᠷ ᠵᠣᠢ᠌ᠯ ᠰᠢᠶᠠᠨ ᠤ ᠱᠠᠳᠤᠨ ᠡᠴᠡ ᠳᠡᠭᠡᠭ᠍ᠰᠢᠭᠢ ᠠᠷᠠᠤᠨ ᠤᠨ ᠵᠠᠰᠠᠭ ᠤᠨ ᠣᠷᠳᠤᠨ ᠪᠣᠶᠤ ᠳᠡᠭᠦᠨ ᠤ ᠰᠤᠷᠭᠠᠨ ᠭᠦᠮᠦᠵᠢᠯ ᠤᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠲᠤ ᠳᠤᠤᠷ᠎ᠠ ᠵᠢᠭᠰᠠᠭᠠᠭᠰᠠᠨ ᠪᠠᠢ᠌ᠳᠠᠯ ᠤᠳ ᠤᠨ ᠨᠢᠭᠡ ᠨᠢ ᠪᠠᠢ᠌ᠪᠠᠯ᠂ ᠳᠡᠭᠡᠳᠤ ᠱᠠᠳᠤᠨ ᠤ ᠠᠷᠠᠤᠨ ᠤᠨ ᠵᠠᠰᠠᠭ ᠤᠨ ᠣᠷᠳᠤᠨ ᠪᠣᠶᠤ ᠳᠡᠭᠦᠨ ᠤ ᠰᠤᠷᠭᠠᠨ ᠭᠦᠮᠦᠵᠢᠯ ᠤᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠡᠴᠡ ᠵᠠᠷᠯᠢᠭᠳᠠᠵᠤ ᠪᠠᠢ᠌ᠭᠠᠤᠨ ᠬᠤᠭᠤᠴᠠᠭ᠎ᠠ ᠳᠤᠭᠳᠠᠭᠠᠨ ᠵᠠᠯᠠᠷᠠᠭᠤᠯᠤᠭᠤᠯᠵᠤ᠂ ᠵᠠᠷᠯᠠᠨ ᠰᠢᠭᠦᠮᠵᠢᠯᠡᠨ᠎ᠡ ︔ ᠣᠢ᠌ᠯᠠ ᠪᠠᠢ᠌ᠳᠠᠯ ᠨᠢ ᠭᠦᠡᠳᠤ ᠨᠤᠴᠢᠳᠠᠢ ᠪᠠᠢ᠌ᠪᠠᠯ᠂ ᠰᠢᠭᠤᠳ ᠬᠠᠷᠢᠭᠤᠴᠠᠵᠤ ᠪᠠᠢ᠌ᠭ᠎ᠠ ᠡᠷᠭᠢᠯᠡᠨ ᠬᠠᠮᠢᠶᠠᠷᠬᠤ ᠭᠦᠮᠤᠨ ᠪᠣᠶᠤ ᠰᠢᠭᠤᠳ ᠬᠠᠷᠢᠭᠤᠴᠠᠯᠭ᠎ᠠ ᠲᠡᠶ ᠪᠣᠰᠤᠳ ᠭᠦᠮᠤᠨ ᠳᠤ ᠬᠠᠤᠯᠢ ᠶᠤᠰᠤᠭᠠᠷ ᠵᠠᠰᠠᠭ ᠵᠠᠭᠢᠷᠭᠠᠨ ᠤ ᠰᠢᠦᠡᠭᠡᠯ ᠦᠭ‍ᠭᠦᠨ᠎ᠡ᠄

(ᠨᠢᠭᠡ ) ᠰᠤᠷᠭᠠᠭᠤᠯᠢ ᠶᠢ ᠭᠤᠤᠯᠳᠠᠯᠭᠠᠳᠤ ᠰᠤᠷᠭᠠᠭᠤᠯᠢ ᠪᠣᠯᠤᠨ ᠭᠤᠤᠯᠳᠠᠯᠭᠠᠳᠤ ᠪᠣᠰᠤ ᠰᠤᠷᠭᠠᠭᠤᠯᠢ ᠭᠡᠵᠤ ᠬᠤᠪᠢᠶᠠᠭᠰᠠᠨ ︔

(ᠬᠤᠶᠠᠷ) ᠠᠯᠪᠠᠨ ᠡᠴᠡ ᠡᠷᠭᠢᠯᠡᠭ᠍ᠰᠡᠨ ᠰᠤᠷᠭᠠᠭᠤᠯᠢ ᠶᠢᠨ ᠰᠢᠠᠵᠢ ᠴᠢᠨᠠᠷ ᠢ ᠬᠤᠪᠢᠷᠠᠭᠤᠯᠤᠭᠰᠠᠨ ᠪᠣᠶᠤ ᠭᠡᠯᠪᠠᠷᠢ ᠶᠢ ᠨᠢ ᠥᠭᠡᠷᠡᠳᠦᠭᠦᠯᠤᠨ ᠬᠤᠪᠢᠷᠠᠭᠤᠯᠤᠭᠰᠠᠨ᠃

ᠰᠢᠶᠠᠨ ᠤᠨ ᠱᠠᠳᠤᠨ ᠤ ᠠᠷᠠᠤᠨ ᠤᠨ ᠵᠠᠰᠠᠭ ᠤᠨ ᠣᠷᠳᠤᠨ ᠤ ᠰᠤᠷᠭᠠᠨ ᠭᠦᠮᠦᠵᠢᠯ ᠤᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠪᠣᠶᠤ ᠰᠤᠮᠤ ᠪᠠᠯᠭᠠᠰᠤᠨ ᠤ ᠠᠷᠠᠤᠨ ᠤᠨ ᠵᠠᠰᠠᠭ ᠤᠨ ᠣᠷᠳᠤᠨ ᠡᠴᠡ ᠠᠷᠭ᠎ᠠ ᠭᠡᠮᠵᠢᠶ᠎ᠡ ᠠᠪᠴᠤ ᠪᠠᠢ᠌ᠭᠠᠤᠨ ᠰᠤᠷᠭᠠᠭᠤᠯᠢ ᠳᠤ ᠣᠷᠤᠬᠤ ᠨᠠᠰᠤᠨ ᠤ ᠭᠡᠦᠭᠡᠤᠨ᠂ ᠪᠠᠭᠠᠴᠤᠳ ᠤᠨ ᠰᠤᠷᠭᠠᠭᠤᠯᠢ ᠳᠤ ᠣᠷᠤᠬᠤ ᠶᠢ ᠵᠤᠬᠢᠶᠠᠨ ᠪᠠᠢ᠌ᠭᠤᠯᠤᠭᠰᠠᠨ ᠦᠭᠡᠶ ᠪᠣᠶᠤ ᠰᠤᠷᠤᠯᠭ᠎ᠠ ᠪᠠᠨ ᠳᠤᠷᠭᠤᠨ ᠵᠤᠭᠰᠤᠬᠤ ᠶᠢ ᠬᠤᠷᠢᠭᠯᠠᠭᠰᠠᠨ ᠦᠭᠡᠶ ᠪᠠᠢ᠌ᠪᠠᠯ᠂ ᠡᠮᠦᠨᠡᠭᠢ ᠪᠠᠳᠠᠭ ᠤᠨ ᠳᠤᠭᠳᠠᠭᠠᠯ ᠶᠤᠰᠤᠭᠠᠷ ᠬᠠᠤᠯᠢ ᠶᠢᠨ ᠬᠠᠷᠢᠭᠤᠴᠠᠯᠭ᠎ᠠ ᠨᠡᠭᠡᠮᠵᠢᠯᠡᠨ᠎ᠡ᠃

ᠳᠠᠪᠢᠨ ᠳᠦᠷᠪᠠᠳᠦᠭᠡᠷ ᠵᠣᠢ᠌ᠯ ᠳᠤᠤᠷ᠎ᠠ ᠵᠢᠭᠰᠠᠭᠠᠭᠰᠠᠨ ᠪᠠᠢ᠌ᠳᠠᠯ ᠤᠳ ᠤᠨ ᠨᠢᠭᠡ ᠨᠢ ᠪᠠᠢ᠌ᠪᠠᠯ᠂ ᠳᠡᠭᠡᠳᠤ ᠱᠠᠳᠤᠨ ᠤ ᠠᠷᠠᠤᠨ ᠤᠨ ᠵᠠᠰᠠᠭ ᠤᠨ ᠣᠷᠳᠤᠨ ᠪᠣᠶᠤ ᠳᠡᠭᠡᠳᠤ ᠱᠠᠳᠤᠨ ᠤ ᠠᠷᠠᠤᠨ ᠤᠨ ᠵᠠᠰᠠᠭ ᠤᠨ ᠣᠷᠳᠤᠨ ᠤ ᠰᠤᠷᠭᠠᠨ ᠭᠦᠮᠦᠵᠢᠯ ᠤᠨ ᠵᠠᠰᠠᠭ ᠵᠠᠭᠢᠷᠭᠠᠨ ᠤ ᠰᠠᠯᠠᠭ᠎ᠠ ᠮᠦᠴᠢᠷ᠂ ᠡᠳ᠋ ᠤᠨ ᠵᠠᠰᠠᠭ ᠤᠨ ᠰᠠᠯᠠᠭ᠎ᠠ ᠮᠦᠴᠢᠷ᠂ ᠦᠨ᠎ᠡ ᠬᠠᠩᠰᠢ ᠶᠢᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠪᠣᠯᠤᠨ ᠭᠢᠨᠠᠨ ᠪᠣᠳᠤᠬᠤ ᠪᠠᠢ᠌ᠭᠤᠯᠭ᠎ᠠ ᠡᠴᠡ ᠳᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠢᠡᠨ ᠦᠨᠳᠦᠰᠦᠯᠠᠨ ᠵᠠᠷᠯᠢᠭᠳᠠᠵᠤ ᠪᠠᠢ᠌ᠭᠠᠤᠨ ᠬᠤᠭᠤᠴᠠᠭ᠎ᠠ ᠳᠤᠭᠳᠠᠭᠠᠨ ᠵᠠᠯᠠᠷᠠᠭᠤᠯᠤᠭᠤᠯᠤᠨ᠎ᠠ ︔ ᠣᠢ᠌ᠯᠠ ᠪᠠᠢ᠌ᠳᠠᠯ ᠨᠢ ᠭᠦᠡᠳᠤ ᠨᠤᠴᠢᠳᠠᠢ ᠪᠠᠢ᠌ᠪᠠᠯ᠂ ᠰᠢᠭᠤᠳ ᠬᠠᠷᠢᠭᠤᠴᠠᠵᠤ ᠪᠠᠢ᠌ᠭ᠎ᠠ ᠡᠷᠭᠢᠯᠡᠨ ᠬᠠᠮᠢᠶᠠᠷᠬᠤ ᠭᠦᠮᠤᠨ ᠪᠣᠶᠤ ᠰᠢᠭᠤᠳ ᠬᠠᠷᠢᠭᠤᠴᠠᠯᠭ᠎ᠠ ᠲᠡᠶ ᠪᠣᠰᠤᠳ ᠭᠦᠮᠤᠨ ᠳᠤ ᠬᠠᠤᠯᠢ ᠶᠤᠰᠤᠭᠠᠷ ᠰᠢᠦᠡᠭᠡᠯ ᠦᠭ‍ᠭᠦᠨ᠎ᠡ᠄

(ᠨᠢᠭᠡ ) ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠵᠠᠷᠤᠳᠠᠯ ᠢ ᠡᠵᠡᠯᠡᠭ᠍ᠰᠡᠨ ᠪᠣᠶᠤ ᠨᠡᠭᠦᠯᠭᠡᠨ ᠭᠡᠷᠡᠭᠯᠡᠭ᠍ᠰᠡᠨ ︔

(ᠬᠤᠶᠠᠷ) ᠰᠤᠷᠭᠠᠭᠤᠯᠢ ᠡᠴᠡ ᠬᠠᠤᠯᠢ ᠪᠣᠰᠤ ᠪᠠᠷ ᠰᠥᠢᠦᠡᠭᠡᠯ ᠬᠤᠷᠢᠶᠠᠭᠰᠠᠨ ᠪᠣᠶᠤ ᠵᠠᠷᠤᠳᠠᠯ ᠢ ᠳᠡᠰᠭᠡᠭ᠍ᠰᠡᠨ᠃

ᠳᠠᠪᠢᠨ ᠳᠠᠪᠣᠳᠤᠭᠠᠷ ᠵᠣᠢ᠌ᠯ ᠰᠤᠷᠭᠠᠭᠤᠯᠢ ᠪᠣᠶᠤ ᠪᠠᠭᠰᠢ ᠨᠡᠷ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠠᠵᠢᠯ ᠤᠨ ᠳᠤᠮᠳᠠ ᠪᠠᠨ ᠰᠤᠷᠭᠠᠨ ᠭᠦᠮᠦᠵᠢᠯ ᠤᠨ ᠬᠠᠤᠯᠢ᠂ ᠪᠠᠭᠰᠢ ᠶᠢᠨ ᠬᠠᠤᠯᠢ ᠶᠢᠨ ᠳᠤᠭᠳᠠᠭᠠᠯ ᠡᠴᠡ ᠵᠥᠷᠢᠴᠡᠭ᠍ᠰᠡᠨ ᠪᠠᠢ᠌ᠪᠠᠯ᠂ ᠰᠤᠷᠭᠠᠨ ᠭᠦᠮᠦᠵᠢᠯ ᠤᠨ ᠬᠠᠤᠯᠢ᠂ ᠪᠠᠭᠰᠢ ᠶᠢᠨ ᠬᠠᠤᠯᠢ ᠶᠢᠨ ᠬᠤᠯᠪᠣᠭᠳᠠᠯ ᠪᠦᠭᠦᠢ ᠳᠤᠭᠳᠠᠭᠠᠯ ᠶᠤᠰᠤᠭᠠᠷ ᠰᠢᠦᠡᠭᠡᠨ᠎ᠡ᠃

ᠳᠠᠪᠢᠨ ᠵᠢᠷᠭᠤᠳᠤᠭᠠᠷ ᠵᠣᠢ᠌ᠯ ᠰᠤᠷᠭᠠᠭᠤᠯᠢ ᠨᠢ ᠣᠯᠤᠰ ᠤᠨ ᠳᠤᠭᠳᠠᠭᠠᠯ ᠢ ᠵᠦᠷᠢᠴᠠᠵᠤ ᠰᠥᠢᠦᠡᠭᠡᠯ ᠬᠤᠷᠢᠶᠠᠭᠰᠠᠨ ᠪᠠᠢ᠌ᠪᠠᠯ᠂ ᠰᠢᠶᠠᠨ ᠤ ᠱᠠᠳᠤᠨ ᠤ ᠠᠷᠠᠤᠨ ᠤᠨ ᠵᠠᠰᠠᠭ ᠤᠨ ᠣᠷᠳᠤᠨ ᠤ ᠰᠤᠷᠭᠠᠨ ᠭᠦᠮᠦᠵᠢᠯ ᠤᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠡᠴᠡ ᠵᠠᠷᠯᠢᠭᠳᠠᠵᠤ ᠪᠠᠢ᠌ᠭᠠᠤᠨ ᠬᠤᠷᠢᠶᠠᠭᠰᠠᠨ ᠰᠥᠢᠦᠡᠭᠡᠯ ᠢ ᠪᠣᠴᠠᠭᠠᠯᠭᠠᠨ᠎ᠠ ︔ ᠰᠢᠭᠤᠳ ᠬᠠᠷᠢᠭᠤᠴᠠᠵᠤ ᠪᠠᠢ᠌ᠭ᠎ᠠ ᠡᠷᠭᠢᠯᠡᠨ ᠬᠠᠮᠢᠶᠠᠷᠬᠤ ᠭᠦᠮᠤᠨ ᠪᠣᠶᠤ ᠰᠢᠭᠤᠳ ᠬᠠᠷᠢᠭᠤᠴᠠᠯᠭ᠎ᠠ ᠲᠡᠶ ᠪᠣᠰᠤᠳ ᠭᠦᠮᠤᠨ ᠳᠤ ᠬᠠᠤᠯᠢ ᠶᠤᠰᠤᠭᠠᠷ ᠰᠢᠦᠡᠭᠡᠯ ᠦᠭ‍ᠭᠦᠨ᠎ᠡ᠃ ᠰᠤᠷᠭᠠᠭᠤᠯᠢ ᠨᠢ ᠰᠤᠷᠤᠭᠴᠢᠳ ᠲᠤ ᠳᠠᠸᠠᠷ᠂ ᠥᠢᠯᠡᠴᠢᠯᠡᠭᠡ ᠶᠢ ᠪᠣᠷᠤᠯᠠᠭᠤᠯᠬᠤ ᠪᠣᠶᠤ ᠭᠡᠯᠪᠠᠷᠢ ᠶᠢ ᠨᠢ ᠥᠭᠡᠷᠡᠳᠦᠭᠦᠯᠤᠨ ᠪᠣᠷᠤᠯᠠᠭᠤᠯᠬᠤ ᠵᠡᠷᠭᠡ ᠠᠷᠭ᠎ᠠ ᠭᠡᠯᠪᠠᠷᠢ ᠪᠠᠷ ᠠᠰᠢᠭ ᠳᠤᠰᠠ ᠣᠯᠤᠭᠰᠠᠨ ᠪᠠᠢ᠌ᠪᠠᠯ᠂ ᠰᠢᠶᠠᠨ ᠤ ᠱᠠᠳᠤᠨ ᠤ ᠠᠷᠠᠤᠨ ᠤᠨ ᠵᠠᠰᠠᠭ ᠤᠨ ᠣᠷᠳᠤᠨ ᠤ ᠰᠤᠷᠭᠠᠨ ᠭᠦᠮᠦᠵᠢᠯ ᠤᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠡᠴᠡ ᠵᠠᠷᠯᠠᠨ ᠰᠢᠭᠦᠮᠵᠢᠯᠡᠨ᠎ᠡ ︔ ᠬᠠᠤᠯᠢ ᠶᠢ ᠵᠦᠷᠢᠴᠠᠵᠤ ᠣᠯᠤᠭᠰᠠᠨ ᠠᠰᠢᠭ ᠣᠯᠵᠠᠪᠣᠷᠢ ᠲᠡᠶ ᠪᠠᠢ᠌ᠪᠠᠯ᠂ ᠬᠠᠤᠯᠢ ᠶᠢ ᠵᠦᠷᠢᠴᠠᠵᠤ ᠣᠯᠤᠭᠰᠠᠨ ᠠᠰᠢᠭ ᠣᠯᠵᠠᠪᠣᠷᠢ ᠶᠢ ᠨᠢ ᠬᠤᠷᠢᠶᠠᠨ ᠠᠪᠣᠨ᠎ᠠ ︔ ᠰᠢᠭᠤᠳ ᠬᠠᠷᠢᠭᠤᠴᠠᠵᠤ ᠪᠠᠢ᠌ᠭ᠎ᠠ ᠡᠷᠭᠢᠯᠡᠨ ᠬᠠᠮᠢᠶᠠᠷᠬᠤ ᠭᠦᠮᠤᠨ ᠪᠣᠯᠤᠨ ᠰᠢᠭᠤᠳ ᠬᠠᠷᠢᠭᠤᠴᠠᠯᠭ᠎ᠠ ᠲᠡᠶ ᠪᠣᠰᠤᠳ ᠭᠦᠮᠤᠨ ᠳᠤ ᠬᠠᠤᠯᠢ ᠶᠤᠰᠤᠭᠠᠷ ᠰᠢᠦᠡᠭᠡᠯ ᠦᠭ‍ᠭᠦᠨ᠎ᠡ᠃

ᠲᠦᠷᠦ ᠶᠢᠨ ᠪᠠᠢ᠌ᠭᠤᠯᠭ᠎ᠠ ᠶᠢᠨ ᠠᠵᠢᠯᠳᠠᠨ ᠪᠣᠯᠤᠨ ᠭᠢᠴᠢᠶᠠᠯ ᠤᠨ ᠪᠢᠴᠢᠭ᠌ ᠢ ᠭᠢᠨᠠᠨ ᠪᠠᠢ᠌ᠴᠠᠭᠠᠬᠤ ᠭᠦᠮᠦᠰ ᠭᠢᠴᠢᠶᠠᠯ ᠤᠨ ᠪᠢᠴᠢᠭ᠌ ᠢ ᠨᠠᠢ᠌ᠷᠠᠭᠤᠯᠤᠨ ᠪᠢᠴᠢᠭᠦ ᠠᠵᠢᠯ ᠳᠤ ᠣᠷᠤᠯᠴᠠᠭᠰᠠᠨ ᠪᠣᠶᠤ ᠭᠡᠯᠪᠠᠷᠢ ᠶᠢ ᠨᠢ ᠥᠭᠡᠷᠡᠳᠦᠭᠦᠯᠤᠨ ᠣᠷᠤᠯᠴᠠᠭᠰᠠᠨ ᠪᠠᠢ᠌ᠪᠠᠯ᠂ ᠰᠢᠶᠠᠨ ᠤ ᠱᠠᠳᠤᠨ ᠡᠴᠡ ᠳᠡᠭᠡᠭ᠍ᠰᠢᠭᠢ ᠠᠷᠠᠤᠨ ᠤᠨ ᠵᠠᠰᠠᠭ ᠤᠨ ᠣᠷᠳᠤᠨ ᠪᠣᠶᠤ ᠳᠡᠭᠦᠨ ᠤ ᠰᠤᠷᠭᠠᠨ ᠭᠦᠮᠦᠵᠢᠯ ᠤᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠡᠴᠡ ᠳᠤᠰᠢᠶᠠᠯ ᠬᠠᠷᠢᠭᠤᠴᠠᠯᠭ᠎ᠠ ᠶᠢᠨ ᠡᠷᠭᠡ ᠶᠢᠨ ᠭᠡᠪᠴᠢᠶ᠎ᠡ ᠪᠠᠨ ᠦᠨᠳᠦᠰᠦᠯᠠᠨ ᠵᠠᠷᠯᠢᠭᠳᠠᠵᠤ ᠪᠠᠢ᠌ᠭᠠᠤᠨ ᠬᠤᠭᠤᠴᠠᠭᠠᠨ ᠳᠤᠭᠳᠠᠭᠠᠨ ᠵᠠᠯᠠᠷᠠᠭᠤᠯᠤᠭᠤᠯᠵᠤ᠂ ᠬᠠᠤᠯᠢ ᠶᠤᠰᠤᠭᠠᠷ ᠵᠠᠰᠠᠭ ᠵᠠᠭᠢᠷᠭᠠᠨ ᠤ ᠰᠢᠦᠡᠭᠡᠯ ᠦᠭ‍ᠭᠦᠨ᠎ᠡ᠃ ᠬᠠᠤᠯᠢ ᠶᠢ ᠵᠦᠷᠢᠴᠠᠵᠤ ᠣᠯᠤᠭᠰᠠᠨ ᠠᠰᠢᠭ ᠣᠯᠵᠠᠪᠣᠷᠢ ᠲᠡᠶ ᠪᠠᠢ᠌ᠪᠠᠯ᠂ ᠬᠠᠤᠯᠢ ᠶᠢ ᠵᠦᠷᠢᠴᠠᠵᠤ ᠣᠯᠤᠭᠰᠠᠨ ᠠᠰᠢᠭ ᠣᠯᠵᠠᠪᠣᠷᠢ ᠶᠢ ᠨᠢ ᠬᠤᠷᠢᠶᠠᠨ ᠠᠪᠣᠨ᠎ᠠ᠃

ᠳᠠᠪᠢᠨ ᠳᠤᠯᠤᠳᠤᠭᠠᠷ ᠵᠣᠢ᠌ᠯ ᠰᠤᠷᠭᠠᠭᠤᠯᠢ ᠳᠤ ᠳᠤᠤᠷ᠎ᠠ ᠵᠢᠭᠰᠠᠭᠠᠭᠰᠠᠨ ᠪᠠᠢ᠌ᠳᠠᠯ ᠤᠳ ᠤᠨ ᠨᠢᠭᠡ ᠨᠢ ᠪᠠᠢ᠌ᠪᠠᠯ᠂ ᠰᠢᠶᠠᠨ ᠤ ᠱᠠᠳᠤᠨ ᠤ ᠠᠷᠠᠤᠨ ᠤᠨ ᠵᠠᠰᠠᠭ ᠤᠨ ᠣᠷᠳᠤᠨ ᠤ ᠰᠤᠷᠭᠠᠨ ᠭᠦᠮᠦᠵᠢᠯ ᠤᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠡᠴᠡ ᠵᠠᠷᠯᠢᠭᠳᠠᠵᠤ ᠪᠠᠢ᠌ᠭᠠᠤᠨ ᠬᠤᠭᠤᠴᠠᠭ᠎ᠠ ᠳᠤᠭᠳᠠᠭᠠᠨ ᠵᠠᠯᠠᠷᠠᠭᠤᠯᠤᠭᠤᠯᠤᠨ᠎ᠠ ︔ ᠣᠢ᠌ᠯᠠ ᠪᠠᠢ᠌ᠳᠠᠯ ᠨᠢ ᠭᠦᠡᠳᠤ ᠨᠤᠴᠢᠳᠠᠢ ᠪᠠᠢ᠌ᠪᠠᠯ᠂ ᠰᠢᠭᠤᠳ ᠬᠠᠷᠢᠭᠤᠴᠠᠵᠤ ᠪᠠᠢ᠌ᠭ᠎ᠠ ᠡᠷᠭᠢᠯᠡᠨ ᠬᠠᠮᠢᠶᠠᠷᠬᠤ ᠭᠦᠮᠤᠨ ᠪᠣᠶᠤ ᠰᠢᠭᠤᠳ ᠬᠠᠷᠢᠭᠤᠴᠠᠯᠭ᠎ᠠ ᠲᠡᠶ ᠪᠣᠰᠤᠳ ᠭᠦᠮᠤᠨ ᠳᠤ ᠬᠠᠤᠯᠢ ᠶᠤᠰᠤᠭᠠᠷ ᠰᠢᠦᠡᠭᠡᠯ ᠦᠭ‍ᠭᠦᠨ᠎ᠡ᠄

(ᠨᠢᠭᠡ ) ᠡᠡᠭ᠌ ᠤᠨ ᠰᠤᠷᠭᠠᠨ ᠭᠦᠮᠦᠵᠢᠯ ᠭᠦᠷᠳᠡᠭᠦ ᠴᠢᠳᠠᠪᠣᠷᠢ ᠲᠡᠶ ᠰᠤᠷᠭᠠᠭᠤᠯᠢ ᠳᠤ ᠣᠷᠤᠬᠤ ᠨᠠᠰᠤᠨ ᠤ ᠵᠡᠮᠳᠡᠭ᠌ ᠭᠡᠦᠭᠡᠤᠨ ᠪᠠᠭᠠᠴᠤᠳ ᠤᠨ ᠠᠩᠭᠢ ᠳᠠᠭᠠᠵᠤ ᠰᠤᠷᠤᠯᠴᠠᠬᠤ ᠶᠢ ᠭᠦᠯᠢᠶᠡᠵᠤ ᠠᠪᠣᠭᠰᠠᠨ ᠦᠭᠡᠶ ︔

(ᠬᠤᠶᠠᠷ) ᠭᠤᠤᠯᠳᠠᠯᠭᠠᠳᠤ ᠠᠩᠭᠢ ᠪᠠ ᠭᠤᠤᠯᠳᠠᠯᠭᠠᠳᠤ ᠪᠣᠰᠤ ᠠᠩᠭᠢ ᠭᠡᠵᠤ ᠬᠤᠪᠢᠶᠠᠭᠰᠠᠨ ︔

(ᠭᠤᠷᠪᠠ) ᠳᠤᠰ ᠬᠠᠤᠯᠢ ᠶᠢᠨ ᠳᠤᠭᠳᠠᠭᠠᠯ ᠡᠴᠡ ᠵᠦᠷᠢᠴᠠᠵᠤ ᠰᠤᠷᠤᠭᠴᠢ ᠶᠢ ᠰᠤᠷᠭᠠᠭᠤᠯᠢ ᠡᠴᠡ ᠭᠦᠭᠡᠭᠡᠭ᠍ᠰᠡᠨ ︔

(ᠲ᠋ᠤᠢᠷᠪᠠ) ᠭᠢᠨᠠᠨ ᠳᠤᠭᠳᠠᠭᠠᠯᠳᠠ ᠭᠢᠭ᠍ᠰᠡᠨ ᠦᠭᠡᠶ ᠭᠢᠴᠢᠶᠠᠯ ᠤᠨ ᠪᠢᠴᠢᠭ᠌ ᠢ ᠰᠤᠩᠭ᠋ᠤᠨ ᠭᠡᠷᠡᠭᠯᠡᠭ᠍ᠰᠡᠨ᠃

ᠳᠠᠪᠢᠨ ᠨᠢ᠋ᠮᠠᠳᠤᠭᠠᠷ ᠵᠣᠢ᠌ᠯ ᠰᠤᠷᠭᠠᠭᠤᠯᠢ ᠶᠢ ᠣᠷᠤᠬᠤ ᠨᠠᠰᠤᠨ ᠤ ᠭᠡᠦᠭᠡᠤᠨ᠂ ᠪᠠᠭᠠᠴᠤᠳ ᠤᠨ ᠡᠴᠢᠭᠡ ᠡᠭᠡ ᠪᠣᠶᠤ ᠬᠠᠤᠯᠢ ᠪᠠᠷ ᠳᠤᠭᠳᠠᠭᠠᠭᠰᠠᠨ ᠪᠣᠰᠤᠳ ᠭᠢᠨᠠᠨ ᠬᠠᠮᠠᠭᠠᠯᠠᠭᠴᠢ ᠨᠢ ᠵᠦᠢ ᠵᠤᠭᠢᠰᠳᠠᠢ ᠰᠢᠯᠳᠠᠭᠠᠨ ᠦᠭᠡᠶ ᠪᠠᠷ ᠰᠤᠷᠭᠠᠭᠤᠯᠢ ᠳᠤ ᠣᠷᠤᠬᠤ ᠨᠠᠰᠤᠨ ᠤ ᠭᠡᠦᠭᠡᠤᠨ᠂ ᠪᠠᠭᠠᠴᠤᠳ ᠢ ᠳᠤᠰ ᠬᠠᠤᠯᠢ ᠶᠢᠨ ᠳᠤᠭᠳᠠᠭᠠᠯ ᠶᠤᠰᠤᠭᠠᠷ ᠰᠤᠷᠭᠠᠭᠤᠯᠢ ᠳᠤ ᠣᠷᠤᠭᠤᠯᠵᠤ ᠠᠯᠪᠠᠨ ᠵᠢᠷᠤᠮ ᠤᠨ ᠰᠤᠷᠭᠠᠨ ᠭᠦᠮᠦᠵᠢᠯ ᠭᠦᠷᠳᠡᠭᠡᠭ᠍ᠰᠡᠨ ᠦᠭᠡᠶ ᠪᠠᠢ᠌ᠪᠠᠯ᠂ ᠳᠤᠬᠠᠢ ᠶᠢᠨ ᠭᠠᠵᠠᠷ ᠤᠨ ᠰᠤᠮᠤ ᠪᠠᠯᠭᠠᠰᠤᠨ ᠤ ᠠᠷᠠᠤᠨ ᠤᠨ ᠵᠠᠰᠠᠭ ᠤᠨ ᠣᠷᠳᠤᠨ ᠪᠣᠶᠤ ᠰᠢᠶᠠᠨ ᠤ ᠱᠠᠳᠤᠨ ᠤ ᠠᠷᠠᠤᠨ ᠤᠨ ᠵᠠᠰᠠᠭ ᠤᠨ ᠣᠷᠳᠤᠨ ᠤ ᠰᠤᠷᠭᠠᠨ ᠭᠦᠮᠦᠵᠢᠯ ᠤᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠡᠴᠡ ᠰᠢᠭᠦᠮᠵᠢᠯᠡᠨ ᠰᠤᠷᠭᠠᠵᠤ᠂ ᠵᠠᠷᠯᠢᠭᠳᠠᠵᠤ ᠪᠠᠢ᠌ᠭᠠᠤᠨ ᠬᠤᠭᠤᠴᠠᠭ᠎ᠠ ᠳᠤᠭᠳᠠᠭᠠᠨ ᠵᠠᠯᠠᠷᠠᠭᠤᠯᠤᠭᠤᠯᠤᠨ᠎ᠠ᠃

ᠳᠠᠪᠢ ᠶ‍ᠢᠰᠦᠳᠦᠭᠡᠷ ᠵᠣᠢ᠌ᠯ ᠳᠤᠤᠷ᠎ᠠ ᠵᠢᠭᠰᠠᠭᠠᠭᠰᠠᠨ ᠪᠠᠢ᠌ᠳᠠᠯ ᠤᠳ ᠤᠨ ᠨᠢᠭᠡ ᠨᠢ ᠪᠠᠢ᠌ᠪᠠᠯ᠂ ᠬᠤᠯᠪᠣᠭᠳᠠᠯ ᠪᠦᠭᠦᠢ ᠬᠠᠤᠯᠢ ᠴᠠᠭᠠᠵᠠ᠂ ᠵᠠᠰᠠᠭ ᠵᠠᠭᠢᠷᠭᠠᠨ ᠤ ᠬᠠᠤᠯᠢ ᠳᠦᠷᠢᠮ ᠤᠨ ᠳᠤᠭᠳᠠᠭᠠᠯ ᠶᠤᠰᠤᠭᠠᠷ ᠰᠢᠦᠡᠭᠡᠨ᠎ᠡ᠄

(ᠨᠢᠭᠡ) ᠠᠯᠪᠠᠨ ᠵᠢᠷᠤᠮ ᠤᠨ ᠰᠤᠷᠭᠠᠨ ᠭᠦᠮᠦᠵᠢᠯ ᠭᠦᠷᠳᠡᠭᠦ ᠶᠤᠰᠤᠳᠠᠢ ᠰᠤᠷᠭᠠᠭᠤᠯᠢ ᠳᠤ ᠣᠷᠤᠬᠤ ᠨᠠᠰᠤᠨ ᠤ ᠭᠡᠦᠭᠡᠤᠨ ᠪᠠᠭᠠᠴᠤᠳ ᠢ ᠠᠯᠪᠠᠳᠠᠨ ᠰᠥᠷᠳᠡᠭᠦᠯᠭᠦ ᠪᠣᠶᠤ ᠬᠠᠭᠤᠷᠤᠨ ᠮᠡᠭᠡᠯᠡᠵᠤ ᠪᠠᠢ᠌ᠭ᠎ᠠ ᠰᠤᠷᠤᠯᠭ᠎ᠠ ᠶᠢ ᠨᠢ ᠠᠯᠳᠠᠭᠤᠯᠤᠭᠰᠠᠨ ᠡᠰᠡᠭᠦᠯ᠎ᠡ ᠰᠤᠷᠤᠯᠭ᠎ᠠ ᠶᠢ ᠨᠢ ᠳᠤᠷᠭᠤᠨ ᠵᠤᠭᠰᠤᠭᠠᠭᠰᠠᠨ ︔

(ᠬᠤᠶᠠᠷ) ᠠᠯᠪᠠᠨ ᠵᠢᠷᠤᠮ ᠤᠨ ᠰᠤᠷᠭᠠᠨ ᠭᠦᠮᠦᠵᠢᠯ ᠭᠦᠷᠳᠡᠭᠦ ᠶᠤᠰᠤᠳᠠᠢ ᠰᠤᠷᠭᠠᠭᠤᠯᠢ ᠳᠤ ᠣᠷᠤᠬᠤ ᠨᠠᠰᠤᠨ ᠤ ᠭᠡᠦᠭᠡᠤᠨ ᠪᠠᠭᠠᠴᠤᠳ ᠢ ᠬᠠᠤᠯᠢ ᠪᠣᠰᠤ ᠪᠠᠷ ᠡᠯᠰᠡᠨ ᠭᠡᠷᠡᠭᠯᠡᠭ᠍ᠰᠡᠨ ︔

(ᠭᠤᠷᠪᠠ) ᠬᠠᠤᠯᠢ ᠶᠤᠰᠤᠭᠠᠷ ᠭᠢᠨᠠᠨ ᠳᠤᠭᠳᠠᠭᠠᠯᠳᠠ ᠭᠢᠯᠭᠡᠭ᠍ᠰᠡᠨ ᠦᠭᠡᠶ ᠭᠢᠴᠢᠶᠠᠯ ᠤᠨ ᠪᠢᠴᠢᠭ᠌ ᠢ ᠭᠡᠪᠯᠡᠭᠦᠯᠦᠭ᠍ᠰᠡᠨ᠃

ᠵᠢᠷᠠᠳᠤᠭᠠᠷ ᠵᠣᠢ᠌ᠯ ᠳᠤᠰ ᠬᠠᠤᠯᠢ ᠶᠢᠨ ᠳᠤᠭᠳᠠᠭᠠᠯ ᠢ ᠵᠦᠷᠢᠴᠠᠨ ᠶᠠᠯ᠎ᠠ ᠪᠣᠯᠵᠤ ᠪᠦᠷᠢᠯᠳᠦᠭ᠍ᠰᠡᠨ ᠪᠠᠢ᠌ᠪᠠᠯ᠂ ᠬᠠᠤᠯᠢ ᠶᠤᠰᠤᠭᠠᠷ ᠡᠷᠡᠭᠦᠤ ᠶᠢᠨ ᠬᠠᠷᠢᠭᠤᠴᠠᠯᠭ᠎ᠠ ᠨᠡᠭᠡᠮᠵᠢᠯᠡᠨ᠎ᠡ᠃


ᠨᠢ᠋ᠮᠠᠳᠤᠭᠠᠷ ᠪᠦᠯᠦᠭ᠌      ᠳᠠᠭᠠᠯᠳᠤᠭᠤᠯᠤᠭᠰᠠᠨ ᠳᠦᠷᠢᠮ


ᠵᠢᠷᠠᠨ ᠨᠢᠭᠡᠳᠦᠭᠡᠷ ᠵᠣᠢ᠌ᠯ ᠠᠯᠪᠠᠨ ᠵᠢᠷᠤᠮ ᠤᠨ ᠰᠤᠷᠭᠠᠨ ᠭᠦᠮᠦᠵᠢᠯ ᠭᠦᠷᠳᠡᠭᠦ ᠰᠤᠷᠭᠠᠭᠤᠯᠢ ᠳᠤ ᠣᠷᠤᠬᠤ ᠨᠠᠰᠤᠨ ᠤ ᠭᠡᠦᠭᠡᠤᠨ᠂ ᠪᠠᠭᠠᠴᠤᠳ ᠡᠴᠡ ᠰᠤᠯᠠ ᠵᠠᠷᠤᠳᠠᠯ ᠦᠯᠦ ᠬᠤᠷᠢᠶᠠᠬᠤ ᠳᠦᠷᠢᠮ ᠢ ᠭᠡᠷᠡᠭ᠍ᠵᠢᠭᠦᠯᠭᠦ ᠠᠯᠬᠤᠮ ᠳᠠᠷᠠᠭ᠎ᠠ ᠶᠢ ᠲᠦᠷᠦ ᠶᠢᠨ ᠶᠠᠪᠣᠳᠠᠯ ᠤᠨ ᠬᠤᠷᠢᠶ᠎ᠠ ᠡᠴᠡ ᠳᠤᠭᠳᠠᠭᠠᠨ᠎ᠠ᠃

ᠵᠢᠷᠠᠨ ᠬᠤᠶᠠᠳᠤᠭᠠᠷ ᠵᠣᠢ᠌ᠯ ᠨᠡᠢ᠌ᠭᠡᠮ ᠤᠨ ᠵᠤᠬᠢᠶᠠᠨ ᠪᠠᠢ᠌ᠭᠤᠯᠤᠯᠳᠠ ᠪᠣᠶᠤ ᠬᠤᠪᠢ ᠭᠦᠮᠤᠨ ᠤ ᠬᠠᠤᠯᠢ ᠶᠤᠰᠤᠭᠠᠷ ᠡᠷᠭᠢᠯᠡᠭ᠍ᠰᠡᠨ ᠠᠷᠠᠤᠨ ᠡᠴᠡ ᠡᠷᠭᠢᠯᠡᠭ᠍ᠰᠡᠨ ᠰᠤᠷᠭᠠᠭᠤᠯᠢ ᠨᠢ ᠠᠯᠪᠠᠨ ᠵᠢᠷᠤᠮ ᠤᠨ ᠰᠤᠷᠭᠠᠨ ᠭᠦᠮᠦᠵᠢᠯ ᠢ ᠭᠡᠷᠡᠭ᠍ᠵᠢᠭᠦᠯᠵᠤ ᠪᠠᠢ᠌ᠪᠠᠯ᠂ ᠠᠷᠠᠤᠨ ᠤᠨ ᠡᠷᠭᠢᠯᠡᠭ᠍ᠰᠡᠨ ᠰᠤᠷᠭᠠᠨ ᠭᠦᠮᠦᠵᠢᠯ ᠢ ᠠᠭᠢᠭᠤᠯᠬᠤ ᠬᠠᠤᠯᠢ ᠶᠢᠨ ᠬᠤᠯᠪᠣᠭᠳᠠᠯ ᠪᠦᠭᠦᠢ ᠳᠤᠭᠳᠠᠭᠠᠯ ᠶᠤᠰᠤᠭᠠᠷ ᠭᠦᠢᠴᠡᠳᠭᠡᠨ᠎ᠡ ︔ ᠠᠷᠠᠤᠨ ᠡᠴᠡ ᠡᠷᠭᠢᠯᠡᠭ᠍ᠰᠡᠨ ᠰᠤᠷᠭᠠᠨ ᠭᠦᠮᠦᠵᠢᠯ ᠢ ᠠᠭᠢᠭᠤᠯᠬᠤ ᠬᠠᠤᠯᠢ ᠳᠤ ᠳᠤᠭᠳᠠᠭᠠᠯ ᠭᠠᠷᠭᠠᠭᠰᠠᠨ ᠦᠭᠡᠶ ᠪᠠᠢ᠌ᠪᠠᠯ ᠳᠤᠰ ᠬᠠᠤᠯᠢ ᠶᠢ ᠭᠡᠷᠡᠭᠯᠡᠨ᠎ᠡ᠃

ᠵᠢᠷᠠᠨ ᠭᠤᠷᠪᠠᠳᠤᠭᠠᠷ ᠵᠣᠢ᠌ᠯ ᠳᠤᠰ ᠬᠠᠤᠯᠢ ᠶᠢ 2006 ᠣᠨ ᠤ 9 ᠰᠠᠷ᠎ᠠ ᠶᠢᠨ 1 ᠊ᠤ ᠡᠳᠦᠷ ᠡᠴᠡ ᠡᠭᠢᠯᠡᠵᠤ ᠭᠡᠷᠡᠭ᠍ᠵᠢᠭᠦᠯᠦᠨ᠎ᠡ᠃


ᠵᠤᠬᠢᠶᠠᠭᠴᠢ᠄
ᠢᠷᠡᠯᠲᠡ᠄
ᠳᠠᠷᠤᠮ᠄ 4602
ᠴᠠᠭ᠄ 2010 ᠤᠨ ᠤ 05 ᠰᠠᠷ᠎ᠠ ᠶᠢᠨ 31
ᠪᠢᠴᠢᠭ᠍‍ᠯᠡᠭᠴᠢ᠄ ᠪᠦᠬᠡᠡᠷᠳᠡᠨᠢ
ᠨᠠᠢ᠌ᠷᠠᠭᠤᠯᠤᠭᠴᠢ᠄ ᠪᠦᠬᠡᠡᠷᠳᠡᠨᠢ
ᠲᠤᠰ ᠵᠤᠬᠢᠶᠠᠯ ᠢ ᠪᠦᠷᠭᠡ ᠳᠡᠭᠡᠨ ᠬᠠᠳᠠᠭᠠᠯᠠᠬᠤ
ᠰᠢᠭᠦᠮᠵᠢ ᠪᠢᠴᠢᠬᠦ
ᠨᠡᠪᠲᠡᠷᠡᠨ ᠤᠷᠤᠭᠠᠷᠠᠢ᠃
ᠨᠡᠪᠲᠡᠷᠡᠨ ᠤᠷᠤᠪᠠᠯ ᠰᠠᠶ‍ᠢ ᠰᠢᠭᠦᠮᠵᠢ ᠪᠢᠴᠢᠵᠦ ᠳᠡᠢ᠌ᠯᠦᠨ᠎ᠡ᠃

ᠪᠠᠢ᠌ᠷᠢ᠄ ᠮᠤᠩᠭ᠋ᠤᠯ ᠬᠡᠪ ᠬᠠᠤᠯᠢ ᠳᠦᠷᠢᠮ - ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠠᠤᠯᠢ