ᠮᠢᠨᠤ ᠳᠡᠭᠡᠳᠤ ᠮᠤᠩᠭ᠋ᠤᠯ

ᠥᠡᠳᠦᠷᠯᠢᠭ᠌ ᠤᠨ ᠮᠦᠩᠭᠦᠨ ᠵᠤ᠋ ᠳᠡᠭᠡᠷ᠎ᠡ ᠡᠴᠠ

ᠢᠵᠢᠯᠢ ᠪᠠᠨ ᠥᠭᠡᠢ᠌ᠯᠡᠨ ᠦᠣᠷᠰᠡᠭ᠍ᠰᠡᠨ

ᠡᠵᠡᠨ ᠴᠢᠩᠭᠢᠰ ᠬᠠᠭᠠᠨ ᠤ ᠮᠢᠨᠢ

ᠨᠢ᠋ᠮᠠᠨ ᠰᠢᠷᠭ᠎ᠠ ᠶᠢᠨ ᠨᠢᠭᠡ

         ᠮᠢᠨᠤ ᠳᠡᠭᠡᠳᠤ ᠮᠤᠩᠭ᠋ᠤᠯ

ᠡᠭᠦᠯᠡᠨ ᠳᠤ ᠰᠢᠷᠭᠤᠨ ᠨᠠᠮᠢᠷᠠᠭᠰᠠᠨ

ᠭᠦᠭᠡ ᠳᠤᠭ ᠤᠨ ᠳᠠᠰᠤᠷᠬᠠᠢ

ᠥᠡᠳᠦᠷᠯᠢᠭ᠌ ᠤᠨ ᠭᠦᠷᠦᠰᠤᠨ ᠳᠤ ᠣᠶᠠᠩᠭ᠋ᠠᠷᠠᠭᠰᠠᠨ

ᠮᠤᠷᠢᠨ ᠬᠤᠭᠤᠷ ᠤᠨ ᠡᠭᠡᠰᠢᠭ᠌

         ᠮᠢᠨᠤ ᠳᠡᠭᠡᠳᠤ ᠮᠤᠩᠭ᠋ᠤᠯ

ᠲᠦᠪᠡᠳ ᠣᠷᠤᠨ ᠳᠤ ᠳᠤᠭᠳᠠᠭᠰᠠᠨ

ᠳᠤᠯᠭ᠎ᠠ ᠶᠢᠨ ᠭᠤᠷᠪᠠᠨ ᠴᠢᠯᠠᠭᠤᠨ ᠤ ᠨᠢᠭᠡ

ᠠᠭᠤᠯᠠᠰ ᠤᠨ ᠣᠷᠤᠢ ᠶᠢ ᠣᠶᠠᠷᠠᠭᠤᠯᠤᠭᠰᠠᠨ

ᠣᠷᠳᠤ ᠶᠢᠨ ᠳᠠᠭᠤᠨ ᠤ ᠠᠶ᠎ᠠ

         ᠮᠢᠨᠤ ᠳᠡᠭᠡᠳᠤ ᠮᠤᠩᠭ᠋ᠤᠯ

ᠳᠡᠯᠡᠭᠡᠢ ᠶᠢᠨ ᠰᠡᠭᠡᠷ ᠢ ᠳᠠᠮᠠᠭᠠᠯᠠᠭᠰᠠᠨ

ᠮᠤᠩᠭ᠋ᠤᠯ ᠭᠡᠷ ᠤᠨ ᠪᠠᠭᠤᠴᠠ

ᠳᠡᠭ᠍ᠷᠢ ᠳᠤ ᠤᠢ᠌ᠷᠬᠠᠨ ᠴᠤᠤᠷᠢᠶᠠᠳᠤᠭᠰᠠᠨ

ᠮᠤᠩᠭ᠋ᠤᠯ ᠭᠦᠮᠤᠨ ᠤ ᠭᠡᠢ᠌ᠮᠦᠷᠢ

        ᠮᠢᠨᠤ ᠳᠡᠭᠡᠳᠤ ᠮᠤᠩᠭ᠋ᠤᠯ


ᠵᠤᠬᠢᠶᠠᠭᠴᠢ ᠶᠢᠨ ᠬᠠ‍‌ᠶᠢᠭ ᠄ ᠬᠦᠬᠡ‍ᠨᠠᠭᠤᠷ ᠤᠨ ᠦᠨᠳᠦᠰᠦᠳᠠᠨ ᠤ ᠶᠡᠭᠡ ᠰᠤᠷᠭᠠᠭᠤᠯᠢ ᠶᠢᠨ ᠮᠤᠩᠭ᠋ᠤᠯ ᠰᠠᠯᠪᠣᠷᠢ ᠵᠢᠨ 10 ᠣᠨ ᠤ ᠣᠶᠤᠳᠠᠨ

ᠵᠤᠬᠢᠶᠠᠭᠴᠢ᠄ ᠤᠳᠦᠡᠭᠦ᠋ᠤ
ᠬᠠᠷᠢᠶ᠎ᠠ᠄ ᠰᠢᠯᠦᠭ
ᠳᠠᠷᠤᠮ᠄ 2466
ᠴᠠᠭ᠄ 2011 ᠤᠨ ᠤ 04 ᠰᠠᠷ᠎ᠠ ᠶᠢᠨ 22