ᠪᠠᠭ᠎ᠠ ᠰᠤᠷᠭᠠᠭᠤᠯᠢ ᠶᠢᠨ ᠠᠩᠭᠢ ᠶᠢᠨ ᠡᠷᠭᠢᠯᠡᠭ᠍ᠴᠢ ᠶᠢᠨ ᠠᠩᠬᠠᠷᠬᠤ ᠴᠢᠬᠤᠯᠠᠳᠠᠢ ᠭᠡᠳᠤᠨ ᠳᠠᠯ᠎ᠠ

ᠠᠩᠭᠢ ᠶᠢᠨ ᠡᠷᠭᠢᠯᠡᠭ᠍ᠴᠢ ᠪᠣᠯᠤᠭᠰᠠᠤᠨ ᠠᠩᠭᠢ ᠶᠢᠨ ᠠᠵᠢᠯ ᠶᠢᠡᠨ ᠰᠠᠢ᠌ᠨ ᠭᠢᠵᠤ᠂ ᠠᠩᠭᠢ ᠪᠠᠨ ᠰᠠᠢ᠌ᠨ ᠬᠠᠮᠢᠶᠠᠷᠬᠤ ᠭᠡᠪᠠᠯ ᠡᠷᠭᠡᠪᠰᠢ ᠠᠩᠭᠢ ᠶᠢᠨ ᠦᠨᠳᠦᠰᠦᠨ ᠪᠠᠢ᠌ᠳᠠᠯ ᠶᠢᠡᠨ ᠰᠠᠢ᠌ᠳᠤᠷ ᠣᠢ᠌ᠯᠠᠭᠠᠬᠤ ᠭᠡᠷᠡᠭ᠍ᠳᠡᠢ᠃ ᠠᠩᠭᠢ ᠶᠢᠨ ᠦᠨᠳᠦᠰᠦᠨ ᠪᠠᠢ᠌ᠳᠠᠯ ᠶᠢᠡᠨ ᠰᠠᠢ᠌ᠳᠤᠷ ᠣᠢ᠌ᠯᠠᠭᠠᠮᠠᠠᠵᠢᠨ ᠰᠠ‍‌ᠶᠢ ᠪᠣᠳᠠᠳᠠᠢ ᠡᠴᠠ ᠡᠭᠦᠰᠤᠨ ᠵᠤᠭᠢᠰᠳᠠᠢ ᠠᠷᠭ᠎ᠠ ᠶᠢ ᠭᠡᠷᠡᠭᠯᠡᠨ ᠠᠩᠭᠢ ᠶᠢᠨ ᠠᠵᠢᠯ ᠶᠢᠡᠨ ᠦᠷ᠎ᠡ ᠪᠦᠳᠦᠮᠵᠢᠳᠡᠢ ᠭᠢᠵᠤ ᠴᠢᠳᠠᠨ᠎ᠠ᠃

ᠠᠩᠭᠢ ᠶᠢᠨ ᠡᠷᠭᠢᠯᠡᠭ᠍ᠴᠢ ᠪᠣᠯᠤᠭᠰᠠᠤᠨ ᠠᠩᠭᠢ ᠶᠢᠨ ᠦᠨᠳᠦᠰᠦᠨ ᠪᠠᠢ᠌ᠳᠠᠯ ᠶᠢᠡᠨ ᠣᠢ᠌ᠯᠠᠭᠠᠬᠤ ᠳᠤ ᠳᠤᠤᠷᠠᠭᠢ ᠮᠠᠳᠤ ᠭᠡᠳᠤᠨ ᠵᠣᠢ᠌ᠯ ᠢ ᠣᠢ᠌ᠯᠠᠭᠠᠬᠤ ᠴᠢᠬᠤᠯᠠᠳᠠᠢ ᠭᠡᠵᠤ ᠪᠢ ᠦᠵᠡᠨ᠎ᠠ᠃

ᠨᠢᠭᠡ ᠄ ᠭᠡᠷ ᠤᠨ ᠠᠬᠠᠮᠠᠤᠨ ᠢ ᠣᠢ᠌ᠯᠠᠭᠠᠬᠤ

ᠠᠪᠣ ᠡᠵᠢ ᠪᠣᠯ ᠬᠡᠦᠬᠡᠳ ᠤᠨ ᠬᠠᠮᠤᠭ ᠠᠩᠬᠠᠨ ᠤ ᠪᠠᠭᠰᠢ ᠮᠦᠨ᠃ ᠠᠪᠣ ᠡᠵᠢ ᠶᠢᠨ ᠥᠭᠡ ᠶᠠᠷᠢᠶ᠎ᠠ᠂ ᠣᠢ᠌ᠯᠠ ᠠᠵᠢᠯᠯᠠᠭ᠎ᠠ᠂ ᠵᠠᠩ ᠠᠷᠠᠠᠰᠢᠨ ᠨᠢ ᠬᠡᠦᠬᠡᠳ ᠢ ᠨᠥᠯᠦᠭᠡᠯᠡᠨ ᠬᠠᠷᠠᠬᠠᠨ ᠪᠠᠭ᠎ᠠ ᠡᠴᠠ ᠨᠢ ᠣᠶᠤᠨ ᠳᠠᠷᠢᠭᠢᠨ ᠳ᠋ᠤᠨᠢ ᠪᠠᠯᠠᠷᠠᠰᠢ ᠦᠭᠡᠶ ᠭᠦᠨ ᠰᠠᠭᠤᠭᠳᠠᠯ ᠥᠯᠡᠳᠡᠭᠡᠳᠡᠭ᠌᠃ ᠠᠷᠠᠤᠨ ᠤᠨ ᠠᠮᠠᠨ ᠶᠠᠷᠢᠶᠠᠨ ᠳ᠋ᠠᠭᠢ 《ᠬᠤᠯᠤ ᠳᠠᠷᠢᠪᠠᠯ ᠯᠠᠩᠭ᠋ᠤᠧᠨ ᠰᠠᠭᠤᠬᠤ ᠦᠭᠡᠶ》 ᠪᠣᠶᠤ 《ᠭᠡᠭᠡᠷ ᠠᠯᠠᠭ ᠡᠴᠠ ᠰᠢᠭᠢᠷ᠎ᠠ ᠠᠯᠠᠭ᠂ ᠭᠡᠯᠳᠡᠩ ᠭᠡᠭᠦᠤ ᠡᠴᠠ ᠰᠢᠪᠳᠤᠩ ᠣᠨᠠᠭ᠎ᠠ》 ᠭᠡᠭᠦ ᠵᠡᠷᠭᠡ ᠭᠡᠯᠡᠯᠭᠡ ᠨᠢ ᠠᠪᠣ ᠡᠵᠢ ᠶᠢᠨ ᠬᠡᠦᠬᠡᠳ ᠲᠤ ᠥᠵᠡᠭᠦᠯᠭᠦ ᠣᠳᠤᠮᠰᠢᠯ ᠤᠨ ᠨᠥᠯᠦᠭᠡ ᠪᠣᠶᠤ ᠬᠤᠵᠢᠮ ᠤᠨ ᠥᠵᠡᠭᠦᠯᠭᠦ ᠳᠠᠭᠤᠷᠢᠶᠠᠯ ᠤᠨ ᠨᠥᠯᠦᠭᠡ ᠶᠢ ᠳᠤᠰᠬᠠᠵᠤ ᠭᠡᠯᠡᠭ᠍ᠰᠡᠨ ᠪᠠᠢ᠌ᠭ᠎ᠠ ᠶᠤᠮ᠃ ᠬᠡᠦᠬᠡᠳ ᠡᠭᠡ ᠶᠢᠨ ᠶᠢᠡᠨ ᠭᠡᠪᠠᠯᠢ ᠡᠴᠠ ᠮᠠᠠᠳᠤᠯᠠᠵᠤ ᠭᠠᠷᠴᠤ ᠢᠷᠡᠭᠦ ᠳᠡᠭᠡᠨ ᠠᠪᠣ ᠡᠵᠢ ᠶᠢᠨ ᠶᠢᠡᠨ ᠥᠩᠭᠡ ᠵᠢᠰᠤ᠂ ᠪᠠᠶ᠎ᠠ ᠭᠠᠳᠠᠷ ᠢ ᠳᠠᠭᠤᠷᠢᠶᠠᠬᠤ ᠪᠠᠷ ᠪᠠᠷᠠᠬᠤ ᠦᠭᠡᠶ᠂ ᠬᠤᠵᠢᠮ ᠤᠨ ᠦᠰᠴᠤ ᠪᠣᠢ᠌ᠵᠢᠬᠤ ᠶᠠᠪᠣᠴᠠ ᠳᠤ ᠣᠬᠠᠭᠠᠨ ᠰᠠᠨᠠᠭ᠎ᠠ᠂ ᠵᠠᠩ ᠠᠷᠠᠠᠰᠢᠨ ᠵᠡᠷᠭᠡ ᠶᠢ ᠪᠦᠷ ᠶᠡᠭᠡ ᠭᠡᠮᠵᠢᠶ᠎ᠡ ᠪᠠᠷ ᠳᠠᠭᠤᠷᠢᠶᠠᠴᠢᠬᠠᠭᠰᠠᠨ ᠪᠠᠢ᠌ᠳᠠᠭ᠃ ᠡᠢ᠌ᠮᠤ ᠡᠴᠠ ᠪᠠᠭᠰᠢ ᠪᠣᠯᠤᠭᠰᠠᠤᠨ ᠭᠡᠷ ᠤᠨ ᠠᠬᠠᠮᠠᠤᠨ ᠢ ᠣᠢ᠌ᠯᠠᠭᠠᠬᠤ ᠨᠢ ᠰᠤᠷᠤᠭᠴᠢ ᠪᠠᠨ ᠣᠢ᠌ᠯᠠᠭᠠᠬᠤ ᠶᠢᠨ ᠰᠠᠭᠤᠷᠢ ᠮᠦᠨ᠃

ᠡᠩ ᠳᠡᠷᠢᠭᠦᠨ ᠳᠤ ᠭᠡᠷ ᠤᠨ ᠠᠬᠠᠮᠠᠤᠨ ᠤᠨ ᠳᠠᠷᠢᠭᠢ ᠳᠤᠯᠤᠭᠠᠢ (ᠣᠶᠤᠨ ᠣᠬᠠᠭᠠᠨ ᠤ ᠭᠢᠷᠢ ᠭᠡᠮᠵᠢᠶ᠎ᠡ)᠂ ᠭᠡᠪ ᠴᠢᠨᠠᠷ᠂ ᠵᠠᠩ ᠠᠷᠠᠠᠰᠢᠨ᠂ ᠳᠤᠷ᠎ᠠ ᠰᠤᠨᠢᠷᠬᠠᠯ᠂ ᠳᠠᠪᠠᠭᠤᠯᠢᠭ ᠳᠠᠯ᠎ᠠ᠁ ᠵᠡᠷᠭᠡ ᠶᠢ ᠣᠢ᠌ᠯᠠᠭᠠᠬᠤ ᠭᠡᠷᠡᠭ᠍ᠳᠡᠢ᠃ ᠣᠴᠢᠷ ᠨᠢ ᠭᠡᠷ ᠤᠨ ᠠᠬᠠᠮᠠᠤᠨ ᠤᠨ ᠡᠳᠡᠭᠡᠷ ᠳᠤᠳᠤᠭᠠᠳᠤ ᠨᠢᠭᠤᠭᠳᠠᠮᠠᠯ ᠡᠯᠧᠮᠧᠨ᠋ᠲ ᠨᠢ ᠬᠡᠦᠬᠡᠳ ᠲᠡᠭᠡᠨ ᠣᠳᠤᠮᠰᠢᠯ ᠤᠨ ᠨᠥᠯᠦᠭᠡᠯᠡᠯ ᠶᠢᠡᠷ ᠳᠠᠮᠵᠢᠨ ᠰᠢᠭᠤᠳ ᠨᠥᠯᠦᠭᠡ ᠪᠣᠯᠳᠠᠭ᠃ ᠭᠡᠷ ᠤᠨ ᠠᠬᠠᠮᠠᠤᠨ ᠤᠨ ᠡᠳᠡᠭᠡᠷ ᠳᠤᠳᠤᠭᠠᠳᠤ ᠨᠢᠭᠤᠭᠳᠠᠮᠠᠯ ᠡᠯᠧᠮᠧᠨ᠋ᠲ ᠢ ᠣᠢ᠌ᠯᠠᠭᠠᠬᠤ ᠨᠢ ᠰᠤᠷᠤᠭᠴᠢᠳ ᠢ ᠭᠦᠡᠵᠡᠭᠡᠢ ᠣᠢ᠌ᠯᠠᠭᠠᠬᠤ ᠶᠢᠨ ᠯᠠᠪᠯᠠᠯᠳᠠ ᠪᠣᠯᠵᠤ ᠪᠣᠯᠤᠨ᠎ᠠ᠃

ᠳᠠᠷᠠᠭ᠎ᠠ ᠨᠢ ᠭᠡᠷ ᠤᠨ ᠠᠬᠠᠮᠠᠤᠨ ᠤᠨ ᠠᠮᠢᠳᠤᠷᠠᠯ ᠤᠨ ᠵᠠᠩ ᠳᠠᠳᠬᠠᠯ᠂ ᠬᠡᠦᠬᠡᠳ ᠶᠢᠡᠨ ᠰᠤᠷᠭᠠᠨ ᠭᠦᠮᠦᠵᠢᠭᠦᠯᠭᠦ ᠠᠷᠭ᠎ᠠ ᠠᠪᠴᠠᠯ᠂ ᠥᠭᠡ ᠶᠠᠷᠢᠶ᠎ᠠ᠂ ᠣᠢ᠌ᠯᠠ ᠠᠵᠢᠯᠯᠠᠭ᠎ᠠ᠂ ᠬᠡᠦᠬᠡᠳ ᠲᠡᠭᠡᠨ ᠳᠠᠯᠪᠢᠵᠤ ᠪᠠᠢ᠌ᠭ᠎ᠠ ᠭᠦᠰᠡᠯ ᠱᠠᠭᠠᠷᠳᠠᠯᠭ᠎ᠠ᠁ ᠵᠡᠷᠭᠡ ᠶᠢ ᠠᠵᠢᠭᠯᠠᠨ ᠣᠢ᠌ᠯᠠᠭᠠᠬᠤ ᠭᠡᠷᠡᠭ᠍ᠳᠡᠢ᠃ ᠡᠳᠡᠭᠡᠷ ᠭᠡᠷ ᠤᠨ ᠠᠬᠠᠮᠠᠤᠨ ᠤᠨ ᠭᠠᠳᠠᠭᠠᠳᠤ ᠢᠯᠡᠷᠡᠭᠦᠯᠦᠯ (ᠭᠠᠳᠠᠭᠠᠳᠤ ᠡᠯᠧᠮᠧᠨ᠋ᠲ) ᠨᠢ ᠬᠡᠦᠬᠡᠳ ᠢ ᠬᠠᠷᠠᠬᠠᠨ ᠪᠠᠭ᠎ᠠ ᠡᠴᠠ ᠨᠢ ᠥᠭᠡ ᠳᠠᠭᠤ ᠦᠭᠡᠶ ᠨᠥᠯᠦᠭᠡᠯᠡᠨ᠂ ᠬᠡᠦᠬᠡᠳ ᠤᠨ ᠵᠠᠩ ᠠᠭᠠᠰᠢ᠂ ᠡᠳᠦᠷ ᠳᠤᠳᠤᠮ ᠤᠨ ᠥᠭᠡ ᠶᠠᠷᠢᠶ᠎ᠠ᠂ ᠣᠢ᠌ᠯᠠ ᠠᠵᠢᠯᠯᠠᠭ᠎ᠠ ᠵᠢᠴᠢ ᠭᠡᠷᠡᠭ᠌ ᠪᠣᠳᠠᠰ ᠤᠨ ᠳᠤᠬᠠᠢ ᠦᠵᠡᠯᠳᠠ ᠳᠠᠨᠢᠯᠳᠠ᠂ ᠣᠪᠣᠷ᠂ ᠶ‍ᠢᠷᠳᠢᠠᠴᠤ ᠶᠢᠨ ᠦᠵᠡᠯᠳᠠ ᠵᠢᠴᠢ ᠪᠣᠰᠤᠳ ᠲᠡᠶ ᠬᠠᠷᠢᠯᠴᠠᠬᠤ ᠠᠷᠭ᠎ᠠ ᠮᠠᠶ‍ᠢᠭ ᠵᠡᠷᠭᠡ ᠶᠢ ᠳᠤᠭᠳᠠᠭᠠᠵᠤ ᠪᠠᠢ᠌ᠳᠠᠭ᠃

ᠳᠠᠷᠠᠭᠠᠯᠠᠪᠠᠯ ᠠᠩᠭᠢ ᠶᠢᠨ ᠰᠤᠷᠤᠭᠴᠢᠳ ᠤᠨ ᠶᠢᠡᠨ ᠭᠡᠷ ᠪᠦᠯᠢ ᠶᠢᠨ ᠪᠦᠷᠢᠯᠳᠦᠭᠦᠨ᠂ ᠠᠵᠤ ᠠᠬᠤᠢ ᠶᠢᠨ ᠢᠷᠠᠯᠳᠠ ᠵᠡᠷᠭᠡ ᠶᠢ ᠣᠢ᠌ᠯᠠᠭᠠᠬᠤ ᠭᠡᠷᠡᠭ᠍ᠳᠡᠢ᠃ ᠭᠡᠷ ᠤᠨ ᠠᠬᠠᠮᠠᠤᠨ ᠤᠨ ᠠᠯᠢ ᠨᠢᠭᠡ ᠨᠢ ᠨᠠᠰᠤ ᠪᠠᠷᠠᠭᠰᠠᠨ᠂ ᠦᠨᠦᠴᠢᠨ᠂ ᠡᠰᠡᠭᠦᠯ᠎ᠡ ᠠᠪᠣ ᠡᠵᠢ ᠨᠢ ᠣᠷᠤᠭ ᠰᠠᠯᠤᠭᠰᠠᠨ᠂ ᠳᠠᠭᠢᠨ ᠣᠷᠤᠭᠯᠠᠭᠰᠠᠨ ᠵᠡᠷᠭᠡ ᠣᠠᠴᠠᠭᠠᠢ ᠪᠠᠢ᠌ᠳᠠᠯ ᠢ ᠣᠢ᠌ᠯᠠᠭᠠᠨ ᠠᠪᠴᠤ ᠬᠤᠵᠢᠮ ᠤᠨ ᠬᠠᠷᠢᠯᠴᠠᠭ᠎ᠠ ᠳᠤᠮᠳᠠ ᠰᠠᠳᠭᠢᠴᠠ ᠶᠢᠨ ᠪᠠᠢ᠌ᠳᠠᠯ ᠪᠠ ᠰᠡᠳᠭᠢᠯ ᠰᠠᠨᠠᠭᠠᠨ ᠤ ᠰᠢᠷᠬ᠎ᠠ ᠶᠢ ᠭᠦᠡᠳᠡᠭᠦ ᠶᠢ ᠰᠡᠷᠭᠡᠢ᠌ᠯᠡᠭᠦ ᠭᠡᠷᠡᠭ᠍ᠳᠡᠢ᠃ ᠣᠴᠢᠷ ᠨᠢ ᠡᠢ᠌ᠮᠦᠷᠭᠦ ᠣᠠᠴᠠᠭᠠᠢ ᠭᠡᠷ ᠪᠦᠯᠢ ᠳᠤ ᠦᠰᠦᠭ᠍ᠰᠡᠨ ᠬᠡᠦᠬᠡᠳ ᠤᠨ ᠪᠣᠳᠤᠯ ᠰᠡᠳᠬᠢᠯᠭᠡ ᠨᠢ ᠪᠤᠳᠦᠩᠭ᠋ᠦᠢ᠂ ᠡᠳᠡᠭᠡᠳ᠂ ᠵᠦᠷᠢᠭᠦᠤ ᠪᠠᠢ᠌ᠵᠤ ᠠᠮᠠᠷᠬᠠᠨ ᠰᠠᠳᠠᠯᠳᠠ ᠣᠯᠳᠠᠭ᠃ ᠪᠠᠰᠠᠴᠤ ᠭᠡᠷ ᠪᠦᠯᠢ ᠶᠢᠨ ᠣᠷᠤᠯᠭ᠎ᠠ ᠨᠢ ᠯᠠᠪᠳᠠᠭᠤᠨ ᠳᠤᠭᠳᠠᠭᠤᠨ ᠡᠰᠡᠭᠦ᠂ ᠭᠡᠷ ᠤᠨ ᠠᠮᠢᠳᠤᠷᠠᠯ ᠨᠢ ᠭᠦᠴᠢᠷᠳᠡᠢ ᠡᠰᠡᠭᠦ᠂ ᠡᠪᠡᠳᠴᠢᠨ ᠡᠮᠭᠡᠭ᠌ ᠲᠡᠶ ᠡᠰᠡᠭᠦ ᠶᠢ ᠣᠢ᠌ᠯᠠᠭᠠᠨ᠂ ᠰᠤᠷᠭᠠᠭᠤᠯᠢ ᠶᠢᠨ ᠬᠠᠮᠢᠶ᠎ᠠ ᠪᠦᠭᠦᠢ ᠣᠳᠤᠷᠢᠳᠤᠯᠭ᠎ᠠ ᠳᠤ ᠮᠡᠳᠡᠭᠦᠯᠤᠨ ᠳᠡᠭᠡᠳᠤ ᠱᠠᠳᠤᠨ ᠤ ᠬᠠᠪᠰᠤᠷᠤᠯᠭ᠎ᠠ ᠳᠡᠮᠵᠢᠯᠭᠡ ᠶᠢ ᠣᠯᠬᠤ ᠪᠠᠷ ᠴᠢᠷᠮᠠᠢ᠌ᠨ᠂ ᠰᠤᠷᠤᠭᠴᠢᠳ ᠤᠨ ᠰᠡᠳᠭᠢᠯ ᠤᠨ ᠳᠠᠷᠤᠭᠠᠰᠤ ᠶᠢ ᠭᠦᠩᠭᠡᠯᠡᠭᠦ ᠭᠡᠷᠡᠭ᠍ᠳᠡᠢ᠃

ᠬᠤᠶᠠᠷ ᠄ ᠰᠤᠷᠤᠭᠴᠢ ᠪᠠᠨ ᠣᠢ᠌ᠯᠠᠭᠠᠬᠤ

ᠠᠩᠭᠢ ᠪᠣᠯ ᠰᠤᠷᠤᠭᠴᠢ ᠪᠠᠷ ᠪᠦᠷᠢᠯᠳᠤᠨ᠂ ᠰᠤᠷᠤᠭᠴᠢ ᠪᠣᠯ ᠠᠩᠭᠢ ᠶᠢᠨ ᠡᠷᠭᠢᠯᠡᠭ᠍ᠴᠢ ᠶᠢᠨ ᠡᠳᠦᠷ ᠳᠤᠳᠤᠮ ᠤᠨ ᠬᠠᠷᠢᠯᠴᠠᠵᠤ ᠪᠠᠢ᠌ᠭ᠎ᠠ ᠡᠳᠡᠭᠡᠳ ᠪᠣᠯᠤᠨ᠎ᠠ᠃ ᠠᠩᠭᠢ ᠶᠢᠨ ᠡᠷᠭᠢᠯᠡᠭ᠍ᠴᠢ ᠶᠢᠨ ᠠᠵᠢᠯ ᠢ ᠰᠠᠢ᠌ᠨ ᠭᠢᠭᠦ ᠳᠤ ᠬᠠᠮᠤᠭ ᠴᠢᠬᠤᠯᠠ ᠨᠢ ᠰᠤᠷᠤᠭᠴᠢ ᠶᠢᠨ ᠳᠤᠰ ᠪᠠᠶ᠎ᠠ ᠶᠢ ᠰᠠᠢ᠌ᠳᠤᠷ ᠰᠤᠳᠤᠯᠤᠨ᠂ ᠰᠠᠢ᠌ᠳᠤᠷ ᠣᠢ᠌ᠯᠠᠭᠠᠨ᠂ ᠠᠩᠭᠢ ᠶᠢᠨ ᠰᠤᠷᠤᠭᠴᠢᠳ ᠲᠠᠭᠠᠨ ᠳᠤᠭᠢᠷᠠᠭᠰᠠᠨ ᠭᠦᠮᠦᠵᠢᠭᠦᠯᠭᠦ ᠠᠷᠭ᠎ᠠ ᠶᠢ ᠰᠥᠪᠠᠭ᠍ᠴᠢᠯᠡᠨ᠂ 《ᠪᠦᠭᠦ ᠰᠤᠷᠤᠭᠴᠢ ᠳᠤ ᠬᠠᠠᠳᠤᠨ᠂ ᠣᠠᠴᠠᠯᠢᠭᠳᠤ ᠰᠤᠷᠤᠭᠴᠢ ᠶᠢ ᠭᠦᠮᠦᠵᠢᠭᠦᠯᠭᠦ》 ᠵᠤᠷᠢᠯᠳᠠ ᠳᠠᠭᠠᠨ ᠭᠦᠷᠭᠦ ᠭᠡᠷᠡᠭ᠍ᠳᠡᠢ᠃

ᠬᠠᠮᠤᠭ ᠳᠡᠷᠢᠭᠦᠨ ᠳᠤ ᠰᠤᠷᠤᠭᠴᠢᠳ ᠤᠨ ᠦᠵᠡᠯ ᠰᠠᠨᠠᠭ᠎ᠠ ᠶᠤᠰᠤ ᠮᠤᠷᠠᠯ ᠤᠨ ᠰᠠᠭᠤᠷᠢ ᠶᠢ ᠣᠢ᠌ᠯᠠᠭᠠᠬᠤ ᠭᠡᠷᠡᠭ᠍ᠳᠡᠢ᠃ ᠮᠤᠷᠠᠯ ᠪᠣᠯ ᠭᠦᠮᠤᠨ ᠪᠣᠯᠬᠤ ᠶᠢᠨ ᠦᠨᠳᠦᠰᠦ ᠮᠦᠨ᠃ ᠦᠵᠡᠯ ᠰᠠᠨᠠᠭ᠎ᠠ ᠶᠤᠰᠤ ᠮᠤᠷᠠᠯ ᠤᠨ ᠭᠢᠷᠢ ᠭᠡᠮᠵᠢᠶ᠎ᠡ ᠨᠢ ᠨᠢᠭᠡ ᠭᠦᠮᠤᠨ ᠤ ᠶᠠᠮᠠᠷ ᠶᠠᠩᠵᠤ ᠶᠢᠨ ᠭᠦᠮᠤᠨ ᠪᠣᠯᠬᠤ ᠶᠢ ᠳᠤᠭᠳᠠᠭᠠᠵᠤ ᠪᠠᠢ᠌ᠳᠠᠭ᠃ ᠡᠢ᠌ᠮᠤ ᠡᠴᠠ ᠰᠤᠷᠤᠭᠴᠢᠳ ᠤᠨ ᠶᠢᠡᠨ ᠮᠤᠷᠠᠯ ᠤᠨ ᠰᠠᠭᠤᠷᠢ ᠶᠢ ᠣᠢ᠌ᠯᠠᠭᠠᠵᠤ᠂ ᠠᠩᠭᠢ ᠶᠢᠨ ᠰᠤᠷᠤᠭᠴᠢᠳ ᠲᠠᠭᠠᠨ ᠳᠤᠭᠢᠷᠠᠭᠰᠠᠨ ᠭᠦᠮᠦᠵᠢᠯ ᠢ ᠠᠩᠭᠢ ᠶᠢᠨ ᠬᠤᠷᠠᠯ᠂ ᠦᠷᠯᠦᠭᠡ ᠶᠢᠨ ᠬᠤᠷᠠᠯ᠂ ᠬᠤᠰᠢᠭᠤᠴᠢ ᠠᠩᠭᠢ ᠶᠢᠨ ᠭᠦᠳᠡᠯᠭᠡᠭᠡᠨ᠂ ᠳᠤᠰᠬᠠᠢ ᠰᠠᠳᠤᠪᠳᠤ ᠠᠩᠭᠢ ᠶᠢᠨ ᠬᠤᠷᠠᠯ ᠵᠢᠴᠢ ᠡᠳᠦᠷ ᠳᠤᠳᠤᠮ ᠤᠨ ᠭᠢᠴᠢᠶᠠᠯ ᠭᠦᠮᠦᠵᠢᠯ ᠤᠨ ᠳᠤᠮᠳᠠ ᠠᠭᠤᠰᠬᠠᠨ᠂ ᠰᠤᠷᠤᠭᠴᠢ ᠶᠢᠨ ᠦᠵᠡᠯ ᠰᠠᠨᠠᠭᠠᠨ ᠤ ᠡᠴᠢᠨ᠎ᠡ ᠳᠠᠯᠳᠠ ᠡᠴᠠ ᠨᠥᠯᠦᠭᠡᠯᠡᠭᠦ ᠭᠡᠷᠡᠭ᠍ᠳᠡᠢ᠃ ᠭᠡᠷᠪᠡ ᠪᠠᠭᠰᠢ ᠶᠢᠨ ᠭᠢᠭᠦ ᠭᠦᠮᠦᠵᠢᠯ ᠨᠢ ᠰᠤᠷᠤᠭᠴᠢ ᠶᠢᠨ ᠶᠤᠰᠤ ᠮᠤᠷᠠᠯ ᠤᠨ ᠪᠣᠳᠠᠳᠤ ᠲᠦᠪᠰᠢᠨ ᠲᠡᠶ ᠨᠡᠢ᠌ᠴᠡᠭᠦ ᠦᠭᠡᠶ᠂ ᠣᠢ᠌ᠯᠠᠭᠠᠬᠤ᠂ ᠭᠦᠯᠢᠶᠡᠨ ᠠᠪᠬᠤ ᠭᠢᠷᠢ ᠭᠡᠮᠵᠢᠶ᠎ᠡ ᠲᠡᠶ ᠨᠡᠢ᠌ᠴᠡᠭᠦ ᠦᠭᠡᠶ ᠪᠣᠯ ᠭᠡᠴᠢᠨᠡᠨ ᠣᠯᠠᠨ ᠰᠠᠢ᠌ᠬᠠᠨ ᠭᠦᠮᠦᠵᠢᠯ ᠭᠢᠭ᠍ᠰᠡᠨ ᠴᠤ ᠳᠠᠯᠠᠭᠠᠷ ᠪᠣᠯᠳᠠᠭ᠃ ᠵᠢᠱᠢᠶᠠᠯᠠᠪᠠᠯ ᠄ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠰᠤᠷᠤᠭᠴᠢᠳ ᠲᠤ ᠭᠦᠮᠦᠵᠢᠯ ᠭᠢᠭᠦ ᠳᠡᠭᠡᠨ ᠳᠦᠭᠦᠮ ᠪᠦᠭᠡᠳ ᠡᠳᠦᠷ ᠳᠤᠳᠤᠮ ᠤᠨ ᠠᠷᠰᠠᠷ ᠶᠠᠪᠣᠳᠠᠯ ᠡᠴᠠ ᠡᠭᠢᠯᠡᠨ ᠭᠦᠮᠦᠵᠢᠯ ᠭᠢᠭᠦ ᠭᠡᠷᠡᠭ᠍ᠳᠡᠢ᠃ ᠳᠠᠳᠠᠨᠠᠷ ᠲᠤ ᠭᠡᠷᠪᠡ ᠠᠯᠤᠰ ᠤᠨ ᠭᠦᠰᠡᠯᠡᠩ ᠤᠨ ᠳᠤᠬᠠᠢ ᠭᠦᠮᠦᠵᠢᠯ ᠭᠢᠵᠤ ᠡᠪ ᠬᠠᠮᠳᠤ ᠶᠢᠨ ᠦᠵᠡᠯ ᠢ ᠪᠣᠢ ᠪᠣᠯᠭᠠᠬᠤ ᠭᠡᠪᠠᠯ ᠠᠷᠠᠢ ᠡᠷᠳᠡ ᠰᠢᠭ᠌᠃ ᠬᠠᠷᠢᠨ ᠳᠠᠳᠠᠨᠠᠷ ᠲᠤ ᠰᠤᠷᠭᠠᠭᠤᠯᠢ ᠪᠠᠨ ᠬᠠᠢ᠌ᠷᠠᠯᠠᠬᠤ᠂ ᠪᠠᠭᠰᠢ ᠪᠠᠨ ᠬᠠᠢ᠌ᠷᠠᠯᠠᠬᠤ᠂ ᠠᠩᠭᠢ ᠨᠠᠢ᠌ᠳᠠ ᠪᠠᠨ ᠬᠠᠢ᠌ᠷᠠᠯᠠᠬᠤ᠂ ᠨᠥᠭᠦᠤᠨ ᠶᠢᠡᠨ ᠬᠠᠢ᠌ᠷᠠᠯᠠᠬᠤ᠂ ᠠᠪᠣ ᠡᠵᠢ ᠪᠠᠨ ᠬᠠᠢ᠌ᠷᠠᠯᠠᠬᠤ᠁ ᠵᠡᠷᠭᠡ ᠭᠦᠮᠦᠵᠢᠯ ᠭᠦᠷᠳᠡᠭᠡᠪᠠᠯ ᠵᠤᠭᠢᠰᠳᠠᠢ᠃

ᠳᠠᠷᠠᠭᠠᠯᠠᠪᠠᠯ ᠰᠤᠷᠤᠭᠴᠢ ᠶᠢᠨ ᠶᠢᠡᠨ ᠮᠡᠳᠡᠯᠭᠡ ᠴᠢᠳᠠᠪᠣᠷᠢ ᠶᠢᠨ ᠭᠢᠷᠢ ᠭᠡᠮᠵᠢᠶ᠎ᠡ ᠶᠢ ᠣᠢ᠌ᠯᠠᠭᠠᠬᠤ ᠭᠡᠷᠡᠭ᠍ᠳᠡᠢ᠃ ᠭᠡᠪ ᠴᠢᠨᠠᠷ ᠤᠨ ᠰᠤᠷᠭᠠᠨ ᠭᠦᠮᠦᠵᠢᠯ ᠳᠤ 《ᠪᠦᠭᠦ ᠰᠤᠷᠤᠭᠴᠢ ᠳᠤ ᠬᠠᠠᠳᠤᠨ᠂ ᠣᠠᠴᠠᠯᠢᠭᠳᠤ ᠰᠤᠷᠤᠭᠴᠢ ᠶᠢ ᠭᠦᠮᠦᠵᠢᠭᠦᠯᠭᠦ》 ᠶ᠋ᠢ ᠴᠢᠬᠤᠯᠠᠴᠢᠯᠠᠨ ᠥᠵᠡᠳᠡᠭ᠌᠃ ᠡᠢ᠌ᠮᠤ ᠡᠴᠠ ᠰᠤᠷᠤᠭᠴᠢ ᠨᠢᠭᠡ ᠪᠦᠷᠢ ᠶᠢᠨ ᠰᠠᠭᠤᠷᠢ ᠮᠡᠳᠡᠯᠭᠡ ᠶᠢᠨ ᠭᠦᠡᠴᠡ ᠪᠠ ᠦᠨᠳᠦᠰᠦᠨ ᠴᠢᠳᠠᠪᠣᠷᠢ ᠶᠢᠨ ᠦᠷᠭᠡᠴᠡ ᠶᠢ ᠣᠢ᠌ᠯᠠᠭᠠᠨ ᠮᠡᠳᠡᠭᠦ ᠨᠢ ᠣᠠᠴᠠᠯᠢᠭ ᠳᠤᠨᠢ ᠳᠤᠭᠢᠷᠠᠭᠤᠯᠤᠨ ᠵᠢᠭᠠᠬᠤ ᠱᠠᠭᠠᠷᠳᠠᠯᠭ᠎ᠠ ᠳᠤ ᠶᠠᠭ ᠰᠠᠢ᠌ᠬᠠᠨ ᠵᠤᠭᠢᠴᠠᠵᠤ ᠪᠣᠢ᠃ ᠰᠠᠭᠤᠷᠢ ᠮᠡᠳᠡᠯᠭᠡ ᠪᠠᠷ ᠭᠦᠶ‍ᠦᠭᠡᠨ ᠰᠤᠷᠤᠭᠴᠢᠳ ᠲᠤ ᠭᠡᠳᠤ ᠦᠨᠳᠦᠷ ᠱᠠᠭᠠᠷᠳᠠᠯᠭ᠎ᠠ ᠳᠠᠯᠪᠢᠬᠤ ᠪᠣᠶᠤ ᠦᠨᠳᠦᠰᠦᠨ ᠴᠢᠳᠠᠪᠣᠷᠢ ᠪᠠᠷ ᠠᠨᠠᠢ ᠰᠤᠷᠤᠭᠴᠢ ᠳᠤ ᠭᠡᠳᠦᠷᠭᠡᠢ ᠶᠡᠭᠡ ᠡᠭᠦᠷᠭᠡ ᠳᠤᠯᠭᠠᠬᠤ ᠨᠢ ᠰᠤᠷᠤᠭᠴᠢᠳ ᠤᠨ ᠳᠠᠷᠤᠭᠠᠰᠤ ᠶᠢ ᠨᠡᠮᠡᠭ᠍ᠳᠡᠭᠦᠯᠤᠨ ᠰᠡᠳᠭᠢᠯ ᠰᠠᠨᠠᠭᠠᠨ ᠤ ᠳᠠᠷᠤᠭᠠᠰᠤ ᠪᠣᠯᠳᠠᠭ᠃ ᠬᠠᠷᠢᠨ ᠡᠭᠦᠨ ᠤ ᠡᠰᠡᠷᠭᠦ ᠪᠠᠷ ᠡᠯ᠎ᠡ ᠳᠠᠯ᠎ᠠ ᠪᠠᠷ ᠰᠢᠯᠢᠳᠡᠭ᠌ ᠰᠤᠷᠤᠭᠴᠢ ᠳᠤ ᠭᠡᠳᠤ ᠭᠦᠶ‍ᠦᠭᠡᠨ ᠱᠠᠭᠠᠷᠳᠠᠯᠭ᠎ᠠ ᠳᠠᠯᠪᠢᠨ ᠭᠡᠳᠦᠷᠭᠡᠢ ᠠᠮᠠᠷᠬᠠᠨ ᠡᠭᠦᠷᠭᠡ ᠳᠤᠯᠭᠠᠬᠤ ᠨᠢ ᠳᠠᠳᠠᠨᠠᠷ ᠤᠨ ᠰᠢᠨ᠎ᠠ ᠶᠢ ᠡᠭᠦᠳᠭᠦ᠂ ᠴᠥᠭᠦᠷᠡᠰᠢ ᠦᠭᠡᠶ ᠳᠠᠪᠰᠢᠬᠤ ᠭᠦᠰᠡᠯ ᠳᠤ ᠬᠠᠷᠰᠢ ᠰᠠᠭᠠᠤᠨ ᠪᠣᠯᠤᠨ ᠪᠦᠳᠦᠭᠡᠯᠴᠢ ᠴᠢᠳᠠᠪᠣᠷᠢ ᠶᠢ ᠭᠦᠮᠦᠵᠢᠭᠦᠯᠭᠦ ᠳᠤ ᠲᠤᠢ᠌ᠯ ᠤᠨ ᠠᠰᠢᠭ ᠦᠭᠡᠶ ᠪᠠᠢ᠌ᠳᠠᠭ᠃

ᠰᠤᠷᠤᠭᠴᠢᠳ ᠤᠨ ᠡᠳᠦᠷ ᠳᠤᠳᠤᠮ ᠤᠨ ᠰᠤᠷᠤᠯᠴᠠᠯᠭ᠎ᠠ ᠶᠢᠨ ᠪᠠᠢ᠌ᠳᠠᠯ ᠢ ᠣᠢ᠌ᠯᠠᠭᠠᠬᠤ ᠳᠤ ᠭᠡᠷᠡᠭ᠍ᠳᠡᠢ᠃ ᠰᠤᠷᠤᠭᠴᠢ ᠨᠢᠭᠡᠪᠦᠷᠢ ᠶᠢᠨ ᠭᠢᠴᠢᠶᠠᠯ ᠤᠨ ᠴᠠᠭ ᠤᠨ ᠰᠤᠷᠤᠯᠴᠠᠵᠤ ᠪᠠᠢ᠌ᠭ᠎ᠠ ᠪᠠᠢ᠌ᠳᠠᠯ᠂ ᠳᠠᠰᠬᠠᠯ ᠳᠠᠭᠠᠭᠠᠯᠪᠣᠷᠢ ᠪᠠᠨ ᠪᠠᠶᠡᠯᠡᠭᠦᠯᠵᠤ ᠪᠠᠢ᠌ᠭ᠎ᠠ ᠪᠠᠢ᠌ᠳᠠᠯ᠂ ᠰᠢᠯᠭᠠᠯᠳᠠ ᠪᠠᠢ᠌ᠴᠠᠭᠠᠯᠳᠠ ᠶᠢᠨ ᠭᠢᠷᠢ ᠪᠦᠳᠦᠮᠵᠢ ᠶᠢᠨ ᠪᠠᠢ᠌ᠳᠠᠯ᠁ ᠵᠡᠷᠭᠡ ᠶᠢ ᠣᠢ᠌ᠯᠠᠭᠠᠨ᠂ ᠴᠠᠭ ᠳᠤᠬᠠᠢ ᠳᠤ ᠨᠢ ᠵᠢᠭᠠᠬᠤ ᠠᠷᠭ᠎ᠠ ᠪᠠᠨ ᠳᠤᠭᠢᠷᠠᠭᠤᠯᠤᠨ᠂ ᠰᠤᠷᠬᠤ ᠠᠷᠭ᠎ᠠ ᠶᠢ ᠵᠢᠯᠤᠭᠤᠳᠤᠨ ᠪᠠᠢ᠌ᠳᠠᠯ ᠳᠤ ᠨᠢ ᠳᠤᠭᠢᠷᠠᠭᠰᠠᠨ ᠠᠷᠭ᠎ᠠ ᠭᠡᠮᠵᠢᠶ᠎ᠡ ᠠᠪᠬᠤ ᠭᠡᠷᠡᠭ᠍ᠳᠡᠢ᠃ ᠭᠡᠷᠪᠡ ᠰᠤᠷᠤᠭᠴᠢ ᠶᠢᠨ ᠰᠤᠷᠤᠯᠴᠠᠯᠭ᠎ᠠ ᠶᠢᠨ ᠪᠠᠢ᠌ᠳᠠᠯ ᠢ ᠨᠢ ᠣᠢ᠌ᠯᠠᠭᠠᠬᠤ ᠦᠭᠡᠶ ᠪᠣᠯ ᠪᠠᠭᠰᠢ ᠡᠴᠠ ᠪᠠᠢ᠌ᠳᠠᠯ ᠳᠤ ᠨᠢ ᠳᠤᠭᠢᠷᠠᠭᠤᠯᠤᠨ ᠠᠮᠢᠳᠤᠯᠢᠭ ᠠᠷᠭ᠎ᠠ ᠭᠡᠮᠵᠢᠶ᠎ᠡ ᠠᠪᠴᠤ ᠳᠡᠢ᠌ᠯᠭᠦ ᠦᠭᠡᠶ ᠶᠤᠮ᠃

ᠰᠤᠷᠤᠭᠴᠢᠳ ᠤᠨ ᠵᠠᠩ ᠠᠭᠠᠰᠢ᠂ ᠣᠶᠤᠨ ᠣᠬᠠᠭᠠᠨ᠂ ᠳᠤᠰᠬᠠᠯ᠂ ᠳᠤᠷ᠎ᠠ ᠰᠤᠨᠢᠷᠬᠠᠯ᠂ ᠦᠪᠡᠷᠮᠢᠴᠠ ᠣᠠᠴᠠᠯᠢᠭ ᠵᠡᠷᠭᠡ ᠳᠦᠷᠤᠯᠭᠢ ᠶᠢᠨ ᠨᠢᠭᠤᠭᠳᠠᠮᠠᠯ ᠵᠣᠢ᠌ᠯ ᠢ ᠴᠤ ᠣᠢ᠌ᠯᠠᠭᠠᠨ ᠰᠤᠷᠤᠭᠴᠢ ᠶᠢ ᠨᠠᠩ ᠭᠦᠡᠵᠡᠭᠡᠢ ᠣᠢ᠌ᠯᠠᠭᠠᠬᠤ ᠶᠢᠨ ᠰᠠᠭᠤᠷᠢ ᠪᠣᠯᠭᠠᠪᠠᠯ ᠵᠤᠭᠢᠨ᠎ᠠ᠃

ᠭᠤᠷᠪᠠ ᠄ ᠠᠩᠭᠢ ᠶᠢᠨ ᠭᠡᠪ ᠰᠤᠷᠳᠠᠯ᠂ ᠰᠤᠷᠤᠭᠴᠢᠳ ᠤᠨ ᠬᠤᠭᠤᠷᠤᠠᠳᠤᠭᠢ ᠬᠠᠷᠢᠴᠠᠭ᠎ᠠ ᠶᠢ ᠣᠢ᠌ᠯᠠᠭᠠᠬᠤ ᠭᠡᠷᠡᠭ᠍ᠳᠡᠢ

ᠨᠢᠭᠡ ᠠᠩᠭᠢ ᠶᠢᠨ ᠭᠡᠪ ᠰᠤᠷᠳᠠᠯ ᠪᠣᠯ ᠳᠤᠰ ᠠᠩᠭᠢ ᠶᠢᠨ ᠣᠳᠠᠭᠠᠨ ᠡᠳᠦᠷ ᠤᠨ ᠳᠤᠷᠰᠢ ᠪᠦᠷᠢᠯᠳᠤᠨ ᠳᠤᠭᠳᠠᠭᠰᠠᠨ ᠠᠩᠭᠢ ᠶᠢᠨ ᠠᠭᠤᠷ ᠠᠮᠢᠰᠬᠤᠯ ᠮᠦᠨ᠃ ᠠᠩᠭᠢ ᠶᠢᠨ ᠭᠡᠪ ᠰᠤᠷᠳᠠᠯ ᠨᠢ ᠳᠤᠰ ᠠᠩᠭᠢ ᠶᠢᠨ ᠶᠤᠰᠤ ᠮᠤᠷᠠᠯ᠂ ᠰᠠᠭᠢᠯᠭ᠎ᠠ ᠪᠠᠳᠤ᠂ ᠰᠤᠷᠤᠯᠭ᠎ᠠ ᠶᠢᠨ ᠭᠢᠷᠢ ᠪᠦᠳᠦᠮᠵᠢ ᠪᠠ ᠣᠷᠤᠭᠰᠢ ᠳᠠᠪᠰᠢᠬᠤ ᠵᠤᠷᠢᠭ ᠰᠠᠨᠠᠭ᠎ᠠ ᠵᠡᠷᠭᠡ ᠪᠠᠷ ᠢᠯᠡᠷᠡᠳᠡᠭ᠌᠃ ᠠᠩᠭᠢ ᠶᠢᠨ ᠭᠡᠪ ᠰᠤᠷᠳᠠᠯ ᠨᠢ ᠳᠤᠰ ᠠᠩᠭᠢ ᠶᠢᠨ ᠶᠡᠷᠦᠩᠭᠡᠢ ᠭᠢᠷᠢ ᠲᠦᠪᠰᠢᠨ ᠢ ᠰᠢᠭᠤᠳ ᠨᠥᠯᠦᠭᠡᠯᠡᠭᠦ ᠪᠦᠭᠡᠳ ᠠᠩᠭᠢ ᠶᠢᠨ ᠡᠷᠭᠢᠯᠡᠭ᠍ᠴᠢ ᠶᠢᠨ ᠬᠠᠮᠢᠶᠠᠷᠤᠯᠳᠠ ᠲᠡᠶ ᠰᠢᠭᠤᠳ ᠬᠤᠯᠪᠣᠭ᠎ᠠ ᠲᠡᠶ ᠪᠠᠢ᠌ᠳᠠᠭ᠃ ᠡᠢ᠌ᠮᠤ ᠡᠴᠠ ᠠᠩᠭᠢ ᠶᠢᠨ ᠡᠷᠭᠢᠯᠡᠭ᠍ᠴᠢ ᠪᠣᠯᠤᠭᠰᠠᠤᠨ ᠳᠤᠰ ᠠᠩᠭᠢ ᠶᠢᠨ ᠶᠢᠡᠨ ᠭᠡᠪ ᠰᠤᠷᠳᠠᠯ ᠢ ᠣᠢ᠌ᠯᠠᠭᠠᠨ᠂ ᠵᠦᠪ ᠰᠠᠢ᠌ᠬᠠᠨ ᠭᠡᠪ ᠰᠤᠷᠳᠠᠯ ᠢ ᠣᠯᠠᠮ ᠴᠢᠨᠠᠭᠰᠢᠳᠠ ᠪᠠᠳᠠᠷᠠᠭᠤᠯᠤᠨ᠂ ᠵᠦᠪ ᠪᠣᠰᠤ ᠭᠡᠪ ᠰᠤᠷᠳᠠᠯ ᠢ ᠴᠠᠭ ᠳᠤᠬᠠᠢ ᠳᠤ ᠨᠢ᠌ ᠵᠠᠯᠠᠷᠠᠭᠤᠯᠬᠤ ᠭᠡᠷᠡᠭ᠍ᠳᠡᠢ᠃ ᠭᠡᠷᠪᠡ ᠴᠠᠭ ᠳᠤᠬᠠᠢ ᠳᠤ ᠨᠢ ᠵᠠᠯᠠᠷᠠᠭᠤᠯᠬᠤ ᠦᠭᠡᠶ ᠪᠣᠯ ᠵᠦᠪ ᠪᠣᠰᠤ ᠭᠡᠪ ᠰᠤᠷᠳᠠᠯ ᠨᠢ ᠣᠯᠠᠮ ᠭᠦᠡᠳᠤ ᠨᠤᠴᠢᠳᠠᠢ ᠪᠣᠯᠵᠤ ᠵᠠᠯᠠᠷᠠᠭᠤᠯᠬᠤ ᠳᠤ ᠣᠯᠠᠮ ᠭᠦᠴᠢᠷᠳᠡᠢ ᠪᠣᠯᠤᠨ᠎ᠠ᠃

ᠳᠤᠮᠤ ᠭᠦᠮᠦᠰ ᠤᠨ ᠬᠤᠭᠤᠷᠤᠠᠳᠤᠭᠢ ᠬᠠᠷᠢᠴᠠᠭ᠎ᠠ ᠨᠠᠷᠢᠨ ᠪᠣᠳᠤᠯᠢᠶᠠᠠᠳᠠᠢ ᠭᠡᠭᠦᠯᠡᠷ ᠰᠤᠷᠤᠭᠴᠢᠳ ᠤᠨ ᠬᠤᠭᠤᠷᠤᠠᠳᠤᠭᠢ ᠬᠠᠷᠢᠴᠠᠭ᠎ᠠ ᠴᠤ ᠳᠤᠤᠷ᠎ᠠ ᠳᠤᠤᠷ᠎ᠠ ᠪᠠᠨ ᠨᠠᠷᠢᠨ ᠨᠢᠭᠤᠴᠠᠭᠠᠢ ᠪᠠᠢ᠌ᠳᠠᠭ᠃ ᠡᠢ᠌ᠮᠤ ᠡᠴᠠ ᠪᠢᠳᠠ ᠰᠤᠷᠤᠭᠴᠢᠳ ᠤᠨ ᠨᠠᠰᠤᠨ ᠤ ᠣᠠᠴᠠᠯᠢᠭ ᠢ ᠣᠢ᠌ᠯᠠᠭᠠᠨ ᠬᠡᠦᠬᠡᠳ ᠤᠨ ᠰᠡᠳᠭᠢᠭᠦᠢ ᠪᠠ ᠣᠴᠢᠷ ᠶᠠᠪᠣᠳᠠᠯ ᠢ ᠰᠢ᠌ᠳᠪᠦᠷᠢᠯᠡᠭᠦ ᠠᠷᠭ᠎ᠠ ᠪᠠᠷᠢᠯ ᠶᠢᠡᠷ ᠳᠠᠳᠠᠨᠠᠷ ᠤᠨ ᠬᠤᠭᠤᠷᠤᠠᠳᠤᠭᠢ ᠬᠠᠷᠢᠴᠠᠭ᠎ᠠ ᠶᠢ ᠣᠢ᠌ᠯᠠᠭᠠᠨ᠂ ᠬᠤᠭᠤᠷᠤᠠᠳᠤᠭᠢ ᠵᠦᠷᠢᠴᠠᠯ ᠮᠦᠷᠭᠦᠯᠳᠦᠭᠡᠨ ᠢ ᠰᠢ᠌ᠳᠪᠦᠷᠢᠯᠡᠭᠦ ᠭᠡᠷᠡᠭ᠍ᠳᠡᠢ᠃ ᠬᠠᠷᠢᠨ ᠳᠤᠮᠤ ᠭᠦᠮᠤᠨ ᠤ ᠰᠡᠳᠭᠢᠭᠦᠢ ᠪᠠ ᠬᠠᠷᠢᠯᠴᠠᠭ᠎ᠠ ᠶᠢᠨ ᠠᠷᠭ᠎ᠠ ᠪᠠᠷ ᠭᠡᠷᠡᠭ᠌ ᠣᠴᠢᠷ ᠢ ᠰᠢ᠌ᠤᠠᠪᠣᠷᠢᠯᠠᠵᠤ ᠪᠣᠯᠬᠤ ᠦᠭᠡᠶ᠃

ᠠᠩᠭᠢ ᠶᠢᠨ ᠨᠥᠭᠦᠤᠨ ᠬᠤᠭᠤᠷᠤᠠᠳᠤ ᠪᠠᠨ ᠬᠠᠷᠢᠯᠴᠠᠨ ᠬᠠᠪᠰᠤᠷᠤᠯᠴᠠᠨ᠂ ᠬᠠᠷᠢᠯᠴᠠᠨ ᠬᠠᠷᠠᠭᠠᠯᠵᠠᠵᠤ᠂ ᠬᠠᠷᠢᠯᠴᠠᠨ ᠪᠦᠯᠭᠦᠮᠳᠡᠭᠦ ᠭᠡᠷᠡᠭ᠍ᠳᠡᠢ᠃ ᠪᠣᠰᠤᠳ ᠠᠩᠭᠢ ᠶᠢᠨ ᠨᠥᠭᠦᠤᠨ ᠲᠡᠶ ᠪᠠᠨ ᠡᠶ᠎ᠡ ᠡᠪᠳᠡᠢ᠂ ᠡᠷᠭᠡ ᠳᠡᠭ᠍ᠰᠢ ᠣᠪᠣᠷ ᠢ ᠪᠠᠷᠢᠮᠳᠠᠯᠠᠵᠤ᠂ ᠵᠦᠷᠢᠴᠠᠯ ᠮᠦᠷᠭᠦᠯᠳᠦᠭᠡᠨ ᠭᠠᠷᠬᠤ ᠡᠴᠠ ᠵᠠᠢ᠌ᠯᠠᠰᠭᠢᠬᠤ ᠭᠡᠷᠡᠭ᠍ᠳᠡᠢ᠃ ᠠᠩᠭᠢ ᠶᠢᠨ ᠨᠥᠭᠦᠤᠨ ᠬᠤᠭᠤᠷᠤᠠᠳᠤ ᠪᠠᠨ ᠭᠡᠳᠤᠨ ᠪᠦᠯᠦᠭ᠌ ᠪᠣᠯᠵᠤ ᠵᠥᠭ᠌ ᠵᠥᠭ᠌ ᠲᠡᠭᠡᠨ ᠵᠠᠳᠠᠷᠠᠬᠤ ᠥᠵᠡᠭ᠍ᠳᠡᠯ ᠭᠠᠷᠪᠠᠯ ᠠᠩᠭᠢ ᠨᠠᠢ᠌ᠳᠠ ᠶᠠᠭ ᠰᠠᠯᠵᠤ ᠴᠤᠴᠠᠷᠠᠭᠰᠠᠨ ᠮᠠᠳᠤ ᠪᠣᠯᠵᠤ ᠣᠷᠤᠭᠰᠢ ᠳᠠᠪᠰᠢᠬᠤ ᠭᠦᠴᠤᠨ ᠶᠢᠡᠨ ᠠᠯᠳᠠᠬᠤ ᠶᠤᠮ᠃ ᠪᠠᠭᠰᠢ ᠡᠴᠠ ᠰᠤᠷᠤᠭᠴᠢᠳ ᠤᠨ ᠬᠤᠭᠤᠷᠤᠠᠳᠤᠭᠢ ᠬᠠᠷᠢᠴᠠᠭ᠎ᠠ ᠶᠢ ᠵᠦᠪ ᠣᠨᠤᠪᠴᠢᠳᠠᠢ ᠣᠢ᠌ᠯᠠᠭᠠᠨ 《ᠳᠤᠤᠭᠠᠷᠪᠠᠯ ᠳᠠᠭᠤ ᠨᠢᠭᠡᠳᠡᠢ᠂ ᠳᠤᠭᠳᠤᠷᠪᠠᠯ ᠭᠦᠴᠤ ᠨᠢᠭᠡᠳᠡᠢ》 ᠠᠩᠭᠢ ᠨᠠᠢ᠌ᠳᠠ ᠶᠢ ᠪᠦᠳᠦᠭᠡᠨ ᠪᠠᠢ᠌ᠭᠤᠯᠬᠤ ᠨᠢ ᠠᠩᠭᠢ ᠶᠢᠨ ᠬᠠᠮᠢᠶᠠᠷᠤᠯᠳᠠ ᠶᠢᠨ ᠠᠮᠵᠢᠯᠳᠠ ᠣᠯᠬᠤ ᠶᠢᠨ ᠪᠠᠳᠤᠯᠠᠭ᠎ᠠ ᠮᠦᠨ᠃

ᠬᠤᠷᠢᠶᠠᠩᠭ᠋ᠣᠢ᠌ᠯᠠᠪᠠᠯ᠂ ᠠᠩᠭᠢ ᠶᠢᠨ ᠡᠷᠭᠢᠯᠡᠭ᠍ᠴᠢ ᠪᠣᠯᠤᠭᠰᠠᠤᠨ ᠠᠩᠭᠢ ᠶᠢᠨ ᠰᠤᠷᠤᠭᠴᠢᠳ ᠤᠨ ᠶᠢᠡᠨ ᠬᠠᠮᠢᠶ᠎ᠠ ᠪᠦᠭᠦᠢ ᠰᠤᠷᠠᠭ ᠵᠠᠩᠭᠢ ᠶᠢ ᠣᠢ᠌ᠯᠠᠭᠠᠨ᠂ ᠬᠤᠵᠢᠮ ᠤᠨ ᠠᠵᠢᠯ ᠤᠨ ᠶᠢᠡᠨ ᠳᠤᠮᠳᠠ ᠯᠠᠪᠯᠠᠯᠳᠠ ᠪᠣᠯᠭᠠᠨ ᠰᠤᠷᠤᠭᠴᠢᠳ ᠲᠠᠭᠠᠨ ᠳᠤᠭᠢᠷᠠᠭᠰᠠᠨ ᠰᠤᠷᠭᠠᠨ ᠭᠦᠮᠦᠵᠢᠭᠦᠯᠭᠦ ᠠᠷᠭ᠎ᠠ ᠶᠢ ᠰᠥᠪᠠᠭ᠍ᠴᠢᠯᠡᠨ ᠭᠠᠷᠭᠠᠵᠤ᠂ ᠠᠩᠭᠢ ᠶᠢᠨ ᠠᠵᠢᠯ ᠶᠢᠡᠨ ᠡᠷᠴᠢᠮ ᠲᠡᠶ ᠰᠠᠢ᠌ᠳᠤᠷ ᠦᠷᠨᠢᠭᠦᠯᠵᠤ᠂ ᠪᠣᠯᠪᠠᠰᠤᠨ ᠰᠠᠢ᠌ᠨ ᠠᠩᠭᠢ ᠨᠢᠭᠡᠴᠡ ᠶᠢ ᠪᠦᠳᠦᠭᠡᠨ ᠪᠠᠢ᠌ᠭᠤᠯᠬᠤ ᠪᠠᠷ ᠴᠢᠷᠮᠠᠢ᠌ᠬᠤ ᠭᠡᠷᠡᠭ᠍ᠳᠡᠢ᠃


ᠵᠤᠬᠢᠶᠠᠭᠴᠢ ᠶᠢᠨ ᠬᠠ‍‌ᠶᠢᠭ ᠄ ᠬᠤᠷᠴᠢᠨ ᠵᠡᠭᠦᠨ ᠭᠠᠷᠤᠨ ᠬᠣᠢ᠌ᠳᠤ ᠬᠤᠰᠢᠭᠤ

ᠵᠤᠬᠢᠶᠠᠭᠴᠢ᠄ ᠭᠢᠶᠠᠨ
ᠢᠷᠡᠯᠲᠡ᠄ ᠢᠷᠡᠭᠦᠯᠦᠭᠰᠡᠨ ᠡᠬᠡ ᠪᠢᠴᠢᠭ᠌
ᠬᠠᠷᠢᠶ᠎ᠠ᠄ ᠪᠠᠭᠰᠢ ᠶᠢᠨ ᠬᠠᠨᠢ
ᠳᠠᠷᠤᠮ᠄ 1738
ᠴᠠᠭ᠄ 2014 ᠤᠨ ᠤ 02 ᠰᠠᠷ᠎ᠠ ᠶᠢᠨ 26
ᠨᠠᠢ᠌ᠷᠠᠭᠤᠯᠤᠭᠴᠢ᠄ ᠪᠦᠬᠡᠡᠷᠳᠡᠨᠢ
ᠭᠡᠰᠢᠭᠦᠨ ᠤ ᠰᠢᠰᠲ᠋ᠸᠮ ᠢ ᠦᠢᠯᠡᠳᠦᠭᠡᠳᠦᠢ ᠪᠠᠢ᠌ᠭᠰᠠᠭᠠᠷ᠁