ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ

ᠪᠦᠭᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ


(2003 ᠣᠨ ᠤ 10 ᠰᠠᠷ᠎ᠠ ᠶᠢᠨ 28 ᠊ᠤ ᠡᠳᠦᠷ ᠠᠷᠪᠠᠳᠤᠭᠠᠷ ᠬᠤᠭᠤᠴᠠᠭᠠᠨ ᠤ ᠪᠦᠭᠦ ᠣᠯᠤᠰ ᠤᠨ ᠠᠷᠠᠤᠨ ᠤᠨ ᠳᠦᠯᠦᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠳᠠᠪᠣᠳᠤᠭᠠᠷ ᠬᠤᠷᠠᠯᠳᠤᠭᠠᠨ ᠡᠴᠡ ᠪᠠᠳᠤᠯᠠᠵᠤ᠂ 2007 ᠣᠨ ᠤ 12 ᠰᠠᠷ᠎ᠠ ᠶᠢᠨ 29 ᠊ᠤ ᠡᠳᠦᠷ ᠠᠷᠪᠠᠳᠤᠭᠠᠷ ᠬᠤᠭᠤᠴᠠᠭᠠᠨ ᠤ ᠪᠦᠭᠦ ᠣᠯᠤᠰ ᠤᠨ ᠠᠷᠠᠤᠨ ᠤᠨ ᠳᠦᠯᠦᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠭᠤᠴᠢᠨ ᠨᠢᠭᠡᠳᠦᠭᠡᠷ ᠬᠤᠷᠠᠯ ᠡᠴᠡ 《〈ᠪᠦᠭᠦᠳᠡ ᠨᠠᠢ᠌ᠷᠠᠮᠳᠠᠬᠤ ᠳᠤᠮᠳᠠᠳᠤ ᠠᠷᠠᠤᠨ ᠣᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ〉 ᠵᠠᠰᠠᠪᠣᠷᠢ ᠣᠷᠤᠭᠤᠯᠬᠤ ᠳᠤᠬᠠᠢ ᠳᠤᠭᠳᠠᠭᠠᠯ》 ᠊ᠢ ᠦᠨᠳᠦᠰᠦᠯᠠᠵᠤ ᠵᠠᠰᠠᠪᠣᠷᠢ ᠣᠷᠤᠭᠤᠯᠪᠠ)


ᠭᠠᠷᠴᠠᠭ

ᠨᠢᠭᠡᠳᠦᠭᠡᠷ ᠪᠦᠯᠦᠭ᠌   ᠶᠡᠷᠦᠩᠭᠡᠢ ᠳᠦᠷᠢᠮ

ᠬᠤᠶᠠᠳᠤᠭᠠᠷ ᠪᠦᠯᠦᠭ᠌   ᠳᠡᠷᠭᠡ ᠣᠨᠤᠭ᠎ᠠ ᠪᠣᠯᠤᠨ ᠵᠢᠯᠤᠭᠤᠴᠢ

ᠨᠢᠭᠡᠳᠦᠭᠡᠷ ᠭᠡᠰᠡᠭ᠌   ᠮᠠᠰᠢᠠᠳᠤ ᠳᠡᠷᠭᠡ᠂ ᠮᠠᠰᠢᠠᠳᠤ ᠪᠣᠰᠤ ᠳᠡᠷᠭᠡ

ᠬᠤᠶᠠᠳᠤᠭᠠᠷ ᠭᠡᠰᠡᠭ᠌   ᠮᠠᠰᠢᠠᠳᠤ ᠳᠡᠷᠭᠡᠨ ᠤ ᠵᠢᠯᠤᠭᠤᠴᠢ

ᠭᠤᠷᠪᠠᠳᠤᠭᠠᠷ ᠪᠦᠯᠦᠭ᠌   ᠵᠠᠮ ᠨᠡᠪᠳᠡᠷᠡᠯᠭᠡ ᠶᠢᠨ ᠨᠥᠭᠦᠴᠡᠯ

ᠳᠦᠷᠪᠠᠳᠦᠭᠡᠷ ᠪᠦᠯᠦᠭ᠌   ᠵᠠᠮ ᠨᠡᠪᠳᠡᠷᠡᠯᠭᠡ ᠶᠢᠨ ᠳᠤᠬᠠᠢ ᠳᠤᠭᠳᠠᠭᠠᠯ

ᠨᠢᠭᠡᠳᠦᠭᠡᠷ ᠭᠡᠰᠡᠭ᠌   ᠡᠡᠭ᠌ ᠤᠨ ᠳᠤᠭᠳᠠᠭᠠᠯ

ᠬᠤᠶᠠᠳᠤᠭᠠᠷ ᠭᠡᠰᠡᠭ᠌   ᠮᠠᠰᠢᠠᠳᠤ ᠳᠡᠷᠭᠡ ᠨᠡᠪᠳᠡᠷᠡᠭᠦ ᠳᠤᠬᠠᠢ ᠳᠤᠭᠳᠠᠭᠠᠯ

ᠭᠤᠷᠪᠠᠳᠤᠭᠠᠷ ᠭᠡᠰᠡᠭ᠌   ᠮᠠᠰᠢᠠᠳᠤ ᠪᠣᠰᠤ ᠳᠡᠷᠭᠡ ᠨᠡᠪᠳᠡᠷᠡᠭᠦ ᠳᠤᠬᠠᠢ ᠳᠤᠭᠳᠠᠭᠠᠯ

ᠳᠦᠷᠪᠠᠳᠦᠭᠡᠷ ᠭᠡᠰᠡᠭ᠌   ᠶᠠᠪᠠᠭᠠᠨ ᠭᠦᠮᠤᠨ ᠭᠢᠭᠡᠤᠨ ᠳᠡᠷᠭᠡᠨ ᠳᠤ ᠰᠠᠭᠤᠭᠴᠢ ᠶᠢᠨ ᠵᠠᠮ ᠨᠡᠪᠳᠡᠷᠡᠯᠭᠡ ᠶᠢᠨ ᠳᠤᠬᠠᠢ ᠳᠤᠭᠳᠠᠭᠠᠯ

ᠳᠠᠪᠣᠳᠤᠭᠠᠷ ᠭᠡᠰᠡᠭ᠌   ᠳᠡᠭᠡᠳᠤ ᠬᠤᠷᠳᠤᠴᠠᠳᠤ ᠵᠠᠰᠠᠮᠠᠯ ᠵᠠᠮ ᠤᠨ ᠳᠤᠬᠠᠢ ᠣᠠᠴᠠᠭᠠᠢ ᠳᠤᠭᠳᠠᠭᠠᠯ

ᠳᠠᠪᠣᠳᠤᠭᠠᠷ ᠪᠦᠯᠦᠭ᠌   ᠵᠠᠮ ᠬᠠᠷᠢᠯᠴᠠᠭᠠᠨ ᠤ ᠭᠡᠨᠡᠳᠡᠯ ᠢ ᠰᠢ᠌ᠦᠡᠪᠦᠷᠢᠯᠡᠭᠦ

ᠵᠢᠷᠭᠤᠳᠤᠭᠠᠷ ᠪᠦᠯᠦᠭ᠌   ᠬᠠᠤᠯᠢ ᠶᠢᠨ ᠭᠡᠷᠡᠭ᠍ᠵᠢᠭᠦᠯᠦᠯᠳᠡ ᠳᠤ ᠭᠢᠨᠠᠯᠳᠠ ᠳᠠᠯᠪᠢᠬᠤ

ᠳᠤᠯᠤᠳᠤᠭᠠᠷ ᠪᠦᠯᠦᠭ᠌   ᠬᠠᠤᠯᠢ ᠶᠢᠨ ᠬᠠᠷᠢᠭᠤᠴᠠᠯᠭ᠎ᠠ

ᠨᠢ᠋ᠮᠠᠳᠤᠭᠠᠷ ᠪᠦᠯᠦᠭ᠌   ᠳᠠᠭᠠᠯᠳᠤᠭᠤᠯᠤᠭᠰᠠᠨ ᠳᠦᠷᠢᠮ


ᠨᠢᠭᠡᠳᠦᠭᠡᠷ ᠪᠦᠯᠦᠭ᠌     ᠶᠡᠷᠦᠩᠭᠡᠢ ᠳᠦᠷᠢᠮ


ᠨᠢᠭᠡᠳᠦᠭᠡᠷ ᠵᠣᠢ᠌ᠯ ᠵᠠᠮ ᠬᠠᠷᠢᠯᠴᠠᠭᠠᠨ ᠤ ᠡᠮᠭᠢ ᠵᠢᠷᠤᠮ ᠢ ᠬᠠᠮᠠᠭᠠᠯᠠᠨ᠂ ᠵᠠᠮ ᠬᠠᠷᠢᠯᠴᠠᠭᠠᠨ ᠤ ᠭᠡᠨᠡᠳᠡᠯ ᠢ ᠰᠡᠷᠭᠡᠢ᠌ᠯᠡᠨ ᠪᠠᠭᠠᠰᠬᠠᠵᠤ᠂ ᠭᠦᠮᠤᠨ ᠤ ᠪᠠᠶ᠎ᠠ ᠶᠢᠨ ᠠᠮᠤᠷ ᠲᠦᠪᠰᠢᠨ ᠢ ᠬᠠᠮᠠᠭᠠᠯᠠᠨ᠂ ᠠᠷᠠᠤᠨ ᠢᠷᠭᠡᠨ᠂ ᠬᠠᠤᠯᠢ ᠶᠢᠨ ᠭᠦᠮᠤᠨ ᠪᠣᠯᠤᠨ ᠪᠣᠰᠤᠳ ᠵᠤᠬᠢᠶᠠᠨ ᠪᠠᠢ᠌ᠭᠤᠯᠤᠯᠳᠠ ᠶᠢᠨ ᠡᠳ᠋ ᠭᠦᠷᠦᠩᠭᠡ ᠶᠢᠨ ᠠᠮᠤᠷ ᠲᠦᠪᠰᠢᠨ ᠵᠢᠴᠢ ᠪᠣᠰᠤᠳ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠵᠤ᠂ ᠵᠠᠮ ᠨᠡᠪᠳᠡᠷᠡᠯᠭᠡ ᠶᠢᠨ ᠦᠷ᠎ᠡ ᠪᠦᠳᠦᠮᠵᠢ ᠶᠢ ᠳᠡᠭᠡᠭ᠍ᠰᠢᠯᠡᠭᠦᠯᠭᠦ ᠶᠢᠨ ᠳᠦᠯᠦᠭᠡ ᠳᠤᠰ ᠬᠠᠤᠯᠢ ᠶᠢ ᠳᠤᠭᠳᠠᠭᠠᠪᠠ᠃

ᠬᠤᠶᠠᠳᠤᠭᠠᠷ ᠵᠣᠢ᠌ᠯ ᠪᠦᠭᠦᠳᠡ ᠨᠠᠢ᠌ᠷᠠᠮᠳᠠᠬᠤ ᠳᠤᠮᠳᠠᠳᠤ ᠠᠷᠠᠤᠨ ᠣᠯᠤᠰ ᠤᠨ ᠭᠢᠯᠢ ᠶᠢᠨ ᠳᠤᠳᠤᠷᠠᠭᠢ ᠳᠡᠷᠭᠡᠨ ᠤ ᠵᠢᠯᠤᠭᠤᠴᠢ᠂ ᠶᠠᠪᠠᠭᠠᠨ ᠭᠦᠮᠤᠨ᠂ ᠳᠡᠷᠭᠡᠨ ᠳᠤ ᠰᠠᠭᠤᠭᠴᠢ ᠪᠣᠯᠤᠨ ᠵᠠᠮ ᠬᠠᠷᠢᠯᠴᠠᠭᠠᠨ ᠤ ᠠᠵᠢᠯᠯᠠᠭ᠎ᠠ ᠯᠤᠭ᠎ᠠ ᠬᠤᠯᠪᠣᠭᠳᠠᠯ ᠲᠡᠶ ᠨᠢᠭᠡᠴᠢ ᠪᠠ ᠬᠤᠪᠢ ᠭᠦᠮᠤᠨ ᠴᠦᠮ ᠳᠤᠰ ᠬᠠᠤᠯᠢ ᠶᠢ ᠵᠢᠷᠤᠮᠯᠠᠬᠤ ᠭᠡᠷᠡᠭ᠍ᠳᠡᠢ᠃

ᠭᠤᠷᠪᠠᠳᠤᠭᠠᠷ ᠵᠣᠢ᠌ᠯ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠳᠤ ᠬᠠᠤᠯᠢ ᠶᠤᠰᠤᠭᠠᠷ ᠬᠠᠮᠢᠶᠠᠷᠬᠤ᠂ ᠣᠯᠠᠨ ᠲᠦᠮᠡᠨ ᠳᠤ ᠳᠦᠭᠦᠮ ᠥᠵᠡᠭᠦᠯᠭᠦ ᠵᠠᠷᠴᠢᠮ ᠢ ᠵᠢᠷᠤᠮᠯᠠᠵᠤ᠂ ᠵᠠᠮ ᠬᠠᠷᠢᠯᠴᠠᠭᠠᠨ ᠤ ᠡᠮᠭᠢ ᠵᠢᠷᠤᠮ ᠲᠡᠶ ᠪᠠᠢ᠌ᠬᠤ᠂ ᠡᠡᠶ‍ᠦᠯᠭᠦᠢ ᠪᠠᠢ᠌ᠬᠤ᠂ ᠰᠠᠭᠠᠤᠨ ᠦᠭᠡᠶ ᠨᠡᠪᠳᠡᠷᠡᠭᠦ ᠶᠢ ᠪᠠᠳᠤᠯᠠᠬᠤ ᠭᠡᠷᠡᠭ᠍ᠳᠡᠢ᠃

ᠳᠦᠷᠪᠠᠳᠦᠭᠡᠷ ᠵᠣᠢ᠌ᠯ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠨᠤᠭᠤᠳ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠳᠠ ᠶᠢᠨ ᠠᠵᠢᠯ ᠢ ᠠᠵᠤ ᠠᠬᠤᠢ ᠶᠢᠨ ᠪᠦᠳᠦᠭᠡᠨ ᠪᠠᠢ᠌ᠭᠤᠯᠤᠯᠳᠠ ᠪᠣᠯᠤᠨ ᠨᠡᠢ᠌ᠭᠡᠮ ᠤᠨ ᠭᠦᠭ᠍ᠵᠢᠯᠳᠡ ᠯᠦᠭᠡ ᠵᠤᠭᠢᠴᠠᠭᠤᠯᠬᠤ ᠭᠡᠷᠡᠭ᠍ᠳᠡᠢ᠃

ᠰᠢᠶᠠᠨ ᠤ ᠱᠠᠳᠤᠨ ᠡᠴᠡ ᠳᠡᠭᠡᠭ᠍ᠰᠢᠭᠢ ᠣᠷᠤᠨ ᠨᠤᠳᠤᠭ ᠤᠨ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠨᠤᠭᠤᠳ ᠵᠠᠮ ᠬᠠᠷᠢᠯᠴᠠᠭᠠᠨ ᠤ ᠭᠦᠭ᠍ᠵᠢᠯᠳᠡ ᠶᠢᠨ ᠭᠡᠷᠡᠭ᠍ᠴᠡᠭᠡ ᠳᠤ ᠵᠤᠭᠢᠴᠠᠭᠤᠯᠤᠨ᠂ ᠵᠠᠮ ᠬᠠᠷᠢᠯᠴᠠᠭᠠᠨ ᠤ ᠠᠮᠤᠷ ᠲᠦᠪᠰᠢᠨ ᠤ ᠳᠤᠬᠠᠢ ᠬᠠᠤᠯᠢ ᠴᠠᠭᠠᠵᠠ᠂ ᠬᠠᠤᠯᠢ ᠳᠤᠭᠳᠠᠭᠠᠯ ᠪᠣᠯᠤᠨ ᠣᠯᠤᠰ ᠤᠨ ᠬᠤᠯᠪᠣᠭᠳᠠᠯ ᠪᠦᠭᠦᠢ ᠲᠦᠷᠦ ᠶᠢᠨ ᠪᠣᠳᠤᠯᠭ᠎ᠠ ᠶᠢ ᠦᠨᠳᠦᠰᠦᠯᠠᠵᠤ ᠪᠠᠢ᠌ᠭᠠᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠳᠠ ᠶᠢᠨ ᠳᠦᠯᠦᠪᠵᠢᠭᠦᠯᠭᠡ ᠶᠢ ᠳᠤᠭᠳᠠᠭᠠᠬᠤ ᠶᠢᠨ ᠬᠠᠮᠳᠤ ᠵᠤᠬᠢᠶᠠᠨ ᠪᠠᠢ᠌ᠭᠤᠯᠵᠤ ᠭᠡᠷᠡᠭ᠍ᠵᠢᠭᠦᠯᠭᠦ ᠭᠡᠷᠡᠭ᠍ᠳᠡᠢ᠃

ᠳᠠᠪᠣᠳᠤᠭᠠᠷ ᠵᠣᠢ᠌ᠯ ᠲᠦᠷᠦ ᠶᠢᠨ ᠶᠠᠪᠣᠳᠠᠯ ᠤᠨ ᠬᠤᠷᠢᠶᠠᠨ ᠤ ᠳᠤᠳᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠪᠦᠭᠦ ᠣᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃

ᠰᠢᠶᠠᠨ ᠤ ᠱᠠᠳᠤᠨ ᠡᠴᠡ ᠳᠡᠭᠡᠭ᠍ᠰᠢᠭᠢ ᠣᠷᠤᠨ ᠨᠤᠳᠤᠭ ᠤᠨ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠤ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠳᠤᠰ ᠵᠠᠰᠠᠭ ᠵᠠᠭᠢᠷᠭᠠᠨ ᠤ ᠣᠷᠤᠨ ᠤ ᠳᠤᠳᠤᠷᠠᠭᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃

ᠰᠢᠶᠠᠨ ᠤ ᠱᠠᠳᠤᠨ ᠡᠴᠡ ᠳᠡᠭᠡᠭ᠍ᠰᠢᠭᠢ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠤ ᠵᠠᠮ ᠬᠠᠷᠢᠯᠴᠠᠭ᠎ᠠ᠂ ᠪᠦᠳᠦᠭᠡᠨ ᠪᠠᠢ᠌ᠭᠤᠯᠤᠯᠳᠠ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠳᠤᠰ ᠳᠤᠰ ᠤᠨ ᠶᠢᠡᠨ ᠳᠤᠰᠢᠶᠠᠯ ᠬᠠᠷᠢᠭᠤᠴᠠᠯᠭ᠎ᠠ ᠶᠢ ᠦᠨᠳᠦᠰᠦᠯᠠᠵᠤ᠂ ᠬᠤᠯᠪᠣᠭᠳᠠᠯ ᠪᠦᠭᠦᠢ ᠵᠠᠮ ᠬᠠᠷᠢᠯᠴᠠᠭᠠᠨ ᠤ ᠠᠵᠢᠯ ᠢ ᠬᠠᠷᠢᠭᠤᠴᠠᠨ᠎ᠠ᠃

ᠵᠢᠷᠭᠤᠳᠤᠭᠠᠷ ᠵᠣᠢ᠌ᠯ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠨᠤᠭᠤᠳ ᠵᠠᠮ ᠬᠠᠷᠢᠯᠴᠠᠭᠠᠨ ᠤ ᠠᠮᠤᠷ ᠲᠦᠪᠰᠢᠨ ᠤ ᠳᠤᠬᠠᠢ ᠭᠦᠮᠦᠵᠢᠯ ᠢ ᠥᠷᠭᠦᠯᠵᠢ ᠭᠢᠵᠤ᠂ ᠠᠷᠠᠤᠨ ᠢᠷᠭᠡᠤᠨ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠳᠤᠬᠠᠢ ᠣᠬᠠᠮᠰᠠᠷ ᠢ ᠳᠡᠭᠡᠭ᠍ᠰᠢᠯᠡᠭᠦᠯᠭᠦ ᠭᠡᠷᠡᠭ᠍ᠳᠡᠢ᠃

ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠪᠣᠯᠤᠨ ᠵᠠᠮ ᠬᠠᠷᠢᠯᠴᠠᠭᠠᠨ ᠤ ᠴᠠᠭᠳᠠᠭ᠎ᠠ ᠡᠭᠦᠷᠭᠡ ᠳᠤᠰᠢᠶᠠᠯ ᠶᠢᠡᠨ ᠭᠦᠢᠴᠡᠳᠭᠡᠭᠦ ᠳᠡᠭᠡᠨ ᠵᠠᠮ ᠬᠠᠷᠢᠯᠴᠠᠭᠠᠨ ᠤ ᠠᠮᠤᠷ ᠲᠦᠪᠰᠢᠨ ᠤ ᠳᠤᠬᠠᠢ ᠬᠠᠤᠯᠢ ᠴᠠᠭᠠᠵᠠ᠂ ᠬᠠᠤᠯᠢ ᠳᠤᠭᠳᠠᠭᠠᠯ ᠤᠨ ᠣᠬᠠᠭᠤᠯᠭ᠎ᠠ ᠶᠢ ᠴᠢᠩᠭ᠋ᠠᠤᠠᠬᠠᠬᠤ ᠶᠢᠨ ᠬᠠᠮᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠳᠤᠬᠠᠢ ᠬᠠᠤᠯᠢ ᠴᠠᠭᠠᠵᠠ᠂ ᠬᠠᠤᠯᠢ ᠳᠤᠭᠳᠠᠭᠠᠯ ᠢ ᠵᠢᠱᠢᠶᠠᠴᠢ ᠪᠠᠷ ᠵᠢᠷᠤᠮᠯᠠᠬᠤ ᠭᠡᠷᠡᠭ᠍ᠳᠡᠢ᠃

ᠠᠯᠪᠠᠨ ᠪᠠᠢ᠌ᠭᠤᠯᠭ᠎ᠠ᠂ ᠴᠡᠷᠢᠭ᠌ ᠠᠩᠭᠢ᠂ ᠠᠵᠤ ᠠᠬᠤᠢ᠌ᠯᠠᠯ ᠠᠵᠢᠯ ᠣᠢ᠌ᠯᠠᠰ ᠤᠨ ᠨᠢᠭᠡᠴᠢ᠂ ᠨᠡᠢ᠌ᠭᠡᠮ ᠤᠨ ᠪᠦᠯᠭᠦᠮ ᠵᠢᠴᠢ ᠪᠣᠰᠤᠳ ᠵᠤᠬᠢᠶᠠᠨ ᠪᠠᠢ᠌ᠭᠤᠯᠤᠯᠳᠠ ᠨᠤᠭᠤᠳ ᠳᠤᠰ ᠨᠢᠭᠡᠴᠢ ᠶᠢᠨ ᠶᠢᠡᠨ ᠭᠦᠮᠦᠰ ᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠳᠤᠬᠠᠢ ᠭᠦᠮᠦᠵᠢᠯ ᠭᠢᠭᠦ ᠭᠡᠷᠡᠭ᠍ᠳᠡᠢ᠃

ᠰᠤᠷᠭᠠᠨ ᠭᠦᠮᠦᠵᠢᠯ ᠤᠨ ᠵᠠᠰᠠᠭ ᠵᠠᠭᠢᠷᠭᠠᠨ ᠤ ᠰᠠᠯᠠᠭ᠎ᠠ ᠮᠦᠴᠢᠷ᠂ ᠰᠤᠷᠭᠠᠭᠤᠯᠢ ᠨᠤᠭᠤᠳ ᠵᠠᠮ ᠬᠠᠷᠢᠯᠴᠠᠭᠠᠨ ᠤ ᠠᠮᠤᠷ ᠲᠦᠪᠰᠢᠨ ᠤ ᠳᠤᠬᠠᠢ ᠭᠦᠮᠦᠵᠢᠯ ᠢ ᠬᠠᠤᠯᠢ ᠳᠦᠷᠢᠮ ᠤᠨ ᠭᠦᠮᠦᠵᠢᠯ ᠤᠨ ᠠᠭᠤᠯᠭ᠎ᠠ ᠳᠤ ᠣᠷᠤᠭᠤᠯᠬᠤ ᠭᠡᠷᠡᠭ᠍ᠳᠡᠢ᠃

ᠰᠤᠨᠢᠨ ᠮᠡᠳᠡᠭᠡᠯᠡᠯ᠂ ᠭᠡᠪᠯᠡᠯ᠂ ᠷᠠᠳᠢᠣ᠋ ᠨᠡᠪᠳᠡᠷᠡᠭᠦᠯᠭᠡ᠂ ᠳᠸᠯᠸᠢᠰ ᠵᠡᠷᠭᠡ ᠬᠤᠯᠪᠣᠭᠳᠠᠯ ᠪᠦᠭᠦᠢ ᠨᠢᠭᠡᠴᠢ ᠨᠤᠭᠦᠳ ᠵᠠᠮ ᠬᠠᠷᠢᠯᠴᠠᠭᠠᠨ ᠤ ᠠᠮᠤᠷ ᠲᠦᠪᠰᠢᠨ ᠤ ᠳᠤᠬᠠᠢ ᠭᠦᠮᠦᠵᠢᠯ ᠭᠢᠭᠦ ᠡᠭᠦᠷᠭᠡ ᠲᠡᠶ᠃

ᠳᠤᠯᠤᠳᠤᠭᠠᠷ ᠵᠣᠢ᠌ᠯ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠳᠠ ᠶᠢᠨ ᠠᠵᠢᠯ ᠤᠨ ᠳᠤᠬᠠᠢ ᠰᠢᠡᠵᠢᠯᠡᠭᠦ ᠣᠬᠠᠭᠠᠨ ᠤ ᠰᠤᠳᠤᠯᠭ᠎ᠠ ᠶᠢ ᠴᠢᠩᠭ᠋ᠠᠤᠠᠬᠠᠵᠤ᠂ ᠳᠡᠷᠢᠭᠦᠨ ᠤ ᠬᠠᠮᠢᠶᠠᠷᠤᠯᠳᠠ ᠶᠢᠨ ᠠᠷᠭ᠎ᠠ ᠮᠠᠶ‍ᠢᠭ᠂ ᠳᠸᠭ᠍ᠨᠢᠭ᠌ ᠮᠡᠷᠭᠡᠵᠢᠯ᠂ ᠳᠤᠨᠤᠭ ᠳᠦᠭᠦᠭᠡᠷᠦᠮᠵᠢ ᠶᠢ ᠳᠡᠯᠭᠡᠷᠡᠭᠦᠯᠤᠨ ᠭᠡᠷᠡᠭᠯᠡᠭᠦ ᠭᠡᠷᠡᠭ᠍ᠳᠡᠢ᠃


ᠬᠤᠶᠠᠳᠤᠭᠠᠷ ᠪᠦᠯᠦᠭ᠌      ᠳᠡᠷᠭᠡ ᠣᠨᠤᠭ᠎ᠠ ᠪᠣᠯᠤᠨ ᠵᠢᠯᠤᠭᠤᠴᠢ


ᠨᠢᠭᠡᠳᠦᠭᠡᠷ ᠭᠡᠰᠡᠭ᠌    ᠮᠠᠰᠢᠠᠳᠤ ᠳᠡᠷᠭᠡ᠂ ᠮᠠᠰᠢᠠᠳᠤ ᠪᠣᠰᠤ ᠳᠡᠷᠭᠡ


ᠨᠢ᠋ᠮᠠᠳᠤᠭᠠᠷ ᠵᠣᠢ᠌ᠯ ᠣᠯᠤᠰ ᠤᠨ ᠮᠠᠰᠢᠠᠳᠤ ᠳᠡᠷᠭᠡ ᠳᠤ ᠳᠠᠩᠰᠠᠯᠠᠭᠤᠯᠬᠤ ᠳᠦᠷᠢᠮ ᠢ ᠭᠡᠷᠡᠭ᠍ᠵᠢᠭᠦᠯᠦᠨ᠎ᠡ᠃ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠳᠠᠩᠰᠠᠯᠠᠭᠤᠯᠤᠭᠰᠠᠨ ᠤ ᠳᠠᠷᠠᠭ᠎ᠠ ᠮᠠᠰᠢᠠᠳᠤ ᠳᠡᠷᠭᠡ ᠰᠠ‍‌ᠶᠢ ᠵᠠᠮ ᠳᠤ ᠭᠠᠷᠴᠤ ᠶᠠᠪᠣᠵᠤ ᠪᠣᠯᠤᠨ᠎ᠠ᠃ ᠳᠠᠩᠰᠠᠯᠠᠭᠤᠯᠤᠭᠰᠠᠨ ᠦᠭᠡᠶ ᠮᠠᠰᠢᠠᠳᠤ ᠳᠡᠷᠭᠡ ᠵᠠᠮ ᠳᠤ ᠲᠦᠷ ᠭᠠᠷᠴᠤ ᠶᠠᠪᠣᠬᠤ ᠴᠢᠬᠤᠯᠠᠳᠠᠢ ᠪᠣᠯ ᠲᠦᠷ ᠨᠡᠪᠳᠡᠷᠡᠭᠦ ᠫᠠᠢ᠌ᠰᠠ ᠦᠨᠡᠮᠯᠠᠯ ᠠᠪᠬᠤ ᠭᠡᠷᠡᠭ᠍ᠳᠡᠢ᠃

ᠶ‍ᠢᠰᠦᠳᠦᠭᠡᠷ ᠵᠣᠢ᠌ᠯ ᠮᠠᠰᠢᠠᠳᠤ ᠳᠡᠷᠭᠡ ᠳᠠᠩᠰᠠᠯᠠᠭᠤᠯᠬᠤ ᠪᠠᠷ ᠭᠤᠶᠤᠴᠢᠯᠠᠬᠤ ᠳᠠᠭᠠᠨ ᠳᠤᠤᠷ᠎ᠠ ᠵᠢᠭᠰᠠᠭᠠᠭᠰᠠᠨ ᠭᠡᠷᠡᠴᠢ ᠦᠨᠡᠮᠯᠠᠯ᠂ ᠭᠡᠷᠡᠴᠢ ᠪᠠᠷᠢᠮᠳᠠ ᠨᠤᠭᠤᠳ ᠢ ᠳᠤᠰᠢᠶᠠᠬᠤ ᠭᠡᠷᠡᠭ᠍ᠳᠡᠢ ᠄

( ᠨᠢᠭᠡ ) ᠮᠠᠰᠢᠠᠳᠤ ᠳᠡᠷᠭᠡ ᠥᠮᠴᠢᠯᠡᠭ᠍ᠴᠢ ᠶᠢᠨ ᠪᠠᠶ᠎ᠠ ᠶᠢᠨ ᠭᠡᠷᠡᠴᠢ ᠦᠨᠡᠮᠯᠠᠯ

( ᠬᠤᠶᠠᠷ ) ᠮᠠᠰᠢᠠᠳᠤ ᠳᠡᠷᠭᠡ ᠶᠢᠨ ᠢᠷᠠᠯᠳᠠ ᠶᠢᠨ ᠭᠡᠷᠡᠴᠢ

( ᠭᠤᠷᠪᠠ ) ᠮᠠᠰᠢᠠᠳᠤ ᠳᠡᠷᠭᠡ ᠶᠢᠨ ᠪᠦᠭᠦᠯᠢ ᠳᠡᠷᠭᠡᠨ ᠤ ᠣᠢ᠌ᠯᠠᠤᠠᠪᠣᠷᠢ ᠡᠴᠡ ᠭᠠᠷᠬᠤ ᠳᠤ ᠭᠢᠷᠢ ᠳᠡᠩᠴᠡᠭ᠍ᠰᠡᠨ ᠭᠡᠷᠡᠴᠢ ᠪᠣᠶᠤ ᠭᠠᠳᠠᠭᠠᠳᠤ ᠡᠴᠡ ᠣᠷᠤᠭᠤᠯᠤᠭᠰᠠᠨ ᠮᠠᠰᠢᠠᠳᠤ ᠳᠡᠷᠭᠡ ᠶᠢᠨ ᠭᠠᠳᠠᠭᠠᠳᠤ ᠡᠴᠡ ᠣᠷᠤᠭᠤᠯᠤᠭᠰᠠᠨ ᠭᠡᠷᠡᠴᠢ ᠪᠠᠷᠢᠮᠳᠠ

( ᠳᠦᠷᠪᠡ ) ᠳᠡᠷᠭᠡ ᠣᠨᠤᠭ᠎ᠠ ᠬᠤᠳᠠᠯᠳᠤᠨ ᠠᠪᠬᠤ ᠭᠠᠢ᠌ᠯᠢ ᠶᠢ ᠳᠤᠰᠢᠶᠠᠭᠰᠠᠨ ᠭᠡᠷᠡᠴᠢ ᠪᠣᠶᠤ ᠭᠠᠢ᠌ᠯᠢ ᠡᠴᠡ ᠭᠡᠯᠳᠦᠷᠢᠭᠦᠯᠭᠦ ᠭᠡᠷᠡᠴᠢ ᠪᠠᠷᠢᠮᠳᠠ

( ᠳᠠᠪᠣ ) ᠮᠠᠰᠢᠠᠳᠤ ᠳᠡᠷᠭᠡ ᠳᠠᠩᠰᠠᠯᠠᠭᠤᠯᠬᠤ ᠳᠠᠭᠠᠨ ᠳᠤᠰᠢᠶᠠᠬᠤ ᠶᠤᠰᠤᠳᠠᠢ ᠭᠡᠵᠤ ᠬᠠᠤᠯᠢ ᠴᠠᠭᠠᠵᠠ᠂ ᠵᠠᠰᠠᠭ ᠵᠠᠭᠢᠷᠭᠠᠨ ᠤ ᠬᠠᠤᠯᠢ ᠳᠤᠭᠳᠠᠭᠠᠯ ᠳᠤ ᠳᠤᠭᠳᠠᠭᠠᠭᠰᠠᠨ ᠪᠣᠰᠤᠳ ᠭᠡᠷᠡᠴᠢ᠂ ᠭᠡᠷᠡᠴᠢ ᠪᠠᠷᠢᠮᠳᠠ᠃

ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠭᠤᠶᠤᠴᠢᠯᠠᠯ ᠢ ᠰᠢ᠌ᠦᠡᠪᠦᠷᠢᠯᠡᠭᠦ ᠪᠠᠷ ᠭᠦᠯᠢᠶᠡᠨ ᠠᠪᠣᠭᠰᠠᠨ ᠡᠳᠦᠷ ᠡᠴᠡ ᠡᠭᠢᠯᠡᠨ ᠳᠠᠪᠤᠨ ᠠᠵᠢᠯ ᠤᠨ ᠡᠳᠦᠷ ᠤᠨ ᠳᠤᠳᠤᠷ᠎ᠠ ᠮᠠᠰᠢᠠᠳᠤ ᠳᠡᠷᠭᠡ ᠶᠢ ᠳᠠᠩᠰᠠᠯᠠᠵᠤ ᠭᠢᠨᠠᠨ ᠪᠠᠢ᠌ᠴᠠᠭᠠᠬᠤ ᠠᠵᠢᠯ ᠢ ᠳᠠᠭᠤᠰᠬᠠᠬᠤ ᠭᠡᠷᠡᠭ᠍ᠳᠡᠢ᠂ ᠡᠮᠦᠨᠡᠭᠢ ᠪᠠᠳᠠᠭ ᠲᠤ ᠳᠤᠭᠳᠠᠭᠠᠭᠰᠠᠨ ᠨᠥᠭᠦᠴᠡᠯ ᠳᠤ ᠨᠡᠢ᠌ᠴᠡᠭ᠍ᠰᠡᠨ ᠪᠠᠢ᠌ᠪᠠᠯ᠂ ᠮᠠᠰᠢᠠᠳᠤ ᠳᠡᠷᠭᠡ ᠳᠠᠩᠰᠠᠯᠠᠭᠤᠯᠤᠭᠰᠠᠨ ᠭᠡᠷᠡᠴᠢ ᠪᠢᠴᠢᠭ᠌᠂ ᠨᠤᠮᠸᠷ ᠤᠨ ᠫᠠᠢ᠌ᠰᠠ ᠪᠣᠯᠤᠨ ᠠᠶᠠᠯᠠᠨ ᠶᠠᠪᠣᠬᠤ ᠦᠨᠡᠮᠯᠠᠯ ᠣᠯᠭᠤᠬᠤ ᠭᠡᠷᠡᠭ᠍ᠳᠡᠢ᠃ ᠡᠮᠦᠨᠡᠭᠢ ᠪᠠᠳᠠᠭ ᠲᠤ ᠳᠤᠭᠳᠠᠭᠠᠭᠰᠠᠨ ᠨᠥᠭᠦᠴᠡᠯ ᠳᠤ ᠨᠡᠢ᠌ᠴᠡᠭᠦ ᠦᠭᠡᠶ ᠪᠠᠢ᠌ᠪᠠᠯ᠂ ᠳᠠᠩᠰᠠᠯᠠᠵᠤ ᠦᠭ‍ᠭᠦ ᠦᠭᠡᠶ ᠣᠴᠢᠷ ᠰᠢᠯᠳᠠᠭᠠᠨ ᠢ ᠭᠤᠶᠤᠴᠢᠯᠠᠭᠴᠢ ᠳᠤ ᠳᠤᠳᠤᠷᠬᠠᠢ᠌ᠯᠠᠬᠤ ᠭᠡᠷᠡᠭ᠍ᠳᠡᠢ᠃

ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠡᠴᠡ ᠪᠣᠰᠤᠳ ᠶᠠᠮᠠᠷᠪᠠ ᠨᠢᠭᠡᠴᠢ ᠪᠣᠶᠤ ᠬᠤᠪᠢ ᠭᠦᠮᠤᠨ ᠮᠠᠰᠢᠠᠳᠤ ᠳᠡᠷᠭᠡ ᠶᠢᠨ ᠨᠤᠮᠸᠷ ᠤᠨ ᠫᠠᠢ᠌ᠰᠠ ᠣᠯᠭᠤᠬᠤ ᠪᠣᠶᠤ ᠮᠠᠰᠢᠠᠳᠤ ᠳᠡᠷᠭᠡᠨ ᠳᠤ ᠪᠣᠰᠤᠳ ᠨᠤᠮᠸᠷ ᠤᠨ ᠫᠠᠢ᠌ᠰᠠ ᠡᠯᠭᠦᠭᠦᠯᠭᠦ ᠪᠠᠷ ᠱᠠᠭᠠᠷᠳᠠᠵᠤ ᠪᠣᠯᠬᠤ ᠦᠭᠡᠶ᠂ ᠳᠤᠰ ᠬᠠᠤᠯᠢ ᠳᠤ ᠠᠰᠳᠠᠭᠠᠨ ᠳᠤᠭᠳᠠᠭᠠᠯ ᠲᠡᠶ ᠨᠢ ᠡᠭᠦᠨ ᠳᠤ ᠪᠠᠭᠳᠠᠬᠤ ᠦᠭᠡᠶ᠃

ᠮᠠᠰᠢᠠᠳᠤ ᠳᠡᠷᠭᠡ ᠳᠠᠩᠰᠠᠯᠠᠭᠤᠯᠤᠭᠰᠠᠨ ᠭᠡᠷᠡᠴᠢ ᠪᠠᠷᠢᠮᠳᠠ᠂ ᠨᠤᠮᠸᠷ ᠤᠨ ᠫᠠᠢ᠌ᠰᠠ᠂ ᠠᠶᠠᠯᠠᠨ ᠶᠠᠪᠣᠬᠤ ᠦᠨᠡᠮᠯᠠᠯ ᠤᠨ ᠭᠡᠪ ᠵᠠᠭᠪᠣᠷ ᠢ ᠲᠦᠷᠦ ᠶᠢᠨ ᠶᠠᠪᠣᠳᠠᠯ ᠤᠨ ᠬᠤᠷᠢᠶᠠᠨ ᠤ ᠳᠤᠳᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠡᠴᠡ ᠳᠤᠭᠳᠠᠭᠠᠬᠤ ᠪᠦᠭᠡᠤᠨ ᠭᠢᠨᠠᠨ ᠣᠢ᠌ᠯᠠᠳᠤᠨ᠎ᠠ᠃

ᠠᠷᠪᠠᠳᠤᠭᠠᠷ ᠵᠣᠢ᠌ᠯ ᠳᠠᠩᠰᠠᠯᠠᠭᠤᠯᠬᠤ ᠪᠠᠷ ᠵᠥᠪᠰᠢᠶᠡᠷᠡᠭ᠍ᠳᠡᠭ᠍ᠰᠡᠨ ᠮᠠᠰᠢᠠᠳᠤ ᠳᠡᠷᠭᠡ ᠨᠢ ᠮᠠᠰᠢᠠᠳᠤ ᠳᠡᠷᠭᠡ ᠶᠢᠨ ᠳᠤᠬᠠᠢ ᠣᠯᠤᠰ ᠤᠨ ᠠᠮᠤᠷ ᠲᠦᠪᠰᠢᠨ ᠤ ᠳᠸᠭ᠍ᠨᠢᠭ᠌ ᠮᠡᠷᠭᠡᠵᠢᠯ ᠤᠨ ᠪᠠᠷᠢᠮᠵᠢᠶ᠎ᠠ ᠳᠤ ᠨᠡᠢ᠌ᠴᠡᠭ᠍ᠰᠡᠨ ᠪᠠᠢ᠌ᠬᠤ ᠭᠡᠷᠡᠭ᠍ᠳᠡᠢ᠃ ᠮᠠᠰᠢᠠᠳᠤ ᠳᠡᠷᠭᠡ ᠶᠢ ᠳᠠᠩᠰᠠᠯᠠᠭᠤᠯᠬᠤ ᠪᠠᠷ ᠭᠤᠶᠤᠴᠢᠯᠠᠬᠤ ᠳᠤ ᠳᠤᠰ ᠮᠠᠰᠢᠠᠳᠤ ᠳᠡᠷᠭᠡ ᠶᠢᠨ ᠠᠮᠤᠷ ᠲᠦᠪᠰᠢᠨ ᠤ ᠳᠤᠬᠠᠢ ᠳᠸᠭ᠍ᠨᠢᠭ᠌ ᠮᠡᠷᠭᠡᠵᠢᠯ ᠤᠨ ᠰᠢᠯᠭᠠᠨ ᠪᠠᠢ᠌ᠴᠠᠭᠠᠯᠳᠠ ᠶᠢ ᠭᠦᠯᠢᠶᠡᠭᠦ ᠭᠡᠷᠡᠭ᠍ᠳᠡᠢ᠃ ᠭᠡᠪᠠᠴᠤ ᠣᠯᠤᠰ ᠤᠨ ᠮᠠᠰᠢᠠᠳᠤ ᠳᠡᠷᠭᠡ ᠶᠢᠨ ᠦᠢᠯᠡᠳᠬᠦᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠡᠴᠡ ᠮᠠᠰᠢᠠᠳᠤ ᠳᠡᠷᠭᠡ ᠶᠢᠨ ᠳᠤᠬᠠᠢ ᠣᠯᠤᠰ ᠤᠨ ᠠᠮᠤᠷ ᠲᠦᠪᠰᠢᠨ ᠤ ᠳᠸᠭ᠍ᠨᠢᠭ᠌ ᠮᠡᠷᠭᠡᠵᠢᠯ ᠤᠨ ᠪᠠᠷᠢᠮᠵᠢᠶ᠎ᠠ ᠶᠢ ᠦᠨᠳᠦᠰᠦᠯᠠᠵᠤ ᠮᠠᠭᠠᠤᠠᠯᠠᠨ ᠳᠤᠭᠳᠠᠭᠠᠭᠰᠠᠨ ᠠᠵᠤ ᠠᠬᠤᠢ᠌ᠯᠠᠯ ᠤᠨ ᠥᠢᠯᠤᠨᠪᠦᠷᠢᠯᠡᠭ᠍ᠰᠡᠨ ᠮᠠᠰᠢᠠᠳᠤ ᠳᠡᠷᠭᠡ ᠶᠢᠨ ᠭᠡᠯᠪᠠᠷᠢ ᠮᠠᠶ‍ᠢᠭ ᠪᠣᠯᠬᠤ ᠪᠦᠭᠡᠤᠨ ᠳᠤᠰ ᠳᠡᠷᠭᠡᠨ ᠭᠡᠯᠪᠠᠷᠢ ᠶᠢᠨ ᠰᠢᠨ᠎ᠠ ᠳᠡᠷᠭᠡ ᠶᠢ ᠣᠢ᠌ᠯᠠᠤᠠᠪᠣᠷᠢ ᠡᠴᠡ ᠭᠠᠷᠭᠠᠬᠤ ᠦᠶ᠎ᠡ ᠳᠤ ᠰᠢᠯᠭᠠᠨ ᠪᠠᠢ᠌ᠴᠠᠭᠠᠭᠠᠤᠨ ᠮᠠᠰᠢᠠᠳᠤ ᠳᠡᠷᠭᠡ ᠶᠢᠨ ᠳᠤᠬᠠᠢ ᠣᠯᠤᠰ ᠤᠨ ᠠᠮᠤᠷ ᠲᠦᠪᠰᠢᠨ ᠤ ᠳᠸᠭ᠍ᠨᠢᠭ᠌ ᠮᠡᠷᠭᠡᠵᠢᠯ ᠤᠨ ᠪᠠᠷᠢᠮᠵᠢᠶ᠎ᠠ ᠳᠤ ᠨᠠᠢ᠌ᠴᠠᠵᠤ᠂ ᠰᠢᠯᠭᠠᠨ ᠪᠠᠢ᠌ᠴᠠᠭᠠᠯᠳᠠ ᠳᠤ ᠭᠢᠷᠢ ᠳᠡᠩᠴᠡᠭ᠍ᠰᠡᠨ ᠦᠨᠡᠮᠯᠠᠯ ᠣᠯᠤᠭᠰᠠᠨ ᠪᠠᠢ᠌ᠪᠠᠯ᠂ ᠠᠮᠤᠷ ᠲᠦᠪᠰᠢᠨ ᠤ ᠳᠸᠭ᠍ᠨᠢᠭ᠌ ᠮᠡᠷᠭᠡᠵᠢᠯ ᠤᠨ ᠰᠢᠯᠭᠠᠨ ᠪᠠᠢ᠌ᠴᠠᠭᠠᠯᠳᠠ ᠡᠴᠡ ᠭᠡᠯᠳᠦᠷᠢᠭᠦᠯᠦᠨ᠎ᠡ᠃

ᠠᠷᠪᠠᠨ ᠨᠢᠭᠡᠳᠦᠭᠡᠷ ᠵᠣᠢ᠌ᠯ ᠮᠠᠰᠢᠠᠳᠤ ᠳᠡᠷᠭᠡ ᠵᠢᠯᠤᠭᠤᠤᠠᠴᠤ ᠵᠠᠮ ᠳᠤ ᠭᠠᠷᠴᠤ ᠶᠠᠪᠣᠬᠤ ᠳᠠᠭᠠᠨ ᠮᠠᠰᠢᠠᠳᠤ ᠳᠡᠷᠭᠡ ᠶᠢᠨ ᠨᠤᠮᠸᠷ ᠤᠨ ᠫᠠᠢ᠌ᠰᠠ ᠡᠯᠭᠦᠵᠤ᠂ ᠰᠢᠯᠭᠠᠨ ᠪᠠᠢ᠌ᠴᠠᠭᠠᠯᠳᠠ ᠳᠤ ᠭᠢᠷᠢ ᠳᠡᠩᠴᠡᠭ᠍ᠰᠡᠨ ᠢᠯᠡᠳᠭᠡᠮᠵᠢ ᠳᠡᠮᠳᠡᠭ᠌᠂ ᠳᠠᠭᠠᠤᠠᠬᠠᠯ ᠤᠨ ᠢᠯᠡᠳᠭᠡᠮᠵᠢ ᠳᠡᠮᠳᠡᠭ᠌ ᠳᠠᠯᠪᠢᠬᠤ ᠭᠡᠷᠡᠭ᠍ᠳᠡᠢ ᠪᠦᠭᠡᠤᠨ ᠮᠠᠰᠢᠠᠳᠤ ᠳᠡᠷᠭᠡᠨ ᠤ ᠠᠶᠠᠯᠠᠨ ᠶᠠᠪᠣᠬᠤ ᠦᠨᠡᠮᠯᠠᠯ ᠶᠢᠡᠨ ᠳᠡᠷᠭᠡᠨ ᠳᠡᠭᠡᠨ ᠠᠪᠴᠤ ᠶᠠᠪᠣᠬᠤ ᠭᠡᠷᠡᠭ᠍ᠳᠡᠢ᠃

ᠮᠠᠰᠢᠠᠳᠤ ᠳᠡᠷᠭᠡ ᠶᠢᠨ ᠨᠤᠮᠸᠷ ᠤᠨ ᠫᠠᠢ᠌ᠰᠠ ᠶᠢ ᠳᠤᠭᠳᠠᠭᠠᠯ ᠶᠤᠰᠤᠭᠠᠷ ᠡᠯᠭᠦᠭᠦ ᠶᠢᠨ ᠬᠠᠮᠳᠤ ᠳᠤᠳᠤᠷᠬᠠᠢ᠂ ᠪᠦᠷᠢᠨ ᠪᠦᠳᠤᠨ ᠪᠠᠢ᠌ᠯᠭᠠᠬᠤ ᠭᠡᠷᠡᠭ᠍ᠳᠡᠢ᠂ ᠵᠤᠷᠢᠭᠤᠳᠠ ᠬᠠᠯᠬᠠᠯᠠᠵᠤ᠂ ᠪᠣᠭᠢᠷᠳᠠᠭᠤᠯᠤᠨ ᠰᠥᠢᠦᠡᠭᠡᠵᠤ ᠪᠣᠯᠬᠤ ᠦᠭᠡᠶ᠃

ᠶᠠᠮᠠᠷᠪᠠ ᠨᠢᠭᠡᠴᠢ ᠪᠠ ᠬᠤᠪᠢ ᠭᠦᠮᠤᠨ ᠮᠠᠰᠢᠠᠳᠤ ᠳᠡᠷᠭᠡ ᠶᠢᠨ ᠨᠤᠮᠸᠷ ᠤᠨ ᠫᠠᠢ᠌ᠰᠠ ᠶᠢ ᠬᠤᠷᠢᠶᠠᠨ ᠠᠪᠴᠤ᠂ ᠪᠠᠷᠢᠵᠤ ᠥᠯᠡᠳᠠᠭᠡᠵᠤ ᠪᠣᠯᠬᠤ ᠦᠭᠡᠶ᠃

ᠠᠷᠪᠠᠨ ᠬᠤᠶᠠᠳᠤᠭᠠᠷ ᠵᠣᠢ᠌ᠯ ᠳᠤᠤᠷ᠎ᠠ ᠵᠢᠭᠰᠠᠭᠠᠭᠰᠠᠨ ᠪᠠᠢ᠌ᠳᠠᠯ ᠤᠳ ᠤᠨ ᠨᠢᠭᠡ ᠨᠢ ᠪᠠᠢ᠌ᠪᠠᠯ᠂ ᠵᠤᠭᠢᠴᠠᠩᠭ᠋ᠤᠢ ᠳᠠᠩᠰᠠᠯᠠᠯ ᠭᠢᠯᠭᠡᠭᠦ ᠭᠡᠷᠡᠭ᠍ᠳᠡᠢ ᠄

( ᠨᠢᠭᠡ ) ᠮᠠᠰᠢᠠᠳᠤ ᠳᠡᠷᠭᠡ ᠶᠢᠨ ᠥᠮᠴᠢᠯᠡᠭᠦ ᠡᠷᠭᠡ ᠰᠢᠯᠵᠢᠭ᠍ᠰᠡᠨ

( ᠬᠤᠶᠠᠷ ) ᠮᠠᠰᠢᠠᠳᠤ ᠳᠡᠷᠭᠡᠨ ᠤ ᠳᠠᠩᠰᠠᠯᠠᠭᠤᠯᠤᠭᠰᠠᠨ ᠠᠭᠤᠯᠭ᠎ᠠ ᠬᠤᠪᠢᠷᠠᠭᠰᠠᠨ

( ᠭᠤᠷᠪᠠ ) ᠮᠠᠰᠢᠠᠳᠤ ᠳᠡᠷᠭᠡ ᠶᠢ ᠪᠠᠷᠢᠴᠠᠭᠠᠯᠠᠵᠤ ᠦᠭ‍ᠭᠦᠭ᠍ᠰᠡᠨ

( ᠳᠦᠷᠪᠡ ) ᠮᠠᠰᠢᠠᠳᠤ ᠳᠡᠷᠭᠡ ᠨᠢ ᠭᠡᠷᠡᠭ᠍ᠴᠡᠭᠡ ᠡᠴᠡ ᠭᠠᠷᠤᠭᠰᠠᠨ᠃

ᠠᠷᠪᠠᠨ ᠭᠤᠷᠪᠠᠳᠤᠭᠠᠷ ᠵᠣᠢ᠌ᠯ ᠳᠠᠩᠰᠠᠯᠠᠭᠤᠯᠤᠭᠰᠠᠨ ᠤ ᠳᠠᠷᠠᠭ᠎ᠠ ᠵᠠᠮ ᠳᠤ ᠭᠠᠷᠴᠤ ᠶᠠᠪᠣᠬᠤ ᠮᠠᠰᠢᠠᠳᠤ ᠳᠡᠷᠭᠡ ᠳᠤ ᠬᠠᠤᠯᠢ ᠴᠠᠭᠠᠵᠠ᠂ ᠵᠠᠰᠠᠭ ᠵᠠᠭᠢᠷᠭᠠᠨ ᠤ ᠬᠠᠤᠯᠢ ᠳᠤᠭᠳᠠᠭᠠᠯ ᠤᠨ ᠳᠤᠭᠳᠠᠭᠠᠯ ᠶᠤᠰᠤᠭᠠᠷ ᠳᠡᠷᠭᠡ ᠣᠨᠤᠭ᠎ᠠ ᠶᠢᠨ ᠭᠡᠷᠡᠭ᠍ᠴᠡᠭᠡ᠂ ᠠᠶᠠᠠᠴᠢᠨ ᠳᠡᠭᠡᠭᠡᠭᠦ᠂ ᠪᠠᠷᠠᠭ᠎ᠠ ᠳᠡᠭᠡᠭᠡᠭᠦ ᠳᠤᠭ᠎ᠠ ᠭᠡᠮᠵᠢᠶ᠎ᠡ᠂ ᠭᠡᠷᠡᠭᠯᠡᠭ᠍ᠰᠡᠨ ᠵᠢᠯ ᠬᠤᠭᠤᠴᠠᠭ᠎ᠠ ᠵᠡᠷᠭᠡ ᠠᠳᠠᠯᠢ ᠪᠣᠰᠤ ᠪᠠᠢ᠌ᠳᠠᠯ ᠢ ᠦᠨᠳᠦᠰᠦᠯᠠᠨ᠂ ᠳᠤᠭᠳᠠᠮᠠᠯ ᠬᠤᠭᠤᠴᠠᠭ᠎ᠠ ᠲᠡᠶ ᠪᠠᠷ ᠠᠮᠤᠷ ᠲᠦᠪᠰᠢᠨ ᠤ ᠳᠸᠭ᠍ᠨᠢᠭ᠌ ᠮᠡᠷᠭᠡᠵᠢᠯ ᠤᠨ ᠰᠢᠯᠭᠠᠨ ᠪᠠᠢ᠌ᠴᠠᠭᠠᠯᠳᠠ ᠭᠢᠭᠦ ᠭᠡᠷᠡᠭ᠍ᠳᠡᠢ᠃ ᠮᠠᠰᠢᠠᠳᠤ ᠳᠡᠷᠭᠡᠨ ᠤ ᠠᠶᠠᠯᠠᠨ ᠶᠠᠪᠣᠬᠤ ᠦᠨᠡᠮᠯᠠᠯ ᠪᠣᠯᠤᠨ ᠮᠠᠰᠢᠠᠳᠤ ᠳᠡᠷᠭᠡᠨ ᠤ ᠭᠤᠷᠪᠠᠳᠤᠭᠠᠷ ᠡᠳᠡᠭᠡᠤᠨ ᠤᠨ ᠬᠠᠷᠢᠭᠤᠴᠠᠯᠭ᠎ᠠ ᠶᠢᠨ ᠠᠯᠪᠠᠳᠠᠯᠭ᠎ᠠ ᠶᠢᠨ ᠳᠠᠭᠠᠤᠠᠬᠠᠯ ᠤᠨ ᠪᠠᠷᠢᠮᠳᠠ ᠬᠠᠩᠭ᠋ᠠᠭᠰᠠᠨ ᠪᠠᠢ᠌ᠪᠠᠯ᠂ ᠮᠠᠰᠢᠠᠳᠤ ᠳᠡᠷᠭᠡ ᠶᠢᠨ ᠠᠮᠤᠷ ᠲᠦᠪᠰᠢᠨ ᠤ ᠳᠸᠭ᠍ᠨᠢᠭ᠌ ᠮᠡᠷᠭᠡᠵᠢᠯ ᠤᠨ ᠰᠢᠯᠭᠠᠨ ᠪᠠᠢ᠌ᠴᠠᠭᠠᠯᠳᠠ ᠭᠢᠭᠦ ᠪᠠᠢ᠌ᠭᠤᠯᠤᠮᠵᠢ ᠡᠴᠡ ᠰᠢᠯᠭᠠᠨ ᠪᠠᠢ᠌ᠴᠠᠭᠠᠵᠤ ᠦᠭ‍ᠭᠦ ᠭᠡᠷᠡᠭ᠍ᠳᠡᠢ᠂ ᠶᠠᠮᠠᠷᠪᠠ ᠨᠢᠭᠡᠴᠢ ᠭᠡᠤᠨ ᠪᠣᠰᠤᠳ ᠨᠥᠭᠦᠴᠡᠯ ᠳᠠᠭᠠᠯᠳᠤᠭᠤᠯᠵᠤ ᠪᠣᠯᠬᠤ ᠦᠭᠡᠶ᠃ ᠮᠠᠰᠢᠠᠳᠤ ᠳᠡᠷᠭᠡ ᠶᠢᠨ ᠳᠤᠬᠠᠢ ᠣᠯᠤᠰ ᠤᠨ ᠠᠮᠤᠷ ᠲᠦᠪᠰᠢᠨ ᠤ ᠳᠸᠭ᠍ᠨᠢᠭ᠌ ᠮᠡᠷᠭᠡᠵᠢᠯ ᠤᠨ ᠪᠠᠷᠢᠮᠵᠢᠶ᠎ᠠ ᠳᠤ ᠨᠡᠢ᠌ᠴᠡᠭ᠍ᠰᠡᠨ ᠪᠠᠢ᠌ᠪᠠᠯ᠂ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠡᠴᠡ ᠰᠢᠯᠭᠠᠨ ᠪᠠᠢ᠌ᠴᠠᠭᠠᠯᠳᠠ ᠳᠤ ᠭᠢᠷᠢ ᠳᠡᠩᠴᠡᠭ᠍ᠰᠡᠨ ᠢᠯᠡᠳᠭᠡᠮᠵᠢ ᠳᠡᠮᠳᠡᠭ᠌ ᠣᠯᠭᠤᠬᠤ ᠭᠡᠷᠡᠭ᠍ᠳᠡᠢ᠃

ᠮᠠᠰᠢᠠᠳᠤ ᠳᠡᠷᠭᠡ ᠶᠢᠨ ᠠᠮᠤᠷ ᠲᠦᠪᠰᠢᠨ ᠤ ᠳᠸᠭ᠍ᠨᠢᠭ᠌ ᠮᠡᠷᠭᠡᠵᠢᠯ ᠤᠨ ᠰᠢᠯᠭᠠᠨ ᠪᠠᠢ᠌ᠴᠠᠭᠠᠯᠳᠠ ᠶᠢ ᠨᠡᠢ᠌ᠭᠡᠮᠴᠢᠯᠡᠨ᠎ᠡ᠃ ᠪᠣᠳᠠᠳᠠᠢ ᠠᠷᠭ᠎ᠠ ᠶᠢ ᠲᠦᠷᠦ ᠶᠢᠨ ᠶᠠᠪᠣᠳᠠᠯ ᠤᠨ ᠬᠤᠷᠢᠶ᠎ᠠ ᠡᠴᠡ ᠳᠤᠭᠳᠠᠭᠠᠨ᠎ᠠ᠃

ᠮᠠᠰᠢᠠᠳᠤ ᠳᠡᠷᠭᠡ ᠶᠢᠨ ᠠᠮᠤᠷ ᠲᠦᠪᠰᠢᠨ ᠤ ᠳᠸᠭ᠍ᠨᠢᠭ᠌ ᠮᠡᠷᠭᠡᠵᠢᠯ ᠤᠨ ᠰᠢᠯᠭᠠᠨ ᠪᠠᠢ᠌ᠴᠠᠭᠠᠯᠳᠠ ᠶᠢ ᠨᠡᠢ᠌ᠭᠡᠮᠴᠢᠯᠡᠭ᠍ᠰᠡᠨ ᠭᠠᠵᠠᠷ ᠣᠷᠤᠨ ᠳᠤ᠂ ᠶᠠᠮᠠᠷᠪᠠ ᠨᠢᠭᠡᠴᠢ ᠭᠡᠤᠨ ᠮᠠᠰᠢᠠᠳᠤ ᠳᠡᠷᠭᠡ ᠶᠢ ᠵᠢᠭᠠᠨ ᠳᠤᠭᠳᠠᠭᠠᠭᠰᠠᠨ ᠭᠠᠵᠠᠷ ᠲᠤ ᠣᠴᠢᠭᠤᠯᠵᠤ ᠰᠢᠯᠭᠠᠨ ᠪᠠᠢ᠌ᠴᠠᠭᠠᠯᠳᠠ ᠭᠢᠯᠭᠡᠭᠦ ᠪᠠᠷ ᠱᠠᠭᠠᠷᠳᠠᠵᠤ ᠪᠣᠯᠬᠤ ᠦᠭᠡᠶ᠃

ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ᠂ ᠮᠠᠰᠢᠠᠳᠤ ᠳᠡᠷᠭᠡ ᠶᠢᠨ ᠠᠮᠤᠷ ᠲᠦᠪᠰᠢᠨ ᠤ ᠳᠸᠭ᠍ᠨᠢᠭ᠌ ᠮᠡᠷᠭᠡᠵᠢᠯ ᠤᠨ ᠰᠢᠯᠭᠠᠨ ᠪᠠᠢ᠌ᠴᠠᠭᠠᠯᠳᠠ ᠭᠢᠭᠦ ᠪᠠᠢ᠌ᠭᠤᠯᠤᠮᠵᠢ ᠮᠠᠰᠢᠠᠳᠤ ᠳᠡᠷᠭᠡ ᠶᠢ ᠵᠢᠭᠠᠨ ᠳᠤᠭᠳᠠᠭᠠᠭᠰᠠᠨ ᠭᠠᠵᠠᠷ ᠲᠤ ᠣᠴᠢᠭᠤᠯᠵᠤ ᠰᠠᠯᠪᠢᠨ ᠵᠠᠰᠠᠭᠤᠯᠬᠤ ᠪᠠ ᠠᠷᠠᠴᠢᠯᠠᠨ ᠬᠠᠮᠠᠭᠠᠯᠠᠭᠤᠯᠬᠤ ᠪᠠᠷ ᠱᠠᠭᠠᠷᠳᠠᠵᠤ ᠪᠣᠯᠬᠤ ᠦᠭᠡᠶ᠃

ᠮᠠᠰᠢᠠᠳᠤ ᠳᠡᠷᠭᠡ ᠶᠢᠨ ᠠᠮᠤᠷ ᠲᠦᠪᠰᠢᠨ ᠤ ᠳᠸᠭ᠍ᠨᠢᠭ᠌ ᠮᠡᠷᠭᠡᠵᠢᠯ ᠤᠨ ᠰᠢᠯᠭᠠᠨ ᠪᠠᠢ᠌ᠴᠠᠭᠠᠯᠳᠠ ᠭᠢᠭᠦ ᠪᠠᠢ᠌ᠭᠤᠯᠤᠮᠵᠢ ᠮᠠᠰᠢᠠᠳᠤ ᠳᠡᠷᠭᠡ ᠰᠢᠯᠭᠠᠨ ᠪᠠᠢ᠌ᠴᠠᠭᠠᠯᠭᠠᠭᠰᠠᠨ ᠰᠥᠢᠦᠡᠭᠡᠯ ᠬᠤᠷᠢᠶᠠᠬᠤ ᠳᠠᠭᠠᠨ ᠲᠦᠷᠦ ᠶᠢᠨ ᠶᠠᠪᠣᠳᠠᠯ ᠤᠨ ᠬᠤᠷᠢᠶᠠᠨ ᠤ ᠦᠨ᠎ᠡ ᠬᠠᠩᠰᠢ ᠶᠢᠨ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠤᠨ ᠭᠢᠨᠠᠨ ᠳᠤᠭᠳᠠᠭᠠᠭᠰᠠᠨ ᠰᠥᠢᠦᠡᠭᠡᠯ ᠬᠤᠷᠢᠶᠠᠬᠤ ᠪᠠᠷᠢᠮᠵᠢᠶ᠎ᠠ ᠶᠢ ᠴᠢᠩᠭ᠋᠎ᠠ ᠭᠡᠷᠡᠭ᠍ᠵᠢᠭᠦᠯᠭᠦ ᠭᠡᠷᠡᠭ᠍ᠳᠡᠢ᠃

ᠠᠷᠪᠠᠨ ᠳᠦᠷᠪᠠᠳᠦᠭᠡᠷ ᠵᠣᠢ᠌ᠯ ᠣᠯᠤᠰ ᠡᠴᠡ ᠮᠠᠰᠢᠠᠳᠤ ᠳᠡᠷᠭᠡ ᠶᠢ ᠠᠯᠪᠠᠳᠠᠯᠭ᠎ᠠ ᠪᠠᠷ ᠭᠡᠷᠡᠭ᠍ᠴᠡᠭᠡ ᠡᠴᠡ ᠭᠠᠷᠭᠠᠬᠤ ᠳᠦᠷᠢᠮ ᠢ ᠭᠡᠷᠡᠭ᠍ᠵᠢᠭᠦᠯᠵᠤ᠂ ᠮᠠᠰᠢᠠᠳᠤ ᠳᠡᠷᠭᠡ ᠶᠢᠨ ᠠᠮᠤᠷ ᠲᠦᠪᠰᠢᠨ ᠤ ᠳᠸᠭ᠍ᠨᠢᠭ᠌ ᠮᠡᠷᠭᠡᠵᠢᠯ ᠤᠨ ᠪᠠᠢ᠌ᠳᠠᠯ ᠪᠣᠯᠤᠨ ᠠᠳᠠᠯᠢ ᠪᠣᠰᠤ ᠭᠡᠷᠡᠭ᠍ᠴᠡᠭᠡ ᠶᠢ ᠦᠨᠳᠦᠰᠦᠯᠠᠵᠤ᠂ ᠭᠡᠷᠡᠭ᠍ᠴᠡᠭᠡ ᠡᠴᠡ ᠭᠠᠷᠭᠠᠬᠤ ᠠᠳᠠᠯᠢ ᠪᠣᠰᠤ ᠪᠠᠷᠢᠮᠵᠢᠶ᠎ᠠ ᠶᠢ ᠳᠤᠭᠳᠠᠭᠠᠨ᠎ᠠ᠃

ᠭᠡᠷᠡᠭ᠍ᠴᠡᠭᠡ ᠡᠴᠡ ᠭᠠᠷᠭᠠᠬᠤ ᠶᠤᠰᠤᠳᠠᠢ ᠮᠠᠰᠢᠠᠳᠤ ᠳᠡᠷᠭᠡ ᠶᠢ ᠡᠷᠭᠡᠪᠰᠢ ᠴᠠᠭ ᠳᠤᠬᠠᠢ ᠳ᠋ᠤᠨᠢ ᠳᠠᠩᠰᠠ ᠡᠴᠡ ᠬᠠᠰᠤᠬᠤ ᠳᠠᠩᠰᠠᠯᠠᠯᠳᠠ ᠭᠢᠯᠭᠡᠭᠦ ᠭᠡᠷᠡᠭ᠍ᠳᠡᠢ᠃

ᠭᠡᠷᠡᠭ᠍ᠴᠡᠭᠡ ᠡᠴᠡ ᠭᠠᠷᠭᠠᠬᠤ ᠪᠠᠷᠢᠮᠵᠢᠶ᠎ᠠ ᠳᠤ ᠭᠦᠷᠦᠭ᠍ᠰᠡᠨ ᠮᠠᠰᠢᠠᠳᠤ ᠳᠡᠷᠭᠡ ᠶᠢ ᠵᠠᠮ ᠶᠢᠡᠷ ᠶᠠᠪᠣᠭᠤᠯᠵᠤ ᠪᠣᠯᠬᠤ ᠦᠭᠡᠶ᠃ ᠭᠡᠷᠡᠭ᠍ᠴᠡᠭᠡ ᠡᠴᠡ ᠭᠠᠷᠭᠠᠭᠰᠠᠨ ᠳᠤᠮᠤ ᠭᠡᠯᠪᠠᠷᠢ ᠶᠢᠨ ᠰᠠᠭᠤᠳᠠᠯ ᠤᠨ ᠳᠡᠷᠭᠡ᠂ ᠪᠠᠷᠠᠭᠠᠨ ᠤ ᠳᠡᠷᠭᠡ ᠵᠢᠴᠢ ᠪᠣᠰᠤᠳ ᠳᠡᠭᠡᠭᠡᠪᠦᠷᠢ ᠡᠵᠡᠩᠨᠡᠯᠳᠡ ᠶᠢᠨ ᠳᠡᠷᠭᠡ ᠣᠨᠤᠭ᠎ᠠ ᠶᠢ ᠳᠤᠳᠤᠭᠠᠳᠤ ᠶᠢ ᠬᠠᠠᠮᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠭᠢᠨᠠᠯᠳᠠ ᠳᠤᠤᠷ᠎ᠠ ᠵᠠᠳᠠᠯᠵᠤ ᠴᠤᠴᠠᠯᠬᠤ ᠭᠡᠷᠡᠭ᠍ᠳᠡᠢ᠃

ᠠᠷᠪᠠᠨ ᠳᠠᠪᠣᠳᠤᠭᠠᠷ ᠵᠣᠢ᠌ᠯ ᠴᠠᠭᠳᠠᠭᠠᠨ ᠤ ᠳᠡᠷᠭᠡ᠂ ᠭᠠᠯ ᠣᠠᠳᠠᠷᠠᠭᠠᠬᠤ ᠳᠡᠷᠭᠡ᠂ ᠠᠪᠣᠷᠠᠨ ᠳᠤᠰᠠᠯᠠᠬᠤ ᠳᠡᠷᠭᠡ᠂ ᠪᠠᠷᠢᠯᠭ᠎ᠠ ᠶᠢᠨ ᠠᠶᠤᠯ ᠡᠴᠡ ᠠᠪᠣᠷᠠᠬᠤ ᠳᠡᠷᠭᠡᠨ ᠳᠡᠭᠡᠷ᠎ᠡ ᠳᠤᠭᠳᠠᠭᠠᠯ ᠶᠤᠰᠤᠭᠠᠷ ᠢᠯᠡᠳᠭᠡᠮᠵᠢ ᠳᠡᠮᠳᠡᠭ᠌ ᠤᠨ ᠵᠢᠷᠤᠭ ᠭᠡ ᠶᠢ ᠰᠢᠷᠳᠠᠵᠤ᠂ ᠰᠠᠷᠠᠮᠵᠢ ᠶᠢᠨ ᠲᠤᠬᠢᠶᠠᠨ ᠡᠭᠦᠰᠭᠡᠭᠦᠷ᠂ ᠢᠯᠡᠳᠭᠡᠮᠵᠢ ᠳᠡᠮᠳᠡᠭ᠌ ᠤᠨ ᠳ᠋ᠸᠩ ᠳᠤᠨᠤᠭᠯᠠᠬᠤ ᠭᠡᠷᠡᠭ᠍ᠳᠡᠢ᠃ ᠪᠣᠰᠤᠳ ᠮᠠᠰᠢᠠᠳᠤ ᠳᠡᠷᠭᠡᠨ ᠳᠤ ᠳᠡᠭᠡᠷ᠎ᠡ ᠳᠤᠷᠠᠳᠤᠭᠰᠠᠨ ᠳᠡᠷᠭᠡ ᠣᠨᠤᠭ᠎ᠠ ᠳᠤ ᠳᠤᠰᠬᠠᠢ ᠭᠡᠷᠡᠭᠯᠡᠭᠦ ᠪᠣᠶᠤ ᠳᠡᠭᠦᠨ ᠲᠡᠶ ᠠᠳᠠᠯᠢᠪᠳᠤᠷ ᠢᠯᠡᠳᠭᠡᠮᠵᠢ ᠶᠢᠨ ᠳᠡᠮᠳᠡᠭ᠌ ᠤᠨ ᠵᠢᠷᠤᠭ ᠭᠡ᠂ ᠰᠠᠷᠠᠮᠵᠢ ᠶᠢᠨ ᠲᠤᠬᠢᠶᠠᠨ ᠡᠭᠦᠰᠭᠡᠭᠦᠷ ᠪᠣᠶᠤ ᠢᠯᠡᠳᠭᠡᠮᠵᠢ ᠳᠡᠮᠳᠡᠭ᠌ ᠤᠨ ᠳ᠋ᠸᠩ ᠢ ᠰᠦᠷᠴᠢᠨ ᠰᠢᠷᠳᠠᠵᠤ᠂ ᠳᠤᠨᠤᠭᠯᠠᠵᠤ᠂ ᠭᠡᠷᠡᠭᠯᠡᠵᠤ ᠪᠣᠯᠬᠤ ᠦᠭᠡᠶ᠃

ᠴᠠᠭᠳᠠᠭᠠᠨ ᠤ ᠳᠡᠷᠭᠡ᠂ ᠭᠠᠯ ᠣᠠᠳᠠᠷᠠᠭᠠᠬᠤ ᠳᠡᠷᠭᠡ᠂ ᠠᠪᠣᠷᠠᠨ ᠳᠤᠰᠠᠯᠠᠬᠤ ᠳᠡᠷᠭᠡ᠂ ᠪᠠᠷᠢᠯᠭ᠎ᠠ ᠶᠢᠨ ᠠᠶᠤᠯ ᠡᠴᠡ ᠠᠪᠣᠷᠠᠬᠤ ᠳᠡᠷᠭᠡ ᠳᠤᠭᠳᠠᠭᠰᠠᠨ ᠭᠡᠷᠡᠭ᠍ᠴᠡᠭᠡ ᠪᠠ ᠨᠥᠭᠦᠴᠡᠯ ᠢ ᠴᠢᠩᠭ᠋᠎ᠠ ᠵᠢᠷᠤᠮᠯᠠᠵᠤ ᠭᠡᠷᠡᠭᠯᠡᠭᠦ ᠭᠡᠷᠡᠭ᠍ᠳᠡᠢ᠃

ᠵᠠᠰᠠᠮᠠᠯ ᠵᠠᠮ ᠤᠨ ᠭᠢᠨᠠᠯᠳᠠ ᠪᠠᠢ᠌ᠴᠠᠭᠠᠯᠳᠠ ᠶᠢᠨ ᠳᠤᠰᠬᠠᠢ ᠳᠡᠷᠭᠡ ᠣᠨᠤᠭ᠎ᠠ ᠳᠤ ᠵᠠᠰᠠᠮᠠᠯ ᠵᠠᠮ ᠤᠨ ᠬᠠᠤᠯᠢ ᠶᠢᠨ ᠳᠤᠭᠳᠠᠭᠠᠯ ᠶᠤᠰᠤᠭᠠᠷ ᠨᠢᠭᠡᠳᠦᠯᠳᠡᠢ ᠢᠯᠡᠳᠭᠡᠮᠵᠢ ᠳᠡᠮᠳᠡᠭ᠌ ᠪᠠ ᠰᠠᠷᠠᠮᠵᠢ ᠶᠢᠨ ᠳ᠋ᠸᠩ ᠳᠤᠨᠤᠭᠯᠠᠬᠤ ᠭᠡᠷᠡᠭ᠍ᠳᠡᠢ᠃

ᠠᠷᠪᠠᠨ ᠵᠢᠷᠭᠤᠳᠤᠭᠠᠷ ᠵᠣᠢ᠌ᠯ ᠶᠠᠮᠠᠷᠪᠠ ᠨᠢᠭᠡᠴᠢ ᠪᠣᠶᠤ ᠬᠤᠪᠢ ᠭᠦᠮᠤᠨ ᠳᠤᠤᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠢ ᠭᠢᠵᠤ ᠪᠣᠯᠬᠤ ᠦᠭᠡᠶ ᠄

( ᠨᠢᠭᠡ ) ᠮᠠᠰᠢᠠᠳᠤ ᠳᠡᠷᠭᠡ ᠨᠡᠢ᠌ᠯᠡᠭᠦᠯᠵᠤ ᠣᠭᠰᠠᠷᠠᠬᠤ ᠪᠣᠶᠤ ᠮᠠᠰᠢᠠᠳᠤ ᠳᠡᠷᠭᠡ ᠶᠢᠨ ᠨᠢᠭᠡᠨᠲᠡ ᠳᠠᠩᠰᠠᠯᠠᠭᠤᠯᠤᠭᠰᠠᠨ ᠪᠦᠳᠦᠴᠡ᠂ ᠪᠦᠷᠢᠯᠳᠦᠴᠡ ᠪᠣᠶᠤ ᠣᠠᠴᠠᠯᠢᠭ ᠰᠢᠠᠵᠢ ᠶᠢ ᠳᠤᠷ᠎ᠠ ᠪᠠᠷ ᠶᠢᠡᠨ ᠬᠤᠪᠢᠷᠠᠭᠤᠯᠬᠤ

( ᠬᠤᠶᠠᠷ ) ᠮᠠᠰᠢᠠᠳᠤ ᠳᠡᠷᠭᠡᠨ ᠤ ᠭᠡᠯᠪᠠᠷᠢ ᠨᠤᠮᠸᠷ᠂ ᠭᠦᠳᠡᠯᠭᠡᠭᠦᠷ ᠤᠨ ᠨᠤᠮᠸᠷ᠂ ᠳᠡᠷᠭᠡᠨ ᠵᠢᠶᠠᠰᠠ ᠶᠢᠨ ᠨᠤᠮᠸᠷ ᠪᠣᠶᠤ ᠳᠡᠷᠭᠡ ᠣᠨᠤᠭ᠎ᠠ ᠶᠢ ᠢᠯᠭᠠᠨ ᠳᠠᠨᠢᠬᠤ ᠣᠷᠤᠯᠠᠯ ᠳᠡᠮᠳᠡᠭ᠌ ᠢ ᠬᠤᠪᠢᠷᠠᠭᠤᠯᠬᠤ

( ᠭᠤᠷᠪᠠ ) ᠮᠠᠰᠢᠠᠳᠤ ᠳᠡᠷᠭᠡ ᠳᠠᠩᠰᠠᠯᠠᠭᠤᠯᠤᠭᠰᠠᠨ ᠭᠡᠷᠡᠴᠢ ᠪᠢᠴᠢᠭ᠌᠂ ᠨᠤᠮᠸᠷ ᠤᠨ ᠫᠠᠢ᠌ᠰᠠ᠂ ᠠᠶᠠᠯᠠᠨ ᠶᠠᠪᠣᠬᠤ ᠦᠨᠡᠮᠯᠠᠯ᠂ ᠰᠢᠯᠭᠠᠨ ᠪᠠᠢ᠌ᠴᠠᠭᠠᠯᠳᠠ ᠳᠤ ᠭᠢᠷᠢ ᠳᠡᠩᠴᠡᠭ᠍ᠰᠡᠨ ᠢᠯᠡᠳᠭᠡᠮᠵᠢ ᠳᠡᠮᠳᠡᠭ᠌᠂ ᠳᠠᠭᠠᠤᠠᠬᠠᠯ ᠤᠨ ᠢᠯᠡᠳᠭᠡᠮᠵᠢ ᠳᠡᠮᠳᠡᠭ᠌ ᠢ ᠬᠠᠭᠤᠷᠮᠠᠭᠯᠠᠨ ᠦᠢᠯᠡᠳᠬᠦ᠂ ᠬᠤᠪᠢᠷᠠᠭᠤᠯᠤᠨ ᠦᠢᠯᠡᠳᠬᠦ ᠪᠣᠶᠤ ᠬᠠᠭᠤᠷᠮᠠᠭᠯᠠᠨ ᠥᠢᠯᠡᠳᠦᠭ᠍ᠰᠡᠨ᠂ ᠬᠤᠪᠢᠷᠠᠭᠤᠯᠤᠨ ᠥᠢᠯᠡᠳᠦᠭ᠍ᠰᠡᠨ ᠮᠠᠰᠢᠠᠳᠤ ᠳᠡᠷᠭᠡ ᠳᠠᠩᠰᠠᠯᠠᠭᠤᠯᠤᠭᠰᠠᠨ ᠭᠡᠷᠡᠴᠢ ᠪᠢᠴᠢᠭ᠌᠂ ᠨᠤᠮᠸᠷ ᠤᠨ ᠫᠠᠢ᠌ᠰᠠ᠂ ᠠᠶᠠᠯᠠᠨ ᠶᠠᠪᠣᠬᠤ ᠦᠨᠡᠮᠯᠠᠯ᠂ ᠰᠢᠯᠭᠠᠯᠳᠠ ᠳᠤ ᠭᠢᠷᠢ ᠳᠡᠩᠴᠡᠭ᠍ᠰᠡᠨ ᠢᠯᠡᠳᠭᠡᠮᠵᠢ ᠳᠡᠮᠳᠡᠭ᠌᠂ ᠳᠠᠭᠠᠤᠠᠬᠠᠯ ᠤᠨ ᠢᠯᠡᠳᠭᠡᠮᠵᠢ ᠳᠡᠮᠳᠡᠭ᠌ ᠢ ᠭᠡᠷᠡᠭᠯᠡᠭᠦ

( ᠳᠦᠷᠪᠡ ) ᠪᠣᠰᠤᠳ ᠮᠠᠰᠢᠠᠳᠤ ᠳᠡᠷᠭᠡ ᠶᠢᠨ ᠳᠠᠩᠰᠠᠯᠠᠭᠤᠯᠤᠭᠰᠠᠨ ᠭᠡᠷᠡᠴᠢ ᠳᠡᠮᠳᠡᠭ᠌᠂ ᠨᠤᠮᠸᠷ ᠤᠨ ᠫᠠᠢ᠌ᠰᠠ᠂ ᠠᠶᠠᠯᠠᠨ ᠶᠠᠪᠣᠬᠤ ᠦᠨᠡᠮᠯᠠᠯ᠂ ᠰᠢᠯᠭᠠᠯᠳᠠ ᠶᠢ ᠭᠢᠷᠢ ᠳᠡᠩᠴᠡᠭ᠍ᠰᠡᠨ ᠢᠯᠡᠳᠭᠡᠮᠵᠢ ᠳᠡᠮᠳᠡᠭ᠌᠂ ᠳᠠᠭᠠᠤᠠᠬᠠᠯ ᠤᠨ ᠢᠯᠡᠳᠭᠡᠮᠵᠢ ᠳᠡᠮᠳᠡᠭ᠌ ᠢ ᠭᠡᠷᠡᠭᠯᠡᠭᠦ᠃

ᠠᠷᠪᠠᠨ ᠳᠤᠯᠤᠳᠤᠭᠠᠷ ᠵᠣᠢ᠌ᠯ ᠣᠯᠤᠰ ᠡᠴᠡ ᠮᠠᠰᠢᠠᠳᠤ ᠳᠡᠷᠭᠡᠨ ᠤ ᠭᠤᠷᠪᠠᠳᠤᠭᠠᠷ ᠡᠳᠡᠭᠡᠤᠨ ᠤᠨ ᠬᠠᠷᠢᠭᠤᠴᠠᠯᠭ᠎ᠠ ᠶᠢᠨ ᠠᠯᠪᠠᠳᠠᠯᠭ᠎ᠠ ᠶᠢᠨ ᠳᠠᠭᠠᠤᠠᠬᠠᠯ ᠤᠨ ᠳᠦᠷᠢᠮ ᠢ ᠭᠡᠷᠡᠭ᠍ᠵᠢᠭᠦᠯᠵᠤ᠂ ᠵᠠᠮ ᠬᠠᠷᠢᠯᠴᠠᠭᠠᠨ ᠤ ᠭᠡᠨᠡᠳᠡᠯ ᠤᠨ ᠨᠡᠢ᠌ᠭᠡᠮ ᠤᠨ ᠠᠪᠣᠷᠠᠨ ᠳᠤᠰᠠᠯᠠᠬᠤ ᠰᠠᠭᠤᠷᠢ ᠮᠥᠩᠭᠦ ᠶᠢ ᠭᠠᠷᠭᠠᠨ᠎ᠠ᠃ ᠪᠣᠳᠠᠳᠠᠢ ᠠᠷᠭ᠎ᠠ ᠶᠢ ᠲᠦᠷᠦ ᠶᠢᠨ ᠶᠠᠪᠣᠳᠠᠯ ᠤᠨ ᠬᠤᠷᠢᠶ᠎ᠠ ᠡᠴᠡ ᠳᠤᠭᠳᠠᠭᠠᠨ᠎ᠠ᠃

ᠠᠷᠪᠠᠨ ᠨᠢ᠋ᠮᠠᠳᠤᠭᠠᠷ ᠵᠣᠢ᠌ᠯ ᠬᠠᠤᠯᠢ ᠶᠤᠰᠤᠭᠠᠷ ᠳᠠᠩᠰᠠᠯᠠᠭᠤᠯᠬᠤ ᠶᠤᠰᠤᠳᠠᠢ ᠮᠠᠰᠢᠠᠳᠤ ᠪᠣᠰᠤ ᠳᠡᠷᠭᠡ ᠶᠢ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠳᠠᠩᠰᠠᠯᠠᠭᠤᠯᠤᠭᠰᠠᠨ ᠤ ᠳᠠᠷᠠᠭ᠎ᠠ ᠰᠠ‍‌ᠶᠢ ᠵᠠᠮ ᠶᠢᠡᠷ ᠶᠠᠪᠣᠭᠤᠯᠵᠤ ᠪᠣᠯᠤᠨ᠎ᠠ᠃

ᠬᠠᠤᠯᠢ ᠶᠤᠰᠤᠭᠠᠷ ᠳᠠᠩᠰᠠᠯᠠᠭᠤᠯᠬᠤ ᠶᠤᠰᠤᠳᠠᠢ ᠮᠠᠰᠢᠠᠳᠤ ᠪᠣᠰᠤ ᠳᠡᠷᠭᠡ ᠶᠢᠨ ᠲᠦᠷᠦᠯ ᠵᠣᠢ᠌ᠯ ᠢ ᠮᠤᠵᠢ᠂ ᠥᠪᠠᠷᠳᠡᠭᠡᠨ ᠵᠠᠰᠠᠬᠤ ᠣᠷᠤᠨ᠂ ᠰᠢᠭᠤᠳ ᠬᠠᠷᠢᠶ᠎ᠠ ᠬᠤᠳᠠ ᠶᠢᠨ ᠠᠷᠠᠤᠨ ᠤᠨ ᠵᠠᠰᠠᠭ ᠤᠨ ᠣᠷᠳᠤᠨ ᠡᠴᠡ ᠳᠤᠬᠠᠢ ᠶᠢᠨ ᠭᠠᠵᠠᠷ ᠤᠨ ᠶᠢᠡᠨ ᠪᠣᠳᠠᠳᠤ ᠪᠠᠢ᠌ᠳᠠᠯ ᠢ ᠦᠨᠳᠦᠰᠦᠯᠠᠵᠤ ᠳᠤᠭᠳᠠᠭᠠᠨ᠎ᠠ᠃

ᠮᠠᠰᠢᠠᠳᠤ ᠪᠣᠰᠤ ᠳᠡᠷᠭᠡ ᠶᠢᠨ ᠭᠠᠳᠠᠷ ᠭᠡᠯᠪᠠᠷᠢ ᠶᠢᠨ ᠶᠡᠭᠡ ᠪᠠᠭ᠎ᠠ ᠶᠢᠨ ᠭᠡᠮᠵᠢᠶ᠎ᠡ᠂ ᠶᠠᠰᠤ ᠴᠢᠨᠠᠷ᠂ ᠳᠤᠷᠭᠤᠭᠤᠷ᠂ ᠳᠡᠷᠭᠡᠨ ᠬᠤᠩᠬᠤ ᠪᠠ ᠰᠦᠨᠢ ᠭᠡᠷᠡᠯ ᠣᠢ᠌ᠯᠠᠭᠠᠬᠤ ᠳᠤᠨᠤᠭᠯᠠᠯ ᠨᠢ ᠮᠠᠰᠢᠠᠳᠤ ᠪᠣᠰᠤ ᠳᠡᠷᠭᠡ ᠶᠢᠨ ᠠᠮᠤᠷ ᠲᠦᠪᠰᠢᠨ ᠤ ᠳᠤᠬᠠᠢ ᠳᠸᠭ᠍ᠨᠢᠭ᠌ ᠮᠡᠷᠭᠡᠵᠢᠯ ᠤᠨ ᠪᠠᠷᠢᠮᠵᠢᠶ᠎ᠠ ᠳᠤ ᠨᠡᠢ᠌ᠴᠡᠭ᠍ᠰᠡᠨ ᠪᠠᠢ᠌ᠬᠤ ᠭᠡᠷᠡᠭ᠍ᠳᠡᠢ᠃


ᠬᠤᠶᠠᠳᠤᠭᠠᠷ ᠭᠡᠰᠡᠭ᠌    ᠮᠠᠰᠢᠠᠳᠤ ᠳᠡᠷᠭᠡᠨ ᠤ ᠵᠢᠯᠤᠭᠤᠴᠢ


ᠠᠷᠪᠠ ᠶ‍ᠢᠰᠦᠳᠦᠭᠡᠷ ᠵᠣᠢ᠌ᠯ ᠮᠠᠰᠢᠠᠳᠤ ᠳᠡᠷᠭᠡ ᠵᠢᠯᠤᠭᠤᠤᠠᠬᠤ ᠳᠤ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠢ ᠬᠠᠤᠯᠢ ᠶᠤᠰᠤᠭᠠᠷ ᠣᠯᠤᠭᠰᠠᠨ ᠪᠠᠢ᠌ᠬᠤ ᠭᠡᠷᠡᠭ᠍ᠳᠡᠢ᠃

ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠭᠤᠶᠤᠴᠢᠯᠠᠬᠤ ᠳᠤ ᠲᠦᠷᠦ ᠶᠢᠨ ᠶᠠᠪᠣᠳᠠᠯ ᠤᠨ ᠬᠤᠷᠢᠶᠠᠨ ᠤ ᠳᠤᠳᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠤᠨ ᠳᠤᠭᠳᠠᠭᠠᠭᠰᠠᠨ ᠵᠢᠯᠤᠭᠤᠤᠠᠬᠤ ᠶᠢ ᠵᠥᠪᠰᠢᠶᠡᠷᠡᠭᠦ ᠨᠥᠭᠦᠴᠡᠯ ᠳᠤ ᠨᠡᠢ᠌ᠴᠡᠭ᠍ᠰᠡᠨ ᠪᠠᠢ᠌ᠬᠤ ᠭᠡᠷᠡᠭ᠍ᠳᠡᠢ᠃ ᠰᠢᠯᠭᠠᠯᠳᠠ ᠪᠠᠷ ᠳᠠᠮᠵᠢᠭᠠᠤᠨ ᠭᠢᠷᠢ ᠳᠡᠩᠴᠡᠭ᠍ᠰᠡᠨ ᠤ ᠳᠠᠷᠠᠭ᠎ᠠ᠂ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠡᠴᠡ ᠵᠤᠭᠢᠴᠠᠩᠭ᠋ᠤᠢ ᠲᠦᠷᠦᠯ ᠢᠯᠭᠠᠯ ᠤᠨ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠤᠯᠭᠤᠨ᠎ᠠ᠃

ᠭᠢᠯᠢ ᠶᠢᠨ ᠭᠠᠳᠠᠨᠠᠭᠢ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠲᠡᠶ ᠭᠦᠮᠤᠨ ᠲᠦᠷᠦ ᠶᠢᠨ ᠶᠠᠪᠣᠳᠠᠯ ᠤᠨ ᠬᠤᠷᠢᠶᠠᠨ ᠤ ᠳᠤᠳᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠤᠨ ᠳᠤᠭᠳᠠᠭᠠᠭᠰᠠᠨ ᠵᠢᠯᠤᠭᠤᠤᠠᠬᠤ ᠶᠢ ᠵᠥᠪᠰᠢᠶᠡᠷᠡᠭᠦ ᠨᠥᠭᠦᠴᠡᠯ ᠳᠤ ᠨᠠᠢ᠌ᠴᠠᠵᠤ᠂ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠭᠢᠨᠠᠨ ᠰᠢᠯᠭᠠᠯᠳᠠ ᠪᠠᠷ ᠳᠠᠮᠵᠢᠭᠠᠤᠨ ᠭᠢᠷᠢ ᠳᠠᠩᠴᠠᠪᠠᠯ᠂ ᠳᠤᠮᠳᠠᠳᠤ ᠣᠯᠤᠰ ᠤᠨ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠣᠯᠭᠤᠵᠤ ᠪᠣᠯᠤᠨ᠎ᠠ᠃

ᠵᠢᠯᠤᠭᠤᠴᠢ ᠵᠢᠯᠤᠭᠤᠤᠠᠬᠤ ᠦᠨᠡᠮᠯᠠᠯ ᠳᠡᠭᠡᠷ᠎ᠡ ᠳᠤᠳᠤᠷᠬᠠᠢ ᠳᠡᠮᠳᠡᠭᠯᠡᠭ᠍ᠰᠡᠨ ᠵᠢᠯᠤᠭᠤᠤᠠᠴᠤ ᠪᠣᠯᠬᠤ ᠳᠡᠷᠭᠡᠨ ᠭᠡᠯᠪᠠᠷᠢ ᠶᠤᠰᠤᠭᠠᠷ ᠮᠠᠰᠢᠠᠳᠤ ᠳᠡᠷᠭᠡ ᠵᠢᠯᠤᠭᠤᠤᠠᠬᠤ ᠭᠡᠷᠡᠭ᠍ᠳᠡᠢ᠃ ᠮᠠᠰᠢᠠᠳᠤ ᠳᠡᠷᠭᠡ ᠵᠢᠯᠤᠭᠤᠤᠠᠬᠤ ᠳᠠᠭᠠᠨ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠢ ᠪᠠᠶ᠎ᠠ ᠳᠡᠭᠡᠨ ᠠᠪᠴᠤ ᠶᠠᠪᠣᠬᠤ ᠭᠡᠷᠡᠭ᠍ᠳᠡᠢ᠃

ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠡᠴᠡ ᠪᠣᠰᠤᠳ ᠶᠠᠮᠠᠷᠪᠠ ᠨᠢᠭᠡᠴᠢ ᠪᠣᠶᠤ ᠬᠤᠪᠢ ᠭᠦᠮᠤᠨ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠢ ᠬᠤᠷᠢᠶᠠᠨ ᠠᠪᠴᠤ᠂ ᠪᠠᠷᠢᠵᠤ ᠥᠯᠡᠳᠠᠭᠡᠵᠤ ᠪᠣᠯᠬᠤ ᠦᠭᠡᠶ᠃

ᠬᠤᠷᠢᠳᠤᠭᠠᠷ ᠵᠣᠢ᠌ᠯ ᠮᠠᠰᠢᠠᠳᠤ ᠳᠡᠷᠭᠡ ᠵᠢᠯᠤᠭᠤᠤᠠᠬᠤ ᠪᠣᠯᠪᠠᠰᠤᠷᠠᠭᠤᠯᠤᠯ ᠢ ᠨᠡᠢ᠌ᠭᠡᠮᠴᠢᠯᠡᠵᠤ᠂ ᠵᠠᠮ ᠬᠠᠷᠢᠯᠴᠠᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠡᠴᠡ ᠵᠢᠯᠤᠭᠤᠴᠢ ᠶᠢᠨ ᠪᠣᠯᠪᠠᠰᠤᠷᠠᠯ ᠤᠨ ᠰᠤᠷᠭᠠᠭᠤᠯᠢ᠂ ᠵᠢᠯᠤᠭᠤᠴᠢ ᠶᠢᠨ ᠪᠣᠯᠪᠠᠰᠤᠷᠠᠯ ᠤᠨ ᠠᠩᠭᠢ ᠳᠤ ᠭᠢᠷᠢ ᠭᠡᠮ ᠤᠨ ᠬᠠᠮᠢᠶᠠᠷᠤᠯᠳᠠ ᠶᠠᠪᠣᠭᠤᠯᠤᠨ᠎ᠠ᠂ ᠡᠭᠦᠨ ᠳᠤ ᠳᠷᠠᠺᠲ᠋ᠤᠷ ᠤᠨ ᠵᠢᠯᠤᠭᠤᠴᠢ ᠶᠢᠨ ᠪᠣᠯᠪᠠᠰᠤᠷᠠᠯ ᠤᠨ ᠳᠤᠰᠬᠠᠢ ᠰᠤᠷᠭᠠᠭᠤᠯᠢ᠂ ᠳᠷᠠᠺᠲ᠋ᠤᠷ ᠤᠨ ᠵᠢᠯᠤᠭᠤᠴᠢ ᠶᠢᠨ ᠪᠣᠯᠪᠠᠰᠤᠷᠠᠯ ᠤᠨ ᠳᠤᠰᠬᠠᠢ ᠠᠩᠭᠢ ᠳᠤ ᠳᠠᠷᠢᠶᠠᠯᠠᠩ (ᠳᠠᠷᠢᠶᠠᠯᠠᠩ ᠤᠨ ᠮᠸᠬᠠᠨᠢᠭ)᠊ᠤᠨ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠡᠴᠡ ᠭᠢᠷᠢ ᠭᠡᠮ ᠤᠨ ᠬᠠᠮᠢᠶᠠᠷᠤᠯᠳᠠ ᠶᠠᠪᠣᠭᠤᠯᠤᠨ᠎ᠠ᠃

ᠵᠢᠯᠤᠭᠤᠴᠢ ᠶᠢᠨ ᠪᠣᠯᠪᠠᠰᠤᠷᠠᠯ ᠤᠨ ᠰᠤᠷᠭᠠᠭᠤᠯᠢ᠂ ᠵᠢᠯᠤᠭᠤᠴᠢ ᠶᠢᠨ ᠪᠣᠯᠪᠠᠰᠤᠷᠠᠯ ᠤᠨ ᠠᠩᠭᠢ ᠨᠢ ᠣᠯᠤᠰ ᠤᠨ ᠬᠤᠯᠪᠣᠭᠳᠠᠯ ᠪᠦᠭᠦᠢ ᠳᠤᠭᠳᠠᠭᠠᠯ ᠢ ᠴᠢᠩᠭ᠋᠎ᠠ ᠵᠢᠷᠤᠮᠯᠠᠨ᠂ ᠰᠤᠷᠤᠭᠴᠢᠳ ᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠳᠤᠬᠠᠢ ᠬᠠᠤᠯᠢ ᠴᠠᠭᠠᠵᠠ᠂ ᠬᠠᠤᠯᠢ ᠳᠤᠭᠳᠠᠭᠠᠯ᠂ ᠵᠢᠯᠤᠭᠤᠤᠠᠬᠤ ᠮᠡᠷᠭᠡᠵᠢᠯ ᠴᠢᠳᠠᠪᠣᠷᠢ ᠶᠢᠨ ᠪᠣᠯᠪᠠᠰᠤᠷᠠᠭᠤᠯᠤᠯ ᠭᠢᠵᠤ᠂ ᠪᠣᠯᠪᠠᠰᠤᠷᠠᠯ ᠤᠨ ᠶᠠᠰᠤ ᠴᠢᠨᠠᠷ ᠢ ᠦᠨᠡᠨ ᠭᠦ ᠪᠠᠳᠤᠯᠠᠬᠤ ᠭᠡᠷᠡᠭ᠍ᠳᠡᠢ᠃

ᠶᠠᠮᠠᠷᠪᠠ ᠲᠦᠷᠦ ᠶᠢᠨ ᠪᠠᠢ᠌ᠭᠤᠯᠭ᠎ᠠ ᠵᠢᠴᠢ ᠵᠢᠯᠤᠭᠤᠴᠢ ᠶᠢᠨ ᠪᠣᠯᠪᠠᠰᠤᠷᠠᠭᠤᠯᠤᠯ ᠪᠠ ᠰᠢᠯᠭᠠᠯᠳᠠ ᠶᠢ ᠡᠷᠭᠢᠯᠡᠨ ᠬᠠᠮᠢᠶᠠᠬᠤ ᠰᠠᠯᠠᠭ᠎ᠠ ᠮᠦᠴᠢᠷ ᠵᠢᠯᠤᠭᠤᠴᠢ ᠶᠢᠨ ᠪᠣᠯᠪᠠᠰᠤᠷᠠᠯ ᠤᠨ ᠰᠤᠷᠭᠠᠭᠤᠯᠢ᠂ ᠵᠢᠯᠤᠭᠤᠴᠢ ᠶᠢᠨ ᠪᠣᠯᠪᠠᠰᠤᠷᠠᠯ ᠤᠨ ᠠᠩᠭᠢ ᠡᠷᠭᠢᠯᠡᠭᠦ ᠪᠣᠶᠤ ᠡᠷᠭᠢᠯᠡᠭᠦ ᠳᠤ ᠣᠷᠤᠯᠴᠠᠵᠤ ᠪᠣᠯᠬᠤ ᠦᠭᠡᠶ᠃

ᠬᠤᠷᠢᠨ ᠨᠢᠭᠡᠳᠦᠭᠡᠷ ᠵᠣᠢ᠌ᠯ ᠵᠢᠯᠤᠭᠤᠴᠢ ᠮᠠᠰᠢᠠᠳᠤ ᠳᠡᠷᠭᠡ ᠵᠢᠯᠤᠭᠤᠤᠠᠴᠤ ᠵᠠᠮ ᠳᠤ ᠭᠠᠷᠴᠤ ᠶᠠᠪᠣᠬᠤ ᠡᠴᠡ ᠪᠠᠨ ᠡᠮᠦᠨ᠎ᠡ ᠮᠠᠰᠢᠠᠳᠤ ᠳᠡᠷᠭᠡᠨ ᠤ ᠠᠮᠤᠷ ᠲᠦᠪᠰᠢᠨ ᠤ ᠳᠸᠭ᠍ᠨᠢᠭ᠌ ᠮᠡᠷᠭᠡᠵᠢᠯ ᠤᠨ ᠰᠢᠠᠵᠢ ᠴᠢᠳᠠᠪᠣᠷᠢ ᠶᠢ ᠭᠢᠨᠠᠮᠠᠭᠠᠢ ᠪᠠᠢ᠌ᠴᠠᠭᠠᠬᠤ ᠭᠡᠷᠡᠭ᠍ᠳᠡᠢ᠃ ᠠᠮᠤᠷ ᠲᠦᠪᠰᠢᠨ ᠤ ᠳᠦᠭᠦᠭᠡᠷᠦᠮᠵᠢ ᠨᠢ ᠪᠦᠷᠢᠨ ᠪᠣᠰᠤ ᠪᠣᠶᠤ ᠮᠠᠰᠢᠨ ᠤ ᠳᠤᠨᠤᠭᠯᠠᠭᠠᠰᠤ ᠨᠢ ᠳᠸᠭ᠍ᠨᠢᠭ᠌ ᠮᠡᠷᠭᠡᠵᠢᠯ ᠤᠨ ᠪᠠᠷᠢᠮᠵᠢᠶ᠎ᠠ ᠳᠤ ᠦᠯᠦ ᠨᠡᠢ᠌ᠴᠡᠭᠦ ᠵᠡᠷᠭᠡ ᠠᠮᠤᠷ ᠲᠦᠪᠰᠢᠨ ᠤ ᠳᠠᠯᠳᠠ ᠭᠡᠮ ᠲᠡᠶ ᠮᠠᠰᠢᠠᠳᠤ ᠳᠡᠷᠭᠡ ᠶᠢ ᠵᠢᠯᠤᠭᠤᠤᠠᠴᠤ ᠪᠣᠯᠬᠤ ᠭᠡᠷᠡᠭ᠍ᠳᠡᠢ᠃

ᠬᠤᠷᠢᠨ ᠬᠤᠶᠠᠳᠤᠭᠠᠷ ᠵᠣᠢ᠌ᠯ ᠮᠠᠰᠢᠠᠳᠤ ᠳᠡᠷᠭᠡᠨ ᠤ ᠵᠢᠯᠤᠭᠤᠴᠢ ᠵᠠᠮ ᠬᠠᠷᠢᠯᠴᠠᠭᠠᠨ ᠤ ᠠᠮᠤᠷ ᠲᠦᠪᠰᠢᠨ ᠤ ᠳᠤᠬᠠᠢ ᠬᠠᠤᠯᠢ ᠴᠠᠭᠠᠵᠠ᠂ ᠬᠠᠤᠯᠢ ᠳᠤᠭᠳᠠᠭᠠᠯ ᠤᠨ ᠳᠤᠭᠳᠠᠭᠠᠯ ᠢ ᠵᠢᠷᠤᠮᠯᠠᠵᠤ᠂ ᠠᠵᠢᠯᠯᠠᠭᠠᠨ ᠤ ᠵᠢᠷᠤᠮ ᠶᠤᠰᠤᠭᠠᠷ ᠡᠡᠶ‍ᠦᠯᠭᠦᠢ ᠪᠠᠷ ᠵᠢᠯᠤᠭᠤᠤᠠᠴᠤ᠂ ᠪᠣᠯᠪᠠᠰᠤᠨ ᠶᠢᠡᠷ ᠵᠢᠯᠤᠭᠤᠤᠠᠬᠤ ᠭᠡᠷᠡᠭ᠍ᠳᠡᠢ᠃

ᠠᠷᠢᠭᠢ ᠣᠤᠭᠤᠭᠰᠠᠨ᠂ ᠣᠯᠤᠰ ᠤᠨ ᠵᠠᠭᠢᠷᠤᠨ ᠬᠠᠮᠢᠶᠠᠷᠤᠯᠳᠠ ᠳᠤ ᠪᠠᠢ᠌ᠭ᠎ᠠ ᠮᠠᠳᠠᠷᠠᠯ ᠤᠨ ᠡᠮ ᠪᠣᠶᠤ ᠮᠢᠡᠴᠦᠷᠡᠭᠦᠯᠭᠦ ᠡᠮ ᠣᠤᠭᠤᠭᠰᠠᠨ᠂ ᠡᠰᠡᠭᠦᠯ᠎ᠡ ᠮᠠᠰᠢᠠᠳᠤ ᠳᠡᠷᠭᠡ ᠶᠢ ᠠᠮᠤᠷ ᠲᠦᠪᠰᠢᠨ ᠶᠢᠡᠷ ᠵᠢᠯᠤᠭᠤᠤᠠᠬᠤ ᠶᠢ ᠬᠠᠷᠰᠢᠯᠠᠬᠤ ᠡᠪᠠᠦᠡᠴᠢᠨ ᠲᠡᠶ᠂ ᠡᠰᠡᠭᠦᠯ᠎ᠡ ᠳᠡᠩᠳᠡᠭᠦᠤ ᠶᠠᠳᠠᠷᠠᠭᠰᠠᠨ ᠡᠴᠡ ᠪᠣᠯᠤᠭᠠᠤᠨ ᠠᠮᠤᠷ ᠲᠦᠪᠰᠢᠨ ᠶᠢᠡᠷ ᠵᠢᠯᠤᠭᠤᠤᠠᠬᠤ ᠶᠢ ᠨᠥᠯᠦᠭᠡᠯᠡᠭᠦ ᠳᠤ ᠭᠦᠷᠦᠭ᠍ᠰᠡᠨ ᠪᠠᠢ᠌ᠪᠠᠯ᠂ ᠮᠠᠰᠢᠠᠳᠤ ᠳᠡᠷᠭᠡ ᠵᠢᠯᠤᠭᠤᠤᠠᠴᠤ ᠪᠣᠯᠬᠤ ᠦᠭᠡᠶ᠃

ᠶᠠᠮᠠᠷᠪᠠ ᠭᠦᠮᠤᠨ ᠭᠡᠤᠨ ᠵᠢᠯᠤᠭᠤᠴᠢ ᠶᠢ ᠠᠯᠪᠠᠳᠠᠵᠤ᠂ ᠵᠢᠭᠠᠨ ᠳᠤᠭᠢᠵᠤ᠂ ᠰᠠᠨᠠᠭᠠᠨ ᠳᠤᠷ᠎ᠠ ᠪᠠᠷ ᠨᠢ ᠳᠠᠯᠪᠢᠵᠤ ᠪᠠᠢ᠌ᠭᠠᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠳᠤᠬᠠᠢ ᠬᠠᠤᠯᠢ ᠴᠠᠭᠠᠵᠠ᠂ ᠬᠠᠤᠯᠢ ᠳᠤᠭᠳᠠᠭᠠᠯ ᠪᠠ ᠮᠠᠰᠢᠠᠳᠤ ᠳᠡᠷᠭᠡ ᠶᠢ ᠠᠮᠤᠷ ᠲᠦᠪᠰᠢᠨ ᠶᠢᠡᠷ ᠵᠢᠯᠤᠭᠤᠤᠠᠬᠤ ᠱᠠᠭᠠᠷᠳᠠᠯᠭ᠎ᠠ ᠡᠴᠡ ᠵᠥᠷᠢᠴᠡᠭᠦᠯᠵᠤ ᠮᠠᠰᠢᠠᠳᠤ ᠳᠡᠷᠭᠡ ᠵᠢᠯᠤᠭᠤᠳᠤᠭᠤᠯᠵᠤ ᠪᠣᠯᠬᠤ ᠦᠭᠡᠶ᠃

ᠬᠤᠷᠢᠨ ᠭᠤᠷᠪᠠᠳᠤᠭᠠᠷ ᠵᠣᠢ᠌ᠯ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠬᠠᠤᠯᠢ ᠴᠠᠭᠠᠵᠠ᠂ ᠵᠠᠰᠠᠭ ᠵᠠᠭᠢᠷᠭᠠᠨ ᠤ ᠬᠠᠤᠯᠢ ᠳᠤᠭᠳᠠᠭᠠᠯ ᠤᠨ ᠳᠤᠭᠳᠠᠭᠠᠯ ᠶᠤᠰᠤᠭᠠᠷ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠢ ᠳᠤᠭᠳᠠᠮᠠᠯ ᠬᠤᠭᠤᠴᠠᠭ᠎ᠠ ᠲᠡᠶ ᠪᠠᠷ ᠭᠢᠨᠠᠨ ᠰᠢᠯᠭᠠᠨ᠎ᠠ᠃

ᠬᠤᠷᠢᠨ ᠳᠦᠷᠪᠠᠳᠦᠭᠡᠷ ᠵᠣᠢ᠌ᠯ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠮᠠᠰᠢᠠᠳᠤ ᠳᠡᠷᠭᠡᠨ ᠤ ᠵᠢᠯᠤᠭᠤᠴᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠳᠤᠬᠠᠢ ᠬᠠᠤᠯᠢ ᠴᠠᠭᠠᠵᠠ᠂ ᠬᠠᠤᠯᠢ ᠳᠤᠭᠳᠠᠭᠠᠯ ᠡᠴᠡ ᠵᠥᠷᠢᠴᠡᠭ᠍ᠰᠡᠨ ᠠᠵᠢᠯᠯᠠᠭ᠎ᠠ ᠳᠤ ᠬᠠᠤᠯᠢ ᠶᠤᠰᠤᠭᠠᠷ ᠵᠠᠰᠠᠭ ᠵᠠᠭᠢᠷᠭᠠᠨ ᠤ ᠰᠢᠦᠡᠭᠡᠯ ᠦᠭ‍ᠭᠦ ᠡᠴᠡ ᠭᠠᠳᠠᠨ᠎ᠠ ᠬᠤᠪᠢ ᠬᠤᠷᠠᠮᠳᠤᠭᠤᠯᠤᠨ ᠳᠡᠮᠳᠡᠭᠯᠡᠭᠦ ᠳᠦᠷᠢᠮ ᠢ ᠭᠡᠷᠡᠭ᠍ᠵᠢᠭᠦᠯᠦᠨ᠎ᠡ᠃ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠬᠤᠷᠠᠮᠳᠤᠭᠤᠯᠤᠨ ᠳᠡᠮᠳᠡᠭᠯᠡᠭ᠍ᠰᠡᠨ ᠬᠤᠪᠢ ᠨᠢ ᠳᠤᠭᠳᠠᠭᠰᠠᠨ ᠬᠤᠪᠢ ᠶᠢᠨ ᠭᠡᠮᠵᠢᠶᠡᠨ ᠳᠤ ᠭᠦᠷᠦᠭ᠍ᠰᠡᠨ ᠮᠠᠰᠢᠠᠳᠤ ᠳᠡᠷᠭᠡᠨ ᠤ ᠵᠢᠯᠤᠭᠤᠴᠢ ᠶᠢᠨ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠢ ᠨᠢ ᠳᠠᠷᠤᠵᠤ ᠥᠯᠡᠳᠡᠭᠡᠭᠡᠤᠨ᠂ ᠳᠡᠭᠦᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠳᠤᠬᠠᠢ ᠬᠠᠤᠯᠢ ᠴᠠᠭᠠᠵᠠ᠂ ᠬᠠᠤᠯᠢ ᠳᠤᠭᠳᠠᠭᠠᠯ ᠤᠨ ᠭᠦᠮᠦᠵᠢᠯ ᠭᠢᠵᠤ᠂ ᠳᠠᠭᠢᠵᠤ ᠰᠢᠯᠭᠠᠯᠳᠠ ᠭᠢᠨ᠎ᠠ᠃ ᠰᠢᠯᠭᠠᠯᠳᠠ ᠳᠤ ᠭᠢᠷᠢ ᠳᠠᠩᠴᠠᠪᠠᠯ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠢ ᠨᠢ ᠪᠣᠴᠠᠭᠠᠵᠤ ᠦᠭ‍ᠭᠦᠨ᠎ᠡ᠃

ᠵᠠᠮ ᠬᠠᠷᠢᠯᠴᠠᠭᠠᠨ ᠤ ᠠᠮᠤᠷ ᠲᠦᠪᠰᠢᠨ ᠤ ᠳᠤᠬᠠᠢ ᠬᠠᠤᠯᠢ ᠴᠠᠭᠠᠵᠠ᠂ ᠬᠠᠤᠯᠢ ᠳᠤᠭᠳᠠᠭᠠᠯ ᠢ ᠵᠢᠷᠤᠮᠯᠠᠨ ᠰᠠᠭᠢᠵᠤ᠂ ᠨᠢᠭᠡ ᠵᠢᠯ ᠤᠨ ᠳᠤᠳᠤᠷ᠎ᠠ ᠬᠤᠷᠠᠮᠳᠤᠭᠤᠯᠤᠨ ᠳᠡᠮᠳᠡᠭᠯᠡᠭ᠍ᠰᠡᠨ ᠬᠤᠪᠢ ᠪᠠᠢ᠌ᠬᠤ ᠦᠭᠡᠶ ᠮᠠᠰᠢᠠᠳᠤ ᠳᠡᠷᠭᠡᠨ ᠤ ᠵᠢᠯᠤᠭᠤᠴᠢ ᠶᠢᠨ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠢ ᠭᠢᠨᠠᠨ ᠰᠢᠯᠭᠠᠬᠤ ᠬᠤᠭᠤᠴᠠᠭ᠎ᠠ ᠶᠢ ᠣᠷᠳᠤᠤᠠᠬᠠᠵᠤ ᠪᠣᠯᠤᠨ᠎ᠠ᠃ ᠪᠣᠳᠠᠳᠠᠢ ᠠᠷᠭ᠎ᠠ ᠶᠢ ᠲᠦᠷᠦ ᠶᠢᠨ ᠶᠠᠪᠣᠳᠠᠯ ᠤᠨ ᠬᠤᠷᠢᠶᠠᠨ ᠤ ᠳᠤᠳᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠡᠴᠡ ᠳᠤᠭᠳᠠᠭᠠᠨ᠎ᠠ᠃


ᠭᠤᠷᠪᠠᠳᠤᠭᠠᠷ ᠪᠦᠯᠦᠭ᠌      ᠵᠠᠮ ᠨᠡᠪᠳᠡᠷᠡᠯᠭᠡ ᠶᠢᠨ ᠨᠥᠭᠦᠴᠡᠯ


ᠬᠤᠷᠢᠨ ᠳᠠᠪᠣᠳᠤᠭᠠᠷ ᠵᠣᠢ᠌ᠯ ᠪᠦᠭᠦ ᠣᠯᠤᠰ ᠲᠤ ᠵᠠᠮ ᠬᠠᠷᠢᠯᠴᠠᠭᠠᠨ ᠤ ᠨᠢᠭᠡᠳᠦᠯᠳᠡᠢ ᠲᠤᠬᠢᠶᠠᠨ ᠳᠡᠮᠳᠡᠭ᠌ ᠢ ᠭᠡᠷᠡᠭᠯᠡᠨ᠎ᠡ᠃

ᠵᠠᠮ ᠬᠠᠷᠢᠯᠴᠠᠭᠠᠨ ᠤ ᠲᠤᠬᠢᠶᠠᠨ ᠳᠡᠮᠳᠡᠭ᠌ ᠲᠤ ᠵᠠᠮ ᠬᠠᠷᠢᠯᠴᠠᠭᠠᠨ ᠤ ᠲᠤᠬᠢᠶᠠᠨ ᠳ᠋ᠸᠩ᠂ ᠵᠠᠮ ᠬᠠᠷᠢᠯᠴᠠᠭᠠᠨ ᠤ ᠢᠯᠡᠳᠭᠡᠮᠵᠢ ᠳᠡᠮᠳᠡᠭ᠌᠂ ᠵᠠᠮ ᠬᠠᠷᠢᠯᠴᠠᠭᠠᠨ ᠤ ᠳᠡᠮᠳᠡᠭ᠌ ᠵᠢᠷᠤᠭᠠᠰᠤ ᠪᠠ ᠵᠠᠮ ᠬᠠᠷᠢᠯᠴᠠᠭᠠᠨ ᠤ ᠴᠠᠭᠳᠠᠭ᠎ᠠ ᠶᠢᠨ ᠵᠢᠯᠤᠭᠤᠳᠤᠯᠭ᠎ᠠ ᠪᠠᠭᠳᠠᠨ᠎ᠠ᠃

ᠵᠠᠮ ᠬᠠᠷᠢᠯᠴᠠᠭᠠᠨ ᠤ ᠲᠤᠬᠢᠶᠠᠨ ᠳ᠋ᠸᠩ᠂ ᠵᠠᠮ ᠬᠠᠷᠢᠯᠴᠠᠭᠠᠨ ᠤ ᠢᠯᠡᠳᠭᠡᠮᠵᠢ ᠳᠡᠮᠳᠡᠭ᠌᠂ ᠵᠠᠮ ᠬᠠᠷᠢᠯᠴᠠᠭᠠᠨ ᠤ ᠳᠡᠮᠳᠡᠭ᠌ ᠵᠢᠷᠤᠭᠠᠰᠤ ᠳᠠᠯᠪᠢᠬᠤ ᠳᠠᠭᠠᠨ ᠵᠠᠮ ᠬᠠᠷᠢᠯᠴᠠᠭᠠᠨ ᠤ ᠠᠮᠤᠷ ᠲᠦᠪᠰᠢᠨ᠂ ᠰᠠᠭᠠᠤᠨ ᠦᠭᠡᠶ ᠨᠡᠪᠳᠡᠷᠡᠭᠦ ᠱᠠᠭᠠᠷᠳᠠᠯᠭ᠎ᠠ ᠪᠠ ᠣᠯᠤᠰ ᠤᠨ ᠪᠠᠷᠢᠮᠵᠢᠶ᠎ᠠ ᠳᠤ ᠨᠡᠢ᠌ᠴᠡᠭᠦᠯᠭᠦ ᠭᠡᠷᠡᠭ᠍ᠳᠡᠢ ᠪᠦᠭᠡᠤᠨ ᠳᠤᠳᠤᠷᠬᠠᠢ᠂ ᠢᠯᠡᠭᠡᠨ ᠬᠠᠷᠠᠭᠳᠠᠬᠤ᠂ ᠣᠨᠤᠪᠴᠢᠳᠠᠢ᠂ ᠪᠦᠷᠢᠨ ᠪᠦᠳᠤᠨ ᠪᠠᠢ᠌ᠬᠤ ᠶᠢ ᠪᠠᠳᠤᠯᠠᠬᠤ ᠭᠡᠷᠡᠭ᠍ᠳᠡᠢ᠃

ᠵᠠᠮ ᠨᠡᠪᠳᠡᠷᠡᠯᠭᠡ ᠶᠢᠨ ᠭᠡᠷᠡᠭ᠍ᠴᠡᠭᠡ ᠶᠢ ᠦᠨᠳᠦᠰᠦᠯᠠᠨ᠂ ᠵᠠᠮ ᠬᠠᠷᠢᠯᠴᠠᠭᠠᠨ ᠤ ᠲᠤᠬᠢᠶᠠᠨ ᠳᠡᠮᠳᠡᠭ᠌ ᠢ ᠴᠠᠭ ᠳᠤᠬᠠᠢ ᠳ᠋ᠤᠨᠢ ᠨᠠᠮᠠᠨ ᠳᠠᠯᠪᠢᠬᠤ᠂ ᠰᠤᠯᠢᠬᠤ᠂ ᠰᠢᠨᠡᠳᠭᠡᠭᠦ ᠭᠡᠷᠡᠭ᠍ᠳᠡᠢ᠃ ᠵᠠᠮ ᠬᠠᠷᠢᠯᠴᠠᠭᠠᠨ ᠤ ᠭᠢᠵᠠᠭᠠᠷᠯᠠᠬᠤ ᠴᠢᠨᠠᠷᠳᠠᠢ ᠲᠤᠬᠢᠶᠠᠨ ᠳᠡᠮᠳᠡᠭ᠌ ᠢ ᠨᠠᠮᠠᠨ ᠳᠠᠯᠪᠢᠬᠤ᠂ ᠰᠤᠯᠢᠬᠤ᠂ ᠰᠢᠨᠡᠳᠭᠡᠭᠦ ᠭᠡᠷᠡᠭ᠍ᠳᠡᠢ᠃ ᠵᠠᠮ ᠬᠠᠷᠢᠯᠴᠠᠭᠠᠨ ᠤ ᠭᠢᠵᠠᠭᠠᠷᠯᠠᠬᠤ ᠴᠢᠨᠠᠷᠳᠠᠢ ᠲᠤᠬᠢᠶᠠᠨ ᠳᠡᠮᠳᠡᠭ᠌ ᠢ ᠨᠠᠮᠠᠨ ᠳᠠᠯᠪᠢᠬᠤ ᠰᠤᠯᠢᠬᠤ᠂ ᠰᠢᠨᠡᠳᠭᠡᠭᠦ ᠳᠡᠭᠡᠨ ᠨᠡᠢ᠌ᠭᠡᠮ ᠨᠠᠢ᠌ᠳᠠ ᠳᠤ ᠣᠷᠢᠤᠠᠴᠢᠯᠠᠨ ᠵᠠᠷᠯᠠᠨ ᠨᠠᠢ᠌ᠳᠠᠯᠠᠵᠤ᠂ ᠥᠷᠭᠡᠨ ᠶᠢᠡᠷ ᠣᠬᠠᠭᠤᠯᠬᠤ ᠭᠡᠷᠡᠭ᠍ᠳᠡᠢ᠃

ᠬᠤᠷᠢᠨ ᠵᠢᠷᠭᠤᠳᠤᠭᠠᠷ ᠵᠣᠢ᠌ᠯ ᠵᠠᠮ ᠬᠠᠷᠢᠯᠴᠠᠭᠠᠨ ᠤ ᠲᠤᠬᠢᠶᠠᠨ ᠳᠡᠮᠳᠡᠭ᠌ ᠨᠢ ᠣᠯᠠᠭᠠᠨ ᠳ᠋ᠸᠩ᠂ ᠨᠤᠭᠤᠭᠠᠨ ᠳ᠋ᠸᠩ᠂ ᠰᠢᠷ᠎ᠠ ᠳ᠋ᠸᠩ ᠶᠢᠡᠷ ᠪᠦᠷᠢᠯᠳᠦᠨ᠎ᠡ᠃ ᠣᠯᠠᠭᠠᠨ ᠳ᠋ᠸᠩ ᠨᠢ ᠨᠡᠪᠳᠡᠷᠡᠭᠦ ᠶᠢ ᠴᠠᠭᠠᠵᠠᠯᠠᠬᠤ᠂ ᠨᠤᠭᠤᠭᠠᠨ ᠳ᠋ᠸᠩ ᠨᠢ ᠨᠡᠪᠳᠡᠷᠡᠭᠦ ᠶᠢ ᠵᠥᠪᠰᠢᠶᠡᠷᠡᠭᠦ᠂ ᠰᠢᠷ᠎ᠠ ᠳ᠋ᠸᠩ ᠨᠢ ᠰᠡᠷᠡᠮᠵᠢᠯᠡᠭᠦᠯᠭᠦ ᠶᠢ ᠢᠯᠡᠳᠭᠡᠵᠤ ᠪᠣᠢ᠃

ᠬᠤᠷᠢᠨ ᠳᠤᠯᠤᠳᠤᠭᠠᠷ ᠵᠣᠢ᠌ᠯ ᠳᠠᠮᠤᠷ ᠵᠠᠮ ᠪᠣᠯᠤᠨ ᠵᠠᠮ ᠤᠨ ᠳᠡᠭ᠍ᠰᠢ ᠣᠭᠳᠤᠯᠤᠯᠴᠠᠬᠤ ᠵᠠᠮ ᠤᠨ ᠠᠭᠤᠯᠵᠠᠷ ᠲᠤ ᠰᠠᠷᠠᠮᠵᠢ ᠶᠢᠨ ᠳ᠋ᠸᠩ᠂ ᠰᠠᠷᠠᠮᠵᠢ ᠶᠢᠨ ᠢᠯᠡᠳᠭᠡᠮᠵᠢ ᠳᠡᠮᠳᠡᠭ᠌ ᠪᠣᠶᠤ ᠡᠡᠶ‍ᠦᠯᠭᠦᠢ ᠶᠢᠨ ᠬᠠᠮᠠᠭᠠᠯᠠᠯᠳᠠ ᠶᠢᠨ ᠳᠦᠭᠦᠭᠡᠷᠦᠮᠵᠢ ᠳᠠᠭᠠᠷᠠᠭᠤᠯᠬᠤ ᠭᠡᠷᠡᠭ᠍ᠳᠡᠢ᠃ ᠬᠠᠷᠠᠵᠤ ᠰᠠᠭᠢᠬᠤ ᠭᠦᠮᠤᠨ ᠪᠠᠢ᠌ᠬᠤ ᠦᠭᠡᠶ ᠳᠠᠮᠤᠷ ᠵᠠᠮ ᠤᠨ ᠠᠭᠤᠯᠵᠠᠷ ᠲᠤ ᠵᠠᠮ ᠤᠨ ᠠᠭᠤᠯᠵᠠᠷ ᠡᠴᠡ ᠵᠤᠭᠢᠬᠤ ᠵᠠᠢ᠌ᠳᠠᠢ ᠭᠠᠵᠠᠷ ᠲᠤ ᠰᠠᠷᠠᠮᠵᠢ ᠶᠢᠨ ᠢᠯᠡᠳᠭᠡᠮᠵᠢ ᠳᠡᠮᠳᠡᠭ᠌ ᠳᠠᠯᠪᠢᠬᠤ ᠭᠡᠷᠡᠭ᠍ᠳᠡᠢ᠃

ᠬᠤᠷᠢᠨ ᠨᠢ᠋ᠮᠠᠳᠤᠭᠠᠷ ᠵᠣᠢ᠌ᠯ ᠶᠠᠮᠠᠷᠪᠠ ᠨᠢᠭᠡᠴᠢ ᠪᠠ ᠬᠤᠪᠢ ᠭᠦᠮᠤᠨ ᠵᠠᠮ ᠬᠠᠷᠢᠯᠴᠠᠭᠠᠨ ᠤ ᠲᠤᠬᠢᠶᠠᠨ ᠳ᠋ᠸᠩ᠂ ᠵᠠᠮ ᠬᠠᠷᠢᠯᠴᠠᠭᠠᠨ ᠤ ᠢᠯᠡᠳᠭᠡᠮᠵᠢ ᠳᠡᠮᠳᠡᠭ᠌᠂ ᠵᠠᠮ ᠬᠠᠷᠢᠯᠴᠠᠭᠠᠨ ᠤ ᠳᠡᠮᠳᠡᠭ᠌ ᠵᠢᠷᠤᠭᠠᠰᠤ ᠶᠢ ᠳᠤᠷ᠎ᠠ ᠪᠠᠷ ᠶᠢᠡᠨ ᠳᠠᠯᠪᠢᠵᠤ᠂ ᠰᠢᠯᠵᠢᠭᠦᠯᠤᠨ ᠨᠡᠭᠦᠯᠭᠡᠵᠤ᠂ ᠡᠵᠡᠯᠡᠨ ᠭᠡᠷᠡᠭᠯᠡᠵᠤ᠂ ᠡᠪᠳᠡᠯᠡᠨ ᠰᠥᠢᠦᠡᠭᠡᠵᠤ ᠪᠣᠯᠬᠤ ᠦᠭᠡᠶ᠃

ᠵᠠᠮ ᠤᠨ ᠬᠤᠶᠠᠷ ᠳᠠᠯ᠎ᠠ ᠵᠢᠴᠢ ᠳᠤᠰᠠᠭᠠᠷᠯᠠᠬᠤ ᠪᠦᠰᠡ ᠳᠡᠭᠡᠷ᠎ᠡ ᠮᠤᠳᠤ ᠪᠣᠶᠤ ᠪᠣᠰᠤᠳ ᠣᠷᠭᠤᠮᠠᠯ ᠳᠠᠷᠢᠬᠤ᠂ ᠵᠠᠷ ᠤᠨ ᠫᠠᠢ᠌ᠰᠠ ᠪᠣᠰᠬᠠᠬᠤ᠂ ᠬᠤᠭᠤᠯᠠᠢ ᠣᠳᠠᠰᠤ ᠳᠠᠳᠠᠬᠤ ᠳᠠᠭᠠᠨ ᠵᠠᠮ ᠬᠠᠷᠢᠯᠴᠠᠭᠠᠨ ᠤ ᠳᠦᠭᠦᠭᠡᠷᠦᠮᠵᠢ ᠯᠦᠭᠡ ᠴᠢᠬᠤᠯᠠ ᠪᠦᠭᠦᠢ ᠵᠠᠢ᠌ᠳᠠᠢ ᠪᠠᠢ᠌ᠯᠭᠠᠬᠤ ᠭᠡᠷᠡᠭ᠍ᠳᠡᠢ᠂ ᠵᠠᠮ ᠤᠨ ᠳ᠋ᠸᠩ᠂ ᠵᠠᠮ ᠬᠠᠷᠢᠯᠴᠠᠭᠠᠨ ᠤ ᠲᠤᠬᠢᠶᠠᠨ ᠳ᠋ᠸᠩ᠂ ᠵᠠᠮ ᠬᠠᠷᠢᠯᠴᠠᠭᠠᠨ ᠤ ᠢᠯᠡᠳᠭᠡᠮᠵᠢ ᠳᠡᠮᠳᠡᠭ᠌ ᠢ ᠬᠠᠯᠬᠠᠯᠠᠵᠤ ᠪᠣᠯᠬᠤ ᠦᠭᠡᠶ᠂ ᠠᠮᠤᠷ ᠲᠦᠪᠰᠢᠨ ᠤ ᠬᠠᠷᠠᠭᠠᠨ ᠵᠠᠢ ᠶᠢ ᠬᠠᠷᠰᠢᠯᠠᠵᠤ ᠪᠣᠯᠬᠤ ᠦᠭᠡᠶ᠂ ᠵᠠᠮ ᠨᠡᠪᠳᠡᠷᠡᠯᠭᠡ ᠶᠢ ᠨᠥᠯᠦᠭᠡᠯᠡᠵᠤ ᠪᠣᠯᠬᠤ ᠦᠭᠡᠶ᠃

ᠬᠤᠷᠢ ᠶ‍ᠢᠰᠦᠳᠦᠭᠡᠷ ᠵᠣᠢ᠌ᠯ ᠵᠠᠮ᠂ ᠳᠡᠷᠭᠡᠨ ᠤ ᠵᠤᠭᠰᠤᠭᠠᠯ ᠪᠣᠯᠤᠨ ᠵᠠᠮ ᠨᠡᠪᠳᠡᠷᠡᠯᠭᠡ ᠶᠢᠨ ᠳᠦᠭᠦᠷᠵᠢᠯᠳᠡ ᠶᠢᠨ ᠳᠦᠭᠦᠭᠡᠷᠦᠮᠵᠢ ᠶᠢ ᠳᠦᠯᠦᠪᠵᠢᠭᠦᠯᠭᠦ᠂ ᠵᠢᠷᠤᠵᠤ ᠳᠦᠯᠦᠪᠯᠡᠭᠦ᠂ ᠪᠦᠳᠦᠭᠡᠨ ᠪᠠᠢ᠌ᠭᠤᠯᠬᠤ ᠳᠠᠭᠠᠨ ᠵᠠᠮ ᠬᠠᠷᠢᠯᠴᠠᠭᠠᠨ ᠤ ᠠᠮᠤᠷ ᠲᠦᠪᠰᠢᠨ ᠪᠠᠢ᠌ᠬᠤ᠂ ᠰᠠᠭᠠᠤᠨ ᠦᠭᠡᠶ ᠨᠡᠪᠳᠡᠷᠡᠭᠦ ᠱᠠᠭᠠᠷᠳᠠᠯᠭ᠎ᠠ ᠳᠤ ᠨᠡᠢ᠌ᠴᠡᠭᠦᠯᠭᠦ ᠭᠡᠷᠡᠭ᠍ᠳᠡᠢ ᠪᠦᠭᠡᠤᠨ ᠵᠠᠮ ᠬᠠᠷᠢᠯᠴᠠᠭᠠᠨ ᠤ ᠭᠡᠷᠡᠭ᠍ᠴᠡᠭᠡ ᠶᠢ ᠦᠨᠳᠦᠰᠦᠯᠠᠨ ᠴᠠᠭ ᠳᠤᠬᠠᠢ ᠳ᠋ᠤᠨᠢ ᠳᠤᠭᠢᠷᠠᠭᠤᠯᠤᠯᠳᠠ ᠭᠢᠭᠦ ᠭᠡᠷᠡᠭ᠍ᠳᠡᠢ᠃

ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢᠭᠡᠨᠲᠡ ᠠᠰᠢᠭᠯᠠᠯᠳᠠ ᠳᠤ ᠣᠷᠤᠭᠤᠯᠤᠭᠰᠠᠨ ᠵᠠᠮ ᠳᠤ ᠵᠠᠮ ᠬᠠᠷᠢᠯᠴᠠᠭᠠᠨ ᠤ ᠭᠡᠨᠡᠳᠡᠯ ᠪᠠᠢ᠌ᠨ ᠪᠠᠢ᠌ᠨ ᠭᠠᠷᠬᠤ ᠵᠠᠮ ᠤᠨ ᠭᠡᠰᠡᠭ᠌ ᠪᠠᠢ᠌ᠬᠤ ᠶᠢ ᠣᠯᠵᠤ ᠮᠠᠳᠠᠪᠠᠯ᠂ ᠡᠰᠡᠭᠦᠯ᠎ᠡ ᠳᠡᠷᠭᠡᠨ ᠤ ᠵᠤᠭᠰᠤᠭᠠᠯ᠂ ᠵᠠᠮ ᠨᠡᠪᠳᠡᠷᠡᠯᠭᠡ ᠶᠢᠨ ᠳᠦᠭᠦᠷᠵᠢᠯᠳᠡ ᠶᠢᠨ ᠳᠦᠭᠦᠭᠡᠷᠦᠮᠵᠢ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠭᠦᠡᠳᠤ ᠨᠤᠴᠢᠳᠠᠢ ᠳᠠᠯᠳᠠ ᠭᠡᠮ ᠣᠷᠤᠰᠢᠵᠤ ᠪᠠᠢ᠌ᠬᠤ ᠶᠢ ᠣᠯᠵᠤ ᠮᠠᠳᠠᠪᠠᠯ᠂ ᠴᠠᠭ ᠳᠤᠬᠠᠢ ᠳ᠋ᠤᠨᠢ ᠳᠤᠬᠠᠢ ᠶᠢᠨ ᠭᠠᠵᠠᠷ ᠤᠨ ᠠᠷᠠᠤᠨ ᠤᠨ ᠵᠠᠰᠠᠭ ᠤᠨ ᠣᠷᠳᠤᠨ ᠳᠤ ᠮᠡᠳᠡᠭᠦᠯᠭᠦ ᠭᠡᠷᠡᠭ᠍ᠳᠡᠢ ᠪᠦᠭᠡᠤᠨ ᠵᠠᠮ ᠬᠠᠷᠢᠯᠴᠠᠭᠠᠨ ᠤ ᠭᠡᠨᠡᠳᠡᠯ ᠢ ᠰᠡᠷᠭᠡᠢ᠌ᠯᠡᠭᠦ᠂ ᠳᠠᠯᠳᠠ ᠭᠡᠮ ᠢ ᠠᠷᠢᠯᠭᠠᠬᠤ ᠰᠠᠨᠠᠭᠤᠯᠭ᠎ᠠ ᠳᠤᠷᠠᠤᠠᠬᠤ ᠭᠡᠷᠡᠭ᠍ᠳᠡᠢ᠂ ᠳᠤᠬᠠᠢ ᠶᠢᠨ ᠭᠠᠵᠠᠷ ᠤᠨ ᠠᠷᠠᠤᠨ ᠤᠨ ᠵᠠᠰᠠᠭ ᠤᠨ ᠣᠷᠳᠤᠨ ᠨᠢ ᠰᠢ᠌ᠦᠡᠪᠦᠷᠢᠯᠡᠭᠦ ᠳᠤᠭᠳᠠᠭᠠᠯ ᠢ ᠴᠠᠭ ᠳᠤᠬᠠᠢ ᠳ᠋ᠤᠨᠢ ᠭᠠᠷᠭᠠᠬᠤ ᠭᠡᠷᠡᠭ᠍ᠳᠡᠢ᠃

ᠭᠤᠴᠢᠳᠤᠭᠠᠷ ᠵᠣᠢ᠌ᠯ ᠵᠠᠮ ᠴᠥᠮᠦᠷᠭᠦ᠂ ᠬᠤᠳᠣᠢ᠌ᠵᠤ ᠭᠤᠪᠢᠯ ᠭᠠᠷᠬᠤ᠂ ᠣᠰᠤᠨ ᠳᠤ ᠠᠪᠳᠠᠬᠤ᠂ ᠭᠦᠳᠥᠢᠭᠦ ᠵᠡᠷᠭᠡ ᠡᠪᠳᠡᠷᠡᠯ ᠰᠣᠢ᠌ᠳᠤᠯ ᠭᠠᠷᠬᠤ ᠪᠣᠶᠤ ᠵᠠᠮ ᠬᠠᠷᠢᠯᠴᠠᠭᠠᠨ ᠤ ᠲᠤᠬᠢᠶᠠᠨ ᠳ᠋ᠸᠩ᠂ ᠵᠠᠮ ᠬᠠᠷᠢᠯᠴᠠᠭᠠᠨ ᠤ ᠢᠯᠡᠳᠭᠡᠮᠵᠢ ᠳᠡᠮᠳᠡᠭ᠌᠂ ᠵᠠᠮ ᠬᠠᠷᠢᠯᠴᠠᠭᠠᠨ ᠤ ᠳᠡᠮᠳᠡᠭ᠌ ᠵᠢᠷᠤᠭᠠᠰᠤ ᠵᠡᠷᠭᠡ ᠵᠠᠮ ᠬᠠᠷᠢᠯᠴᠠᠭᠠᠨ ᠤ ᠳᠦᠭᠦᠭᠡᠷᠦᠮᠵᠢ ᠡᠪᠳᠡᠷᠡᠨ ᠴᠤᠴᠠᠷᠠᠵᠤ᠂ ᠰᠣᠢ᠌ᠤᠠᠴᠤ ᠠᠷᠢᠯᠤᠭᠰᠠᠨ ᠪᠠᠢ᠌ᠪᠠᠯ᠂ ᠵᠠᠮ ᠨᠡᠪᠳᠡᠷᠡᠯᠭᠡ᠂ ᠵᠠᠮ ᠬᠠᠷᠢᠯᠴᠠᠭᠠᠨ ᠤ ᠳᠦᠭᠦᠭᠡᠷᠦᠮᠵᠢ ᠶᠢ ᠠᠷᠠᠴᠢᠯᠠᠨ ᠬᠠᠮᠠᠭᠠᠯᠠᠬᠤ ᠰᠠᠯᠠᠭ᠎ᠠ ᠮᠦᠴᠢᠷ ᠪᠣᠶᠤ ᠬᠠᠮᠢᠶᠠᠷᠤᠯᠳᠠ ᠶᠢᠨ ᠰᠠᠯᠠᠭ᠎ᠠ ᠮᠦᠴᠢᠷ ᠰᠠᠷᠠᠮᠵᠢ ᠶᠢᠨ ᠢᠯᠡᠳᠭᠡᠮᠵᠢ ᠳᠡᠮᠳᠡᠭ᠌ ᠳᠠᠯᠪᠢᠬᠤ ᠭᠡᠷᠡᠭ᠍ᠳᠡᠢ ᠪᠦᠭᠡᠤᠨ ᠴᠠᠭ ᠳᠤᠬᠠᠢ ᠳ᠋ᠤᠨᠢ ᠵᠠᠰᠠᠵᠤ ᠰᠡᠷᠭᠦᠭᠡᠭᠦ ᠭᠡᠷᠡᠭ᠍ᠳᠡᠢ᠃

ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠡᠮᠦᠨᠡᠭᠢ ᠪᠠᠳᠠᠭ ᠤᠨ ᠪᠠᠢ᠌ᠳᠠᠯ ᠭᠠᠷᠴᠤ ᠵᠠᠮ ᠬᠠᠷᠢᠯᠴᠠᠭᠠᠨ ᠤ ᠠᠮᠤᠷ ᠲᠦᠪᠰᠢᠨ ᠢ ᠰᠥᠷᠳᠡᠭᠦᠯᠵᠤ ᠪᠠᠢ᠌ᠬᠤ᠂ ᠳᠠᠷᠠᠴᠢᠯᠠᠨ ᠰᠠᠷᠠᠮᠵᠢ ᠶᠢᠨ ᠢᠯᠡᠳᠭᠡᠮᠵᠢ ᠳᠡᠮᠳᠡᠭ᠌ ᠬᠠᠷᠠᠬᠠᠨ ᠳᠠᠯᠪᠢᠭᠠᠳᠤᠢ ᠪᠠᠢ᠌ᠬᠤ ᠶᠢ ᠣᠯᠵᠤ ᠮᠠᠳᠠᠪᠠᠯ᠂ ᠴᠠᠭ ᠳᠤᠬᠠᠢ ᠳ᠋ᠤᠨᠢ ᠡᠡᠶ‍ᠦᠯᠭᠦᠢ ᠶᠢᠨ ᠠᠷᠭ᠎ᠠ ᠭᠡᠮᠵᠢᠶ᠎ᠡ ᠠᠪᠴᠤ᠂ ᠵᠠᠮ ᠬᠠᠷᠢᠯᠴᠠᠭ᠎ᠠ ᠶᠢ ᠨᠡᠪᠳᠡᠷᠡᠭᠦᠯᠭᠦ ᠭᠡᠷᠡᠭ᠍ᠳᠡᠢ ᠪᠦᠭᠡᠤᠨ ᠵᠠᠮ ᠨᠡᠪᠳᠡᠷᠡᠯᠭᠡ᠂ ᠵᠠᠮ ᠬᠠᠷᠢᠯᠴᠠᠭᠠᠨ ᠤ ᠳᠦᠭᠦᠭᠡᠷᠦᠮᠵᠢ ᠶᠢ ᠠᠷᠠᠴᠢᠯᠠᠨ ᠬᠠᠮᠠᠭᠠᠯᠠᠬᠤ ᠰᠠᠯᠠᠭ᠎ᠠ ᠮᠦᠴᠢᠷ ᠪᠣᠶᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠮᠡᠳᠡᠭ᠍ᠳᠡᠭᠦ ᠭᠡᠷᠡᠭ᠍ᠳᠡᠢ᠃

ᠭᠤᠴᠢᠨ ᠨᠢᠭᠡᠳᠦᠭᠡᠷ ᠵᠣᠢ᠌ᠯ ᠶᠠᠮᠠᠷᠪᠠ ᠨᠢᠭᠡᠴᠢ ᠪᠠ ᠬᠤᠪᠢ ᠭᠦᠮᠤᠨ ᠵᠦᠪᠰᠢᠶᠠᠷᠠᠯ ᠦᠭᠡᠶ ᠪᠠᠷ ᠵᠠᠮ ᠢ ᠡᠵᠡᠯᠡᠨ ᠭᠡᠷᠡᠭᠯᠡᠵᠤ ᠵᠠᠮ ᠬᠠᠷᠢᠯᠴᠠᠭᠠᠨ ᠤ ᠪᠣᠰᠤ ᠠᠵᠢᠯᠯᠠᠭ᠎ᠠ ᠭᠢᠵᠤ ᠪᠣᠯᠬᠤ ᠦᠭᠡᠶ᠃

ᠭᠤᠴᠢᠨ ᠬᠤᠶᠠᠳᠤᠭᠠᠷ ᠵᠣᠢ᠌ᠯ ᠪᠠᠷᠢᠯᠭ᠎ᠠ ᠶᠢᠨ ᠪᠦᠳᠦᠭᠡᠨ ᠪᠠᠢ᠌ᠭᠤᠯᠤᠯᠳᠠ ᠶᠢᠨ ᠭᠡᠷᠡᠭ᠍ᠴᠡᠭᠡ ᠡᠴᠡ ᠪᠣᠯᠵᠤ ᠵᠠᠮ ᠢ ᠡᠵᠡᠯᠡᠨ ᠭᠡᠷᠡᠭᠯᠡᠭᠦ᠂ ᠣᠬᠤᠵᠤ ᠮᠠᠯᠳᠠᠬᠤ ᠪᠣᠶᠤ ᠵᠠᠮ ᠢ ᠠᠯᠭᠠᠰᠠᠯᠠᠬᠤ ᠪᠠ ᠨᠠᠪᠳᠠᠯᠤᠨ ᠬᠤᠭᠤᠯᠠᠢ ᠣᠳᠠᠰᠤ ᠶᠢᠨ ᠳᠦᠭᠦᠭᠡᠷᠦᠮᠵᠢ ᠶᠢ ᠳᠡᠭᠡᠭᠦᠷ ᠳᠠᠳᠠᠬᠤ᠂ ᠨᠠᠮᠠᠵᠤ ᠳᠠᠯᠪᠢᠬᠤ ᠳᠤ ᠭᠦᠷᠪᠠᠯ᠂ ᠣᠷᠢᠳᠠᠪᠠᠷ ᠵᠠᠮ ᠨᠡᠪᠳᠡᠷᠡᠯᠭᠡ ᠶᠢᠨ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠤᠨ ᠵᠦᠪᠰᠢᠶᠠᠷᠠᠯ ᠢ ᠣᠯᠬᠤ ᠭᠡᠷᠡᠭ᠍ᠳᠡᠢ᠃ ᠵᠠᠮ ᠬᠠᠷᠢᠯᠴᠠᠭᠠᠨ ᠤ ᠠᠮᠤᠷ ᠲᠦᠪᠰᠢᠨ ᠢ ᠨᠥᠯᠦᠭᠡᠯᠡᠭᠦ ᠳᠤ ᠭᠦᠷᠪᠠᠯ᠂ ᠪᠠᠰᠠ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠵᠦᠪᠰᠢᠶᠠᠷᠠᠯ ᠢ ᠣᠯᠬᠤ ᠭᠡᠷᠡᠭ᠍ᠳᠡᠢ᠃

ᠪᠠᠷᠢᠯᠭ᠎ᠠ ᠶᠢᠨ ᠠᠵᠢᠯ ᠭᠢᠭᠦ ᠨᠢᠭᠡᠴᠢ ᠵᠥᠪᠰᠢᠶᠡᠷᠡᠭᠦᠯᠦᠭ᠍ᠰᠡᠨ ᠵᠠᠮ ᠤᠨ ᠭᠡᠰᠡᠭ᠌ ᠪᠠ ᠴᠠᠭ ᠬᠤᠭᠤᠴᠠᠭᠠᠨ ᠳᠤ ᠪᠠᠷᠢᠯᠭ᠎ᠠ ᠶᠢᠨ ᠠᠵᠢᠯ ᠭᠢᠭᠦ ᠭᠡᠷᠡᠭ᠍ᠳᠡᠢ ᠪᠦᠭᠡᠤᠨ ᠪᠠᠷᠢᠯᠭ᠎ᠠ ᠶᠢᠨ ᠠᠵᠢᠯ ᠤᠨ ᠭᠠᠵᠠᠷ ᠲᠤ ᠳᠡᠷᠭᠡ ᠢᠷᠡᠭᠦ ᠵᠥᠭ᠌ ᠤᠨ ᠡᠡᠶ‍ᠦᠯᠭᠦᠢ ᠶᠢᠨ ᠵᠠᠢ᠌ᠳᠠᠢ ᠭᠠᠵᠠᠷ ᠲᠤ ᠠᠮᠤᠷ ᠲᠦᠪᠰᠢᠨ ᠤ ᠢᠯᠡᠷᠭᠡᠢ ᠰᠠᠷᠠᠮᠵᠢ ᠶᠢᠨ ᠢᠯᠡᠳᠭᠡᠮᠵᠢ ᠳᠡᠮᠳᠡᠭ᠌ ᠳᠠᠯᠪᠢᠵᠤ᠂ ᠰᠡᠷᠭᠡᠢ᠌ᠯᠡᠨ ᠬᠠᠮᠠᠭᠠᠯᠠᠬᠤ ᠠᠷᠭ᠎ᠠ ᠭᠡᠮᠵᠢᠶ᠎ᠡ ᠠᠪᠬᠤ ᠭᠡᠷᠡᠭ᠍ᠳᠡᠢ᠃ ᠪᠠᠷᠢᠯᠭ᠎ᠠ ᠶᠢᠨ ᠠᠵᠢᠯ ᠳᠠᠭᠤᠰᠪᠠᠯ ᠵᠠᠮ ᠳᠡᠭᠡᠷᠡᠭᠢ ᠬᠠᠷᠰᠢᠯᠠᠭ᠎ᠠ ᠶᠢ ᠥᠳᠲᠡᠷ ᠳᠦᠷᠭᠡᠨ ᠴᠠᠪᠠᠷᠯᠠᠨ ᠠᠷᠢᠯᠭᠠᠵᠤ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠬᠤ ᠭᠡᠷᠡᠭ᠍ᠳᠡᠢ ᠪᠦᠭᠡᠤᠨ ᠵᠠᠮ ᠨᠡᠪᠳᠡᠷᠡᠯᠭᠡ ᠶᠢᠨ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠪᠣᠯᠤᠨ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠰᠢᠯᠭᠠᠨ ᠠᠪᠬᠤ ᠳᠤ ᠭᠢᠷᠢ ᠳᠠᠩᠴᠠᠵᠤ᠂ ᠵᠠᠮ ᠨᠡᠪᠳᠡᠷᠡᠯᠭᠡ ᠶᠢᠨ ᠱᠠᠭᠠᠷᠳᠠᠯᠭ᠎ᠠ ᠳᠤ ᠨᠡᠢ᠌ᠴᠡᠭ᠍ᠰᠡᠨ ᠤ ᠳᠠᠷᠠᠭ᠎ᠠ ᠰᠠ‍‌ᠶᠢ ᠵᠠᠮ ᠨᠡᠪᠳᠡᠷᠡᠯᠭᠡ ᠶᠢ ᠰᠡᠷᠭᠦᠭᠡᠵᠤ ᠪᠣᠯᠤᠨ᠎ᠠ᠃ ᠵᠠᠮ ᠬᠠᠷᠢᠯᠴᠠᠭ᠎ᠠ ᠶᠢ ᠵᠤᠭᠰᠤᠭᠠᠭᠰᠠᠨ ᠦᠭᠡᠶ ᠪᠠᠷ ᠪᠠᠷᠢᠯᠭ᠎ᠠ ᠶᠢᠨ ᠠᠵᠢᠯ ᠭᠢᠵᠤ ᠪᠠᠢ᠌ᠭ᠎ᠠ ᠵᠠᠮ ᠳᠤ᠂ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠵᠠᠮ ᠬᠠᠷᠢᠯᠴᠠᠭᠠᠨ ᠤ ᠠᠮᠤᠷ ᠲᠦᠪᠰᠢᠨ ᠤ ᠭᠢᠨᠠᠯᠳᠠ ᠪᠠᠢ᠌ᠴᠠᠭᠠᠯᠳᠠ ᠪᠠᠨ ᠴᠢᠩᠭ᠋ᠠᠤᠠᠬᠠᠵᠤ᠂ ᠵᠠᠮ ᠬᠠᠷᠢᠯᠴᠠᠭᠠᠨ ᠤ ᠡᠮᠭᠢ ᠵᠢᠷᠤᠮ ᠢ ᠬᠠᠮᠠᠭᠠᠯᠠᠬᠤ ᠭᠡᠷᠡᠭ᠍ᠳᠡᠢ᠃

ᠭᠤᠴᠢᠨ ᠭᠤᠷᠪᠠᠳᠤᠭᠠᠷ ᠵᠣᠢ᠌ᠯ ᠰᠢᠨ᠎ᠠ ᠪᠠᠷ ᠪᠠᠢ᠌ᠭᠤᠯᠤᠭᠰᠠᠨ᠂ ᠥᠭᠡᠷᠡᠴᠢᠯᠡᠨ ᠪᠠᠢ᠌ᠭᠤᠯᠤᠭᠰᠠᠨ᠂ ᠦᠷᠭᠡᠳᠭᠡᠨ ᠪᠠᠢ᠌ᠭᠤᠯᠤᠭᠰᠠᠨ ᠣᠯᠠᠨ ᠨᠠᠢ᠌ᠳᠠ ᠶᠢᠨ ᠪᠠᠷᠢᠯᠭ᠎ᠠ᠂ ᠬᠤᠳᠠᠯᠳᠤᠭᠠᠨ ᠤ ᠵᠡᠭᠡᠯᠢ ᠳᠤᠭᠤᠷᠢᠭ᠂ ᠣᠷᠤᠨ ᠰᠠᠭᠤᠴᠠ ᠶᠢᠨ ᠳᠤᠭᠤᠷᠢᠭ᠂ ᠳᠤᠮᠤ ( ᠳᠤᠮᠳᠠ ) ᠭᠡᠯᠪᠠᠷᠢ ᠶᠢᠨ ᠪᠠᠷᠢᠯᠭ᠎ᠠ ᠵᠡᠷᠭᠡ ᠳᠤ ᠳᠡᠷᠭᠡᠨ ᠤ ᠵᠤᠭᠰᠤᠭᠠᠯ ᠢ ᠳᠤᠭᠢᠷᠠᠭᠤᠯᠤᠨ ᠪᠠᠢ᠌ᠭᠤᠯᠵᠤ᠂ ᠨᠠᠮᠠᠵᠤ ᠪᠠᠢ᠌ᠭᠤᠯᠬᠤ ᠭᠡᠷᠡᠭ᠍ᠳᠡᠢ᠃ ᠳᠡᠷᠭᠡ ᠵᠤᠭᠰᠤᠭᠠᠬᠤ ᠭᠠᠵᠠᠷ ᠭᠦᠢᠴᠡᠳ ᠦᠭᠡᠶ ᠪᠠᠢ᠌ᠪᠠᠯ ᠴᠠᠭ ᠳᠤᠬᠠᠢ ᠳ᠋ᠤᠨᠢ ᠥᠭᠡᠷᠡᠴᠢᠯᠡᠨ ᠪᠠᠢ᠌ᠭᠤᠯᠬᠤ ᠪᠣᠶᠤ ᠦᠷᠭᠡᠳᠭᠡᠨ ᠪᠠᠢ᠌ᠭᠤᠯᠬᠤ ᠭᠡᠷᠡᠭ᠍ᠳᠡᠢ᠃ ᠠᠰᠢᠭᠯᠠᠯᠳᠠ ᠳᠤ ᠣᠷᠤᠭᠤᠯᠤᠭᠰᠠᠨ ᠳᠡᠷᠭᠡᠨ ᠤ ᠵᠤᠭᠰᠤᠭᠠᠯ ᠢ ᠳᠤᠷ᠎ᠠ ᠪᠠᠷ ᠶᠢᠡᠨ ᠭᠡᠷᠡᠭᠯᠡᠭᠦ ᠶᠢ ᠵᠤᠭᠰᠤᠭᠠᠬᠤ ᠪᠣᠶᠤ ᠪᠣᠰᠤᠳ ᠵᠣᠢ᠌ᠯ ᠳᠤ ᠥᠭᠡᠷᠡᠴᠢᠯᠡᠨ ᠭᠡᠷᠡᠭᠯᠡᠵᠤ ᠪᠣᠯᠬᠤ ᠦᠭᠡᠶ᠃

ᠬᠤᠳᠠ ᠶᠢᠨ ᠵᠠᠮ ᠤᠨ ᠭᠡᠪᠴᠢᠶᠡᠨ ᠳᠤᠳᠤᠷ᠎ᠠ ᠶᠠᠪᠠᠭᠠᠨ ᠭᠦᠮᠤᠨ᠂ ᠳᠡᠷᠭᠡ ᠣᠨᠤᠭ᠎ᠠ ᠨᠡᠪᠳᠡᠷᠡᠭᠦ ᠶᠢ ᠨᠥᠯᠦᠭᠡᠯᠡᠭᠦ ᠦᠭᠡᠶ ᠪᠠᠢ᠌ᠳᠠᠯ ᠤᠨ ᠳᠤᠤᠷ᠎ᠠ᠂ ᠵᠠᠰᠠᠭ ᠤᠨ ᠣᠷᠳᠤᠨ ᠤ ᠬᠤᠯᠪᠣᠭᠳᠠᠯ ᠪᠦᠭᠦᠢ ᠰᠠᠯᠠᠭ᠎ᠠ ᠮᠦᠴᠢᠷ ᠡᠴᠡ ᠳᠡᠷᠭᠡ ᠵᠤᠭᠰᠤᠭᠠᠬᠤ ᠭᠠᠵᠠᠷ ᠢ ᠵᠠᠭᠠᠭᠯᠠᠨ ᠵᠢᠷᠤᠵᠤ ᠪᠣᠯᠤᠨ᠎ᠠ᠃

ᠭᠤᠴᠢᠨ ᠳᠦᠷᠪᠠᠳᠦᠭᠡᠷ ᠵᠣᠢ᠌ᠯ ᠰᠤᠷᠭᠠᠭᠤᠯᠢ᠂ ᠭᠡᠦᠭᠡᠤᠨ ᠤᠨ ᠴᠡᠴᠡᠷᠯᠢᠭ᠌᠂ ᠡᠮᠨᠡᠯᠭᠡ ᠶᠢᠨ ᠬᠤᠷᠢᠶ᠎ᠠ᠂ ᠨᠠᠰᠤᠳᠠᠨ ᠢ ᠠᠰᠠᠷᠠᠬᠤ ᠭᠦᠷᠢᠶᠡᠯᠡᠩ ᠤᠨ ᠡᠭᠦᠳᠡᠨ ᠡᠮᠦᠨᠡᠭᠢ ᠵᠠᠮ ᠳᠡᠭᠡᠷ᠎ᠡ ᠶᠠᠪᠠᠭᠠᠨ ᠭᠦᠮᠤᠨ ᠤ ᠵᠠᠮ ᠭᠠᠳᠤᠯᠬᠤ ᠳᠦᠭᠦᠭᠡᠷᠦᠮᠵᠢ ᠪᠠᠢ᠌ᠬᠤ ᠦᠭᠡᠶ ᠪᠣᠯ᠂ ᠶᠠᠪᠠᠭᠠᠨ ᠭᠦᠮᠤᠨ ᠤ ᠵᠠᠮ ᠬᠠᠷᠢᠯᠴᠠᠭᠠᠨ ᠤ ᠵᠠᠮ ᠭᠠᠳᠤᠯᠬᠤ ᠭᠦᠡᠳᠡᠯᠡᠨ ᠱᠤᠭᠤᠮ ᠵᠢᠷᠤᠵᠤ᠂ ᠰᠠᠨᠠᠭᠤᠯᠤᠮᠵᠢ ᠶᠢᠨ ᠢᠯᠡᠳᠭᠡᠮᠵᠢ ᠳᠡᠮᠳᠡᠭ᠌ ᠳᠠᠯᠪᠢᠬᠤ ᠭᠡᠷᠡᠭ᠍ᠳᠡᠢ᠃

ᠬᠤᠳᠠ ᠶᠢᠨ ᠭᠤᠤᠯ ᠵᠠᠮ ᠤᠨ ᠶᠠᠪᠠᠭᠠᠨ ᠭᠦᠮᠤᠨ ᠤ ᠵᠠᠮ ᠳᠡᠭᠡᠷ᠎ᠡ ᠳᠦᠯᠦᠪᠵᠢᠭᠦᠯᠭᠡ ᠶᠤᠰᠤᠭᠠᠷ ᠰᠤᠬᠤᠷ ᠭᠦᠮᠤᠨ ᠤ ᠶᠠᠪᠣᠬᠤ ᠵᠠᠮ ᠭᠠᠷᠭᠠᠬᠤ ᠭᠡᠷᠡᠭ᠍ᠳᠡᠢ᠃ ᠰᠤᠬᠤᠷ ᠭᠦᠮᠤᠨ ᠤ ᠶᠠᠪᠣᠬᠤ ᠵᠠᠮ ᠭᠠᠷᠭᠠᠬᠤ ᠳᠠᠭᠠᠨ ᠣᠯᠤᠰ ᠤᠨ ᠪᠠᠷᠢᠮᠵᠢᠶ᠎ᠠ ᠳᠤ ᠨᠡᠢ᠌ᠴᠡᠭᠦᠯᠦᠭ᠍ᠰᠡᠨ ᠪᠠᠢ᠌ᠬᠤ ᠭᠡᠷᠡᠭ᠍ᠳᠡᠢ᠃


ᠳᠦᠷᠪᠠᠳᠦᠭᠡᠷ ᠪᠦᠯᠦᠭ᠌      ᠵᠠᠮ ᠨᠡᠪᠳᠡᠷᠡᠯᠭᠡ ᠶᠢᠨ ᠳᠤᠬᠠᠢ ᠳᠤᠭᠳᠠᠭᠠᠯ


ᠨᠢᠭᠡᠳᠦᠭᠡᠷ ᠭᠡᠰᠡᠭ᠌    ᠡᠡᠭ᠌ ᠤᠨ ᠳᠤᠭᠳᠠᠭᠠᠯ


ᠭᠤᠴᠢᠨ ᠳᠠᠪᠣᠳᠤᠭᠠᠷ ᠵᠣᠢ᠌ᠯ ᠮᠠᠰᠢᠠᠳᠤ ᠳᠡᠷᠭᠡ᠂ ᠮᠠᠰᠢᠠᠳᠤ ᠪᠣᠰᠤ ᠳᠡᠷᠭᠡ ᠪᠠᠷᠠᠭᠤᠨ ᠳᠠᠯ᠎ᠠ ᠪᠠᠷ ᠨᠡᠪᠳᠡᠷᠡᠭᠦ ᠶᠢ ᠭᠡᠷᠡᠭ᠍ᠵᠢᠭᠦᠯᠦᠨ᠎ᠡ᠃

ᠭᠤᠴᠢᠨ ᠵᠢᠷᠭᠤᠳᠤᠭᠠᠷ ᠵᠣᠢ᠌ᠯ ᠵᠠᠮ ᠤᠨ ᠨᠥᠭᠦᠴᠡᠯ ᠪᠣᠯᠤᠨ ᠵᠠᠮ ᠨᠡᠪᠳᠡᠷᠡᠯᠭᠡ ᠶᠢᠨ ᠭᠡᠷᠡᠭ᠍ᠴᠡᠭᠡ ᠶᠢ ᠦᠨᠳᠦᠰᠦᠯᠠᠵᠤ᠂ ᠵᠠᠮ ᠢ ᠮᠠᠰᠢᠠᠳᠤ ᠳᠡᠷᠭᠡᠨ ᠤ ᠵᠠᠮ᠂ ᠮᠠᠰᠢᠠᠳᠤ ᠪᠣᠰᠤ ᠳᠡᠷᠭᠡᠨ ᠤ ᠵᠠᠮ ᠪᠠ ᠶᠠᠪᠠᠭᠠᠨ ᠭᠦᠮᠤᠨ ᠤ ᠵᠠᠮ ᠭᠡᠵᠤ ᠬᠤᠪᠢᠶᠠᠭᠰᠠᠨ ᠪᠠᠢ᠌ᠪᠠᠯ᠂ ᠮᠠᠰᠢᠠᠳᠤ ᠳᠡᠷᠭᠡ᠂ ᠮᠠᠰᠢᠠᠳᠤ ᠪᠣᠰᠤ ᠳᠡᠷᠭᠡ ᠪᠠ ᠶᠠᠪᠠᠭᠠᠨ ᠭᠦᠮᠤᠨ ᠵᠠᠮ ᠬᠤᠪᠢᠶᠠᠨ ᠨᠡᠪᠳᠡᠷᠡᠭᠦ ᠶᠢ ᠭᠡᠷᠡᠭ᠍ᠵᠢᠭᠦᠯᠦᠨ᠎ᠡ᠃ ᠵᠠᠮ ᠢ ᠮᠠᠰᠢᠠᠳᠤ ᠳᠡᠷᠭᠡᠨ ᠤ ᠵᠠᠮ᠂ ᠮᠠᠰᠢᠠᠳᠤ ᠪᠣᠰᠤ ᠳᠡᠷᠭᠡᠨ ᠤ ᠵᠠᠮ ᠪᠠ ᠶᠠᠪᠠᠭᠠᠨ ᠭᠦᠮᠤᠨ ᠤ ᠵᠠᠮ ᠭᠡᠵᠤ ᠬᠤᠪᠢᠶᠠᠭᠰᠠᠨ ᠦᠭᠡᠶ ᠪᠣᠯ ᠮᠠᠰᠢᠠᠳᠤ ᠳᠡᠷᠭᠡ ᠵᠠᠮ ᠤᠨ ᠭᠤᠤᠯ ᠶᠢᠡᠷ ᠠᠶᠠᠯᠠᠵᠤ᠂ ᠮᠠᠰᠢᠠᠳᠤ ᠪᠣᠰᠤ ᠳᠡᠷᠭᠡᠨ ᠤ ᠵᠠᠮ ᠪᠠ ᠶᠠᠪᠠᠭᠠᠨ ᠭᠦᠮᠤᠨ ᠤ ᠵᠠᠮ ᠬᠤᠶᠠᠷ ᠬᠠᠵᠠᠭᠤ ᠪᠠᠷ ᠨᠠᠪᠳᠠᠷᠠᠨ᠎ᠠ᠃

ᠭᠤᠴᠢᠨ ᠳᠤᠯᠤᠳᠤᠭᠠᠷ ᠵᠣᠢ᠌ᠯ ᠵᠠᠮ ᠳᠡᠭᠡᠷ᠎ᠡ ᠳᠤᠰᠬᠠᠢ ᠭᠡᠷᠡᠭᠯᠡᠭᠦ ᠳᠡᠷᠭᠡᠨ ᠵᠠᠮ ᠵᠠᠭᠠᠭᠯᠠᠨ ᠵᠢᠷᠤᠭᠰᠠᠨ ᠪᠠᠢ᠌ᠪᠠᠯ᠂ ᠳᠤᠰᠬᠠᠢ ᠭᠡᠷᠡᠭᠯᠡᠭᠦ ᠳᠡᠷᠭᠡᠨ ᠵᠠᠮ ᠶᠢᠡᠷ ᠳᠤᠭᠳᠠᠭᠰᠠᠨ ᠳᠡᠷᠭᠡ ᠣᠨᠤᠭ᠎ᠠ ᠨᠡᠪᠳᠡᠷᠡᠭᠦ ᠶᠢ ᠯᠠ ᠵᠦᠪᠰᠢᠶᠠᠷᠠᠨ᠎ᠠ᠂ ᠪᠣᠰᠤᠳ ᠳᠡᠷᠭᠡ ᠣᠨᠤᠭ᠎ᠠ ᠳᠤᠰᠬᠠᠢ ᠳᠡᠷᠭᠡᠨ ᠵᠠᠮ ᠶᠢᠡᠷ ᠶᠠᠪᠣᠵᠤ ᠪᠣᠯᠬᠤ ᠦᠭᠡᠶ᠃

ᠭᠤᠴᠢᠨ ᠨᠢ᠋ᠮᠠᠳᠤᠭᠠᠷ ᠵᠣᠢ᠌ᠯ ᠳᠡᠷᠭᠡ ᠣᠨᠤᠭ᠎ᠠ᠂ ᠶᠠᠪᠠᠭᠠᠨ ᠭᠦᠮᠤᠨ ᠵᠠᠮ ᠬᠠᠷᠢᠯᠴᠠᠭᠠᠨ ᠤ ᠳᠤᠭᠢᠶ᠎ᠠ ᠪᠠᠷ ᠨᠡᠪᠳᠡᠷᠡᠭᠦ ᠭᠡᠷᠡᠭ᠍ᠳᠡᠢ᠃ ᠵᠠᠮ ᠬᠠᠷᠢᠯᠴᠠᠭᠠᠨ ᠤ ᠴᠠᠭᠳᠠᠭ᠎ᠠ ᠳᠤᠬᠠᠢ ᠶᠢᠨ ᠭᠠᠵᠠᠷ ᠲᠤ ᠵᠢᠯᠤᠭᠤᠤᠠᠴᠤ ᠪᠠᠢ᠌ᠪᠠᠯ᠂ ᠵᠠᠮ ᠬᠠᠷᠢᠯᠴᠠᠭᠠᠨ ᠤ ᠴᠠᠭᠳᠠᠭ᠎ᠠ ᠶᠢᠨ ᠵᠢᠯᠤᠭᠤᠳᠤᠯᠭ᠎ᠠ ᠪᠠᠷ ᠨᠡᠪᠳᠡᠷᠡᠭᠦ ᠭᠡᠷᠡᠭ᠍ᠳᠡᠢ᠃ ᠵᠠᠮ ᠬᠠᠷᠢᠯᠴᠠᠭᠠᠨ ᠤ ᠳᠤᠭᠢᠶ᠎ᠠ ᠪᠠᠢ᠌ᠬᠤ ᠦᠭᠡᠶ ᠵᠠᠮ ᠶᠢᠡᠷ ᠪᠣᠯ ᠡᠡᠶ‍ᠦᠯᠭᠦᠢ ᠪᠠᠢ᠌ᠬᠤ᠂ ᠰᠠᠭᠠᠤᠨ ᠦᠭᠡᠶ ᠨᠡᠪᠳᠡᠷᠡᠭᠦ ᠶᠢ ᠦᠨᠡᠨ ᠭᠦ ᠪᠠᠳᠤᠯᠠᠬᠤ ᠵᠠᠷᠴᠢᠮ ᠤᠨ ᠳᠤᠤᠷ᠎ᠠ ᠨᠡᠪᠳᠡᠷᠡᠭᠦ ᠭᠡᠷᠡᠭ᠍ᠳᠡᠢ᠃

ᠭᠤᠴᠢ ᠶ‍ᠢᠰᠦᠳᠦᠭᠡᠷ ᠵᠣᠢ᠌ᠯ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠵᠠᠮ ᠨᠡᠪᠳᠡᠷᠡᠯᠭᠡ ᠪᠣᠯᠤᠨ ᠵᠠᠮ ᠬᠠᠷᠢᠯᠴᠠᠭᠠᠨ ᠤ ᠣᠷᠤᠰᠬᠠᠯ ᠤᠨ ᠭᠡᠮᠵᠢᠶ᠎ᠡ ᠶᠢᠨ ᠪᠣᠳᠠᠳᠤ ᠪᠠᠢ᠌ᠳᠠᠯ ᠢ ᠦᠨᠳᠦᠰᠦᠯᠠᠵᠤ᠂ ᠮᠠᠰᠢᠠᠳᠤ ᠳᠡᠷᠭᠡ᠂ ᠮᠠᠰᠢᠠᠳᠤ ᠪᠣᠰᠤ ᠳᠡᠷᠭᠡ ᠪᠠ ᠶᠠᠪᠠᠭᠠᠨ ᠭᠦᠮᠤᠨ ᠳᠤ ᠣᠳᠤᠷᠢᠳᠤᠨ ᠨᠡᠪᠳᠡᠷᠡᠭᠦ᠂ ᠨᠡᠪᠳᠡᠷᠡᠭᠦ ᠶᠢ ᠭᠢᠵᠠᠭᠠᠷᠯᠠᠬᠤ᠂ ᠨᠡᠪᠳᠡᠷᠡᠭᠦ ᠶᠢ ᠴᠠᠭᠠᠵᠠᠯᠠᠬᠤ ᠵᠡᠷᠭᠡ ᠠᠷᠭ᠎ᠠ ᠭᠡᠮᠵᠢᠶ᠎ᠡ ᠠᠪᠴᠤ ᠪᠣᠯᠤᠨ᠎ᠠ᠃ ᠣᠯᠠᠨ ᠲᠦᠮᠡᠠᠴᠢ ᠴᠢᠨᠠᠷᠳᠠᠢ ᠳᠤᠮᠤ ᠭᠡᠯᠪᠠᠷᠢ ᠶᠢᠨ ᠠᠵᠢᠯᠯᠠᠭ᠎ᠠ᠂ ᠳᠤᠮᠤ ᠭᠡᠪᠴᠢᠶᠡᠨ ᠤ ᠪᠠᠷᠢᠯᠭ᠎ᠠ ᠶᠢᠨ ᠠᠵᠢᠯ ᠵᠡᠷᠭᠡ ᠪᠠᠢ᠌ᠳᠠᠯ ᠲᠤᠬᠢᠶᠠᠯᠳᠤᠵᠤ᠂ ᠵᠠᠮ ᠬᠠᠷᠢᠯᠴᠠᠭ᠎ᠠ ᠶᠢ ᠭᠢᠵᠠᠭᠠᠷᠯᠠᠬᠤ ᠠᠷᠭ᠎ᠠ ᠭᠡᠮᠵᠢᠶ᠎ᠡ ᠠᠪᠬᠤ ᠴᠢᠬᠤᠯᠠᠳᠠᠢ ᠦᠶ᠎ᠡ ᠳᠤ ᠪᠣᠶᠤ ᠣᠯᠠᠨ ᠨᠠᠢ᠌ᠳᠠ ᠶᠢᠨ ᠵᠠᠮ ᠬᠠᠷᠢᠯᠴᠠᠭᠠᠨ ᠤ ᠠᠵᠢᠯᠯᠠᠭ᠎ᠠ ᠲᠡᠶ ᠰᠢᠭᠤᠳ ᠬᠤᠯᠪᠣᠭᠳᠠᠯ ᠲᠡᠶ ᠳᠤᠭᠳᠠᠭᠠᠯ ᠭᠠᠷᠭᠠᠬᠤ ᠳᠠᠭᠠᠨ ᠨᠡᠢ᠌ᠭᠡᠮ ᠨᠠᠢ᠌ᠳᠠ ᠳᠤ ᠣᠷᠢᠤᠠᠴᠢᠯᠠᠨ ᠵᠠᠷᠯᠠᠨ ᠨᠡᠢ᠌ᠳᠡᠯᠡᠭᠦ ᠭᠡᠷᠡᠭ᠍ᠳᠡᠢ᠃

ᠳᠦᠴᠢᠳᠦᠭᠡᠷ ᠵᠣᠢ᠌ᠯ ᠪᠠᠢ᠌ᠭᠠᠯᠢ ᠶᠢᠨ ᠭᠠᠢ ᠭᠠᠮᠰᠢᠭ᠂ ᠮᠠᠭᠤ ᠠᠭᠤᠷ ᠠᠮᠢᠰᠬᠤᠯ ᠤᠨ ᠨᠥᠭᠦᠴᠡᠯ ᠪᠣᠶᠤ ᠵᠠᠮ ᠬᠠᠷᠢᠯᠴᠠᠭᠠᠨ ᠤ ᠭᠦᠡᠳᠤ ᠶᠡᠭᠡ ᠭᠡᠨᠡᠳᠡᠯ ᠵᠡᠷᠭᠡ ᠵᠠᠮ ᠬᠠᠷᠢᠯᠴᠠᠭᠠᠨ ᠤ ᠠᠮᠤᠷ ᠲᠦᠪᠰᠢᠨ ᠢ ᠭᠦᠡᠳᠤ ᠨᠤᠴᠢᠳᠠᠢ ᠨᠥᠯᠦᠭᠡᠯᠡᠭᠦ ᠪᠠᠢ᠌ᠳᠠᠯ ᠲᠤᠬᠢᠶᠠᠯᠳᠤᠵᠤ᠂ ᠪᠣᠰᠤᠳ ᠠᠷᠭ᠎ᠠ ᠭᠡᠮᠵᠢᠶ᠎ᠡ ᠠᠪᠬᠤ ᠨᠢ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠳᠤᠯᠠᠬᠤ ᠳᠤ ᠪᠠᠷᠭᠡᠳᠡᠢ ᠪᠣᠯᠤᠭᠰᠠᠨ ᠦᠶ᠎ᠡ ᠳᠤ᠂ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠵᠠᠮ ᠬᠠᠷᠢᠯᠴᠠᠭᠠᠨ ᠤ ᠵᠠᠭᠢᠷᠤᠨ ᠬᠠᠮᠢᠶᠠᠷᠤᠯᠳᠠ ᠶᠠᠪᠣᠭᠤᠯᠵᠤ ᠪᠣᠯᠤᠨ᠎ᠠ᠃

ᠳᠦᠴᠢᠨ ᠨᠢᠭᠡᠳᠦᠭᠡᠷ ᠵᠣᠢ᠌ᠯ ᠵᠠᠮ ᠨᠡᠪᠳᠡᠷᠡᠯᠭᠡ ᠶᠢᠨ ᠬᠠᠮᠢᠶᠠᠳᠠᠢ ᠪᠣᠰᠤᠳ ᠳᠤᠭᠳᠠᠭᠠᠯ ᠤᠳ ᠢ ᠲᠦᠷᠦ ᠶᠢᠨ ᠶᠠᠪᠣᠳᠠᠯ ᠤᠨ ᠬᠤᠷᠢᠶ᠎ᠠ ᠡᠴᠡ ᠳᠤᠭᠳᠠᠭᠠᠨ᠎ᠠ᠃


ᠬᠤᠶᠠᠳᠤᠭᠠᠷ ᠭᠡᠰᠡᠭ᠌    ᠮᠠᠰᠢᠠᠳᠤ ᠳᠡᠷᠭᠡ ᠨᠡᠪᠳᠡᠷᠡᠭᠦ ᠳᠤᠬᠠᠢ ᠳᠤᠭᠳᠠᠭᠠᠯ


ᠳᠦᠴᠢᠨ ᠬᠤᠶᠠᠳᠤᠭᠠᠷ ᠵᠣᠢ᠌ᠯ ᠮᠠᠰᠢᠠᠳᠤ ᠳᠡᠷᠭᠡ ᠵᠠᠮ ᠶᠢᠡᠷ ᠶᠠᠪᠣᠬᠤ ᠳᠠᠭᠠᠨ ᠬᠤᠷᠳᠤᠴᠠ ᠶᠢ ᠭᠢᠵᠠᠭᠠᠷᠯᠠᠬᠤ ᠢᠯᠡᠳᠭᠡᠮᠵᠢ ᠳᠡᠮᠳᠡᠭ᠌ ᠲᠤ ᠳᠤᠳᠤᠷᠬᠠᠢ᠌ᠯᠠᠭᠰᠠᠨ ᠬᠠᠮᠤᠭ ᠤᠨ ᠳᠡᠭᠡᠳᠤ ᠬᠤᠷᠳᠤᠴᠠ ᠡᠴᠡ ᠳᠠᠪᠠᠭᠤᠯᠵᠤ ᠪᠣᠯᠬᠤ ᠦᠭᠡᠶ᠃ ᠬᠤᠷᠳᠤᠴᠠ ᠶᠢ ᠭᠢᠵᠠᠭᠠᠷᠯᠠᠬᠤ ᠢᠯᠡᠳᠭᠡᠮᠵᠢ ᠳᠡᠮᠳᠡᠭ᠌ ᠪᠠᠢ᠌ᠬᠤ ᠦᠭᠡᠶ ᠵᠠᠮ ᠤᠨ ᠭᠡᠰᠡᠭ᠌ ᠲᠤ ᠡᠡᠶ‍ᠦᠯᠭᠦᠢ ᠪᠠᠢ᠌ᠬᠤ ᠳᠡᠷᠭᠡᠨ ᠬᠤᠷᠳᠤᠴᠠ ᠪᠠᠷ ᠶᠠᠪᠣᠬᠤ ᠭᠡᠷᠡᠭ᠍ᠳᠡᠢ᠃

ᠰᠦᠨᠢ ᠪᠠᠷ ᠶᠠᠪᠣᠬᠤ ᠪᠣᠶᠤ ᠠᠮᠠᠷᠬᠠᠨ ᠠᠶᠤᠯ ᠭᠠᠷᠳᠠᠭ ᠵᠠᠮ ᠤᠨ ᠭᠡᠰᠡᠭ᠌ ᠶᠢᠡᠷ ᠶᠠᠪᠣᠬᠤ ᠵᠢᠴᠢ ᠡᠯᠡᠰᠤᠨ ᠰᠢᠭᠤᠷᠭ᠎ᠠ ᠰᠢᠭᠤᠷᠬᠤ᠂ ᠮᠦᠨᠳᠤᠷ ᠣᠷᠤᠬᠤ᠂ ᠪᠣᠷᠤᠭ᠎ᠠ᠂ ᠴᠠᠰᠤ ᠣᠷᠤᠬᠤ᠂ ᠮᠠᠨᠠᠨ ᠪᠦᠷᠭᠦᠭᠦ᠂ ᠮᠦᠰᠤ ᠭᠦᠯᠳᠡᠭᠦ ᠵᠡᠷᠭᠡ ᠴᠠᠭ ᠠᠭᠤᠷ ᠤᠨ ᠨᠥᠭᠦᠴᠡᠯ ᠲᠤᠬᠢᠶᠠᠯᠳᠤᠪᠠᠯ᠂ ᠶᠠᠪᠣᠬᠤ ᠬᠤᠷᠳᠤᠴᠠ ᠪᠠᠨ ᠣᠳᠠᠭᠠᠰᠢᠷᠠᠭᠤᠯᠬᠤ ᠭᠡᠷᠡᠭ᠍ᠳᠡᠢ᠃

ᠳᠦᠴᠢᠨ ᠭᠤᠷᠪᠠᠳᠤᠭᠠᠷ ᠵᠣᠢ᠌ᠯ ᠨᠢᠭᠡ ᠵᠠᠮ ᠶᠢᠡᠷ ᠶᠠᠪᠣᠵᠤ ᠪᠠᠢ᠌ᠭ᠎ᠠ ᠮᠠᠰᠢᠠᠳᠤ ᠳᠡᠷᠭᠡ ᠶᠢᠨ ᠬᠣᠢ᠌ᠨᠠᠭᠢ ᠳᠡᠷᠭᠡ ᠨᠢ ᠡᠮᠦᠨᠡᠭᠢ ᠳᠡᠷᠭᠡ ᠲᠡᠶ ᠪᠠᠨ ᠪᠠᠴᠢᠮ ᠳᠤᠷᠮᠤᠰᠯᠠᠬᠤ ᠠᠷᠭ᠎ᠠ ᠭᠡᠮᠵᠢᠶ᠎ᠡ ᠠᠪᠴᠤ ᠳᠡᠢ᠌ᠯᠭᠦ ᠠᠮᠤᠷ ᠲᠦᠪᠰᠢᠨ ᠤ ᠵᠠᠢ᠌ᠳᠠᠢ ᠶᠠᠪᠣᠬᠤ ᠭᠡᠷᠡᠭ᠍ᠳᠡᠢ᠃ ᠳᠤᠤᠷ᠎ᠠ ᠵᠢᠭᠰᠠᠭᠠᠭᠰᠠᠨ ᠪᠠᠢ᠌ᠳᠠᠯ ᠤᠳ ᠤᠨ ᠨᠢᠭᠡ ᠨᠢ ᠪᠠᠢ᠌ᠪᠠᠯ᠂ ᠳᠡᠷᠭᠡ ᠳᠠᠪᠠᠵᠤ ᠪᠣᠯᠬᠤ ᠦᠭᠡᠶ᠄

( ᠨᠢᠭᠡ ) ᠡᠮᠦᠨᠡᠭᠢ ᠳᠡᠷᠭᠡ ᠶᠠᠭ ᠰᠠᠢ᠌ᠬᠠᠨ ᠵᠡᠭᠦᠡᠰᠢ ᠪᠠᠨ ᠮᠤᠷᠣᠢ᠌ᠵᠤ᠂ ᠡᠷᠭᠢᠵᠤ᠂ ᠳᠡᠷᠭᠡ ᠳᠠᠪᠠᠵᠤ ᠪᠠᠢ᠌ᠬᠤ

( ᠬᠤᠶᠠᠷ ) ᠡᠰᠡᠷᠭᠦ ᠡᠴᠡ ᠢᠷᠡᠭ᠍ᠰᠡᠨ ᠳᠡᠷᠭᠡ ᠲᠡᠶ ᠵᠥᠷᠢᠯᠴᠡᠭᠦ ᠪᠣᠯᠤᠯᠴᠠᠭ᠎ᠠ ᠲᠡᠶ ᠪᠠᠢ᠌ᠬᠤ

( ᠭᠤᠷᠪᠠ ) ᠡᠮᠦᠨᠡᠭᠢ ᠳᠡᠷᠭᠡ ᠨᠢ ᠪᠠᠴᠢᠮ ᠡᠭᠦᠷᠭᠡ ᠭᠦᠢᠴᠡᠳᠭᠡᠵᠤ ᠪᠠᠢ᠌ᠭ᠎ᠠ ᠴᠠᠭᠳᠠᠭᠠᠨ ᠤ ᠳᠡᠷᠭᠡ᠂ ᠭᠠᠯ ᠣᠠᠳᠠᠷᠠᠭᠠᠬᠤ ᠳᠡᠷᠭᠡ᠂ ᠠᠪᠣᠷᠠᠨ ᠳᠤᠰᠠᠯᠠᠬᠤ ᠳᠡᠷᠭᠡ᠂ ᠪᠠᠷᠢᠯᠭ᠎ᠠ ᠶᠢᠨ ᠠᠶᠤᠯ ᠡᠴᠡ ᠠᠪᠣᠷᠠᠬᠤ ᠳᠡᠷᠭᠡ ᠪᠣᠯᠬᠤ

( ᠳᠦᠷᠪᠡ )ᠲ᠋ᠠᠮᠤᠷ ᠵᠠᠮ ᠤᠨ ᠠᠭᠤᠯᠵᠠᠷ᠂ ᠣᠭᠳᠤᠯᠤᠯᠴᠠᠯ ᠵᠠᠮ ᠤᠨ ᠠᠭᠤᠯᠵᠠᠷ᠂ ᠢᠪᠴᠤᠤ ᠭᠦᠭᠦᠷᠭᠡ᠂ ᠮᠤᠷᠤᠢ ᠵᠠᠮ᠂ ᠡᠭ᠍ᠴᠡ ᠭᠦᠳᠦᠯ᠂ ᠨᠥᠭᠡᠨ ᠵᠠᠮ᠂ ᠶᠠᠪᠠᠭᠠᠨ ᠭᠦᠮᠤᠨ ᠤ ᠭᠦᠡᠳᠡᠯᠡᠨ ᠵᠠᠮ᠂ ᠬᠤᠳᠠ ᠶᠢᠨ ᠳᠤᠭᠤᠷᠢᠭ ᠤᠨ ᠵᠠᠮ ᠬᠠᠷᠢᠯᠴᠠᠭᠠᠨ ᠤ ᠣᠷᠤᠰᠬᠠᠯ ᠤᠨ ᠭᠡᠮᠵᠢᠶ᠎ᠡ ᠶᠡᠭᠡᠳᠡᠢ ᠵᠠᠮ ᠤᠨ ᠭᠡᠰᠡᠭ᠌ ᠵᠡᠷᠭᠡ ᠳᠡᠷᠭᠡ ᠳᠠᠪᠠᠬᠤ ᠨᠥᠭᠦᠴᠡᠯ ᠪᠠᠢ᠌ᠬᠤ ᠦᠭᠡᠶ ᠭᠠᠵᠠᠷ ᠤᠳ ᠶᠢᠡᠷ ᠥᠩᠭᠡᠷᠡᠭᠦ᠃

ᠳᠦᠴᠢᠨ ᠳᠦᠷᠪᠠᠳᠦᠭᠡᠷ ᠵᠣᠢ᠌ᠯ ᠮᠠᠰᠢᠠᠳᠤ ᠳᠡᠷᠭᠡ ᠣᠭᠳᠤᠯᠤᠯᠴᠠᠯ ᠵᠠᠮ ᠤᠨ ᠠᠭᠤᠯᠵᠠᠷ ᠶᠢᠡᠷ ᠥᠩᠭᠡᠷᠡᠭᠦ ᠳᠡᠭᠡᠨ ᠵᠠᠮ ᠬᠠᠷᠢᠯᠴᠠᠭᠠᠨ ᠤ ᠲᠤᠬᠢᠶᠠᠨ ᠳ᠋ᠸᠩ᠂ ᠵᠠᠮ ᠬᠠᠷᠢᠯᠴᠠᠭᠠᠨ ᠤ ᠢᠯᠡᠳᠭᠡᠮᠵᠢ ᠳᠡᠮᠳᠡᠭ᠌᠂ ᠵᠠᠮ ᠬᠠᠷᠢᠯᠴᠠᠭᠠᠨ ᠤ ᠳᠡᠮᠳᠡᠭ᠌᠂ ᠵᠠᠮ ᠬᠠᠷᠢᠯᠴᠠᠭᠠᠨ ᠤ ᠳᠡᠮᠳᠡᠭ᠌ ᠵᠢᠷᠤᠭᠠᠰᠤ ᠪᠣᠶᠤ ᠵᠠᠮ ᠬᠠᠷᠢᠯᠴᠠᠭᠠᠨ ᠤ ᠴᠠᠭᠳᠠᠭ᠎ᠠ ᠶᠢᠨ ᠵᠢᠯᠤᠭᠤᠳᠤᠯᠭ᠎ᠠ ᠪᠠᠢ᠌ᠬᠤ ᠦᠭᠡᠶ ᠣᠭᠳᠤᠯᠤᠯᠴᠠᠯ ᠵᠠᠮ ᠤᠨ ᠠᠭᠤᠯᠵᠠᠷ ᠶᠢᠡᠷ ᠥᠩᠭᠡᠷᠡᠭᠦ ᠳᠡᠭᠡᠨ ᠬᠤᠷᠳᠤᠴᠠ ᠪᠠᠨ ᠬᠠᠰᠤᠵᠤ ᠣᠳᠠᠭᠠᠨ ᠶᠠᠪᠣᠭᠤᠯᠬᠤ ᠶᠢᠨ ᠬᠠᠮᠳᠤ ᠶᠠᠪᠠᠭᠠᠨ ᠭᠦᠮᠤᠨ ᠪᠣᠯᠤᠨ ᠣᠷᠢᠳᠠᠪᠠᠷ ᠨᠡᠪᠳᠡᠷᠡᠭᠦ ᠳᠡᠷᠭᠡ ᠣᠨᠤᠭ᠎ᠠ ᠶᠢ ᠣᠷᠢᠳᠠᠪᠠᠷ ᠶᠠᠪᠣᠭᠤᠯᠬᠤ ᠭᠡᠷᠡᠭ᠍ᠳᠡᠢ᠃

ᠳᠦᠴᠢᠨ ᠳᠠᠪᠣᠳᠤᠭᠠᠷ ᠵᠣᠢ᠌ᠯ ᠡᠮᠦᠨ᠎ᠡ ᠳᠠᠯ᠎ᠠ ᠶᠢᠨ ᠳᠡᠷᠭᠡ ᠣᠨᠤᠭ᠎ᠠ ᠵᠤᠭᠰᠤᠵᠤ ᠮᠦᠷᠯᠠᠨ ᠭᠦᠯᠢᠶᠡᠵᠤ ᠪᠠᠢ᠌ᠬᠤ ᠪᠣᠶᠤ ᠣᠳᠠᠭᠠᠨ ᠶᠠᠪᠣᠵᠤ ᠪᠠᠢ᠌ᠬᠤ ᠲᠡᠶ ᠳᠠᠭᠠᠷᠠᠯᠳᠤᠪᠠᠯ᠂ ᠮᠠᠰᠢᠠᠳᠤ ᠳᠡᠷᠭᠡ ᠵᠠᠮ ᠵᠢᠭᠡᠯᠡᠨ ᠳᠡᠷᠭᠡ ᠳᠠᠪᠠᠬᠤ ᠪᠣᠶᠤ ᠡᠰᠡᠷᠭᠦ ᠳᠠᠯ᠎ᠠ ᠶᠢᠨ ᠳᠡᠷᠭᠡᠨ ᠵᠠᠮ ᠢ ᠡᠵᠡᠯᠡᠨ ᠭᠡᠷᠡᠭᠯᠡᠵᠤ ᠪᠣᠯᠬᠤ ᠦᠭᠡᠶ᠂ ᠭᠦᠯᠢᠶᠡᠵᠤ ᠪᠠᠢ᠌ᠭ᠎ᠠ ᠳᠡᠷᠭᠡᠨ ᠤ ᠳᠤᠮᠳᠠᠭᠤᠷ ᠰᠢᠬᠠᠯᠳᠤᠨ ᠰᠢᠷᠭᠤᠯᠠᠵᠤ ᠪᠣᠯᠬᠤ ᠦᠭᠡᠶ᠃

ᠳᠡᠷᠭᠡᠨ ᠵᠠᠮ ᠴᠥᠭᠡᠳᠦᠭ᠍ᠰᠡᠨ ᠵᠠᠮ ᠤᠨ ᠭᠡᠰᠡᠭ᠌᠂ ᠵᠠᠮ ᠤᠨ ᠠᠭᠤᠯᠵᠠᠷ᠂ ᠡᠰᠡᠭᠦᠯ᠎ᠡ ᠵᠠᠮ ᠬᠠᠷᠢᠯᠴᠠᠭᠠᠨ ᠤ ᠲᠤᠬᠢᠶᠠᠨ ᠳ᠋ᠸᠩ᠂ ᠵᠠᠮ ᠬᠠᠷᠢᠯᠴᠠᠭᠠᠨ ᠤ ᠢᠯᠡᠳᠭᠡᠮᠵᠢ ᠳᠡᠮᠳᠡᠭ᠌᠂ ᠵᠠᠮ ᠬᠠᠷᠢᠯᠴᠠᠭᠠᠨ ᠤ ᠳᠡᠮᠳᠡᠭ᠌ ᠵᠢᠷᠤᠭᠠᠰᠤ ᠪᠣᠶᠤ ᠵᠠᠮ ᠬᠠᠷᠢᠯᠴᠠᠭᠠᠨ ᠤ ᠴᠠᠭᠳᠠᠭ᠎ᠠ ᠶᠢᠨ ᠵᠢᠯᠤᠭᠤᠳᠤᠯᠭ᠎ᠠ ᠪᠠᠢ᠌ᠬᠤ ᠦᠭᠡᠶ ᠣᠭᠳᠤᠯᠤᠯᠴᠠᠯ ᠵᠠᠮ ᠤᠨ ᠠᠭᠤᠯᠵᠠᠷ ᠲᠤ ᠳᠡᠷᠭᠡ ᠵᠤᠭᠰᠤᠵᠤ ᠮᠦᠷᠯᠠᠨ ᠭᠦᠯᠢᠶᠡᠵᠤ ᠪᠠᠢ᠌ᠬᠤ ᠪᠣᠶᠤ ᠣᠳᠠᠭᠠᠨ ᠶᠠᠪᠣᠵᠤ ᠪᠠᠢ᠌ᠬᠤ ᠲᠡᠶ ᠳᠠᠷᠠᠭᠠᠯᠳᠤᠪᠠᠯ᠂ ᠮᠠᠰᠢᠠᠳᠤ ᠳᠡᠷᠭᠡ ᠳᠠᠰ ᠳᠠᠷᠠᠭᠠᠯᠠᠨ ᠰᠤᠯᠪᠢᠴᠠᠨ ᠨᠡᠪᠳᠡᠷᠡᠭᠦ ᠭᠡᠷᠡᠭ᠍ᠳᠡᠢ᠃

ᠳᠦᠴᠢᠨ ᠵᠢᠷᠭᠤᠳᠤᠭᠠᠷ ᠵᠣᠢ᠌ᠯ ᠮᠠᠰᠢᠠᠳᠤ ᠳᠡᠷᠭᠡ ᠳᠠᠮᠤᠷ ᠵᠠᠮ ᠤᠨ ᠠᠭᠤᠯᠵᠠᠷ ᠶᠢᠡᠷ ᠥᠩᠭᠡᠷᠡᠭᠦ ᠳᠡᠭᠡᠨ ᠵᠠᠮ ᠬᠠᠷᠢᠯᠴᠠᠭᠠᠨ ᠤ ᠳᠤᠭᠢᠶ᠎ᠠ ᠪᠣᠶᠤ ᠬᠠᠮᠢᠶᠠᠷᠤᠯᠳᠠ ᠶᠢᠨ ᠠᠵᠢᠯᠳᠠᠨ ᠤ ᠵᠢᠯᠤᠭᠤᠳᠤᠯᠭ᠎ᠠ ᠪᠠᠷ ᠨᠡᠪᠳᠡᠷᠡᠭᠦ ᠭᠡᠷᠡᠭ᠍ᠳᠡᠢ᠃ ᠵᠠᠮ ᠬᠠᠷᠢᠯᠴᠠᠭᠠᠨ ᠤ ᠳᠤᠭᠢᠶ᠎ᠠ ᠪᠣᠶᠤ ᠬᠠᠮᠢᠶᠠᠷᠤᠯᠳᠠ ᠶᠢᠨ ᠠᠵᠢᠯᠳᠠᠨ ᠪᠠᠢ᠌ᠬᠤ ᠦᠭᠡᠶ ᠪᠣᠯ᠂ ᠬᠤᠷᠳᠤᠴᠠ ᠪᠠᠨ ᠬᠠᠰᠤᠬᠤ ᠪᠣᠶᠤ ᠳᠡᠷᠭᠡ ᠪᠠᠨ ᠵᠤᠭᠰᠤᠭᠠᠵᠤ᠂ ᠡᠡᠶ‍ᠦᠯᠭᠦᠢ ᠪᠠᠢ᠌ᠬᠤ ᠶᠢ ᠮᠠᠭᠠᠤᠠᠯᠠᠨ ᠳᠤᠭᠳᠠᠭᠠᠭᠰᠠᠨ ᠤ ᠳᠠᠷᠠᠭ᠎ᠠ ᠨᠡᠪᠳᠡᠷᠡᠭᠦ ᠭᠡᠷᠡᠭ᠍ᠳᠡᠢ᠃

ᠳᠦᠴᠢᠨ ᠳᠤᠯᠤᠳᠤᠭᠠᠷ ᠵᠣᠢ᠌ᠯ ᠮᠠᠰᠢᠠᠳᠤ ᠳᠡᠷᠭᠡ ᠶᠠᠪᠠᠭᠠᠨ ᠭᠦᠮᠤᠨ ᠤ ᠭᠦᠡᠳᠡᠯᠡᠨ ᠵᠠᠮ ᠶᠢᠡᠷ ᠥᠩᠭᠡᠷᠡᠭᠦ ᠳᠡᠭᠡᠨ ᠬᠤᠷᠳᠤᠴᠠ ᠪᠠᠨ ᠬᠠᠰᠤᠨ ᠶᠠᠪᠣᠭᠤᠯᠬᠤ ᠭᠡᠷᠡᠭ᠍ᠳᠡᠢ᠂ ᠶᠠᠪᠠᠭᠠᠨ ᠭᠦᠮᠤᠨ ᠶᠠᠭ ᠶᠠᠪᠠᠭᠠᠨ ᠭᠦᠮᠤᠨ ᠤ ᠭᠦᠡᠳᠡᠯᠡᠨ ᠵᠠᠮ ᠶᠢᠡᠷ ᠥᠩᠭᠡᠷᠡᠵᠤ ᠪᠠᠢ᠌ᠬᠤ ᠲᠡᠶ ᠳᠠᠭᠠᠷᠠᠯᠳᠤᠪᠠᠯ᠂ ᠳᠡᠷᠭᠡ ᠪᠠᠨ ᠵᠤᠭᠰᠤᠭᠠᠵᠤ ᠵᠠᠮ ᠵᠠᠢ᠌ᠯᠠᠵᠤ ᠦᠭ‍ᠭᠦ ᠭᠡᠷᠡᠭ᠍ᠳᠡᠢ᠃

ᠮᠠᠰᠢᠠᠳᠤ ᠳᠡᠷᠭᠡ ᠵᠠᠮ ᠬᠠᠷᠢᠯᠴᠠᠭᠠᠨ ᠤ ᠳᠤᠭᠢᠶ᠎ᠠ ᠪᠠᠢ᠌ᠬᠤ ᠦᠭᠡᠶ ᠵᠠᠮ ᠶᠢᠡᠷ ᠥᠩᠭᠡᠷᠡᠭᠦ ᠳᠡᠭᠡᠨ ᠶᠠᠪᠠᠭᠠᠨ ᠭᠦᠮᠤᠨ ᠵᠠᠮ ᠣᠭᠳᠤᠯᠵᠤ ᠭᠠᠷᠬᠤ ᠲᠡᠶ ᠳᠠᠭᠠᠷᠠᠯᠳᠤᠪᠠᠯ ᠨᠠᠢ᠌ᠷ ᠳᠠᠯᠪᠢᠵᠤ ᠥᠩᠭᠡᠷᠡᠭᠦᠯᠭᠦ ᠭᠡᠷᠡᠭ᠍ᠳᠡᠢ᠃

ᠳᠦᠴᠢᠨ ᠨᠢ᠋ᠮᠠᠳᠤᠭᠠᠷ ᠵᠣᠢ᠌ᠯ ᠮᠠᠰᠢᠠᠳᠤ ᠳᠡᠷᠭᠡ ᠪᠠᠷᠠᠭ᠎ᠠ ᠳᠡᠭᠡᠭᠡᠪᠦᠷᠢᠯᠡᠭᠦ ᠳᠡᠭᠡᠨ ᠭᠢᠨᠠᠨ ᠳᠤᠭᠳᠠᠭᠠᠭᠰᠠᠨ ᠳᠠᠭᠠᠭᠠᠴᠠ ᠶᠢᠨ ᠭᠡᠮᠵᠢᠶ᠎ᠡ ᠲᠡᠶ ᠨᠡᠢ᠌ᠴᠡᠭᠦᠯᠦᠭ᠍ᠰᠡᠨ ᠪᠠᠢ᠌ᠬᠤ ᠭᠡᠷᠡᠭ᠍ᠳᠡᠢ᠂ ᠳᠠᠭᠠᠭᠠᠴᠠ ᠡᠴᠡ ᠭᠡᠳᠦᠷᠡᠭᠦᠯᠤᠨ ᠳᠡᠭᠡᠭᠡᠭᠦ ᠶᠢ ᠴᠢᠩᠭ᠋᠎ᠠ ᠴᠠᠭᠠᠵᠠᠯᠠᠨ᠎ᠠ᠃ ᠳᠡᠭᠡᠭᠡᠪᠦᠷᠢᠯᠡᠭᠦ ᠡᠳ᠋ ᠪᠣᠳᠠᠰ ᠤᠨ ᠣᠷᠳᠤ᠂ ᠥᠷᠭᠡᠨ᠂ ᠦᠨᠳᠦᠷ ᠨᠢ ᠠᠴᠢᠶᠠᠯᠠᠨ ᠳᠡᠭᠡᠭᠡᠪᠦᠷᠢᠯᠡᠭᠦ ᠱᠠᠭᠠᠷᠳᠠᠯᠭ᠎ᠠ ᠡᠴᠡ ᠵᠦᠷᠢᠴᠠᠵᠤ ᠪᠣᠯᠬᠤ ᠦᠭᠡᠶ᠂ ᠠᠴᠢᠶᠠᠯᠠᠨ ᠳᠡᠭᠡᠭᠡᠪᠦᠷᠢᠯᠡᠭᠦ ᠪᠣᠳᠠᠰ ᠢ ᠠᠰᠬᠠᠵᠤ᠂ ᠭᠡᠢ᠌ᠰᠭᠡᠨ ᠪᠣᠳᠠᠷᠠᠭᠤᠯᠵᠤ ᠪᠣᠯᠬᠤ ᠦᠭᠡᠶ᠃

ᠮᠠᠰᠢᠠᠳᠤ ᠳᠡᠷᠭᠡᠨ ᠳᠡᠭᠡᠷ᠎ᠡ ᠳᠡᠭᠡᠭᠡᠪᠦᠷᠢᠯᠡᠭ᠍ᠰᠡᠨ ᠭᠢᠵᠠᠭᠠᠷ ᠡᠴᠡ ᠭᠡᠳᠦᠷᠡᠭ᠍ᠰᠡᠨ ᠵᠠᠳᠠᠯᠵᠤ ᠪᠣᠯᠤᠰᠢ ᠦᠭᠡᠶ ᠡᠳ᠋ ᠪᠣᠳᠠᠰ ᠨᠢ ᠵᠠᠮ ᠬᠠᠷᠢᠯᠴᠠᠭᠠᠨ ᠤ ᠠᠮᠤᠷ ᠲᠦᠪᠰᠢᠨ ᠢ ᠨᠥᠯᠦᠭᠡᠯᠡᠭᠦ ᠳᠤ ᠭᠦᠷᠪᠠᠯ᠂ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠵᠢᠭᠠᠨ ᠳᠤᠭᠳᠠᠭᠠᠭᠰᠠᠨ ᠴᠠᠭ᠂ ᠵᠠᠮ ᠱᠤᠭᠤᠮ᠂ ᠬᠤᠷᠳᠤᠴᠠ ᠪᠠᠷ ᠶᠠᠪᠣᠭᠤᠯᠵᠤ᠂ ᠢᠯᠡᠷᠭᠡᠢ ᠢᠯᠡᠳᠭᠡᠮᠵᠢ ᠳᠡᠮᠳᠡᠭ᠌ ᠡᠯᠭᠦᠭᠦ ᠭᠡᠷᠡᠭ᠍ᠳᠡᠢ᠃ ᠵᠠᠰᠠᠮᠠᠯ ᠵᠠᠮ ᠳᠡᠭᠡᠷ᠎ᠡ ᠭᠡᠮᠵᠢᠶ᠎ᠡ ᠡᠴᠡ ᠭᠡᠳᠦᠷᠡᠭ᠍ᠰᠡᠨ ᠵᠠᠳᠠᠯᠵᠤ ᠰᠠᠯᠭᠠᠵᠤ ᠪᠣᠯᠬᠤ ᠦᠭᠡᠶ ᠡᠳ᠋ ᠪᠣᠳᠠᠰ ᠳᠡᠭᠡᠭᠡᠪᠦᠷᠢᠯᠡᠭᠦ ᠳᠡᠭᠡᠨ ᠪᠠᠰᠠ ᠵᠠᠰᠠᠮᠠᠯ ᠵᠠᠮ ᠤᠨ ᠬᠠᠤᠯᠢ ᠶᠢᠨ ᠳᠤᠭᠳᠠᠭᠠᠯ ᠶᠤᠰᠤᠭᠠᠷ ᠭᠦᠢᠴᠡᠳᠭᠡᠭᠦ ᠭᠡᠷᠡᠭ᠍ᠳᠡᠢ᠃

ᠮᠠᠰᠢᠠᠳᠤ ᠳᠡᠷᠭᠡ ᠪᠠᠷ ᠳᠡᠯᠪᠠᠷᠡᠭᠦ ᠡᠳ᠋ ᠪᠣᠳᠠᠰ᠂ ᠨᠤᠴᠤᠮᠠᠳᠠᠭᠠᠢ ᠳᠡᠰᠦᠷᠡᠮᠡᠳᠡᠭᠡᠢ ᠭᠢᠮᠢ ᠶᠢᠨ ᠡᠳ᠋ ᠪᠣᠳᠠᠰ ᠵᠢᠴᠢ ᠬᠤᠤᠷ ᠶᠡᠭᠡᠳᠡᠢ᠂ ᠰᠠᠴᠤᠷᠠᠭ ᠴᠢᠳᠠᠪᠭᠢ ᠴᠢᠨᠠᠷ ᠲᠡᠶ ᠵᠡᠷᠭᠡ ᠠᠶᠤᠯᠳᠤ ᠡᠳ᠋ ᠪᠣᠳᠠᠰ ᠠᠴᠢᠶᠠᠯᠠᠨ ᠳᠡᠭᠡᠭᠡᠪᠦᠷᠢᠯᠡᠭᠦ ᠳᠤ ᠭᠦᠷᠪᠠᠯ᠂ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠪᠠᠷ ᠵᠥᠪᠰᠢᠶᠡᠷᠡᠭᠦᠯᠦᠭ᠍ᠰᠡᠨ ᠤ ᠳᠠᠷᠠᠭ᠎ᠠ᠂ ᠵᠢᠭᠠᠨ ᠳᠤᠭᠳᠠᠭᠠᠭᠰᠠᠨ ᠴᠠᠭ᠂ ᠵᠠᠮ ᠱᠤᠭᠤᠮ᠂ ᠬᠤᠷᠳᠤᠴᠠ ᠪᠠᠷ ᠶᠠᠪᠣᠭᠤᠯᠵᠤ᠂ ᠰᠠᠷᠠᠮᠵᠢ ᠶᠢᠨ ᠢᠯᠡᠳᠭᠡᠮᠵᠢ ᠳᠡᠮᠳᠡᠭ᠌ ᠡᠯᠭᠦᠭᠦ ᠭᠡᠷᠡᠭ᠍ᠳᠡᠢ ᠪᠦᠭᠡᠤᠨ ᠴᠢᠬᠤᠯᠠ ᠪᠦᠭᠦᠢ ᠠᠮᠤᠷ ᠲᠦᠪᠰᠢᠨ ᠤ ᠠᠷᠭ᠎ᠠ ᠭᠡᠮᠵᠢᠶ᠎ᠡ ᠠᠪᠬᠤ ᠭᠡᠷᠡᠭ᠍ᠳᠡᠢ᠃

ᠳᠦᠴᠢ ᠶ‍ᠢᠰᠦᠳᠦᠭᠡᠷ ᠵᠣᠢ᠌ᠯ ᠮᠠᠰᠢᠠᠳᠤ ᠳᠡᠷᠭᠡ ᠭᠦᠮᠤᠨ ᠳᠡᠭᠡᠭᠡᠪᠦᠷᠢᠯᠡᠭᠦ ᠳᠡᠭᠡᠨ ᠭᠢᠨᠠᠨ ᠳᠤᠭᠳᠠᠭᠠᠭᠰᠠᠨ ᠭᠦᠮᠤᠨ ᠤ ᠳᠤᠭ᠎ᠠ ᠡᠴᠡ ᠭᠡᠳᠦᠷᠡᠭᠦᠯᠵᠤ ᠪᠣᠯᠬᠤ ᠦᠭᠡᠶ᠂ ᠠᠶᠠᠠᠴᠢᠳ ᠤᠨ ᠮᠠᠰᠢᠠᠳᠤ ᠳᠡᠷᠭᠡ ᠳᠤᠭᠳᠠᠭᠠᠯ ᠡᠴᠡ ᠵᠦᠷᠢᠴᠠᠵᠤ ᠪᠠᠷᠠᠭ᠎ᠠ ᠳᠡᠭᠡᠭᠡᠪᠦᠷᠢᠯᠡᠵᠤ ᠪᠣᠯᠬᠤ ᠦᠭᠡᠶ᠃

ᠳᠠᠪᠢᠳᠤᠭᠠᠷ ᠵᠣᠢ᠌ᠯ ᠪᠠᠷᠠᠭ᠎ᠠ ᠳᠡᠭᠡᠭᠡᠪᠦᠷᠢᠯᠡᠭᠦ ᠮᠠᠰᠢᠠᠳᠤ ᠳᠡᠷᠭᠡ ᠪᠠᠷ ᠠᠶᠠᠠᠴᠢᠳ ᠢ ᠳᠡᠭᠡᠭᠡᠪᠦᠷᠢᠯᠡᠭᠦ ᠶᠢ ᠴᠠᠭᠠᠵᠠᠯᠠᠨ᠎ᠠ᠃

ᠪᠠᠷᠠᠭ᠎ᠠ ᠳᠡᠭᠡᠭᠡᠪᠦᠷᠢᠯᠡᠭᠦ ᠮᠠᠰᠢᠠᠳᠤ ᠳᠡᠷᠭᠡᠨ ᠳᠡᠭᠡᠷ᠎ᠡ ᠠᠵᠢᠯᠳᠠᠨ ᠳᠠᠭᠠᠯᠳᠤᠭᠤᠯᠤᠨ ᠳᠡᠭᠡᠭᠡᠪᠦᠷᠢᠯᠡᠭᠦ ᠴᠢᠬᠤᠯᠠᠳᠠᠢ ᠪᠠᠢ᠌ᠪᠠᠯ᠂ ᠠᠵᠢᠯᠳᠠᠨ ᠤ ᠠᠮᠤᠷ ᠲᠦᠪᠰᠢᠨ ᠢ ᠬᠠᠮᠠᠭᠠᠯᠠᠬᠤ ᠠᠷᠭ᠎ᠠ ᠭᠡᠮᠵᠢᠶ᠎ᠡ ᠠᠪᠬᠤ ᠭᠡᠷᠡᠭ᠍ᠳᠡᠢ᠃

ᠳᠠᠪᠢᠨ ᠨᠢᠭᠡᠳᠦᠭᠡᠷ ᠵᠣᠢ᠌ᠯ ᠳᠡᠷᠭᠡ ᠶᠠᠪᠣᠭᠤᠯᠬᠤ ᠳᠠᠭᠠᠨ ᠵᠢᠯᠤᠭᠤᠴᠢ᠂ ᠳᠡᠷᠭᠡᠨ ᠳᠤ ᠰᠠᠭᠤᠭᠴᠢ ᠳᠤᠭᠳᠠᠭᠠᠯ ᠶᠤᠰᠤᠭᠠᠷ ᠠᠶᠤᠯ ᠡᠴᠡ ᠰᠡᠷᠭᠡᠢ᠌ᠯᠡᠭᠦ ᠪᠦᠰᠡ ᠭᠡᠷᠡᠭᠯᠡᠭᠦ ᠭᠡᠷᠡᠭ᠍ᠳᠡᠢ᠂ ᠮᠤᠲ᠋ᠤᠷ ᠳᠡᠷᠭᠡᠨ ᠤ ᠵᠢᠯᠤᠭᠤᠴᠢ ᠵᠢᠴᠢ ᠮᠤᠲ᠋ᠤᠷ ᠳᠡᠭᠡᠷ᠎ᠡ ᠰᠠᠭᠤᠭᠴᠢ ᠳᠤᠭᠳᠠᠭᠠᠯ ᠶᠤᠰᠤᠭᠠᠷ ᠠᠶᠤᠯ ᠡᠴᠡ ᠬᠠᠮᠠᠭᠠᠯᠠᠬᠤ ᠮᠠᠯᠠᠭᠠᠢ ᠡᠮᠦᠰᠭᠦ ᠭᠡᠷᠡᠭ᠍ᠳᠡᠢ᠃

ᠳᠠᠪᠢᠨ ᠬᠤᠶᠠᠳᠤᠭᠠᠷ ᠵᠣᠢ᠌ᠯ ᠮᠠᠰᠢᠠᠳᠤ ᠳᠡᠷᠭᠡ ᠵᠠᠮ ᠳᠡᠭᠡᠷ᠎ᠡ ᠡᠪᠳᠡᠷᠡᠭᠡᠤᠨ ᠳᠡᠷᠭᠡ ᠪᠠᠨ ᠵᠤᠭᠰᠤᠭᠠᠵᠤ ᠵᠠᠰᠠᠬᠤ ᠴᠢᠬᠤᠯᠠᠳᠠᠢ ᠪᠣᠯᠪᠠᠯ᠂ ᠵᠢᠯᠤᠭᠤᠴᠢ ᠳᠠᠷᠣᠢ᠌ᠬᠠᠨ ᠳᠦᠭ᠍ᠰᠢᠭᠦᠷᠢ ᠶᠢᠨ ᠰᠠᠷᠠᠮᠵᠢ ᠶᠢᠨ ᠲᠤᠬᠢᠶᠠᠨ ᠤ ᠭᠢᠯᠡᠰᠬᠤ ᠳ᠋ᠸᠩ ᠢ ᠠᠰᠠᠭᠠᠵᠤ᠂ ᠮᠠᠰᠢᠠᠳᠤ ᠳᠡᠷᠭᠡ ᠪᠠᠨ ᠵᠠᠮ ᠬᠠᠷᠢᠴᠠᠯᠭ᠎ᠠ ᠶᠢ ᠬᠠᠷᠰᠢᠯᠠᠬᠤ ᠦᠭᠡᠶ ᠭᠠᠵᠠᠷ ᠲᠤ ᠰᠢᠯᠵᠢᠭᠦᠯᠤᠨ ᠵᠤᠭᠰᠤᠭᠠᠬᠤ ᠭᠡᠷᠡᠭ᠍ᠳᠡᠢ᠃ ᠰᠢᠯᠵᠢᠭᠦᠯᠭᠦ ᠳᠤ ᠪᠠᠷᠭᠡᠳᠡᠢ ᠪᠣᠯ ᠳᠦᠭ᠍ᠰᠢᠭᠦᠷᠢ ᠶᠢᠨ ᠰᠠᠷᠠᠮᠵᠢ ᠶᠢᠨ ᠲᠤᠬᠢᠶᠠᠨ ᠤ ᠭᠢᠯᠡᠰᠭᠤ ᠳ᠋ᠸᠩ ᠢ ᠥᠷᠭᠦᠯᠵᠢᠯᠡᠨ ᠠᠰᠠᠭᠠᠬᠤ ᠶᠢᠨ ᠬᠠᠮᠳᠤ ᠳᠡᠷᠭᠡ ᠢᠷᠡᠭᠦ ᠵᠥᠭ᠌ ᠲᠤ ᠰᠠᠷᠠᠮᠵᠢ ᠶᠢᠨ ᠢᠯᠡᠳᠭᠡᠮᠵᠢ ᠳᠡᠮᠳᠡᠭ᠌ ᠳᠠᠯᠪᠢᠬᠤ ᠵᠡᠷᠭᠡ ᠠᠷᠭ᠎ᠠ ᠭᠡᠮᠵᠢᠶ᠎ᠡ ᠠᠪᠴᠤ ᠪᠠᠢ᠌ᠭᠠᠤᠨ ᠰᠡᠷᠡᠮᠵᠢᠯᠡᠭᠦᠯᠭᠦ ᠵᠠᠢ ᠶᠢ ᠦᠷᠭᠡᠳᠭᠡᠭᠦ ᠭᠡᠷᠡᠭ᠍ᠳᠡᠢ᠂ ᠴᠢᠬᠤᠯᠠᠳᠠᠢ ᠦᠶ᠎ᠡ ᠳᠤ ᠥᠳᠲᠥᠷ ᠳᠦᠷᠭᠡᠨ ᠶᠢᠡᠷ ᠳᠦᠭ᠍ᠰᠢᠭᠦᠷᠢ ᠮᠡᠳᠡᠭᠦᠯᠭᠦ ᠭᠡᠷᠡᠭ᠍ᠳᠡᠢ᠃

ᠳᠠᠪᠢᠨ ᠭᠤᠷᠪᠠᠳᠤᠭᠠᠷ ᠵᠣᠢ᠌ᠯ ᠴᠠᠭᠳᠠᠭᠠᠨ ᠤ ᠳᠡᠷᠭᠡ᠂ ᠭᠠᠯ ᠣᠠᠳᠠᠷᠠᠭᠠᠬᠤ ᠳᠡᠷᠭᠡ᠂ ᠠᠪᠣᠷᠠᠨ ᠳᠤᠰᠠᠯᠠᠬᠤ ᠳᠡᠷᠭᠡ᠂ ᠪᠠᠷᠢᠯᠭ᠎ᠠ ᠶᠢᠨ ᠠᠶᠤᠯ ᠡᠴᠡ ᠠᠪᠣᠷᠠᠬᠤ ᠳᠡᠷᠭᠡ ᠪᠠᠴᠢᠮ ᠡᠭᠦᠷᠭᠡ ᠭᠦᠢᠴᠡᠳᠭᠡᠭᠦ ᠳᠡᠭᠡᠨ ᠰᠠᠷᠠᠮᠵᠢ ᠶᠢᠨ ᠲᠤᠬᠢᠶᠠᠨ ᠡᠭᠦᠰᠭᠡᠭᠦᠷ᠂ ᠢᠯᠡᠳᠭᠡᠮᠵᠢ ᠳᠡᠮᠳᠡᠭ᠌ ᠤᠨ ᠳ᠋ᠸᠩ ᠭᠡᠷᠡᠭ᠍ᠰᠡᠯ ᠢ ᠭᠡᠷᠡᠭᠯᠡᠵᠤ ᠪᠣᠯᠤᠨ᠎ᠠ᠃ ᠠᠮᠤᠷ ᠲᠦᠪᠰᠢᠨ ᠢ ᠦᠨᠡᠨ ᠭᠦ ᠪᠠᠳᠤᠯᠠᠬᠤ ᠣᠷᠢᠳᠠᠯ ᠳᠤᠤᠷ᠎ᠠ᠂ ᠶᠠᠪᠣᠬᠤ ᠵᠠᠮ ᠱᠤᠭᠤᠮ᠂ ᠶᠠᠪᠣᠬᠤ ᠴᠢᠭᠯᠡᠯ᠂ ᠶᠠᠪᠣᠬᠤ ᠬᠤᠷᠳᠤᠴᠠ ᠪᠣᠯᠤᠨ ᠲᠤᠬᠢᠶᠠᠨ ᠳ᠋ᠸᠩ ᠳᠤ ᠭᠢᠵᠠᠭᠠᠷᠯᠠᠭᠳᠠᠬᠤ ᠦᠭᠡᠶ᠂ ᠪᠣᠰᠤᠳ ᠳᠡᠷᠭᠡ ᠣᠨᠤᠭ᠎ᠠ ᠭᠢᠭᠡᠤᠨ ᠶᠠᠪᠠᠭᠠᠨ ᠭᠦᠮᠤᠨ ᠵᠠᠮ ᠵᠠᠢ᠌ᠯᠠᠵᠤ ᠦᠭ‍ᠭᠦ ᠭᠡᠷᠡᠭ᠍ᠳᠡᠢ᠃

ᠴᠠᠭᠳᠠᠭᠠᠨ ᠤ ᠳᠡᠷᠭᠡ᠂ ᠭᠠᠯ ᠣᠠᠳᠠᠷᠠᠭᠠᠬᠤ ᠳᠡᠷᠭᠡ᠂ ᠠᠪᠣᠷᠠᠨ ᠳᠤᠰᠠᠯᠠᠬᠤ ᠳᠡᠷᠭᠡ᠂ ᠪᠠᠷᠢᠯᠭ᠎ᠠ ᠶᠢᠨ ᠠᠶᠤᠯ ᠡᠴᠡ ᠠᠪᠣᠷᠠᠬᠤ ᠳᠡᠷᠭᠡ᠂ ᠪᠠᠴᠢᠮ ᠡᠭᠦᠷᠭᠡ ᠭᠦᠢᠴᠡᠳᠭᠡᠭᠦ ᠪᠣᠰᠤ ᠴᠠᠭ ᠲᠤ ᠰᠠᠷᠠᠮᠵᠢ ᠶᠢᠨ ᠲᠤᠬᠢᠶᠠᠨ ᠡᠭᠦᠰᠭᠡᠭᠦᠷ᠂ ᠢᠯᠡᠳᠭᠡᠮᠵᠢ ᠳᠡᠮᠳᠡᠭ᠌ ᠤᠨ ᠳ᠋ᠸᠩ ᠭᠡᠷᠡᠭ᠍ᠰᠡᠯ ᠢ ᠭᠡᠷᠡᠭᠯᠡᠵᠤ ᠪᠣᠯᠬᠤ ᠦᠭᠡᠶ᠂ ᠡᠮᠦᠨᠡᠭᠢ ᠪᠠᠳᠠᠭ ᠲᠤ ᠳᠤᠭᠳᠠᠭᠠᠭᠰᠠᠨ ᠵᠠᠮ ᠶᠢᠡᠷ ᠣᠷᠢᠳᠠᠪᠠᠷ ᠨᠡᠪᠳᠡᠷᠡᠭᠦ ᠡᠷᠭᠡ ᠶᠢ ᠡᠳ᠋ᠯᠡᠭᠦ ᠦᠭᠡᠶ᠃

ᠳᠠᠪᠢᠨ ᠳᠦᠷᠪᠠᠳᠦᠭᠡᠷ ᠵᠣᠢ᠌ᠯ ᠵᠠᠮ ᠠᠷᠠᠴᠢᠯᠠᠨ ᠬᠠᠮᠠᠭᠠᠯᠠᠬᠤ ᠳᠡᠷᠭᠡ ᠣᠨᠤᠭ᠎ᠠ᠂ ᠪᠠᠷᠢᠯᠭ᠎ᠠ ᠶᠢᠨ ᠠᠵᠢᠯ ᠤᠨ ᠳᠡᠷᠭᠡ ᠠᠵᠢᠯᠯᠠᠬᠤ ᠦᠶ᠎ᠡ ᠳᠡᠭᠡᠨ ᠨᠠᠰᠢ ᠴᠠᠰᠢ ᠥᠩᠭᠡᠷᠡᠭᠦ ᠳᠡᠷᠭᠡ ᠣᠨᠤᠭᠠᠨ ᠤ ᠨᠡᠪᠳᠡᠷᠡᠭᠦ ᠶᠢ ᠦᠯᠦ ᠨᠥᠯᠦᠭᠡᠯᠡᠭᠦ ᠣᠷᠢᠳᠠᠯ ᠤᠨ ᠳᠤᠤᠷ᠎ᠠ᠂ ᠳᠡᠭᠦᠨ ᠤ ᠶᠠᠪᠣᠬᠤ ᠵᠠᠮ ᠱᠤᠭᠤᠮ ᠪᠣᠯᠤᠨ ᠴᠢᠭᠯᠡᠯ ᠨᠢ ᠵᠠᠮ ᠬᠠᠷᠢᠯᠴᠠᠭᠠᠨ ᠤ ᠢᠯᠡᠳᠭᠡᠮᠵᠢ ᠶᠢᠨ ᠳᠡᠮᠳᠡᠭ᠌᠂ ᠳᠡᠮᠳᠡᠭ᠌ ᠵᠢᠷᠤᠭᠠᠰᠤ ᠳᠤ ᠭᠢᠵᠠᠭᠠᠷᠯᠠᠭᠳᠠᠬᠤ ᠦᠭᠡᠶ᠂ ᠨᠠᠰᠢ ᠴᠠᠰᠢ ᠥᠩᠭᠡᠷᠡᠭᠦ ᠳᠡᠷᠭᠡ ᠣᠨᠤᠭ᠎ᠠ ᠪᠣᠯᠤᠨ ᠭᠦᠮᠦᠰ ᠵᠠᠢ᠌ᠯᠠᠵᠤ ᠭᠠᠷᠬᠤ ᠶᠢ ᠠᠩᠬᠠᠷᠬᠤ ᠭᠡᠷᠡᠭ᠍ᠳᠡᠢ᠃

ᠣᠰᠤ ᠰᠥᠷᠴᠢᠭᠦ ᠳᠡᠷᠭᠡ᠂ ᠴᠠᠪᠠᠷᠯᠠᠨ ᠱᠥᠭᠦᠷᠳᠡᠭᠦ ᠳᠡᠷᠭᠡ ᠵᠡᠷᠭᠡ ᠮᠠᠰᠢᠠᠳᠤ ᠳᠡᠷᠭᠡ ᠡᠡᠶ‍ᠦᠯᠭᠦᠢ ᠪᠠᠷ ᠠᠵᠢᠯᠯᠠᠬᠤ ᠪᠠᠷᠢᠮᠵᠢᠶ᠎ᠠ ᠶᠤᠰᠤᠭᠠᠷ ᠠᠵᠢᠯᠯᠠᠬᠤ ᠭᠡᠷᠡᠭ᠍ᠳᠡᠢ᠃ ᠪᠣᠰᠤᠳ ᠳᠡᠷᠭᠡ ᠣᠨᠤᠭᠠᠨ ᠤ ᠨᠡᠪᠳᠡᠷᠡᠭᠦ ᠶᠢ ᠦᠯᠦ ᠨᠥᠯᠦᠭᠡᠯᠡᠭᠦ ᠪᠠᠢ᠌ᠳᠠᠯ ᠤᠨ ᠳᠤᠤᠷ᠎ᠠ᠂ ᠳᠡᠷᠭᠡ ᠣᠨᠤᠭ᠎ᠠ ᠵᠠᠮ ᠬᠤᠪᠢᠶᠠᠨ ᠶᠠᠪᠣᠬᠤ ᠭᠢᠵᠠᠭᠠᠷᠯᠠᠯ ᠳᠤ ᠭᠢᠵᠠᠭᠠᠷᠯᠠᠭᠳᠠᠬᠤ ᠦᠭᠡᠶ ᠪᠠᠢ᠌ᠵᠤ ᠪᠣᠯᠤᠨ᠎ᠠ᠂ ᠭᠡᠪᠠᠴᠤ ᠰᠦᠷᠴᠤ ᠶᠠᠪᠣᠵᠤ ᠪᠣᠯᠬᠤ ᠦᠭᠡᠶ᠃

ᠳᠠᠪᠢᠨ ᠳᠠᠪᠣᠳᠤᠭᠠᠷ ᠵᠣᠢ᠌ᠯ ᠳᠡᠭᠡᠳᠤ ᠬᠤᠷᠳᠤᠴᠠᠳᠤ ᠵᠠᠰᠠᠮᠠᠯ ᠵᠠᠮ᠂ ᠳᠤᠮᠤ ᠳᠤᠮᠳᠠ ᠬᠤᠳᠠ ᠶᠢᠨ ᠭᠤᠤᠯ ᠳᠤᠭᠤᠷᠢᠭ ᠤᠨ ᠳᠤᠳᠤᠷᠠᠭᠢ ᠵᠠᠮ ᠶᠢᠡᠷ ᠳᠷᠺᠲ᠋ᠤᠷ ᠨᠡᠪᠳᠡᠷᠡᠭᠦ ᠶᠢ ᠴᠠᠭᠠᠵᠠᠯᠠᠨ᠎ᠠ᠃ ᠳᠷᠺᠲ᠋ᠤᠷ ᠨᠡᠪᠳᠡᠷᠡᠭᠦ ᠶᠢ ᠴᠠᠭᠠᠵᠠᠯᠠᠬᠤ ᠪᠣᠰᠤᠳ ᠵᠠᠮ ᠢ ᠮᠤᠵᠢ᠂ ᠥᠪᠠᠷᠳᠡᠭᠡᠨ ᠵᠠᠰᠠᠬᠤ ᠣᠷᠤᠨ᠂ ᠰᠢᠭᠤᠳ ᠬᠠᠷᠢᠶ᠎ᠠ ᠬᠤᠳᠠ ᠶᠢᠨ ᠠᠷᠠᠤᠨ ᠤᠨ ᠵᠠᠰᠠᠭ ᠤᠨ ᠣᠷᠳᠤᠨ ᠡᠴᠡ ᠳᠤᠬᠠᠢ ᠶᠢᠨ ᠭᠠᠵᠠᠷ ᠤᠨ ᠪᠣᠳᠠᠳᠤ ᠪᠠᠢ᠌ᠳᠠᠯ ᠶᠢᠡᠨ ᠦᠨᠳᠦᠰᠦᠯᠠᠵᠤ ᠳᠤᠭᠳᠠᠭᠠᠨ᠎ᠠ᠃

ᠳᠷᠺᠲ᠋ᠤᠷ ᠨᠡᠪᠳᠡᠷᠡᠭᠦ ᠶᠢ ᠵᠥᠪᠰᠢᠶᠡᠷᠡᠭ᠍ᠰᠡᠨ ᠵᠠᠮ ᠶᠢᠡᠷ ᠳᠷᠺᠲ᠋ᠤᠷ ᠶᠢᠡᠷ ᠪᠠᠷᠠᠭ᠎ᠠ ᠳᠡᠭᠡᠭᠡᠪᠦᠷᠢᠯᠡᠵᠤ ᠪᠣᠯᠤᠨ᠎ᠠ᠂ ᠭᠡᠪᠠᠴᠤ ᠭᠦᠮᠤᠨ ᠳᠡᠭᠡᠭᠡᠵᠤ ᠪᠣᠯᠬᠤ ᠦᠭᠡᠶ᠃

ᠳᠠᠪᠢᠨ ᠵᠢᠷᠭᠤᠳᠤᠭᠠᠷ ᠵᠣᠢ᠌ᠯ ᠮᠠᠰᠢᠠᠳᠤ ᠳᠡᠷᠭᠡ ᠶᠢ ᠳᠤᠭᠳᠠᠭᠰᠠᠨ ᠭᠠᠵᠠᠷ ᠲᠤ ᠵᠤᠭᠰᠤᠭᠠᠬᠤ ᠭᠡᠷᠡᠭ᠍ᠳᠡᠢ᠃ ᠶᠠᠪᠠᠭᠠᠨ ᠭᠦᠮᠤᠨ ᠤ ᠵᠠᠮ ᠳᠡᠭᠡᠷ᠎ᠡ ᠮᠠᠰᠢᠠᠳᠤ ᠳᠡᠷᠭᠡ ᠵᠤᠭᠰᠤᠭᠠᠬᠤ ᠶᠢ ᠴᠠᠭᠠᠵᠠᠯᠠᠨ᠎ᠠ᠃ ᠭᠡᠪᠠᠴᠤ ᠳᠤᠰ ᠬᠠᠤᠯᠢ ᠶᠢᠨ ᠭᠤᠴᠢᠨ ᠭᠤᠷᠪᠠᠳᠤᠭᠠᠷ ᠵᠣᠢ᠌ᠯ ᠤᠨ ᠳᠤᠭᠳᠠᠭᠠᠯ ᠶᠤᠰᠤᠭᠠᠷ ᠵᠠᠭᠠᠭᠯᠠᠨ ᠵᠢᠷᠤᠭᠰᠠᠨ ᠳᠡᠷᠭᠡ ᠵᠤᠭᠰᠤᠭᠠᠬᠤ ᠭᠠᠵᠠᠷ ᠡᠭᠦᠨ ᠳᠤ ᠪᠠᠭᠳᠠᠬᠤ ᠦᠭᠡᠶ᠃

ᠵᠠᠮ ᠳᠡᠭᠡᠷ᠎ᠡ ᠳᠡᠷᠭᠡ ᠪᠠᠨ ᠲᠦᠷ ᠵᠤᠭᠰᠤᠭᠠᠬᠤ ᠳᠠᠭᠠᠨ ᠪᠣᠰᠤᠳ ᠳᠡᠷᠭᠡ ᠣᠨᠤᠭ᠎ᠠ ᠪᠠ ᠶᠠᠪᠠᠭᠠᠨ ᠭᠦᠮᠤᠨ ᠤ ᠨᠡᠪᠳᠡᠷᠡᠭᠦ ᠶᠢ ᠬᠠᠷᠰᠢᠯᠠᠵᠤ ᠪᠣᠯᠬᠤ ᠦᠭᠡᠶ᠃


ᠭᠤᠷᠪᠠᠳᠤᠭᠠᠷ ᠭᠡᠰᠡᠭ᠌    ᠮᠠᠰᠢᠠᠳᠤ ᠪᠣᠰᠤ ᠳᠡᠷᠭᠡ ᠨᠡᠪᠳᠡᠷᠡᠭᠦ ᠳᠤᠬᠠᠢ ᠳᠤᠭᠳᠠᠭᠠᠯ


ᠳᠠᠪᠢᠨ ᠳᠤᠯᠤᠳᠤᠭᠠᠷ ᠵᠣᠢ᠌ᠯ ᠮᠠᠰᠢᠠᠳᠤ ᠪᠣᠰᠤ ᠳᠡᠷᠭᠡ ᠵᠢᠯᠤᠭᠤᠤᠠᠴᠤ ᠵᠠᠮ ᠶᠢᠡᠷ ᠶᠠᠪᠣᠬᠤ ᠳᠠᠭᠠᠨ ᠵᠠᠮ ᠬᠠᠷᠢᠯᠴᠠᠭᠠᠨ ᠤ ᠠᠮᠤᠷ ᠲᠦᠪᠰᠢᠨ ᠤ ᠳᠤᠬᠠᠢ ᠬᠤᠯᠪᠣᠭᠳᠠᠯ ᠪᠦᠭᠦᠢ ᠳᠤᠭᠳᠠᠭᠠᠯ ᠢ ᠵᠢᠷᠤᠮᠯᠠᠬᠤ ᠭᠡᠷᠡᠭ᠍ᠳᠡᠢ᠃ ᠮᠠᠰᠢᠠᠳᠤ ᠪᠣᠰᠤ ᠳᠡᠷᠭᠡ ᠨᠢ ᠮᠠᠰᠢᠠᠳᠤ ᠪᠣᠰᠤ ᠳᠡᠷᠭᠡᠨ ᠵᠠᠮ ᠶᠢᠡᠷ ᠶᠠᠪᠣᠬᠤ ᠭᠡᠷᠡᠭ᠍ᠳᠡᠢ ᠮᠠᠰᠢᠠᠳᠤ ᠪᠣᠰᠤ ᠳᠡᠷᠭᠡᠨ ᠵᠠᠮ ᠪᠠᠢ᠌ᠬᠤ ᠦᠭᠡᠶ ᠵᠠᠮ ᠶᠢᠡᠷ ᠪᠣᠯ ᠳᠡᠷᠭᠡ ᠶᠠᠪᠣᠬᠤ ᠵᠠᠮ ᠤᠨ ᠪᠠᠷᠠᠭᠤᠨ ᠳᠠᠯ᠎ᠠ ᠪᠠᠷ ᠶᠠᠪᠣᠬᠤ ᠭᠡᠷᠡᠭ᠍ᠳᠡᠢ᠃

ᠳᠠᠪᠢᠨ ᠨᠢ᠋ᠮᠠᠳᠤᠭᠠᠷ ᠵᠣᠢ᠌ᠯ ᠵᠡᠮᠳᠡᠭ᠌ ᠭᠦᠮᠤᠨ ᠤ ᠮᠠᠰᠢᠠᠳᠤ ᠰᠠᠭᠤᠳᠠᠯ ᠳᠡᠷᠭᠡ᠂ ᠴᠠᠭᠢᠯᠭᠠᠨ ᠭᠦᠳᠡᠯᠭᠡᠭᠦᠷᠳᠤ ᠳᠤᠭᠤᠢ ᠳᠡᠷᠭᠡ ᠮᠠᠰᠢᠠᠳᠤ ᠪᠣᠰᠤ ᠳᠡᠷᠭᠡᠨ ᠵᠠᠮ ᠶᠢᠡᠷ ᠶᠠᠪᠣᠬᠤ ᠳᠠᠭᠠᠨ ᠬᠠᠮᠤᠭ ᠤᠨ ᠳᠡᠭᠡᠳᠤ ᠴᠠᠭ ᠬᠤᠷᠳᠤᠴᠠ ᠶᠢ ᠠᠷᠪᠠᠨ ᠳᠠᠪᠤᠨ ᠺᠢᠯᠤᠮᠸᠲ᠋ᠷ ᠡᠴᠡ ᠭᠡᠳᠦᠷᠡᠭᠦᠯᠵᠤ ᠪᠣᠯᠬᠤ ᠦᠭᠡᠶ᠃

ᠳᠠᠪᠢ ᠶ‍ᠢᠰᠦᠳᠦᠭᠡᠷ ᠵᠣᠢ᠌ᠯ ᠮᠠᠰᠢᠠᠳᠤ ᠪᠣᠰᠤ ᠳᠡᠷᠭᠡ ᠶᠢ ᠳᠤᠭᠳᠠᠭᠰᠠᠨ ᠭᠠᠵᠠᠷ ᠲᠤ ᠳᠠᠯᠪᠢᠬᠤ ᠭᠡᠷᠡᠭ᠍ᠳᠡᠢ᠃ ᠳᠡᠷᠭᠡ ᠳᠠᠯᠪᠢᠬᠤ ᠭᠠᠵᠠᠷ ᠭᠠᠷᠭᠠᠭᠰᠠᠨ ᠦᠭᠡᠶ ᠪᠣᠯ᠂ ᠮᠠᠰᠢᠠᠳᠤ ᠪᠣᠰᠤ ᠳᠡᠷᠭᠡ ᠳᠠᠯᠪᠢᠬᠤ ᠳᠠᠭᠠᠨ ᠪᠣᠰᠤᠳ ᠳᠡᠷᠭᠡ ᠣᠨᠤᠭ᠎ᠠ ᠪᠣᠯᠤᠨ ᠶᠠᠪᠠᠭᠠᠨ ᠭᠦᠮᠤᠨ ᠤ ᠨᠡᠪᠳᠡᠷᠡᠭᠦ ᠶᠢ ᠬᠠᠷᠰᠢᠯᠠᠵᠤ ᠪᠣᠯᠬᠤ ᠦᠭᠡᠶ᠃

ᠵᠢᠷᠠᠳᠤᠭᠠᠷ ᠵᠣᠢ᠌ᠯ ᠣᠨᠤᠭ᠎ᠠ ᠭᠦᠯᠦᠭ᠍ᠰᠡᠨ ᠳᠡᠷᠭᠡ ᠭᠡᠯᠢᠭᠦ ᠳᠡᠭᠡᠨ ᠰᠤᠷᠭᠠᠭᠰᠠᠨ ᠣᠨᠤᠭ᠎ᠠ ᠭᠡᠷᠡᠭᠯᠡᠭᠦ ᠭᠡᠷᠡᠭ᠍ᠳᠡᠢ᠃ ᠣᠨᠤᠭ᠎ᠠ ᠭᠦᠯᠦᠭ᠍ᠰᠡᠨ ᠳᠡᠷᠭᠡ ᠭᠡᠯᠢᠵᠤ ᠵᠠᠮ ᠣᠭᠳᠤᠯᠬᠤ ᠳᠠᠭᠠᠨ ᠳᠡᠷᠭᠡᠴᠢᠨ ᠳᠡᠷᠭᠡᠨ ᠡᠴᠡ ᠪᠠᠨ ᠪᠠᠭᠤᠵᠤ ᠣᠨᠤᠭ᠎ᠠ ᠪᠠᠨ ᠭᠦᠳᠦᠯᠵᠤ ᠭᠠᠷᠬᠤ ᠭᠡᠷᠡᠭ᠍ᠳᠡᠢ᠃ ᠳᠡᠷᠭᠡᠴᠢᠨ ᠳᠡᠷᠭᠡ ᠣᠨᠤᠭ᠎ᠠ ᠡᠴᠡ ᠪᠠᠨ ᠰᠠᠯᠵᠤ ᠶᠠᠪᠣᠪᠠᠯ ᠣᠨᠤᠭ᠎ᠠ ᠪᠠᠨ ᠣᠶᠠᠵᠤ ᠳᠠᠯᠪᠢᠬᠤ ᠭᠡᠷᠡᠭ᠍ᠳᠡᠢ᠃


ᠳᠦᠷᠪᠠᠳᠦᠭᠡᠷ ᠭᠡᠰᠡᠭ᠌    ᠶᠠᠪᠠᠭᠠᠨ ᠭᠦᠮᠤᠨ ᠭᠢᠭᠡᠤᠨ ᠳᠡᠷᠭᠡᠨ ᠳᠤ ᠰᠠᠭᠤᠭᠴᠢ ᠶᠢᠨ ᠵᠠᠮ ᠨᠡᠪᠳᠡᠷᠡᠯᠭᠡ ᠶᠢᠨ ᠳᠤᠬᠠᠢ ᠳᠤᠭᠳᠠᠭᠠᠯ


ᠵᠢᠷᠠᠨ ᠨᠢᠭᠡᠳᠦᠭᠡᠷ ᠵᠣᠢ᠌ᠯ ᠶᠠᠪᠠᠭᠠᠨ ᠭᠦᠮᠤᠨ ᠶᠠᠪᠠᠭᠠᠨ ᠭᠦᠮᠤᠨ ᠤ ᠵᠠᠮ ᠶᠢᠡᠷ ᠶᠠᠪᠣᠬᠤ ᠭᠡᠷᠡᠭ᠍ᠳᠡᠢ᠂ ᠶᠠᠪᠠᠭᠠᠨ ᠭᠦᠮᠤᠨ ᠤ ᠵᠠᠮ ᠪᠠᠢ᠌ᠬᠤ ᠦᠭᠡᠶ ᠪᠣᠯ ᠵᠠᠮ ᠤᠨ ᠬᠠᠵᠠᠭᠤ ᠪᠠᠷ ᠶᠠᠪᠣᠬᠤ ᠭᠡᠷᠡᠭ᠍ᠳᠡᠢ᠃

ᠵᠢᠷᠠᠨ ᠬᠤᠶᠠᠳᠤᠭᠠᠷ ᠵᠣᠢ᠌ᠯ ᠶᠠᠪᠠᠭᠠᠨ ᠭᠦᠮᠤᠨ ᠵᠠᠮ ᠤᠨ ᠠᠭᠤᠯᠵᠠᠷ ᠶᠢᠡᠷ ᠥᠩᠭᠡᠷᠡᠭᠦ ᠪᠣᠶᠤ ᠵᠠᠮ ᠣᠭᠳᠤᠯᠬᠤ ᠳᠠᠭᠠᠨ ᠶᠠᠪᠠᠭᠠᠨ ᠭᠦᠮᠤᠨ ᠤ ᠭᠦᠡᠳᠡᠯᠡᠨ ᠵᠠᠮ ᠪᠣᠶᠤ ᠣᠨᠤᠭᠤᠯᠢ ᠳᠦᠭᠦᠭᠡᠷᠦᠮᠵᠢ ᠪᠠᠷ ᠶᠠᠪᠣᠬᠤ ᠭᠡᠷᠡᠭ᠍ᠳᠡᠢ᠃ ᠵᠠᠮ ᠬᠠᠷᠢᠯᠴᠠᠭᠠᠨ ᠤ ᠲᠤᠬᠢᠶᠠᠨ ᠳ᠋ᠸᠩ ᠪᠦᠭᠦᠢ ᠶᠠᠪᠠᠭᠠᠨ ᠭᠦᠮᠤᠨ ᠤ ᠭᠦᠡᠳᠡᠯᠡᠨ ᠵᠠᠮ ᠶᠢᠡᠷ ᠥᠩᠭᠡᠷᠡᠭᠦ ᠳᠡᠭᠡᠨ ᠵᠠᠮ ᠬᠠᠷᠢᠯᠴᠠᠭᠠᠨ ᠤ ᠲᠤᠬᠢᠶᠠᠨ ᠳ᠋ᠸᠩ ᠤᠨ ᠵᠢᠭᠠᠪᠣᠷᠢ ᠪᠠᠷ ᠨᠡᠪᠳᠡᠷᠡᠭᠦ ᠭᠡᠷᠡᠭ᠍ᠳᠡᠢ᠃ ᠵᠠᠮ ᠬᠠᠷᠢᠯᠴᠠᠭᠠᠨ ᠤ ᠲᠤᠬᠢᠶᠠᠨ ᠳ᠋ᠸᠩ᠂ ᠶᠠᠪᠠᠭᠠᠨ ᠭᠦᠮᠤᠨ ᠤ ᠭᠦᠡᠳᠡᠯᠡᠨ ᠵᠠᠮ ᠪᠠᠢ᠌ᠬᠤ ᠦᠭᠡᠶ ᠵᠠᠮ ᠤᠨ ᠠᠭᠤᠯᠵᠠᠷ ᠶᠢᠡᠷ ᠥᠩᠭᠡᠷᠡᠭᠦ ᠪᠣᠶᠤ ᠣᠨᠤᠭᠤᠯᠢ ᠳᠦᠭᠦᠭᠡᠷᠦᠮᠵᠢ ᠪᠠᠢ᠌ᠬᠤ ᠦᠭᠡᠶ ᠵᠠᠮ ᠤᠨ ᠭᠡᠰᠡᠭ᠌ ᠶᠢᠡᠷ ᠵᠠᠮ ᠣᠭᠳᠤᠯᠬᠤ ᠳᠠᠭᠠᠨ ᠡᠡᠶ‍ᠦᠯᠭᠦᠢ ᠪᠠᠢ᠌ᠬᠤ ᠶᠢ ᠮᠠᠭᠠᠤᠠᠯᠠᠭᠰᠠᠨ ᠤ ᠳᠠᠷᠠᠭ᠎ᠠ ᠨᠡᠪᠳᠡᠷᠡᠭᠦ ᠭᠡᠷᠡᠭ᠍ᠳᠡᠢ᠃

ᠵᠢᠷᠠᠨ ᠭᠤᠷᠪᠠᠳᠤᠭᠠᠷ ᠵᠣᠢ᠌ᠯ ᠶᠠᠪᠠᠭᠠᠨ ᠭᠦᠮᠤᠨ ᠵᠠᠮ ᠤᠨ ᠵᠠᠭᠠᠭ ᠤᠨ ᠳᠦᠭᠦᠭᠡᠷᠦᠮᠵᠢ ᠶᠢ ᠳᠠᠪᠠᠵᠤ᠂ ᠳᠡᠭᠦᠨ ᠳᠡᠭᠡᠷ᠎ᠡ ᠲᠦᠰᠢᠨ ᠰᠠᠭᠤᠵᠤ ᠪᠣᠯᠬᠤ ᠦᠭᠡᠶ᠂ ᠳᠡᠷᠭᠡ ᠠᠪᠠᠷᠢᠬᠤ᠂ ᠳᠡᠷᠭᠡ ᠶᠢ ᠠᠯᠪᠠ ᠪᠠᠷ ᠬᠠᠰᠢᠬᠤ ᠪᠣᠶᠤ ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠷᠰᠢᠯᠠᠬᠤ ᠪᠣᠰᠤᠳ ᠣᠢ᠌ᠯᠠ ᠠᠵᠢᠯᠯᠠᠭ᠎ᠠ ᠶᠢ ᠭᠢᠵᠤ ᠪᠣᠯᠬᠤ ᠦᠭᠡᠶ᠃

ᠵᠢᠷᠠᠨ ᠳᠦᠷᠪᠠᠳᠦᠭᠡᠷ ᠵᠣᠢ᠌ᠯ ᠰᠤᠷᠬᠤ ᠨᠠᠰᠤᠨ ᠡᠴᠡ ᠡᠮᠦᠨᠡᠭᠢ ᠭᠡᠦᠭᠡᠤᠨ ᠵᠢᠴᠢ ᠦᠪᠡᠷ ᠤᠨ ᠠᠵᠢᠯᠯᠠᠭ᠎ᠠ ᠪᠠᠨ ᠢᠯᠭᠠᠨ ᠳᠠᠨᠢᠵᠤ ᠦᠯᠦ ᠴᠢᠳᠠᠬᠤ ᠪᠣᠶᠤ ᠭᠢᠵᠠᠭᠠᠷᠯᠠᠵᠤ ᠦᠯᠦ ᠴᠢᠳᠠᠬᠤ ᠮᠠᠳᠠᠷᠠᠯ ᠤᠨ ᠡᠪᠠᠦᠡᠴᠢᠳᠡᠨ᠂ ᠣᠶᠤᠨ ᠤ ᠬᠠᠷᠰᠢ ᠲᠡᠶ ᠭᠦᠮᠤᠨ ᠵᠠᠮ ᠶᠢᠡᠷ ᠨᠡᠪᠳᠡᠷᠡᠭᠦ ᠳᠤ ᠳᠡᠭᠦᠨ ᠤ ᠭᠢᠨᠠᠨ ᠬᠠᠮᠠᠭᠠᠯᠠᠭᠴᠢ᠂ ᠭᠢᠨᠠᠨ ᠬᠠᠮᠠᠭᠠᠯᠠᠭᠴᠢ ᠶᠢᠨ ᠨᠠᠢ᠌ᠳᠠᠭᠰᠠᠨ ᠭᠦᠮᠤᠨ ᠪᠣᠶᠤ ᠳᠡᠭᠦᠨ ᠢ ᠬᠠᠮᠢᠶᠠᠷᠬᠤ᠂ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠲᠡᠶ ᠭᠦᠮᠤᠨ ᠳᠠᠭᠠᠭᠤᠯᠬᠤ ᠭᠡᠷᠡᠭ᠍ᠳᠡᠢ᠃

ᠰᠤᠬᠤᠷ ᠭᠦᠮᠤᠨ ᠵᠠᠮ ᠶᠢᠡᠷ ᠨᠡᠪᠳᠡᠷᠡᠭᠦ ᠳᠡᠭᠡᠨ ᠰᠤᠬᠤᠷ ᠭᠦᠮᠤᠨ ᠤ ᠳᠠᠶᠠᠭ ᠪᠣᠶᠤ ᠰᠤᠬᠤᠷ ᠭᠦᠮᠤᠨ ᠢ ᠵᠠᠮᠴᠢᠯᠠᠬᠤ ᠪᠣᠰᠤᠳ ᠠᠷᠭ᠎ᠠ ᠭᠡᠮᠵᠢᠶ᠎ᠡ ᠠᠪᠬᠤ ᠭᠡᠷᠡᠭ᠍ᠳᠡᠢ᠂ ᠳᠡᠷᠭᠡ ᠣᠨᠤᠭ᠎ᠠ ᠰᠤᠬᠤᠷ ᠭᠦᠮᠤᠨ ᠳᠤ ᠵᠠᠮ ᠵᠠᠢ᠌ᠯᠠᠵᠤ ᠦᠭ‍ᠭᠦ ᠭᠡᠷᠡᠭ᠍ᠳᠡᠢ᠃

ᠵᠢᠷᠠᠨ ᠳᠠᠪᠣᠳᠤᠭᠠᠷ ᠵᠣᠢ᠌ᠯ ᠶᠠᠪᠠᠭᠠᠨ ᠭᠦᠮᠤᠨ ᠳᠠᠮᠤᠷ ᠵᠠᠮ ᠤᠨ ᠠᠭᠤᠯᠵᠠᠷ ᠶᠢᠡᠷ ᠥᠩᠭᠡᠷᠡᠭᠦ ᠳᠡᠭᠡᠨ ᠵᠠᠮ ᠬᠠᠷᠢᠯᠴᠠᠭᠠᠨ ᠤ ᠳᠤᠭᠢᠶ᠎ᠠ ᠪᠣᠶᠤ ᠬᠠᠮᠢᠶᠠᠷᠤᠯᠳᠠ ᠶᠢᠨ ᠠᠵᠢᠯᠳᠠᠨ ᠤ ᠵᠢᠯᠤᠭᠤᠳᠤᠯᠭ᠎ᠠ ᠪᠠᠷ ᠨᠡᠪᠳᠡᠷᠡᠭᠦ ᠭᠡᠷᠡᠭ᠍ᠳᠡᠢ ᠵᠠᠮ ᠬᠠᠷᠢᠯᠴᠠᠭᠠᠨ ᠤ ᠳᠤᠭᠢᠶ᠎ᠠ ᠪᠠ ᠬᠠᠮᠢᠶᠠᠷᠤᠯᠳᠠ ᠶᠢᠨ ᠠᠵᠢᠯᠳᠠᠨ ᠪᠠᠢ᠌ᠬᠤ ᠦᠭᠡᠶ ᠪᠣᠯ᠂ ᠭᠠᠯᠳᠤ ᠳᠡᠷᠭᠡ ᠣᠢ᠌ᠷᠠᠳᠤᠨ ᠢᠷᠠᠵᠤ ᠪᠠᠢ᠌ᠬᠤ ᠦᠭᠡᠶ ᠶᠢ ᠮᠠᠭᠠᠤᠠᠯᠠᠭᠰᠠᠨ ᠤ ᠳᠠᠷᠠᠭ᠎ᠠ ᠳᠦᠷᠭᠡᠭᠡᠨ ᠨᠡᠪᠳᠡᠷᠡᠭᠦ ᠭᠡᠷᠡᠭ᠍ᠳᠡᠢ᠃

ᠵᠢᠷᠠᠨ ᠵᠢᠷᠭᠤᠳᠤᠭᠠᠷ ᠵᠣᠢ᠌ᠯ ᠳᠡᠷᠭᠡᠨ ᠳᠤ ᠰᠠᠭᠤᠭᠴᠢ ᠨᠤᠴᠤᠮᠠᠳᠠᠭᠠᠢ ᠳᠡᠰᠦᠷᠡᠮᠡᠳᠡᠭᠡᠢ ᠵᠡᠷᠭᠡ ᠠᠶᠤᠯᠳᠤ ᠡᠳ᠋ ᠪᠣᠳᠠᠰ ᠢ ᠠᠪᠴᠤ ᠶᠠᠪᠣᠵᠤ ᠪᠣᠯᠬᠤ ᠦᠭᠡᠶ᠂ ᠳᠡᠷᠭᠡᠨ ᠡᠴᠡ ᠭᠠᠳᠠᠭᠰᠢ ᠶᠠᠭᠤᠮ᠎ᠠ ᠭᠡᠦᠮ᠎ᠡ ᠬᠠᠶᠠᠵᠤ ᠠᠰᠬᠠᠵᠤ ᠪᠣᠯᠬᠤ ᠦᠭᠡᠶ᠂ ᠵᠢᠯᠤᠭᠤᠴᠢ ᠶᠢᠨ ᠡᠡᠶ‍ᠦᠯᠭᠦᠢ ᠪᠠᠷ ᠵᠢᠯᠤᠭᠤᠤᠠᠬᠤ ᠶᠢ ᠨᠥᠯᠦᠭᠡᠯᠡᠭᠦ ᠠᠵᠢᠯᠯᠠᠭ᠎ᠠ ᠲᠡᠶ ᠪᠠᠢ᠌ᠵᠤ ᠪᠣᠯᠬᠤ ᠦᠭᠡᠶ᠃


ᠳᠠᠪᠣᠳᠤᠭᠠᠷ ᠭᠡᠰᠡᠭ᠌    ᠳᠡᠭᠡᠳᠤ ᠬᠤᠷᠳᠤᠴᠠᠳᠤ ᠵᠠᠰᠠᠮᠠᠯ ᠵᠠᠮ ᠤᠨ ᠳᠤᠬᠠᠢ ᠣᠠᠴᠠᠭᠠᠢ ᠳᠤᠭᠳᠠᠭᠠᠯ


ᠵᠢᠷᠠᠨ ᠳᠤᠯᠤᠳᠤᠭᠠᠷ ᠵᠣᠢ᠌ᠯ ᠶᠠᠪᠠᠭᠠᠨ ᠭᠦᠮᠤᠨ᠂ ᠮᠠᠰᠢᠠᠳᠤ ᠪᠣᠰᠤ ᠳᠡᠷᠭᠡ᠂ ᠳᠷᠠᠺᠲ᠋ᠤᠷ᠂ ᠳᠤᠰᠬᠠᠢ ᠭᠡᠷᠡᠭᠯᠡᠭᠡᠨ ᠤ ᠭᠦᠷᠳᠦᠳᠤ ᠮᠸᠬᠠᠨᠢᠭ ᠳᠡᠷᠭᠡ᠂ ᠠᠶᠠᠠᠴᠢᠳ ᠤᠨ ᠬᠤᠯᠪᠣᠬᠤ ᠮᠠᠶ‍ᠢᠭ ᠤᠨ ᠰᠠᠭᠤᠳᠠᠯ ᠤᠨ ᠳᠡᠷᠭᠡ᠂ ᠪᠦᠷᠢᠨ ᠴᠢᠷᠭᠦᠯ ᠳᠡᠷᠭᠡ ᠪᠣᠯᠤᠨ ᠳᠦᠯᠦᠪᠯᠡᠭ᠍ᠰᠡᠨ ᠬᠠᠮᠤᠭ ᠤᠨ ᠳᠡᠭᠡᠳᠤ ᠴᠠᠭ ᠤᠨ ᠬᠤᠷᠳᠤᠴᠠ ᠨᠢ ᠳᠠᠯᠠᠨ ᠺᠢᠯᠤᠮᠸᠲ᠋ᠷ ᠡᠴᠡ ᠳᠤᠭᠤᠭᠰᠢ ᠪᠠᠢ᠌ᠳᠠᠭ ᠮᠠᠰᠢᠠᠳᠤ ᠳᠡᠷᠭᠡ ᠨᠤᠭᠦᠳ ᠳᠡᠭᠡᠳᠤ ᠬᠤᠷᠳᠤᠴᠠᠳᠤ ᠵᠠᠰᠠᠮᠠᠯ ᠵᠠᠮ ᠳᠤ ᠣᠷᠤᠵᠤ ᠪᠣᠯᠬᠤ ᠦᠭᠡᠶ᠃ ᠳᠡᠭᠡᠳᠤ ᠬᠤᠷᠳᠤᠴᠠᠳᠤ ᠵᠠᠰᠠᠮᠠᠯ ᠵᠠᠮ ᠤᠨ ᠬᠤᠷᠳᠤᠴᠠ ᠭᠢᠵᠠᠭᠠᠷᠯᠠᠬᠤ ᠢᠯᠡᠳᠭᠡᠮᠵᠢ ᠳᠡᠮᠳᠡᠭ᠌ ᠲᠤ ᠳᠤᠳᠤᠷᠬᠠᠢ ᠳᠡᠮᠳᠡᠭᠯᠡᠭ᠍ᠰᠡᠨ ᠬᠠᠮᠤᠭ ᠤᠨ ᠳᠡᠭᠡᠳᠤ ᠴᠠᠭ ᠤᠨ ᠬᠤᠷᠳᠤᠴᠠ ᠨᠢ ᠵᠠᠭᠤ ᠬᠤᠷᠢᠨ ᠺᠢᠯᠤᠮᠸᠲ᠋ᠷ ᠡᠴᠡ ᠳᠠᠪᠠᠵᠤ ᠪᠣᠯᠬᠤ ᠦᠭᠡᠶ᠃

ᠵᠢᠷᠠᠨ ᠨᠢ᠋ᠮᠠᠳᠤᠭᠠᠷ ᠵᠣᠢ᠌ᠯ ᠮᠠᠰᠢᠠᠳᠤ ᠳᠡᠷᠭᠡ ᠳᠡᠭᠡᠳᠤ ᠬᠤᠷᠳᠤᠴᠠᠳᠤ ᠵᠠᠰᠠᠮᠠᠯ ᠵᠠᠮ ᠳᠡᠭᠡᠷ᠎ᠡ ᠡᠪᠳᠡᠷᠡᠪᠠᠯ ᠳᠤᠰ ᠬᠠᠤᠯᠢ ᠶᠢᠨ ᠳᠠᠪᠢᠨ ᠵᠢᠷᠭᠤᠳᠤᠭᠠᠷ ᠵᠣᠢ᠌ᠯ ᠤᠨ ᠬᠤᠯᠪᠣᠭᠳᠠᠯ ᠪᠦᠭᠦᠢ ᠳᠤᠭᠳᠠᠭᠠᠯ ᠶᠤᠰᠤᠭᠠᠷ ᠰᠢ᠌ᠦᠡᠪᠦᠷᠢᠯᠡᠭᠦ ᠭᠡᠷᠡᠭ᠍ᠳᠡᠢ᠃ ᠭᠡᠭᠦ ᠳᠡᠭᠡᠨ ᠰᠠᠷᠠᠮᠵᠢ ᠶᠢᠨ ᠢᠯᠡᠳᠭᠡᠮᠵᠢ ᠳᠡᠮᠳᠡᠭ᠌ ᠢ ᠳᠡᠷᠭᠡ ᠶᠢᠨ ᠳᠡᠷᠭᠡ ᠢᠷᠡᠭᠦ ᠴᠢᠭᠯᠡᠯ ᠤᠨ ᠵᠠᠭᠤ ᠳᠠᠪᠢᠨ ᠮᠸᠲ᠋ᠷ ᠡᠴᠡ ᠭᠠᠳᠠᠨ᠎ᠠ ᠳᠠᠯᠪᠢᠵᠤ᠂ ᠳᠡᠷᠭᠡᠨ ᠳᠡᠭᠡᠷᠡᠭᠢ ᠭᠦᠮᠦᠰ ᠪᠠᠷᠠᠭᠤᠨ ᠳᠠᠯ᠎ᠠ ᠶᠢᠨ ᠵᠠᠮ ᠤᠨ ᠮᠦᠷᠤ ᠳᠡᠭᠡᠷ᠎ᠡ ᠪᠣᠶᠤ ᠪᠠᠴᠢᠮ ᠪᠠᠢ᠌ᠳᠠᠯ ᠢ ᠠᠷᠭᠠᠴᠠᠭᠠᠬᠤ ᠳᠡᠷᠭᠡᠨ ᠵᠠᠮ ᠳᠤ ᠥᠳᠲᠥᠷ ᠳᠦᠷᠭᠡᠨ ᠰᠢᠯᠵᠢᠭᠦ ᠭᠡᠷᠡᠭ᠍ᠳᠡᠢ ᠪᠦᠭᠡᠤᠨ ᠥᠳᠲᠥᠷ ᠳᠦᠷᠭᠡᠨ ᠶᠢᠡᠷ ᠳᠦᠭ᠍ᠰᠢᠭᠦᠷᠢ ᠮᠡᠳᠡᠭᠦᠯᠭᠦ ᠭᠡᠷᠡᠭ᠍ᠳᠡᠢ᠃

ᠮᠠᠰᠢᠠᠳᠤ ᠳᠡᠷᠭᠡ ᠳᠡᠭᠡᠳᠤ ᠬᠤᠷᠳᠤᠴᠠᠳᠤ ᠵᠠᠰᠠᠮᠠᠯ ᠵᠠᠮ ᠳᠡᠭᠡᠷ᠎ᠡ ᠡᠪᠳᠡᠷᠡᠭᠦ ᠪᠣᠶᠤ ᠵᠠᠮ ᠬᠠᠷᠢᠯᠴᠠᠭᠠᠨ ᠤ ᠭᠡᠨᠡᠳᠡᠯ ᠭᠠᠷᠤᠭᠠᠤᠨ ᠭᠡᠪ ᠤᠨ ᠶᠤᠰᠤᠭᠠᠷ ᠶᠠᠪᠣᠵᠤ ᠳᠡᠢ᠌ᠯᠭᠦ ᠦᠭᠡᠶ ᠪᠣᠯᠪᠠᠯ᠂ ᠠᠪᠣᠷᠠᠨ ᠳᠤᠰᠠᠯᠠᠬᠤ ᠳᠡᠷᠭᠡ᠂ ᠰᠠᠭᠠᠤᠨ ᠢ ᠠᠷᠢᠯᠭᠠᠬᠤ ᠳᠡᠷᠭᠡ ᠪᠠᠷ ᠴᠢᠷᠤᠵᠤ ᠳᠠᠳᠠᠵᠤ ᠠᠪᠠᠴᠢᠬᠤ ᠭᠡᠷᠡᠭ᠍ᠳᠡᠢ᠃

ᠵᠢᠷᠠ ᠶ‍ᠢᠰᠦᠳᠦᠭᠡᠷ ᠵᠣᠢ᠌ᠯ ᠶᠠᠮᠠᠷᠪᠠ ᠨᠢᠭᠡᠴᠢ᠂ ᠬᠤᠪᠢ ᠭᠦᠮᠤᠨ ᠳᠦᠷᠭᠡᠨ ᠳᠠᠪᠭᠢᠬᠤ ᠵᠠᠰᠠᠮᠠᠯ ᠵᠠᠮ ᠳᠡᠭᠡᠷ᠎ᠡ ᠶᠠᠪᠣᠵᠤ ᠪᠠᠢ᠌ᠭ᠎ᠠ ᠳᠡᠷᠭᠡ ᠣᠨᠤᠭ᠎ᠠ ᠶᠢ ᠬᠠᠰᠢᠨ ᠬᠤᠷᠢᠭᠯᠠᠵᠤ ᠪᠠᠢ᠌ᠴᠠᠭᠠᠵᠤ ᠪᠣᠯᠬᠤ ᠦᠭᠡᠶ᠂ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠠᠷᠠᠤᠨ ᠤᠨ ᠴᠠᠭᠳᠠᠭ᠎ᠠ ᠶᠢᠨ ᠬᠠᠤᠯᠢ ᠶᠤᠰᠤᠭᠠᠷ ᠪᠠᠴᠢᠮ ᠠᠯᠪᠠᠨ ᠡᠭᠦᠷᠭᠡ ᠭᠦᠢᠴᠡᠳᠭᠡᠭᠦ ᠶᠠᠪᠣᠳᠠᠯ ᠡᠭᠦᠨ ᠳᠤ ᠪᠠᠭᠳᠠᠬᠤ ᠦᠭᠡᠶ᠃


ᠳᠠᠪᠣᠳᠤᠭᠠᠷ ᠪᠦᠯᠦᠭ᠌      ᠵᠠᠮ ᠬᠠᠷᠢᠯᠴᠠᠭᠠᠨ ᠤ ᠭᠡᠨᠡᠳᠡᠯ ᠢ ᠰᠢ᠌ᠦᠡᠪᠦᠷᠢᠯᠡᠭᠦ


ᠳᠠᠯᠠᠳᠤᠭᠠᠷ ᠵᠣᠢ᠌ᠯ ᠵᠠᠮ ᠳᠡᠭᠡᠷ᠎ᠡ ᠵᠠᠮ ᠬᠠᠷᠢᠯᠴᠠᠭᠠᠨ ᠤ ᠭᠡᠨᠡᠳᠡᠯ ᠭᠠᠷᠪᠠᠯ᠂ ᠳᠡᠷᠭᠡ ᠣᠨᠤᠭᠠᠨ ᠤ ᠵᠢᠯᠤᠭᠤᠴᠢ ᠳᠠᠷᠠ ᠳᠠᠷᠤᠢ ᠳ᠋ᠤᠨᠢ ᠳᠡᠷᠭᠡ ᠪᠠᠨ ᠵᠤᠭᠰᠤᠭᠠᠵᠤ᠂ ᠭᠡᠷᠡᠭ᠌ ᠤᠨ ᠳᠠᠯᠠᠪᠠᠢ ᠶᠢ ᠬᠠᠮᠠᠭᠠᠯᠠᠬᠤ ᠭᠡᠷᠡᠭ᠍ᠳᠡᠢ᠃ ᠭᠦᠮᠤᠨ ᠢ ᠰᠢᠷᠬᠠᠳᠤᠭᠤᠯᠵᠤ ᠥᠭᠦᠭᠦᠯᠦᠭ᠍ᠰᠡᠨ ᠪᠠᠢ᠌ᠪᠠᠯ᠂ ᠳᠡᠷᠭᠡ ᠣᠨᠤᠭᠠᠨ ᠤ ᠵᠢᠯᠤᠭᠤᠴᠢ ᠰᠢᠷᠬᠠᠳᠤᠭᠰᠠᠨ ᠭᠦᠮᠤᠨ ᠢ ᠳᠠᠷᠤᠢ ᠳᠦᠷᠭᠡᠨ ᠠᠪᠣᠷᠠᠬᠤ ᠭᠡᠷᠡᠭ᠍ᠳᠡᠢ ᠪᠦᠭᠡᠤᠨ ᠵᠠᠮ ᠬᠠᠷᠢᠯᠴᠠᠭᠠᠨ ᠤ ᠵᠢᠵᠢᠭᠦᠷ ᠴᠠᠭᠳᠠᠭ᠎ᠠ ᠪᠣᠶᠤ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠥᠳᠲᠥᠷ ᠳᠦᠷᠭᠡᠨ ᠮᠡᠳᠡᠭᠦᠯᠭᠦ ᠭᠡᠷᠡᠭ᠍ᠳᠡᠢ᠃ ᠰᠢᠷᠬᠠᠳᠤᠭᠰᠠᠨ ᠭᠦᠮᠤᠨ ᠢ ᠳᠦᠷᠭᠡᠨ ᠠᠪᠣᠷᠠᠬᠤ ᠡᠴᠡ ᠪᠣᠯᠤᠭᠠᠤᠨ ᠭᠡᠷᠡᠭ᠌ ᠤᠨ ᠳᠠᠯᠠᠪᠠᠢ ᠶᠢ ᠬᠤᠪᠢᠷᠠᠭᠤᠯᠬᠤ ᠳᠤ ᠭᠦᠷᠪᠠᠯ ᠣᠷᠤᠨ ᠪᠠᠢ᠌ᠷᠢ ᠳ᠋ᠤᠨᠢ ᠳᠤᠳᠤᠷᠬᠠᠢ ᠳᠡᠮᠳᠡᠭ᠌ ᠳᠠᠯᠪᠢᠬᠤ ᠭᠡᠷᠡᠭ᠍ᠳᠡᠢ᠃ ᠳᠡᠷᠭᠡᠨ ᠳᠤ ᠰᠠᠭᠤᠭᠴᠢ᠂ ᠨᠠᠰᠢ ᠴᠠᠰᠢ ᠥᠩᠭᠡᠷᠡᠭᠦ ᠳᠡᠷᠭᠡ ᠣᠨᠤᠭᠠᠨ ᠳᠤ ᠵᠢᠯᠤᠭᠤᠴᠢ᠂ ᠨᠠᠰᠢ ᠴᠠᠰᠢ ᠥᠩᠭᠡᠷᠡᠭᠦ ᠶᠠᠪᠠᠭᠠᠨ ᠤ ᠭᠦᠮᠤᠨ ᠬᠠᠮᠵᠢᠨ ᠳᠤᠰᠠᠯᠠᠬᠤ ᠭᠡᠷᠡᠭ᠍ᠳᠡᠢ᠃

ᠵᠠᠮ ᠳᠡᠭᠡᠷ᠎ᠡ ᠵᠠᠮ ᠬᠠᠷᠢᠯᠴᠠᠭᠠᠨ ᠤ ᠭᠡᠨᠡᠳᠡᠯ ᠭᠠᠷᠤᠭᠠᠤᠨ ᠭᠦᠮᠤᠨ ᠢ ᠰᠢᠷᠬᠠᠳᠤᠭᠤᠯᠵᠤ ᠥᠭᠦᠭᠦᠯᠦᠭ᠍ᠰᠡᠨ ᠦᠭᠡᠶ ᠪᠦᠭᠡᠤᠨ ᠳᠤᠬᠠᠢ ᠶᠢᠨ ᠭᠦᠮᠤᠨ ᠨᠢ ᠪᠣᠳᠠᠳᠤ ᠭᠡᠷᠡᠭ᠌ ᠵᠢᠴᠢ ᠭᠡᠨᠡᠳᠡᠯ ᠭᠠᠷᠤᠭᠰᠠᠨ ᠰᠢᠯᠳᠠᠭᠠᠨ ᠳᠤ ᠮᠠᠷᠭᠤᠯᠳᠤᠭᠠᠨ ᠦᠭᠡᠶ ᠪᠣᠯ ᠳᠠᠷᠣᠢ᠌ᠬᠠᠨ ᠭᠡᠷᠡᠭ᠌ ᠤᠨ ᠳᠠᠯᠠᠪᠠᠢ ᠡᠴᠡ ᠰᠠᠯᠵᠤ᠂ ᠵᠠᠮ ᠬᠠᠷᠢᠯᠴᠠᠭ᠎ᠠ ᠶᠢ ᠰᠡᠷᠭᠦᠭᠡᠨ᠂ ᠬᠤᠭᠢᠷᠠᠯ ᠤᠨ ᠲᠦᠯᠦᠪᠣᠷᠢ ᠶᠢᠨ ᠭᠡᠷᠡᠭ᠌ ᠣᠴᠢᠷ ᠢ ᠦᠪᠡᠷᠰᠠᠤᠨ ᠶᠢᠡᠨ ᠵᠦᠪᠳᠠᠯᠴᠠᠨ ᠰᠢ᠌ᠤᠠᠪᠣᠷᠢᠯᠠᠵᠤ ᠪᠣᠯᠤᠨ᠎ᠠ᠃ ᠭᠡᠷᠡᠭ᠌ ᠤᠨ ᠳᠠᠯᠠᠪᠠᠢ ᠡᠴᠡ ᠳᠠᠷᠣᠢ᠌ᠬᠠᠨ ᠰᠠᠯᠵᠤ ᠶᠠᠪᠣᠬᠤ ᠦᠭᠡᠶ ᠪᠣᠯ᠂ ᠵᠠᠮ ᠬᠠᠷᠢᠯᠴᠠᠭᠠᠨ ᠤ ᠵᠢᠵᠢᠭᠦᠷ ᠴᠠᠭᠳᠠᠭ᠎ᠠ ᠪᠣᠶᠤ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠥᠳᠲᠡᠷ ᠳᠦᠷᠭᠡᠨ ᠮᠡᠳᠡᠭᠦᠯᠭᠦ ᠭᠡᠷᠡᠭ᠍ᠳᠡᠢ᠃

ᠵᠠᠮ ᠳᠡᠭᠡᠷ᠎ᠡ ᠵᠠᠮ ᠬᠠᠷᠢᠯᠴᠠᠭᠠᠨ ᠤ ᠭᠡᠨᠡᠳᠡᠯ ᠭᠠᠷᠤᠭᠠᠤᠨ ᠵᠥᠪᠭᠡᠨ ᠡᠳ᠋ ᠭᠦᠷᠦᠩᠭᠡ ᠶᠢᠨ ᠪᠠᠭᠠᠬᠠᠨ ᠬᠤᠭᠢᠷᠠᠯ ᠣᠴᠠᠷᠠᠭᠤᠯᠤᠭᠰᠠᠨ ᠪᠦᠭᠡᠤᠨ ᠦᠨᠳᠦᠰᠦᠨ ᠪᠣᠳᠠᠳᠤ ᠭᠡᠷᠡᠭ᠌ ᠨᠢ ᠳᠤᠳᠤᠷᠬᠠᠢ ᠪᠠᠢ᠌ᠪᠠᠯ᠂ ᠳᠤᠬᠠᠢ ᠶᠢᠨ ᠭᠦᠮᠤᠨ ᠣᠷᠢᠳᠠᠪᠠᠷ ᠭᠡᠷᠡᠭ᠌ ᠤᠨ ᠳᠠᠯᠠᠪᠠᠢ ᠡᠴᠡ ᠰᠠᠯᠵᠤ ᠶᠠᠪᠣᠭᠰᠠᠨ ᠤ ᠳᠠᠷᠠᠭ᠎ᠠ ᠳᠠᠭᠢᠨ ᠵᠦᠪᠳᠠᠯᠴᠠᠨ ᠰᠢ᠌ᠦᠡᠪᠦᠷᠢᠯᠡᠭᠦ ᠭᠡᠷᠡᠭ᠍ᠳᠡᠢ᠃

ᠳᠠᠯᠠᠨ ᠨᠢᠭᠡᠳᠦᠭᠡᠷ ᠵᠣᠢ᠌ᠯ ᠳᠡᠷᠭᠡ ᠣᠨᠤᠭ᠎ᠠ ᠵᠠᠮ ᠬᠠᠷᠢᠯᠴᠠᠭᠠᠨ ᠤ ᠭᠡᠨᠡᠳᠡᠯ ᠭᠠᠷᠭᠠᠭᠰᠠᠨ ᠤ ᠳᠠᠷᠠᠭ᠎ᠠ ᠳᠤᠳᠠᠭᠠᠭᠰᠠᠨ ᠪᠠᠢ᠌ᠪᠠᠯ᠂ ᠭᠡᠨᠡᠳᠡᠯ ᠭᠠᠷᠤᠭᠰᠠᠨ ᠭᠡᠷᠡᠭ᠌ ᠤᠨ ᠳᠠᠯᠠᠪᠠᠢ ᠶᠢ ᠥᠵᠡᠭ᠍ᠰᠡᠨ ᠭᠦᠮᠦᠰ ᠪᠣᠯᠤᠨ ᠪᠠᠢ᠌ᠳᠠᠯ ᠢ ᠮᠡᠳᠡᠭᠦ ᠪᠣᠰᠤᠳ ᠭᠦᠮᠦᠰ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠪᠣᠶᠤ ᠵᠠᠮ ᠬᠠᠷᠢᠯᠴᠠᠭᠠᠨ ᠤ ᠴᠠᠭᠳᠠᠭ᠎ᠠ ᠳᠤ ᠢᠯᠠᠴᠢᠯᠠᠨ ᠮᠡᠳᠡᠭᠦᠯᠭᠦ ᠭᠡᠷᠡᠭ᠍ᠳᠡᠢ᠃ ᠢᠯᠠᠴᠢᠯᠠᠨ ᠮᠡᠳᠡᠭᠦᠯᠦᠭ᠍ᠰᠡᠨ ᠨᠢ ᠦᠨᠡᠨ ᠪᠣᠳᠠᠳᠠᠢ ᠪᠠᠢ᠌ᠪᠠᠯ᠂ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠡᠴᠡ ᠱᠠᠩᠨᠠᠨ ᠭᠦᠭᠢᠭᠦᠯᠭᠦ ᠭᠡᠷᠡᠭ᠍ᠳᠡᠢ᠃

ᠳᠠᠯᠠᠨ ᠬᠤᠶᠠᠳᠤᠭᠠᠷ ᠵᠣᠢ᠌ᠯ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠵᠠᠮ ᠬᠠᠷᠢᠯᠴᠠᠭᠠᠨ ᠤ ᠭᠡᠨᠡᠳᠡᠯ ᠤᠨ ᠳᠦᠭ᠍ᠰᠢᠭᠦᠷᠢ ᠶᠢᠨ ᠮᠡᠳᠡᠭᠦᠯᠦᠯᠳᠡ ᠶᠢ ᠣᠯᠤᠭᠰᠠᠨ ᠤ ᠳᠠᠷᠠᠭ᠎ᠠ᠂ ᠳᠠᠷᠠ ᠳᠠᠷᠤᠢ ᠳ᠋ᠤᠨᠢ ᠵᠠᠮ ᠬᠠᠷᠢᠯᠴᠠᠭᠠᠨ ᠤ ᠴᠠᠭᠳᠠᠭ᠎ᠠ ᠳᠤᠮᠢᠯᠠᠨ ᠭᠡᠷᠡᠭ᠌ ᠤᠨ ᠳᠠᠯᠠᠪᠠᠢ ᠳᠤ ᠣᠴᠢᠭᠤᠯᠵᠤ᠂ ᠰᠢᠷᠬᠠᠳᠤᠭᠰᠠᠨ ᠭᠦᠮᠤᠨ ᠢ ᠳᠦᠷᠭᠡᠨ ᠠᠪᠣᠷᠠᠬᠤ ᠶᠠᠪᠣᠳᠠᠯ ᠢ ᠣᠷᠢᠳᠠᠪᠠᠷ ᠵᠤᠬᠢᠶᠠᠨ ᠪᠠᠢ᠌ᠭᠤᠯᠬᠤ ᠭᠡᠷᠡᠭ᠍ᠳᠡᠢ ᠪᠦᠭᠡᠤᠨ ᠠᠷᠭ᠎ᠠ ᠭᠡᠮᠵᠢᠶ᠎ᠡ ᠠᠪᠴᠤ ᠪᠠᠢ᠌ᠭᠠᠤᠨ ᠵᠠᠮ ᠬᠠᠷᠢᠯᠴᠠᠭ᠎ᠠ ᠶᠢ ᠠᠯᠢ ᠳᠦᠷᠭᠡᠨ ᠶᠢᠡᠷ ᠰᠡᠷᠭᠦᠭᠡᠭᠦ ᠭᠡᠷᠡᠭ᠍ᠳᠡᠢ᠃

ᠵᠠᠮ ᠬᠠᠷᠢᠯᠴᠠᠭᠠᠨ ᠤ ᠴᠠᠭᠳᠠᠭ᠎ᠠ ᠵᠠᠮ ᠬᠠᠷᠢᠯᠴᠠᠭᠠᠨ ᠤ ᠭᠡᠨᠡᠳᠡᠯ ᠤᠨ ᠭᠡᠷᠡᠭ᠌ ᠤᠨ ᠳᠠᠯᠠᠪᠠᠢ ᠶᠢ ᠬᠠᠢ᠌ᠨ ᠰᠢᠯᠭᠠᠵᠤ᠂ ᠰᠢᠯᠭᠠᠨ ᠪᠠᠢ᠌ᠴᠠᠭᠠᠵᠤ᠂ ᠭᠡᠷᠡᠴᠢ ᠪᠠᠷᠢᠮᠳᠠ ᠴᠤᠭᠯᠠᠭᠤᠯᠬᠤ ᠭᠡᠷᠡᠭ᠍ᠳᠡᠢ᠃ ᠭᠡᠷᠡᠴᠢ ᠪᠠᠷᠢᠮᠳᠠ ᠴᠤᠭᠯᠠᠭᠤᠯᠬᠤ ᠭᠡᠷᠡᠭ᠍ᠴᠡᠭᠡ ᠡᠴᠡ ᠪᠣᠯᠤᠭᠠᠤᠨ ᠭᠡᠨᠡᠳᠡᠯ ᠭᠠᠷᠭᠠᠭᠰᠠᠨ ᠳᠡᠷᠭᠡ ᠣᠨᠤᠭ᠎ᠠ ᠶᠢ ᠪᠠᠷᠢᠵᠤ ᠥᠯᠡᠳᠠᠭᠡᠵᠤ ᠪᠣᠯᠤᠨ᠎ᠠ᠂ ᠭᠡᠭᠦ ᠳᠡᠭᠡᠨ ᠳᠤᠭᠢᠳᠠᠢ᠌ᠬᠠᠨ ᠬᠠᠳᠠᠭᠠᠯᠠᠨ ᠬᠠᠮᠢᠶᠠᠷᠴᠤ᠂ ᠬᠠᠷᠭᠤᠭᠤᠯᠤᠨ ᠪᠠᠢ᠌ᠴᠠᠭᠠᠬᠤ ᠳᠤ ᠪᠠᠯᠡᠭᠡᠨ ᠪᠠᠢ᠌ᠯᠭᠠᠬᠤ ᠭᠡᠷᠡᠭ᠍ᠳᠡᠢ᠃

ᠳᠤᠬᠠᠢ ᠶᠢᠨ ᠭᠦᠮᠤᠨ ᠤ ᠪᠠᠶ᠎ᠠ ᠮᠠᠬᠠᠪᠣᠤᠨ᠂ ᠮᠠᠳᠠᠷᠠᠯ ᠤᠨ ᠪᠠᠢ᠌ᠳᠠᠯ ᠵᠡᠷᠭᠡ ᠶᠢᠨ ᠳᠤᠬᠠᠢ ᠳᠤᠰᠬᠠᠢ ᠮᠡᠷᠭᠡᠵᠢᠯ ᠶᠢᠡᠷ ᠨᠠᠯᠢᠶᠠᠤᠨ ᠴᠢᠩᠭ᠋᠎ᠠ ᠰᠢᠯᠭᠠᠨ ᠪᠠᠢ᠌ᠴᠠᠭᠠᠯᠳᠠ ᠶᠢ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠡᠴᠡ ᠳᠤᠰᠬᠠᠢ ᠪᠠᠢ᠌ᠭᠤᠯᠤᠮᠵᠢ ᠳᠤ ᠨᠠᠢ᠌ᠳᠠᠨ ᠰᠢᠯᠭᠠᠨ ᠳᠤᠭᠳᠠᠭᠠᠯᠭᠠᠬᠤ ᠭᠡᠷᠡᠭ᠍ᠳᠡᠢ᠃ ᠰᠢᠯᠭᠠᠨ ᠳᠤᠭᠳᠠᠭᠠᠭᠰᠠᠨ ᠳ᠋ᠦ᠋ᠩᠨᠡᠯᠲᠡ ᠳᠡᠭᠡᠷ᠎ᠡ ᠰᠢᠯᠭᠠᠨ ᠳᠤᠭᠳᠠᠭᠠᠭᠴᠢ ᠭᠠᠷ ᠤᠨ ᠥᠰᠦᠭ᠌ ᠵᠢᠷᠤᠭᠰᠠᠨ ᠪᠠᠢ᠌ᠬᠤ ᠭᠡᠷᠡᠭ᠍ᠳᠡᠢ᠃

ᠳᠠᠯᠠᠨ ᠭᠤᠷᠪᠠᠳᠤᠭᠠᠷ ᠵᠣᠢ᠌ᠯ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠵᠠᠮ ᠬᠠᠷᠢᠯᠴᠠᠭᠠᠨ ᠤ ᠭᠡᠨᠡᠳᠡᠯ ᠤᠨ ᠭᠡᠷᠡᠭ᠌ ᠤᠨ ᠳᠠᠯᠠᠪᠠᠢ ᠶᠢ ᠬᠠᠢ᠌ᠨ ᠰᠢᠯᠭᠠᠭᠰᠠᠨ᠂ ᠰᠢᠯᠭᠠᠨ ᠪᠠᠢ᠌ᠴᠠᠭᠠᠭᠰᠠᠨ᠂ ᠪᠠᠢ᠌ᠴᠠᠭᠠᠭᠰᠠᠨ ᠪᠠᠢ᠌ᠳᠠᠯ ᠪᠣᠯᠤᠨ ᠬᠤᠯᠪᠣᠭᠳᠠᠯ ᠪᠦᠭᠦᠢ ᠰᠢᠯᠭᠠᠨ ᠪᠠᠢ᠌ᠴᠠᠭᠠᠯᠳᠠ᠂ ᠰᠢᠯᠭᠠᠨ ᠳᠤᠭᠳᠠᠭᠠᠯᠳᠠ ᠶᠢᠨ ᠳ᠋ᠦ᠋ᠩᠨᠡᠯᠲᠡ ᠶᠢ ᠦᠨᠳᠦᠰᠦᠯᠠᠵᠤ᠂ ᠵᠠᠮ ᠬᠠᠷᠢᠯᠴᠠᠭᠠᠨ ᠤ ᠭᠡᠨᠡᠳᠡᠯ ᠢ ᠮᠠᠭᠠᠤᠠᠯᠠᠨ ᠳᠤᠭᠳᠠᠭᠠᠭᠰᠠᠨ ᠪᠢᠴᠢᠭ᠌ ᠲᠤ ᠵᠠᠮ ᠬᠠᠷᠢᠯᠴᠠᠭᠠᠨ ᠤ ᠭᠡᠨᠡᠳᠡᠯ ᠤᠨ ᠦᠨᠳᠦᠰᠦᠨ ᠪᠣᠳᠠᠳᠤ ᠭᠡᠷᠡᠭ᠌᠂ ᠭᠡᠨᠡᠳᠡᠯ ᠭᠠᠷᠤᠭᠰᠠᠨ ᠰᠢᠯᠳᠠᠭᠠᠨ ᠪᠠ ᠳᠤᠬᠠᠢ ᠶᠢᠨ ᠭᠦᠮᠤᠨ ᠤ ᠬᠠᠷᠢᠭᠤᠴᠠᠯᠭ᠎ᠠ ᠶᠢ ᠳᠤᠳᠤᠷᠬᠠᠢ ᠪᠢᠴᠢᠭᠦ ᠶᠢᠨ ᠬᠠᠮᠳᠤ ᠳᠤᠬᠠᠢ ᠶᠢᠨ ᠭᠦᠮᠤᠨ ᠳᠤ ᠭᠦᠷᠭᠡᠭᠦ ᠭᠡᠷᠡᠭ᠍ᠳᠡᠢ᠃

ᠳᠠᠯᠠᠨ ᠳᠦᠷᠪᠠᠳᠦᠭᠡᠷ ᠵᠣᠢ᠌ᠯ ᠳᠤᠬᠠᠢ ᠶᠢᠨ ᠭᠦᠮᠤᠨ ᠵᠠᠮ ᠬᠠᠷᠢᠯᠴᠠᠭᠠᠨ ᠤ ᠭᠡᠨᠡᠳᠡᠯ ᠤᠨ ᠬᠤᠭᠢᠷᠠᠯ ᠢ ᠳᠦᠯᠦᠭᠦ ᠳᠤᠬᠠᠢ ᠮᠠᠷᠭᠤᠭᠠᠨ ᠶᠢᠡᠨ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠶᠢᠡᠷ ᠡᠶᠡᠳᠡᠭᠦᠯᠭᠦ ᠪᠠᠷ ᠭᠤᠶᠤᠴᠢᠯᠠᠵᠤ ᠪᠣᠯᠤᠨ᠎ᠠ᠂ ᠠᠷᠠᠤᠨ ᠤᠨ ᠰᠢᠭᠦᠭᠦ ᠬᠤᠷᠢᠶᠠᠨ ᠳᠤ ᠰᠢᠭᠤᠳ ᠢᠷᠭᠡᠨ ᠤ ᠭᠡᠷᠡᠭ᠌ ᠤᠨ ᠵᠠᠭᠠᠯᠳᠤᠯᠭ᠎ᠠ ᠭᠠᠷᠭᠠᠭᠰᠠᠨ ᠴᠤ ᠪᠣᠯᠤᠨ᠎ᠠ᠃

ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠡᠶᠡᠳᠡᠭᠦᠯᠭᠡ ᠪᠠᠷ ᠳᠠᠮᠵᠢᠭᠠᠤᠨ ᠳᠤᠬᠠᠢ ᠶᠢᠨ ᠭᠦᠮᠤᠨ ᠭᠡᠯᠡᠯᠴᠡᠭᠡᠷ ᠳᠤᠭᠢᠷᠠᠵᠤ ᠴᠢᠳᠠᠭᠰᠠᠨ ᠦᠭᠡᠶ ᠪᠣᠶᠤ ᠡᠶᠡᠳᠡᠭᠦᠯᠭᠡ ᠶᠢᠨ ᠪᠢᠴᠢᠭ᠌ ᠭᠦᠴᠤᠨ ᠲᠡᠶ ᠪᠣᠯᠤᠭᠰᠠᠨ ᠤ ᠳᠠᠷᠠᠭ᠎ᠠ ᠭᠦᠢᠴᠡᠳᠭᠡᠭᠦ ᠦᠭᠡᠶ ᠪᠠᠢ᠌ᠪᠠᠯ᠂ ᠳᠤᠬᠠᠢ ᠶᠢᠨ ᠭᠦᠮᠤᠨ ᠠᠷᠠᠤᠨ ᠤᠨ ᠰᠢᠭᠦᠭᠦ ᠬᠤᠷᠢᠶᠠᠨ ᠳᠤ ᠢᠷᠭᠡᠨ ᠤ ᠵᠠᠭᠠᠯᠳᠤᠯᠭ᠎ᠠ ᠭᠠᠷᠭᠠᠵᠤ ᠪᠣᠯᠤᠨ᠎ᠠ᠃

ᠳᠠᠯᠠᠨ ᠳᠠᠪᠣᠳᠤᠭᠠᠷ ᠵᠣᠢ᠌ᠯ ᠡᠮ ᠡᠮᠨᠡᠯᠭᠡ ᠶᠢᠨ ᠪᠠᠢ᠌ᠭᠤᠯᠤᠮᠵᠢ ᠵᠠᠮ ᠬᠠᠷᠢᠯᠴᠠᠭᠠᠨ ᠤ ᠭᠡᠨᠡᠳᠡᠯ ᠤᠨ ᠳᠤᠮᠳᠠ ᠰᠢᠷᠬᠠᠳᠤᠭᠰᠠᠨ ᠭᠦᠮᠦᠰ ᠢ ᠴᠠᠭ ᠳᠤᠬᠠᠢ ᠳ᠋ᠤᠨᠢ ᠠᠪᠣᠷᠠᠬᠤ ᠭᠡᠷᠡᠭ᠍ᠳᠡᠢ᠂ ᠠᠪᠣᠷᠠᠬᠤ ᠰᠥᠢᠦᠡᠭᠡᠯ ᠢ ᠳᠠᠷᠤᠢ ᠳ᠋ᠤᠨᠢ ᠳᠦᠯᠦᠭ᠍ᠰᠡᠨ ᠦᠭᠡᠶ ᠡᠴᠡ ᠪᠣᠯᠵᠤ ᠠᠪᠣᠷᠠᠨ ᠵᠠᠰᠠᠬᠤ ᠶᠢ ᠬᠣᠢ᠌ᠰᠢᠯᠠᠭᠤᠯᠵᠤ ᠪᠣᠯᠬᠤ ᠦᠭᠡᠶ᠃ ᠭᠡᠷᠡᠭ᠌ ᠭᠠᠷᠭᠠᠭᠰᠠᠨ ᠳᠡᠷᠭᠡ ᠣᠨᠤᠭ᠎ᠠ ᠮᠠᠰᠢᠠᠳᠤ ᠳᠡᠷᠭᠡᠨ ᠤ ᠭᠤᠷᠪᠠᠳᠤᠭᠠᠷ ᠡᠳᠡᠭᠡᠤᠨ ᠤᠨ ᠬᠠᠷᠢᠭᠤᠴᠠᠯᠭ᠎ᠠ ᠶᠢᠨ ᠠᠯᠪᠠᠳᠠᠯᠭ᠎ᠠ ᠶᠢᠨ ᠳᠠᠭᠠᠤᠠᠬᠠᠯ ᠳᠤ ᠣᠷᠤᠯᠴᠠᠭᠰᠠᠨ ᠪᠠᠢ᠌ᠪᠠᠯ᠂ ᠳᠠᠭᠠᠤᠠᠬᠠᠯ ᠤᠨ ᠭᠦᠩᠰᠧ ᠡᠴᠡ ᠠᠪᠣᠷᠠᠬᠤ ᠰᠥᠢᠦᠡᠭᠡᠯ ᠢ ᠬᠠᠷᠢᠭᠤᠴᠠᠯᠭ᠎ᠠ ᠶᠢᠨ ᠭᠢᠵᠠᠭᠠᠷ ᠳᠤᠭᠠᠨ ᠤ ᠭᠡᠪᠴᠢᠶᠡᠨ ᠳᠤᠳᠤᠷ᠎ᠠ ᠲᠦᠯᠦᠨ᠎ᠠ᠃ ᠠᠪᠣᠷᠠᠬᠤ ᠰᠥᠢᠦᠡᠭᠡᠯ ᠨᠢ ᠬᠠᠷᠢᠭᠤᠴᠠᠯᠭ᠎ᠠ ᠶᠢᠨ ᠭᠢᠵᠠᠭᠠᠷ ᠳᠤᠭᠠᠨ ᠡᠴᠡ ᠭᠡᠳᠦᠷᠡᠭ᠍ᠰᠡᠨ᠂ ᠮᠠᠰᠢᠠᠳᠤ ᠳᠡᠷᠭᠡᠨ ᠤ ᠭᠤᠷᠪᠠᠳᠤᠭᠠᠷ ᠡᠳᠡᠭᠡᠤᠨ ᠤᠨ ᠬᠠᠷᠢᠭᠤᠴᠠᠯᠭ᠎ᠠ ᠶᠢᠨ ᠠᠯᠪᠠᠳᠠᠯᠭ᠎ᠠ ᠶᠢᠨ ᠳᠠᠭᠠᠤᠠᠬᠠᠯ ᠳᠤ ᠦᠯᠦ ᠣᠷᠤᠯᠴᠠᠭᠰᠠᠨ ᠪᠣᠶᠤ ᠭᠡᠷᠡᠭ᠌ ᠭᠠᠷᠭᠠᠭᠰᠠᠨ ᠤ ᠳᠠᠷᠠᠭ᠎ᠠ ᠳᠤᠳᠠᠭᠠᠭᠰᠠᠨ ᠪᠠᠢ᠌ᠪᠠᠯ᠂ ᠵᠠᠮ ᠬᠠᠷᠢᠯᠴᠠᠭᠠᠨ ᠤ ᠭᠡᠨᠡᠳᠡᠯ ᠤᠨ ᠨᠡᠢ᠌ᠭᠡᠮ ᠤᠨ ᠠᠪᠣᠷᠠᠨ ᠳᠤᠰᠠᠯᠠᠬᠤ ᠰᠠᠭᠤᠷᠢ ᠮᠥᠩᠭᠦ ᠡᠴᠡ ᠣᠷᠢᠳᠠᠪᠠᠷ ᠨᠢᠭᠡ ᠭᠡᠰᠡᠭ᠌ ᠪᠣᠶᠤ ᠪᠦᠭᠦ ᠠᠪᠣᠷᠠᠬᠤ ᠰᠥᠢᠦᠡᠭᠡᠯ ᠢ ᠣᠷᠤᠯᠠᠨ ᠲᠦᠯᠦᠨ᠎ᠠ᠂ ᠵᠠᠮ ᠬᠠᠷᠢᠯᠴᠠᠭᠠᠨ ᠤ ᠭᠡᠨᠡᠳᠡᠯ ᠤᠨ ᠨᠡᠢ᠌ᠭᠡᠮ ᠤᠨ ᠠᠪᠣᠷᠠᠨ ᠳᠤᠰᠠᠯᠠᠬᠤ ᠰᠠᠭᠤᠷᠢ ᠮᠥᠩᠭᠦ ᠶᠢᠨ ᠬᠠᠮᠢᠶᠠᠷᠤᠯᠳᠠ ᠶᠢᠨ ᠪᠠᠢ᠌ᠭᠤᠯᠤᠮᠵᠢ ᠵᠠᠮ ᠬᠠᠷᠢᠯᠴᠠᠭᠠᠨ ᠤ ᠭᠡᠨᠡᠳᠡᠯ ᠤᠨ ᠬᠠᠷᠢᠭᠤᠴᠠᠯᠭᠠᠳᠠᠢ ᠭᠦᠮᠤᠨ ᠡᠴᠡ ᠲᠦᠯᠦᠪᠣᠷᠢ ᠨᠡᠭᠡᠮᠵᠢᠯᠡᠭᠦ ᠡᠷᠭᠡ ᠲᠡᠶ᠃

ᠳᠠᠯᠠᠨ ᠵᠢᠷᠭᠤᠳᠤᠭᠠᠷ ᠵᠣᠢ᠌ᠯ ᠮᠠᠰᠢᠠᠳᠤ ᠳᠡᠷᠭᠡ ᠵᠠᠮ ᠬᠠᠷᠢᠯᠴᠠᠭᠠᠨ ᠤ ᠭᠡᠨᠡᠳᠡᠯ ᠭᠠᠷᠤᠭᠠᠤᠨ ᠭᠦᠮᠤᠨ ᠢ ᠰᠢᠷᠬᠠᠳᠤᠭᠤᠯᠤᠨ ᠥᠭᠦᠭᠦᠯᠵᠤ᠂ ᠡᠳ᠋ ᠭᠦᠷᠦᠩᠭᠡ ᠳᠤ ᠬᠤᠭᠢᠷᠠᠯ ᠣᠴᠠᠷᠠᠭᠤᠯᠤᠭᠰᠠᠨ ᠪᠠᠢ᠌ᠪᠠᠯ᠂ ᠳᠠᠭᠠᠤᠠᠬᠠᠯ ᠤᠨ ᠭᠦᠩᠰᠧ ᠡᠴᠡ ᠮᠠᠰᠢᠠᠳᠤ ᠳᠡᠷᠭᠡᠨ ᠤ ᠭᠤᠷᠪᠠᠳᠤᠭᠠᠷ ᠡᠳᠡᠭᠡᠤᠨ ᠤᠨ ᠬᠠᠷᠢᠭᠤᠴᠠᠯᠭ᠎ᠠ ᠶᠢᠨ ᠠᠯᠪᠠᠳᠠᠯᠭ᠎ᠠ ᠶᠢᠨ ᠳᠠᠭᠠᠤᠠᠬᠠᠯ ᠤᠨ ᠬᠠᠷᠢᠭᠤᠴᠠᠯᠭ᠎ᠠ ᠶᠢᠨ ᠭᠢᠵᠠᠭᠠᠷ ᠳᠤᠭᠠᠨ ᠤ ᠭᠡᠪᠴᠢᠶᠡᠨ ᠳᠤᠳᠤᠷ᠎ᠠ ᠲᠦᠯᠦᠪᠣᠷᠢ ᠦᠭ‍ᠭᠦᠨ᠎ᠡ᠃ ᠭᠦᠢᠴᠡᠭᠦ ᠦᠭᠡᠶ ᠭᠡᠰᠡᠭ᠌ ᠢ ᠳᠤᠤᠷ᠎ᠠ ᠵᠢᠭᠰᠠᠭᠠᠭᠰᠠᠨ ᠳᠤᠭᠳᠠᠭᠠᠯ ᠶᠢᠡᠷ ᠳᠦᠯᠦᠭᠦ ᠬᠠᠷᠢᠭᠤᠴᠠᠯᠭ᠎ᠠ ᠡᠭᠦᠷᠭᠡᠯᠡᠨ᠎ᠡ᠄

( ᠨᠢᠭᠡ ) ᠮᠠᠰᠢᠠᠳᠤ ᠳᠡᠷᠭᠡ ᠶᠢᠨ ᠬᠤᠭᠤᠷᠤᠠᠳᠤ ᠵᠠᠮ ᠬᠠᠷᠢᠯᠴᠠᠭᠠᠨ ᠤ ᠭᠡᠨᠡᠳᠡᠯ ᠭᠠᠷᠤᠭᠰᠠᠨ ᠪᠠᠢ᠌ᠪᠠᠯ᠂ ᠪᠣᠷᠤᠭᠤ ᠲᠡᠶ ᠳᠠᠯ᠎ᠠ ᠨᠢ ᠬᠠᠷᠢᠭᠤᠴᠠᠯᠭ᠎ᠠ ᠡᠭᠦᠷᠭᠡᠯᠡᠨ᠎ᠡ᠃ ᠬᠤᠶᠠᠷ ᠳᠠᠯ᠎ᠠ ᠪᠠᠷ ᠶᠢᠡᠨ ᠪᠦᠷ ᠪᠣᠷᠤᠭᠤ ᠲᠡᠶ ᠪᠠᠢ᠌ᠪᠠᠯ᠂ ᠳᠤᠰ ᠳᠤᠰ ᠤᠨ ᠪᠣᠷᠤᠭᠤ ᠶᠢᠨ ᠬᠠᠷᠢᠴᠠᠯ ᠶᠢᠡᠷ ᠬᠠᠷᠢᠭᠤᠴᠠᠯᠭ᠎ᠠ ᠡᠭᠦᠷᠭᠡᠯᠡᠨ᠎ᠡ᠃

( ᠬᠤᠶᠠᠷ ) ᠮᠠᠰᠢᠠᠳᠤ ᠳᠡᠷᠭᠡ ᠪᠣᠯᠤᠨ ᠮᠠᠰᠢᠠᠳᠤ ᠪᠣᠰᠤ ᠳᠡᠷᠭᠡᠨ ᠤ ᠵᠢᠯᠤᠭᠤᠴᠢ᠂ ᠶᠠᠪᠠᠭᠠᠨ ᠭᠦᠮᠤᠨ ᠤ ᠬᠤᠭᠤᠷᠤᠠᠳᠤ ᠵᠠᠮ ᠬᠠᠷᠢᠯᠴᠠᠭᠠᠨ ᠤ ᠭᠡᠨᠡᠳᠡᠯ ᠭᠠᠷᠤᠭᠰᠠᠨ ᠪᠠᠢ᠌ᠪᠠᠯ᠂ ᠮᠠᠰᠢᠠᠳᠤ ᠪᠣᠰᠤ ᠳᠡᠷᠭᠡᠨ ᠤ ᠵᠢᠯᠤᠭᠤᠴᠢ᠂ ᠶᠠᠪᠠᠭᠠᠨ ᠭᠦᠮᠤᠨ ᠪᠣᠷᠤᠭᠤ ᠦᠭᠡᠶ ᠪᠠᠢ᠌ᠪᠠᠯ᠂ ᠮᠠᠰᠢᠠᠳᠤ ᠳᠡᠷᠭᠡᠨ ᠤ ᠳᠠᠯ᠎ᠠ ᠶᠢᠨ ᠭᠢᠨ ᠳᠦᠯᠦᠭᠦ ᠬᠠᠷᠢᠭᠤᠴᠠᠯᠭ᠎ᠠ ᠡᠭᠦᠷᠭᠡᠯᠡᠨ᠎ᠡ᠃ ᠮᠠᠰᠢᠠᠳᠤ ᠪᠣᠰᠤ ᠳᠡᠷᠭᠡᠨ ᠤ ᠵᠢᠯᠤᠭᠤᠴᠢ᠂ ᠶᠠᠪᠠᠭᠠᠨ ᠭᠦᠮᠤᠨ ᠪᠣᠷᠤᠭᠤ ᠲᠡᠶ ᠶᠢ ᠭᠡᠷᠡᠴᠢᠯᠡᠭᠦ ᠭᠡᠷᠡᠴᠢ ᠪᠠᠷᠢᠮᠳᠠ ᠲᠡᠶ ᠪᠠᠢ᠌ᠪᠠᠯ᠂ ᠪᠣᠷᠤᠭᠤ ᠶᠢᠨ ᠭᠡᠮᠵᠢᠶ᠎ᠡ ᠶᠢ ᠦᠨᠳᠦᠰᠦᠯᠠᠵᠤ ᠮᠠᠰᠢᠠᠳᠤ ᠳᠡᠷᠭᠡᠨ ᠤ ᠳᠠᠯ᠎ᠠ ᠶᠢᠨ ᠭᠢᠨ ᠤ ᠳᠦᠯᠦᠭᠦ ᠬᠠᠷᠢᠭᠤᠴᠠᠯᠭ᠎ᠠ ᠶᠢ ᠵᠤᠭᠢᠬᠤ ᠭᠡᠮᠵᠢᠶ᠎ᠡ ᠪᠠᠷ ᠭᠦᠩᠭᠡᠷᠡᠭᠦᠯᠦᠨ᠎ᠡ᠃ ᠮᠠᠰᠢᠠᠳᠤ ᠳᠡᠷᠭᠡᠨ ᠤ ᠳᠠᠯ᠎ᠠ ᠶᠢᠨ ᠭᠢᠨ ᠪᠣᠷᠤᠭᠤ ᠦᠭᠡᠶ ᠪᠠᠢ᠌ᠪᠠᠯ᠂ ᠵᠠᠭᠤᠨ ᠤ ᠠᠷᠪᠠ ᠡᠴᠡ ᠭᠡᠳᠦᠷᠡᠭᠦ ᠦᠭᠡᠶ ᠳᠦᠯᠦᠭᠦ ᠬᠠᠷᠢᠭᠤᠴᠠᠯᠭ᠎ᠠ ᠡᠭᠦᠷᠭᠡᠯᠡᠨ᠎ᠡ᠃

ᠵᠠᠮ ᠬᠠᠷᠢᠯᠴᠠᠭᠠᠨ ᠤ ᠭᠡᠨᠡᠳᠡᠯ ᠤᠨ ᠬᠤᠭᠢᠷᠠᠯ ᠢ ᠮᠠᠰᠢᠠᠳᠤ ᠪᠣᠰᠤ ᠳᠡᠷᠭᠡᠨ ᠤ ᠵᠢᠯᠤᠭᠤᠴᠢ᠂ ᠶᠠᠪᠠᠭᠠᠨ ᠭᠦᠮᠤᠨ ᠵᠤᠷᠢᠭᠤᠳᠠ ᠮᠠᠰᠢᠠᠳᠤ ᠳᠡᠷᠭᠡ ᠶᠢ ᠮᠥᠷᠭᠦᠵᠤ ᠡᠭᠦᠰᠭᠡᠭ᠍ᠰᠡᠨ ᠪᠠᠢ᠌ᠪᠠᠯ᠂ ᠮᠠᠰᠢᠠᠳᠤ ᠳᠡᠷᠭᠡᠨ ᠤ ᠳᠠᠯ᠎ᠠ ᠶᠢᠨ ᠭᠢᠨ ᠳᠦᠯᠦᠭᠦ ᠬᠠᠷᠢᠭᠤᠴᠠᠯᠭ᠎ᠠ ᠡᠭᠦᠷᠭᠡᠯᠡᠭᠦ ᠦᠭᠡᠶ᠃

ᠳᠠᠯᠠᠨ ᠳᠤᠯᠤᠳᠤᠭᠠᠷ ᠵᠣᠢ᠌ᠯ ᠳᠡᠷᠭᠡ ᠣᠨᠤᠭ᠎ᠠ ᠵᠠᠮ ᠡᠴᠡ ᠭᠠᠳᠠᠨ᠎ᠠ ᠨᠡᠪᠳᠡᠷᠡᠭᠦ ᠳᠡᠭᠡᠨ ᠭᠡᠨᠡᠳᠡᠯ ᠭᠠᠷᠤᠭᠠᠤᠨ᠂ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠭᠡᠷᠡᠭ᠌ ᠤᠨ ᠮᠡᠳᠡᠭᠦᠯᠦᠯᠳᠡ ᠶᠢ ᠣᠯᠤᠭᠰᠠᠨ ᠪᠠᠢ᠌ᠪᠠᠯ᠂ ᠳᠤᠰ ᠬᠠᠤᠯᠢ ᠶᠢᠨ ᠬᠤᠯᠪᠣᠭᠳᠠᠯ ᠪᠦᠭᠦᠢ ᠳᠤᠭᠳᠠᠭᠠᠯ ᠶᠢᠡᠷ ᠯᠠᠪᠯᠠᠯᠳᠠ ᠪᠣᠯᠭᠠᠵᠤ ᠰᠢ᠌ᠤᠠᠪᠣᠷᠢᠯᠠᠨ᠎ᠠ᠃


ᠵᠢᠷᠭᠤᠳᠤᠭᠠᠷ ᠪᠦᠯᠦᠭ᠌      ᠬᠠᠤᠯᠢ ᠶᠢᠨ ᠭᠡᠷᠡᠭ᠍ᠵᠢᠭᠦᠯᠦᠯᠳᠡ ᠳᠤ ᠭᠢᠨᠠᠯᠳᠠ ᠳᠠᠯᠪᠢᠬᠤ


ᠳᠠᠯᠠᠨ ᠨᠢ᠋ᠮᠠᠳᠤᠭᠠᠷ ᠵᠣᠢ᠌ᠯ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠵᠠᠮ ᠬᠠᠷᠢᠯᠴᠠᠭᠠᠨ ᠤ ᠴᠠᠭᠳᠠᠭ᠎ᠠ ᠶᠢ ᠬᠠᠮᠢᠶᠠᠷᠬᠤ ᠬᠠᠮᠢᠶᠠᠷᠤᠯᠳᠠ ᠪᠠᠨ ᠴᠢᠩᠭ᠋ᠠᠤᠠᠬᠠᠵᠤ᠂ ᠵᠠᠮ ᠬᠠᠷᠢᠯᠴᠠᠭᠠᠨ ᠤ ᠴᠠᠭᠳᠠᠭ᠎ᠠ ᠶᠢᠨ ᠭᠡᠪ ᠴᠢᠨᠠᠷ ᠪᠣᠯᠤᠨ ᠵᠠᠮ ᠬᠠᠷᠢᠯᠴᠠᠭ᠎ᠠ ᠶᠢ ᠬᠠᠮᠢᠶᠠᠷᠬᠤ ᠭᠢᠷᠢ ᠭᠡᠮᠵᠢᠶ᠎ᠡ ᠶᠢ ᠳᠡᠭᠡᠭ᠍ᠰᠢᠯᠡᠭᠦᠯᠭᠦ ᠭᠡᠷᠡᠭ᠍ᠳᠡᠢ᠃

ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠵᠠᠮ ᠬᠠᠷᠢᠯᠴᠠᠭᠠᠨ ᠤ ᠴᠠᠭᠳᠠᠭ᠎ᠠ ᠳᠤ ᠬᠠᠤᠯᠢ ᠳᠦᠷᠢᠮ ᠪᠣᠯᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠳᠠ ᠶᠢᠨ ᠳᠤᠬᠠᠢ᠌ᠯᠠᠭᠰᠠᠨ ᠠᠵᠢᠯ ᠤᠨ ᠪᠣᠯᠪᠠᠰᠤᠷᠠᠯ᠂ ᠭᠢᠨᠠᠨ ᠰᠢᠯᠭᠠᠯᠳᠠ ᠭᠢᠭᠦ ᠭᠡᠷᠡᠭ᠍ᠳᠡᠢ᠃ ᠵᠠᠮ ᠬᠠᠷᠢᠯᠴᠠᠭᠠᠨ ᠤ ᠴᠠᠭᠳᠠᠭ᠎ᠠ ᠭᠢᠨᠠᠨ ᠰᠢᠯᠭᠠᠯᠳᠠ ᠳᠤ ᠭᠢᠷᠢ ᠳᠡᠩᠴᠡᠭ᠍ᠰᠡᠨ ᠦᠭᠡᠶ ᠪᠣᠯ ᠠᠵᠢᠯ ᠤᠨ ᠪᠠᠢ᠌ᠷᠢ ᠳᠤ ᠡᠭᠦᠷᠭᠡ ᠳᠤᠰᠢᠶᠠᠯ ᠭᠦᠢᠴᠡᠳᠭᠡᠵᠤ ᠪᠣᠯᠬᠤ ᠦᠭᠡᠶ᠃

ᠳᠠᠯᠠ ᠶ‍ᠢᠰᠦᠳᠦᠭᠡᠷ ᠵᠣᠢ᠌ᠯ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠵᠢᠴᠢ ᠵᠠᠮ ᠬᠠᠷᠢᠯᠴᠠᠭᠠᠨ ᠤ ᠴᠠᠭᠳᠠᠭ᠎ᠠ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠳᠠ ᠶᠠᠪᠣᠭᠤᠯᠬᠤ ᠳᠠᠭᠠᠨ ᠬᠠᠤᠯᠢ ᠳᠤ ᠳᠤᠭᠳᠠᠭᠠᠭᠰᠠᠨ ᠡᠷᠭᠡ ᠳᠤᠰᠢᠶᠠᠯ ᠪᠣᠯᠤᠨ ᠵᠢᠷᠤᠮ ᠢ ᠦᠨᠳᠦᠰᠦᠯᠠᠨ᠂ ᠭᠡᠷᠡᠭ᠌ ᠰᠢ᠌ᠦᠡᠪᠦᠷᠢᠯᠡᠭᠦ ᠭᠠᠷ ᠭᠦᠢᠴᠡᠳᠭᠡᠯ ᠢ ᠳᠦᠭᠦᠮᠴᠢᠯᠡᠵᠤ᠂ ᠲᠦᠪ ᠭᠤᠤᠯᠴᠢ᠂ ᠴᠢᠩᠭ᠋᠎ᠠ ᠨᠢᠮᠪᠠᠢ᠂ ᠪᠣᠯᠪᠠᠰᠤᠨ᠂ ᠪᠦᠳᠦᠮᠵᠢ ᠰᠠᠢ᠌ᠳᠠᠢ ᠪᠠᠢ᠌ᠬᠤ ᠭᠡᠷᠡᠭ᠍ᠳᠡᠢ᠃

ᠨᠠᠶᠠᠳᠤᠭᠠᠷ ᠵᠣᠢ᠌ᠯ ᠵᠠᠮ ᠬᠠᠷᠢᠯᠴᠠᠭᠠᠨ ᠤ ᠴᠠᠭᠳᠠᠭ᠎ᠠ ᠡᠭᠦᠷᠭᠡ ᠳᠤᠰᠢᠶᠠᠯ ᠶᠢᠡᠨ ᠭᠦᠢᠴᠡᠳᠭᠡᠭᠦ ᠳᠡᠭᠡᠨ ᠳᠤᠭᠳᠠᠭᠠᠯ ᠶᠤᠰᠤᠭᠠᠷ ᠬᠤᠪᠴᠠᠰᠤᠯᠠᠵᠤ᠂ ᠠᠷᠠᠤᠨ ᠤᠨ ᠴᠠᠭᠳᠠᠭᠠᠨ ᠤ ᠢᠯᠡᠳᠭᠡᠮᠵᠢ ᠳᠡᠮᠳᠡᠭ᠌ ᠵᠡᠭᠦᠵᠤ᠂ ᠠᠷᠠᠤᠨ ᠤᠨ ᠴᠠᠭᠳᠠᠭᠠᠨ ᠤ ᠭᠡᠷᠡᠴᠢ ᠦᠨᠡᠮᠯᠠᠯ ᠠᠪᠴᠤ᠂ ᠴᠠᠭᠳᠠᠭᠠᠨ ᠤ ᠴᠢᠩᠭ᠋᠎ᠠ ᠳᠦᠪᠯᠡᠭᠦᠨ ᠳᠦᠷᠢ ᠳᠦᠷᠭᠦ ᠲᠡᠶ᠂ ᠳᠡᠭ᠍ᠰᠢ ᠳᠦᠪᠯᠡᠭᠦᠨ ᠭᠦᠳᠡᠯᠦᠯ ᠪᠠᠷᠢᠯ ᠲᠡᠶ᠂ ᠵᠢᠯᠤᠭᠤᠳᠤᠯᠭ᠎ᠠ ᠨᠢ ᠵᠢᠷᠤᠮᠵᠢᠯ ᠲᠡᠶ ᠪᠠᠢ᠌ᠬᠤ ᠶᠢ ᠪᠠᠳᠤᠯᠠᠬᠤ ᠭᠡᠷᠡᠭ᠍ᠳᠡᠢ᠃

ᠨᠠᠶᠠᠨ ᠨᠢᠭᠡᠳᠦᠭᠡᠷ ᠵᠣᠢ᠌ᠯ ᠳᠤᠰ ᠬᠠᠤᠯᠢ ᠶᠢ ᠦᠨᠳᠦᠰᠦᠯᠠᠨ ᠫᠠᠢ᠌ᠰᠠ ᠦᠨᠡᠮᠯᠠᠯ ᠣᠯᠭᠤᠬᠤ ᠵᠡᠷᠭᠡ ᠳᠤ ᠭᠦᠯᠦᠰᠤ ᠥᠷᠳᠡᠭ᠌ ᠤᠨ ᠰᠥᠢᠦᠡᠭᠡᠯ ᠬᠤᠷᠢᠶᠠᠬᠤ ᠳᠠᠭᠠᠨ ᠲᠦᠷᠦ ᠶᠢᠨ ᠶᠠᠪᠣᠳᠠᠯ ᠤᠨ ᠬᠤᠷᠢᠶᠠᠨ ᠤ ᠦᠨ᠎ᠡ ᠬᠠᠩᠰᠢ ᠶᠢᠨ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠤᠨ ᠭᠢᠨᠠᠨ ᠳᠤᠭᠳᠠᠭᠠᠭᠰᠠᠨ ᠰᠥᠢᠦᠡᠭᠡᠯ ᠬᠤᠷᠢᠶᠠᠬᠤ ᠪᠠᠷᠢᠮᠵᠢᠶ᠎ᠠ ᠶᠢ ᠴᠢᠩᠭ᠋᠎ᠠ ᠭᠡᠷᠡᠭ᠍ᠵᠢᠭᠦᠯᠭᠦ ᠭᠡᠷᠡᠭ᠍ᠳᠡᠢ ᠪᠦᠭᠡᠤᠨ ᠪᠦᠭᠦᠳᠡ ᠶᠢ ᠳᠡᠭᠡᠭ᠍ᠰᠢ ᠣᠯᠤᠰ ᠤᠨ ᠰᠠᠩ ᠳᠤ ᠳᠤᠰᠢᠶᠠᠬᠤ ᠭᠡᠷᠡᠭ᠍ᠳᠡᠢ᠃

ᠨᠠᠶᠠᠨ ᠬᠤᠶᠠᠳᠤᠭᠠᠷ ᠵᠣᠢ᠌ᠯ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠬᠠᠤᠯᠢ ᠶᠤᠰᠤᠭᠠᠷ ᠵᠤᠭᠤᠰ ᠶᠢᠡᠷ ᠳᠤᠷᠭᠠᠬᠤ ᠵᠠᠰᠠᠭ ᠵᠠᠭᠢᠷᠭᠠᠨ ᠤ ᠰᠢᠦᠡᠭᠡᠯ ᠦᠭ‍ᠭᠦ ᠳᠡᠭᠡᠨ ᠬᠤᠯᠪᠣᠭᠳᠠᠯ ᠪᠦᠭᠦᠢ ᠬᠠᠤᠯᠢ ᠴᠠᠭᠠᠵᠠ᠂ ᠵᠠᠰᠠᠭ ᠵᠠᠭᠢᠷᠭᠠᠨ ᠤ ᠬᠠᠤᠯᠢ ᠳᠤᠭᠳᠠᠭᠠᠯ ᠤᠨ ᠳᠤᠭᠳᠠᠭᠠᠯ ᠢ ᠦᠨᠳᠦᠰᠦᠯᠠᠨ᠂ ᠵᠤᠭᠤᠰ ᠶᠢᠡᠷ ᠳᠤᠷᠭᠠᠬᠤ ᠳᠤᠭᠳᠠᠭᠠᠯ ᠢ ᠭᠡᠷᠡᠭ᠍ᠵᠢᠭᠦᠯᠭᠦ ᠪᠣᠯᠤᠨ ᠳᠤᠷᠭᠠᠭᠤᠯᠢ ᠶᠢᠨ ᠵᠤᠭᠤᠰ ᠢ ᠬᠤᠷᠢᠶᠠᠨ ᠠᠪᠬᠤ ᠶᠠᠪᠣᠳᠠᠯ ᠢ ᠰᠠᠯᠭᠠᠬᠤ ᠭᠡᠷᠡᠭ᠍ᠳᠡᠢ᠃ ᠬᠤᠷᠢᠶᠠᠨ ᠠᠪᠣᠭᠰᠠᠨ ᠳᠤᠷᠭᠠᠭᠤᠯᠢ ᠶᠢᠨ ᠵᠤᠭᠤᠰ ᠪᠣᠯᠤᠨ ᠬᠠᠤᠯᠢ ᠶᠤᠰᠤᠭᠠᠷ ᠬᠤᠷᠢᠶᠠᠨ ᠠᠪᠣᠭᠰᠠᠨ ᠬᠠᠤᠯᠢ ᠶᠢ ᠵᠦᠷᠢᠴᠠᠵᠤ ᠣᠯᠤᠭᠰᠠᠨ ᠣᠯᠵᠠ ᠠᠰᠢᠭ ᠢ ᠪᠦᠭᠦᠳᠡ ᠶᠢ ᠳᠡᠭᠡᠭ᠍ᠰᠢ ᠣᠯᠤᠰ ᠤᠨ ᠰᠠᠩ ᠳᠤ ᠳᠤᠰᠢᠶᠠᠬᠤ ᠭᠡᠷᠡᠭ᠍ᠳᠡᠢ᠃

ᠨᠠᠶᠠᠨ ᠭᠤᠷᠪᠠᠳᠤᠭᠠᠷ ᠵᠣᠢ᠌ᠯ ᠵᠠᠮ ᠬᠠᠷᠢᠯᠴᠠᠭᠠᠨ ᠤ ᠴᠠᠭᠳᠠᠭ᠎ᠠ ᠵᠠᠮ ᠬᠠᠷᠢᠯᠴᠠᠭᠠᠨ ᠤ ᠠᠮᠤᠷ ᠲᠦᠪᠰᠢᠨ ᠤ ᠳᠤᠬᠠᠢ ᠬᠠᠤᠯᠢ ᠶᠢ ᠵᠥᠷᠢᠴᠡᠭ᠍ᠰᠡᠨ ᠠᠵᠢᠯᠯᠠᠭ᠎ᠠ ᠪᠣᠯᠤᠨ ᠵᠠᠮ ᠬᠠᠷᠢᠯᠴᠠᠭᠠᠨ ᠤ ᠭᠡᠨᠡᠳᠡᠯ ᠢ ᠪᠠᠢ᠌ᠴᠠᠭᠠᠨ ᠰᠢ᠌ᠦᠡᠪᠦᠷᠢᠯᠡᠭᠦ ᠳᠡᠭᠡᠨ ᠳᠤᠤᠷ᠎ᠠ ᠵᠢᠭᠰᠠᠭᠠᠭᠰᠠᠨ ᠪᠠᠢ᠌ᠳᠠᠯ ᠤᠳ ᠤᠨ ᠨᠢᠭᠡ ᠨᠢ ᠪᠠᠢ᠌ᠪᠠᠯ ᠵᠠᠢ᠌ᠯᠠᠬᠤ ᠭᠡᠷᠡᠭ᠍ᠳᠡᠢ᠄

( ᠨᠢᠭᠡ ) ᠳᠤᠰ ᠭᠡᠷᠡᠭ᠌ ᠤᠨ ᠳᠤᠬᠠᠢ ᠶᠢᠨ ᠭᠦᠮᠤᠨ ᠪᠣᠶᠤ ᠳᠤᠬᠠᠢ ᠶᠢᠨ ᠭᠦᠮᠤᠨ ᠤ ᠣᠢ᠌ᠷ᠎ᠠ ᠲᠦᠷᠦᠯ ᠰᠠᠳᠤᠨ ᠨᠢ ᠪᠣᠯᠬᠤ

( ᠬᠤᠶᠠᠷ ) ᠳᠤᠰ ᠭᠦᠮᠤᠨ ᠪᠣᠶᠤ ᠣᠢ᠌ᠷ᠎ᠠ ᠲᠦᠷᠦᠯ ᠰᠠᠳᠤᠨ ᠨᠢ ᠳᠤᠰ ᠭᠡᠷᠡᠭ᠌ ᠯᠦᠭᠡ ᠠᠰᠢᠭ ᠬᠤᠤᠷ ᠤᠨ ᠬᠠᠷᠢᠴᠠᠭ᠎ᠠ ᠲᠡᠶ ᠪᠠᠢ᠌ᠬᠤ

( ᠭᠤᠷᠪᠠ ) ᠳᠤᠰ ᠭᠡᠷᠡᠭ᠌ ᠤᠨ ᠳᠤᠬᠠᠢ ᠶᠢᠨ ᠭᠦᠮᠤᠨ ᠯᠦᠭᠡ ᠪᠣᠰᠤᠳ ᠬᠠᠷᠢᠴᠠᠭ᠎ᠠ ᠲᠡᠶ ᠪᠠᠢ᠌ᠵᠤ᠂ ᠭᠡᠷᠡᠭ᠌ ᠢ ᠭᠤᠤᠯᠴᠢ ᠪᠠᠷ ᠰᠢ᠌ᠦᠡᠪᠦᠷᠢᠯᠡᠭᠦ ᠶᠢ ᠨᠥᠯᠦᠭᠡᠯᠡᠵᠤ ᠮᠡᠳᠡᠭᠦ᠃

ᠨᠠᠶᠠᠨ ᠳᠦᠷᠪᠠᠳᠦᠭᠡᠷ ᠵᠣᠢ᠌ᠯ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠪᠣᠯᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠵᠠᠰᠠᠭ ᠵᠠᠭᠢᠷᠭᠠᠨ ᠤ ᠬᠠᠤᠯᠢ ᠭᠡᠷᠡᠭ᠍ᠵᠢᠭᠦᠯᠭᠦ ᠠᠵᠢᠯᠯᠠᠭ᠎ᠠ ᠨᠢ ᠵᠠᠰᠠᠭ ᠵᠠᠭᠢᠷᠭᠠᠨ ᠤ ᠭᠢᠨᠠᠨ ᠪᠠᠢ᠌ᠴᠠᠭᠠᠬᠤ ᠪᠠᠢ᠌ᠭᠤᠯᠭ᠎ᠠ ᠶᠢᠨ ᠬᠠᠤᠯᠢ ᠶᠤᠰᠤᠭᠠᠷ ᠶᠠᠪᠣᠭᠤᠯᠬᠤ ᠭᠢᠨᠠᠯᠳᠠ ᠶᠢ ᠭᠦᠯᠢᠶᠡᠭᠦ ᠭᠡᠷᠡᠭ᠍ᠳᠡᠢ᠃

ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠭᠢᠨᠠᠨ ᠪᠠᠢ᠌ᠴᠠᠭᠠᠬᠤ ᠰᠠᠯᠠᠭ᠎ᠠ ᠮᠦᠴᠢᠷ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠪᠣᠯᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠬᠠᠤᠯᠢ ᠴᠠᠭᠠᠵᠠ᠂ ᠬᠠᠤᠯᠢ ᠳᠤᠭᠳᠠᠭᠠᠯ ᠢ ᠭᠡᠷᠡᠭ᠍ᠵᠢᠭᠦᠯᠵᠤ ᠪᠠᠢ᠌ᠭ᠎ᠠ ᠪᠠᠢ᠌ᠳᠠᠯ ᠪᠠ ᠰᠠᠭᠢᠯᠭ᠎ᠠ ᠪᠠᠳᠤ ᠶᠢ ᠵᠢᠷᠤᠮᠯᠠᠨ ᠰᠠᠭᠢᠵᠤ ᠪᠠᠢ᠌ᠭ᠎ᠠ ᠪᠠᠢ᠌ᠳᠠᠯ ᠳᠤ ᠬᠠᠤᠯᠢ ᠶᠤᠰᠤᠭᠠᠷ ᠭᠢᠨᠠᠯᠳᠠ ᠳᠠᠯᠪᠢᠬᠤ ᠭᠡᠷᠡᠭ᠍ᠳᠡᠢ᠃

ᠳᠡᠭᠡᠳᠤ ᠱᠠᠳᠤᠨ ᠤ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠳᠤᠤᠷᠠᠳᠤ ᠱᠠᠳᠤᠨ ᠤ ᠪᠠᠨ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠬᠠᠤᠯᠢ ᠭᠡᠷᠡᠭ᠍ᠵᠢᠭᠦᠯᠭᠦ ᠠᠵᠢᠯᠯᠠᠭ᠎ᠠ ᠳᠤ ᠭᠢᠨᠠᠯᠳᠠ ᠳᠠᠯᠪᠢᠬᠤ ᠭᠡᠷᠡᠭ᠍ᠳᠡᠢ᠃

ᠨᠠᠶᠠᠨ ᠳᠠᠪᠣᠳᠤᠭᠠᠷ ᠵᠣᠢ᠌ᠯ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠪᠣᠯᠤᠨ ᠵᠠᠮ ᠬᠠᠷᠢᠯᠴᠠᠭᠠᠨ ᠤ ᠴᠠᠭᠳᠠᠭ᠎ᠠ ᠡᠭᠦᠷᠭᠡ ᠳᠤᠰᠢᠶᠠᠯ ᠶᠢᠡᠨ ᠭᠦᠢᠴᠡᠳᠭᠡᠭᠦ ᠳᠡᠭᠡᠨ ᠨᠡᠢ᠌ᠭᠡᠮ ᠨᠠᠢ᠌ᠳᠠ ᠪᠣᠯᠤᠨ ᠠᠷᠠᠤᠨ ᠢᠷᠭᠡᠤᠨ ᠤᠨ ᠭᠢᠨᠠᠯᠳᠠ ᠶᠢ ᠣᠬᠠᠮᠰᠠᠷ ᠡᠴᠡ ᠪᠠᠨ ᠭᠦᠯᠢᠶᠡᠭᠦ ᠭᠡᠷᠡᠭ᠍ᠳᠡᠢ᠃

ᠶᠠᠮᠠᠷᠪᠠ ᠨᠢᠭᠡᠴᠢ ᠪᠠ ᠬᠤᠪᠢ ᠭᠦᠮᠤᠨ ᠴᠦᠮ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠪᠣᠯᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠬᠠᠤᠯᠢ ᠶᠢ ᠴᠢᠩᠭ᠋᠎ᠠ ᠭᠡᠷᠡᠭ᠍ᠵᠢᠭᠦᠯᠭᠦ ᠦᠭᠡᠶ ᠪᠠᠢ᠌ᠬᠤ ᠵᠢᠴᠢ ᠬᠠᠤᠯᠢ ᠶᠢ ᠵᠦᠷᠢᠴᠠᠵᠤ ᠰᠠᠭᠢᠯᠭ᠎ᠠ ᠪᠠᠳᠤ ᠶᠢ ᠵᠥᠷᠢᠴᠡᠭ᠍ᠰᠡᠨ ᠠᠵᠢᠯᠯᠠᠭ᠎ᠠ ᠶᠢ ᠢᠯᠡᠴᠢᠯᠡᠭᠦ᠂ ᠵᠠᠭᠠᠯᠳᠤᠬᠤ ᠡᠷᠭᠡ ᠲᠡᠶ᠃ ᠢᠯᠠᠴᠢᠯᠠᠯᠳᠠ᠂ ᠵᠠᠭᠠᠯᠳᠤᠯᠭ᠎ᠠ ᠶᠢ ᠭᠦᠯᠢᠶᠡᠨ ᠠᠪᠣᠭᠰᠠᠨ ᠪᠠᠢ᠌ᠭᠤᠯᠭ᠎ᠠ ᠳᠤᠰᠢᠶᠠᠯ ᠬᠠᠷᠢᠭᠤᠴᠠᠯᠭ᠎ᠠ ᠶᠢᠨ ᠶᠢᠡᠨ ᠶᠤᠰᠤᠭᠠᠷ ᠴᠠᠭ ᠳᠤᠬᠠᠢ ᠳ᠋ᠤᠨᠢ ᠪᠠᠢ᠌ᠴᠠᠭᠠᠨ ᠰᠢ᠌ᠦᠡᠪᠦᠷᠢᠯᠡᠭᠦ ᠭᠡᠷᠡᠭ᠍ᠳᠡᠢ᠃

ᠨᠠᠶᠠᠨ ᠵᠢᠷᠭᠤᠳᠤᠭᠠᠷ ᠵᠣᠢ᠌ᠯ ᠶᠠᠮᠠᠷᠪᠠ ᠨᠢᠭᠡᠴᠢ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠵᠤᠭᠤᠰ ᠶᠢᠡᠷ ᠳᠤᠷᠭᠠᠬᠤ ᠭᠦᠢᠴᠡᠳᠭᠡᠭᠦ ᠳᠤᠭ᠎ᠠ ᠶᠢ ᠪᠠᠭᠤᠯᠭᠠᠬᠤ ᠪᠣᠶᠤ ᠭᠡᠯᠪᠠᠷᠢ ᠶᠢ ᠨᠢ ᠥᠭᠡᠷᠡᠳᠦᠭᠦᠯᠤᠨ ᠪᠠᠭᠤᠯᠭᠠᠵᠤ ᠪᠣᠯᠬᠤ ᠦᠭᠡᠶ᠃ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ ᠵᠤᠭᠤᠰ ᠳᠤᠷᠭᠠᠭᠰᠠᠨ ᠳᠤᠭ᠎ᠠ ᠪᠠᠷ ᠵᠠᠮ ᠬᠠᠷᠢᠯᠴᠠᠭᠠᠨ ᠤ ᠴᠠᠭᠳᠠᠭ᠎ᠠ ᠶᠢ ᠭᠢᠨᠠᠨ ᠰᠢᠯᠭᠠᠬᠤ ᠪᠠᠷᠢᠮᠵᠢᠶ᠎ᠠ ᠪᠣᠯᠭᠠᠵᠤ ᠪᠣᠯᠬᠤ ᠦᠭᠡᠶ᠃

ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠪᠣᠯᠤᠨ ᠵᠠᠮ ᠬᠠᠷᠢᠯᠴᠠᠭᠠᠨ ᠤ ᠴᠠᠭᠳᠠᠭ᠎ᠠ ᠬᠠᠤᠯᠢ ᠴᠠᠭᠠᠵᠠ᠂ ᠬᠠᠤᠯᠢ ᠳᠤᠭᠳᠠᠭᠠᠯ ᠤᠨ ᠳᠤᠭᠳᠠᠭᠠᠯ ᠡᠴᠡ ᠳᠠᠪᠠᠭᠰᠠᠨ ᠵᠠᠷᠯᠢᠭ ᠵᠢᠭᠠᠪᠣᠷᠢ ᠶᠢ ᠭᠡᠷᠡᠭ᠍ᠵᠢᠭᠦᠯᠭᠦ ᠶᠢ ᠳᠡᠪᠴᠢᠭᠦ ᠡᠷᠭᠡ ᠲᠡᠶ ᠪᠦᠭᠡᠤᠨ ᠳᠡᠭᠡᠳᠤ ᠱᠠᠳᠤᠨ ᠤ ᠪᠠᠢ᠌ᠭᠤᠯᠭ᠎ᠠ ᠳᠤ ᠮᠡᠳᠡᠭᠦᠯᠭᠦ ᠡᠷᠭᠡ ᠲᠡᠶ᠃


ᠳᠤᠯᠤᠳᠤᠭᠠᠷ ᠪᠦᠯᠦᠭ᠌      ᠬᠠᠤᠯᠢ ᠶᠢᠨ ᠬᠠᠷᠢᠭᠤᠴᠠᠯᠭ᠎ᠠ


ᠨᠠᠶᠠᠨ ᠳᠤᠯᠤᠳᠤᠭᠠᠷ ᠵᠣᠢ᠌ᠯ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠪᠣᠯᠤᠨ ᠵᠠᠮ ᠬᠠᠷᠢᠯᠴᠠᠭᠠᠨ ᠤ ᠴᠠᠭᠳᠠᠭ᠎ᠠ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠵᠥᠷᠢᠴᠡᠭ᠍ᠰᠡᠨ ᠠᠵᠢᠯᠯᠠᠭ᠎ᠠ ᠶᠢ ᠴᠠᠭ ᠳᠤᠬᠠᠢ ᠳ᠋ᠤᠨᠢ ᠵᠠᠯᠠᠷᠠᠭᠤᠯᠬᠤ ᠭᠡᠷᠡᠭ᠍ᠳᠡᠢ᠃

ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠪᠣᠯᠤᠨ ᠵᠠᠮ ᠬᠠᠷᠢᠯᠴᠠᠭᠠᠨ ᠤ ᠴᠠᠭᠳᠠᠭ᠎ᠠ ᠪᠣᠳᠠᠳᠤ ᠭᠡᠷᠡᠭ᠌ ᠪᠠ ᠳᠤᠰ ᠬᠠᠤᠯᠢ ᠶᠢᠨ ᠬᠤᠯᠪᠣᠭᠳᠠᠯ ᠪᠦᠭᠦᠢ ᠳᠤᠭᠳᠠᠭᠠᠯ ᠢ ᠦᠨᠳᠦᠰᠦᠯᠠᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠵᠥᠷᠢᠴᠡᠭ᠍ᠰᠡᠨ ᠠᠵᠢᠯᠯᠠᠭ᠎ᠠ ᠶᠢ ᠰᠢᠦᠡᠭᠡᠭᠦ ᠭᠡᠷᠡᠭ᠍ᠳᠡᠢ᠃ ᠣᠢ᠌ᠯᠠ ᠪᠠᠢ᠌ᠳᠠᠯ ᠨᠢ ᠭᠦᠩᠭᠡᠨ᠂ ᠵᠠᠮ ᠨᠡᠪᠳᠡᠷᠡᠯᠭᠡ ᠶᠢ ᠨᠥᠯᠦᠭᠡᠯᠡᠭ᠍ᠰᠡᠨ ᠦᠭᠡᠶ ᠪᠠᠢ᠌ᠪᠠᠯ᠂ ᠬᠠᠤᠯᠢ ᠡᠴᠡ ᠵᠥᠷᠢᠴᠡᠭ᠍ᠰᠡᠨ ᠠᠵᠢᠯᠯᠠᠭ᠎ᠠ ᠶᠢ ᠨᠢ ᠵᠢᠭᠠᠨ ᠭᠠᠷᠭᠠᠵᠤ᠂ ᠠᠮᠠᠨ ᠰᠠᠷᠠᠮᠵᠢ ᠦᠭ‍ᠭᠦᠭ᠍ᠰᠡᠨ ᠤ ᠳᠠᠷᠠᠭ᠎ᠠ ᠳᠠᠯᠪᠢᠵᠤ ᠶᠠᠪᠣᠭᠤᠯᠤᠨ᠎ᠠ᠃

ᠨᠠᠶᠠᠨ ᠨᠢ᠋ᠮᠠᠳᠤᠭᠠᠷ ᠵᠣᠢ᠌ᠯ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠵᠥᠷᠢᠴᠡᠭ᠍ᠰᠡᠨ ᠠᠵᠢᠯᠯᠠᠭ᠎ᠠ ᠶᠢ ᠰᠢᠦᠡᠭᠡᠭᠦ ᠲᠦᠷᠦᠯ ᠵᠣᠢ᠌ᠯ ᠳᠤ᠄ ᠰᠠᠷᠠᠮᠵᠢ ᠦᠭ‍ᠭᠦ᠂ ᠵᠤᠭᠤᠰ ᠶᠢᠡᠷ ᠳᠤᠷᠭᠠᠬᠤ᠂ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠢ ᠨᠢ ᠲᠦᠷ ᠥᠯᠡᠳᠠᠭᠡᠵᠤ ᠠᠪᠬᠤ ᠪᠣᠶᠤ ᠬᠤᠷᠢᠶᠠᠨ ᠠᠪᠴᠤ ᠭᠦᠴᠤᠨ ᠦᠭᠡᠶ ᠪᠣᠯᠭᠠᠬᠤ᠂ ᠲᠦᠷ ᠬᠤᠷᠢᠬᠤ ᠵᠡᠷᠭᠡ ᠪᠠᠭᠳᠠᠨ᠎ᠠ᠃

ᠨᠠᠶᠠ ᠶ‍ᠢᠰᠦᠳᠦᠭᠡᠷ ᠵᠣᠢ᠌ᠯ ᠶᠠᠪᠠᠭᠠᠨ ᠭᠦᠮᠤᠨ᠂ ᠳᠡᠷᠭᠡᠨ ᠳᠤ ᠰᠠᠭᠤᠭᠴᠢ᠂ ᠮᠠᠰᠢᠠᠳᠤ ᠪᠣᠰᠤ ᠳᠡᠷᠭᠡᠨ ᠤ ᠵᠢᠯᠤᠭᠤᠴᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ᠂ ᠬᠠᠤᠯᠢ ᠳᠤᠭᠳᠠᠭᠠᠯ ᠳ᠋ᠠᠭᠢ ᠵᠠᠮ ᠨᠡᠪᠳᠡᠷᠡᠯᠭᠡ ᠶᠢᠨ ᠳᠤᠬᠠᠢ ᠳᠤᠭᠳᠠᠭᠠᠯ ᠢ ᠵᠦᠷᠢᠴᠠᠪᠠᠯ᠂ ᠰᠠᠷᠠᠮᠵᠢ ᠦᠭ‍ᠭᠦ ᠪᠣᠶᠤ ᠳᠠᠪᠤᠨ ᠳᠦᠭᠦᠷᠢᠭ᠌ ᠡᠴᠡ ᠳᠡᠭᠡᠭ᠍ᠰᠢ ᠳᠠᠪᠢᠨ ᠳᠦᠭᠦᠷᠢᠭ᠌ ᠡᠴᠡ ᠳᠤᠭᠤᠭᠰᠢ ᠵᠤᠭᠤᠰ ᠶᠢᠡᠷ ᠳᠤᠷᠭᠠᠬᠤ ᠪᠠᠷ ᠰᠢᠦᠡᠭᠡᠨ᠎ᠡ᠃ ᠮᠠᠰᠢᠠᠳᠤ ᠪᠣᠰᠤ ᠳᠡᠷᠭᠡᠨ ᠤ ᠵᠢᠯᠤᠭᠤᠴᠢ ᠵᠤᠭᠤᠰ ᠶᠢᠡᠷ ᠳᠤᠷᠭᠠᠬᠤ ᠰᠢᠦᠡᠭᠡᠯ ᠢ ᠭᠦᠯᠢᠶᠡᠭᠦ ᠦᠭᠡᠶ ᠪᠣᠯ᠂ ᠮᠠᠰᠢᠠᠳᠤ ᠪᠣᠰᠤ ᠳᠡᠷᠭᠡ ᠶᠢ ᠨᠢ ᠪᠠᠷᠢᠵᠤ ᠥᠯᠡᠳᠠᠭᠡᠵᠤ ᠪᠣᠯᠤᠨ᠎ᠠ᠃

ᠶᠡᠷᠡᠳᠦᠭᠡᠷ ᠵᠣᠢ᠌ᠯ ᠮᠠᠰᠢᠠᠳᠤ ᠳᠡᠷᠭᠡᠨ ᠤ ᠵᠢᠯᠤᠭᠤᠴᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ᠂ ᠬᠠᠤᠯᠢ ᠳᠤᠭᠳᠠᠭᠠᠯ ᠳ᠋ᠠᠭᠢ ᠵᠠᠮ ᠨᠡᠪᠳᠡᠷᠡᠯᠭᠡ ᠶᠢᠨ ᠳᠤᠬᠠᠢ ᠳᠤᠭᠳᠠᠭᠠᠯ ᠢ ᠵᠦᠷᠢᠴᠠᠪᠠᠯ᠂ ᠰᠠᠷᠠᠮᠵᠢ ᠦᠭ‍ᠭᠦ ᠪᠣᠶᠤ ᠬᠤᠷᠢᠨ ᠳᠦᠭᠦᠷᠢᠭ᠌ ᠡᠴᠡ ᠳᠡᠭᠡᠭ᠍ᠰᠢ ᠬᠤᠶᠠᠷ ᠵᠠᠭᠤᠨ ᠳᠦᠭᠦᠷᠢᠭ᠌ ᠡᠴᠡ ᠳᠤᠭᠤᠭᠰᠢ ᠵᠤᠭᠤᠰ ᠶᠢᠡᠷ ᠳᠤᠷᠭᠠᠬᠤ ᠪᠠᠷ ᠰᠢᠦᠡᠭᠡᠨ᠎ᠡ᠃ ᠳᠤᠰ ᠬᠠᠤᠯᠢ ᠳᠤ ᠠᠰᠳᠠᠭᠠᠨ ᠳᠤᠭᠳᠠᠭᠠᠯ ᠲᠡᠶ ᠪᠠᠢ᠌ᠪᠠᠯ ᠳᠠᠷᠠ ᠳᠤᠭᠳᠠᠭᠠᠯ ᠶᠤᠰᠤᠭᠠᠷ ᠰᠢᠦᠡᠭᠡᠨ᠎ᠡ᠃

ᠶᠠᠷᠠᠨ ᠨᠢᠭᠡᠳᠦᠭᠡᠷ ᠵᠣᠢ᠌ᠯ ᠠᠷᠢᠭᠢ ᠣᠤᠭᠤᠭᠰᠠᠨ ᠤ ᠳᠠᠷᠠᠭ᠎ᠠ ᠮᠠᠰᠢᠠᠳᠤ ᠳᠡᠷᠭᠡ ᠵᠢᠯᠤᠭᠤᠳᠤᠭᠰᠠᠨ ᠪᠠᠢ᠌ᠪᠠᠯ᠂ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠢ ᠨᠢ ᠨᠢᠭᠡ ᠰᠠᠷ᠎ᠠ ᠡᠴᠡ ᠳᠡᠭᠡᠭ᠍ᠰᠢ ᠭᠤᠷᠪᠠᠨ ᠰᠠᠷ᠎ᠠ ᠡᠴᠡ ᠳᠤᠭᠤᠭᠰᠢ ᠲᠦᠷ ᠥᠯᠡᠳᠠᠭᠡᠵᠤ ᠠᠪᠬᠤ ᠪᠠᠷ ᠰᠢᠦᠡᠭᠡᠭᠦ ᠪᠦᠭᠡᠤᠨ ᠬᠤᠶᠠᠷ ᠵᠠᠭᠤᠨ ᠳᠦᠭᠦᠷᠢᠭ᠌ ᠡᠴᠡ ᠳᠡᠭᠡᠭ᠍ᠰᠢ ᠳᠠᠪᠤᠨ ᠵᠠᠭᠤᠨ ᠳᠦᠭᠦᠷᠢᠭ᠌ ᠡᠴᠡ ᠳᠤᠭᠤᠭᠰᠢ ᠵᠤᠭᠤᠰ ᠶᠢᠡᠷ ᠳᠤᠷᠭᠠᠬᠤ ᠪᠠᠷ ᠨᠡᠢ᠌ᠯᠡᠭᠦᠯᠤᠨ ᠰᠢᠦᠡᠭᠡᠨ᠎ᠡ᠃ ᠠᠷᠢᠭᠢᠨ ᠳᠤ ᠰᠤᠭᠳᠤᠭᠰᠠᠨ ᠤ ᠳᠠᠷᠠᠭ᠎ᠠ ᠮᠠᠰᠢᠠᠳᠤ ᠳᠡᠷᠭᠡ ᠵᠢᠯᠤᠭᠤᠳᠤᠭᠰᠠᠨ ᠪᠠᠢ᠌ᠪᠠᠯ᠂ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠡᠴᠡ ᠳᠡᠭᠦᠨ ᠢ ᠠᠷᠢᠭᠢ ᠨᠢ ᠰᠡᠷᠭᠦᠳᠡᠯ᠎ᠡ ᠭᠢᠵᠠᠭᠠᠷᠯᠠᠵᠤ᠂ ᠠᠷᠪᠠᠨ ᠳᠠᠪᠤᠨ ᠡᠳᠦᠷ ᠡᠴᠡ ᠳᠤᠭᠤᠭᠰᠢ ᠲᠦᠷ ᠬᠤᠷᠢᠬᠤ ᠪᠠ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠢ ᠨᠢ ᠭᠤᠷᠪᠠᠨ ᠰᠠᠷ᠎ᠠ ᠡᠴᠡ ᠳᠡᠭᠡᠭ᠍ᠰᠢ ᠵᠢᠷᠭᠤᠭᠠᠨ ᠰᠠᠷ᠎ᠠ ᠡᠴᠡ ᠳᠤᠭᠤᠭᠰᠢ ᠲᠦᠷ ᠥᠯᠡᠳᠠᠭᠡᠵᠤ ᠠᠪᠬᠤ ᠪᠠᠷ ᠰᠢᠦᠡᠭᠡᠵᠤ᠂ ᠳᠠᠪᠤᠨ ᠵᠠᠭᠤᠨ ᠳᠦᠭᠦᠷᠢᠭ᠌ ᠡᠴᠡ ᠳᠡᠭᠡᠭ᠍ᠰᠢ ᠬᠤᠶᠠᠷ ᠮᠢᠩᠭ᠋ᠠᠨ ᠳᠦᠭᠦᠷᠢᠭ᠌ ᠡᠴᠡ ᠳᠤᠭᠤᠭᠰᠢ ᠵᠤᠭᠤᠰ ᠶᠢᠡᠷ ᠳᠤᠷᠭᠠᠬᠤ ᠪᠠᠷ ᠨᠡᠢ᠌ᠯᠡᠭᠦᠯᠤᠨ ᠰᠢᠦᠡᠭᠡᠨ᠎ᠡ᠃

ᠠᠷᠢᠭᠢ ᠣᠤᠭᠤᠭᠰᠠᠨ ᠤ ᠳᠠᠷᠠᠭ᠎ᠠ ᠳᠡᠭᠡᠭᠡᠪᠦᠷᠢ ᠡᠵᠡᠩᠨᠡᠯᠳᠡ ᠶᠢᠨ ᠮᠠᠰᠢᠠᠳᠤ ᠳᠡᠷᠭᠡ ᠵᠢᠯᠤᠭᠤᠳᠤᠭᠰᠠᠨ ᠪᠠᠢ᠌ᠪᠠᠯ᠂ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠢ ᠨᠢ ᠭᠤᠷᠪᠠᠨ ᠰᠠᠷ᠎ᠠ ᠲᠦᠷ ᠥᠯᠡᠳᠠᠭᠡᠵᠤ ᠠᠪᠬᠤ ᠪᠠᠷ ᠰᠢᠦᠡᠭᠡᠵᠤ᠂ ᠳᠠᠪᠤᠨ ᠵᠠᠭᠤᠨ ᠳᠦᠭᠦᠷᠢᠭ᠌ ᠵᠤᠭᠤᠰ ᠶᠢᠡᠷ ᠳᠤᠷᠭᠠᠬᠤ ᠪᠠᠷ ᠨᠡᠢ᠌ᠯᠡᠭᠦᠯᠤᠨ ᠰᠢᠦᠡᠭᠡᠨ᠎ᠡ᠃ ᠠᠷᠢᠭᠢᠨ ᠳᠤ ᠰᠤᠭᠳᠤᠭᠰᠠᠨ ᠤ ᠳᠠᠷᠠᠭ᠎ᠠ ᠳᠡᠭᠡᠭᠡᠪᠦᠷᠢ ᠡᠵᠡᠩᠨᠡᠯᠳᠡ ᠶᠢᠨ ᠮᠠᠰᠢᠠᠳᠤ ᠳᠡᠷᠭᠡ ᠵᠢᠯᠤᠭᠤᠳᠤᠭᠰᠠᠨ ᠪᠠᠢ᠌ᠪᠠᠯ᠂ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠡᠴᠡ ᠳᠡᠭᠦᠨ ᠢ ᠠᠷᠢᠭᠢ ᠨᠢ ᠰᠡᠷᠭᠦᠳᠡᠯ᠎ᠡ ᠭᠢᠵᠠᠭᠠᠷᠯᠠᠵᠤ᠂ ᠠᠷᠪᠠᠨ ᠳᠠᠪᠤᠨ ᠡᠳᠦᠷ ᠡᠴᠡ ᠳᠤᠭᠤᠭᠰᠢ ᠲᠦᠷ ᠬᠤᠷᠢᠬᠤ ᠪᠠ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠢ ᠨᠢ ᠵᠢᠷᠭᠤᠭᠠᠨ ᠰᠠᠷ᠎ᠠ ᠲᠦᠷ ᠥᠯᠡᠳᠠᠭᠡᠵᠤ ᠠᠪᠬᠤ ᠪᠠᠷ ᠰᠢᠦᠡᠭᠡᠵᠤ᠂ ᠬᠤᠶᠠᠷ ᠮᠢᠩᠭ᠋ᠠᠨ ᠳᠦᠭᠦᠷᠢᠭ᠌ ᠵᠤᠭᠤᠰ ᠶᠢᠡᠷ ᠳᠤᠷᠭᠠᠬᠤ ᠪᠠᠷ ᠨᠡᠢ᠌ᠯᠡᠭᠦᠯᠤᠨ ᠰᠢᠦᠡᠭᠡᠨ᠎ᠡ᠃

ᠨᠢᠭᠡ ᠵᠢᠯ ᠤᠨ ᠳᠤᠳᠤᠷ᠎ᠠ ᠡᠮᠦᠨᠡᠭᠢ ᠪᠠᠳᠠᠭ ᠲᠤ ᠳᠤᠭᠳᠠᠭᠠᠭᠰᠠᠨ ᠠᠷᠢᠭᠢᠨ ᠳᠤ ᠰᠤᠭᠳᠤᠭᠰᠠᠨ ᠤ ᠳᠠᠷᠠᠭ᠎ᠠ ᠮᠠᠰᠢᠠᠳᠤ ᠳᠡᠷᠭᠡ ᠵᠢᠯᠤᠭᠤᠳᠤᠭᠰᠠᠨ ᠠᠵᠢᠯᠯᠠᠭ᠎ᠠ ᠲᠡᠶ ᠪᠠᠢ᠌ᠵᠤ᠂ ᠬᠤᠶᠠᠷ ᠣᠳᠠᠭ᠎ᠠ ᠡᠴᠡ ᠳᠡᠭᠡᠭ᠍ᠰᠢ ᠰᠢᠦᠡᠭᠡᠭ᠍ᠳᠡᠭ᠍ᠰᠡᠨ ᠪᠠᠢ᠌ᠪᠠᠯ᠂ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠢ ᠨᠢ ᠬᠤᠷᠢᠶᠠᠨ ᠠᠪᠴᠤ ᠭᠦᠴᠤᠨ ᠦᠭᠡᠶ ᠪᠣᠯᠭᠠᠬᠤ ᠪᠦᠭᠡᠤᠨ ᠳᠠᠪᠤᠨ ᠵᠢᠯ ᠤᠨ ᠳᠤᠳᠤᠷ᠎ᠠ ᠳᠡᠭᠡᠭᠡᠪᠦᠷᠢ ᠡᠵᠡᠩᠨᠡᠯᠳᠡ ᠶᠢᠨ ᠮᠠᠰᠢᠠᠳᠤ ᠳᠡᠷᠭᠡ ᠵᠢᠯᠤᠭᠤᠳᠤᠭᠤᠯᠬᠤ ᠦᠭᠡᠶ᠃

ᠶᠠᠷᠠᠨ ᠬᠤᠶᠠᠳᠤᠭᠠᠷ ᠵᠣᠢ᠌ᠯ ᠵᠠᠰᠠᠮᠠᠯ ᠵᠠᠮ ᠤᠨ ᠠᠶᠠᠠᠴᠢᠳ ᠤᠨ ᠳᠡᠭᠡᠭᠡᠪᠦᠷᠢ ᠶᠢᠨ ᠳᠡᠷᠭᠡ ᠣᠨᠤᠭᠠᠨ ᠤ ᠳᠡᠭᠡᠭᠡᠭ᠍ᠰᠡᠨ ᠠᠶᠠᠠᠴᠢᠳ ᠨᠢ ᠳᠤᠭᠳᠠᠭᠠᠭᠰᠠᠨ ᠠᠶᠠᠠᠴᠢᠳ ᠤᠨ ᠳᠤᠭ᠎ᠠ ᠡᠴᠡ ᠭᠡᠳᠦᠷᠡᠭ᠍ᠰᠡᠨ ᠪᠠᠢ᠌ᠪᠠᠯ᠂ ᠬᠤᠶᠠᠷ ᠵᠠᠭᠤᠨ ᠳᠦᠭᠦᠷᠢᠭ᠌ ᠡᠴᠡ ᠳᠡᠭᠡᠭ᠍ᠰᠢ ᠳᠠᠪᠤᠨ ᠵᠠᠭᠤᠨ ᠳᠦᠭᠦᠷᠢᠭ᠌ ᠡᠴᠡ ᠳᠤᠭᠤᠭᠰᠢ ᠵᠤᠭᠤᠰ ᠶᠢᠡᠷ ᠳᠤᠷᠭᠠᠬᠤ ᠪᠠᠷ ᠰᠢᠦᠡᠭᠡᠨ᠎ᠡ᠃ ᠳᠤᠭᠳᠠᠭᠠᠭᠰᠠᠨ ᠠᠶᠠᠠᠴᠢᠳ ᠤᠨ ᠳᠤᠭ᠎ᠠ ᠡᠴᠡ ᠵᠠᠭᠤᠨ ᠤ ᠬᠤᠷᠢ ᠪᠠᠷ ᠭᠡᠳᠦᠷᠡᠭ᠍ᠰᠡᠨ ᠪᠣᠶᠤ ᠳᠤᠭᠳᠠᠭᠠᠯ ᠡᠴᠡ ᠵᠦᠷᠢᠴᠠᠵᠤ ᠪᠠᠷᠠᠭ᠎ᠠ ᠳᠡᠭᠡᠭᠡᠪᠦᠷᠢᠯᠡᠭ᠍ᠰᠡᠨ ᠪᠠᠢ᠌ᠪᠠᠯ᠂ ᠳᠠᠪᠤᠨ ᠵᠠᠭᠤᠨ ᠳᠦᠭᠦᠷᠢᠭ᠌ ᠡᠴᠡ ᠳᠡᠭᠡᠭ᠍ᠰᠢ ᠬᠤᠶᠠᠷ ᠮᠢᠩᠭ᠋ᠠᠨ ᠳᠦᠭᠦᠷᠢᠭ᠌ ᠡᠴᠡ ᠳᠤᠭᠤᠭᠰᠢ ᠵᠤᠭᠤᠰ ᠶᠢᠡᠷ ᠳᠤᠷᠭᠠᠬᠤ ᠪᠠᠷ ᠰᠢᠦᠡᠭᠡᠨ᠎ᠡ᠃

ᠪᠠᠷᠠᠭ᠎ᠠ ᠳᠡᠭᠡᠭᠡᠪᠦᠷᠢᠯᠡᠭᠦ ᠮᠠᠰᠢᠠᠳᠤ ᠳᠡᠷᠭᠡ ᠭᠢᠨᠠᠨ ᠳᠤᠭᠳᠠᠭᠠᠭᠰᠠᠨ ᠳᠠᠭᠠᠭᠠᠴᠠ ᠶᠢᠨ ᠭᠡᠮᠵᠢᠶ᠎ᠡ ᠡᠴᠡ ᠭᠡᠳᠦᠷᠡᠭᠦᠯᠦᠭ᠍ᠰᠡᠨ ᠪᠠᠢ᠌ᠪᠠᠯ᠂ ᠬᠤᠶᠠᠷ ᠵᠠᠭᠤᠨ ᠳᠦᠭᠦᠷᠢᠭ᠌ ᠡᠴᠡ ᠳᠡᠭᠡᠭ᠍ᠰᠢ ᠳᠠᠪᠤᠨ ᠵᠠᠭᠤᠨ ᠳᠦᠭᠦᠷᠢᠭ᠌ ᠡᠴᠡ ᠳᠤᠭᠤᠭᠰᠢ ᠵᠤᠭᠤᠰ ᠶᠢᠡᠷ ᠳᠤᠷᠭᠠᠬᠤ ᠪᠠᠷ ᠰᠢᠦᠡᠭᠡᠨ᠎ᠡ᠃ ᠭᠢᠨᠠᠨ ᠳᠤᠭᠳᠠᠭᠠᠭᠰᠠᠨ ᠳᠠᠭᠠᠭᠠᠴᠠ ᠶᠢᠨ ᠭᠡᠮᠵᠢᠶ᠎ᠡ ᠡᠴᠡ ᠵᠠᠭᠤᠨ ᠤ ᠭᠤᠴᠢ ᠪᠠᠷ ᠭᠡᠳᠦᠷᠡᠭᠦᠯᠦᠭ᠍ᠰᠡᠨ ᠪᠣᠶᠤ ᠳᠤᠭᠳᠠᠭᠠᠯ ᠡᠴᠡ ᠵᠦᠷᠢᠴᠠᠵᠤ ᠠᠶᠠᠠᠴᠢᠳ ᠳᠡᠭᠡᠭᠡᠪᠦᠷᠢᠯᠡᠭ᠍ᠰᠡᠨ ᠪᠠᠢ᠌ᠪᠠᠯ᠂ ᠳᠠᠪᠤᠨ ᠵᠠᠭᠤᠨ ᠳᠦᠭᠦᠷᠢᠭ᠌ ᠡᠴᠡ ᠳᠡᠭᠡᠭ᠍ᠰᠢ ᠬᠤᠶᠠᠷ ᠮᠢᠩᠭ᠋ᠠᠨ ᠳᠦᠭᠦᠷᠢᠭ᠌ ᠡᠴᠡ ᠳᠤᠭᠤᠭᠰᠢ ᠵᠤᠭᠤᠰ ᠶᠢᠡᠷ ᠳᠤᠷᠭᠠᠬᠤ ᠪᠠᠷ ᠰᠢᠦᠡᠭᠡᠨ᠎ᠡ᠃

ᠡᠮᠦᠨᠡᠭᠢ ᠬᠤᠶᠠᠷ ᠪᠠᠳᠠᠭ ᠲᠤ ᠳᠤᠷᠠᠳᠤᠭᠰᠠᠨ ᠠᠵᠢᠯᠯᠠᠭ᠎ᠠ ᠲᠡᠶ ᠪᠠᠢ᠌ᠪᠠᠯ᠂ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠡᠴᠡ ᠬᠠᠤᠯᠢ ᠶᠢ ᠵᠥᠷᠢᠴᠡᠭ᠍ᠰᠡᠨ ᠪᠠᠢ᠌ᠳᠠᠯ ᠠᠷᠢᠯᠳᠠᠯ᠎ᠠ ᠮᠠᠰᠢᠠᠳᠤ ᠳᠡᠷᠭᠡ ᠶᠢ ᠪᠠᠷᠢᠵᠤ ᠥᠯᠡᠳᠡᠭᠡᠨ᠎ᠡ᠃

ᠳᠡᠭᠡᠭᠡᠪᠦᠷᠢ ᠶᠢᠨ ᠨᠢᠭᠡᠴᠢ ᠶᠢᠨ ᠳᠡᠷᠭᠡ ᠣᠨᠤᠭ᠎ᠠ ᠳᠤ ᠳᠤᠰ ᠵᠣᠢ᠌ᠯ ᠤᠨ ᠨᠢᠭᠡᠳᠦᠭᠡᠷ ᠪᠠᠳᠠᠭ᠂ ᠬᠤᠶᠠᠳᠤᠭᠠᠷ ᠪᠠᠳᠠᠭ ᠲᠤ ᠳᠤᠭᠳᠠᠭᠠᠭᠰᠠᠨ ᠪᠠᠢ᠌ᠳᠠᠯ ᠲᠡᠶ ᠪᠠᠢ᠌ᠵᠤ᠂ ᠰᠢᠦᠡᠭᠡᠭᠡᠤᠨ ᠵᠠᠰᠠᠷᠠᠬᠤ ᠦᠭᠡᠶ ᠪᠠᠢ᠌ᠪᠠᠯ᠂ ᠰᠢᠭᠤᠳ ᠬᠠᠷᠢᠭᠤᠴᠠᠭᠰᠠᠨ ᠡᠷᠭᠢᠯᠡᠨ ᠬᠠᠮᠢᠶᠠᠷᠬᠤ ᠠᠵᠢᠯᠳᠠᠨ ᠢ ᠬᠤᠶᠠᠷ ᠮᠢᠩᠭ᠋ᠠᠨ ᠳᠦᠭᠦᠷᠢᠭ᠌ ᠡᠴᠡ ᠳᠡᠭᠡᠭ᠍ᠰᠢ ᠳᠠᠪᠤᠨ ᠮᠢᠩᠭ᠋ᠠᠨ ᠳᠦᠭᠦᠷᠢᠭ᠌ ᠡᠴᠡ ᠳᠤᠭᠤᠭᠰᠢ ᠵᠤᠭᠤᠰ ᠶᠢᠡᠷ ᠳᠤᠷᠭᠠᠬᠤ ᠪᠠᠷ ᠰᠢᠦᠡᠭᠡᠨ᠎ᠡ᠃

ᠶᠠᠷᠠᠨ ᠭᠤᠷᠪᠠᠳᠤᠭᠠᠷ ᠵᠣᠢ᠌ᠯ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ᠂ ᠬᠠᠤᠯᠢ ᠳᠤᠭᠳᠠᠭᠠᠯ ᠳ᠋ᠠᠭᠢ ᠮᠠᠰᠢᠠᠳᠤ ᠳᠡᠷᠭᠡ ᠵᠤᠭᠰᠤᠭᠠᠬᠤ᠂ ᠲᠦᠷ ᠳᠡᠷᠭᠡ ᠵᠤᠭᠰᠤᠭᠠᠬᠤ ᠳᠤᠬᠠᠢ ᠳᠤᠭᠳᠠᠭᠠᠯ ᠢ ᠵᠥᠷᠢᠴᠡᠭ᠍ᠰᠡᠨ ᠪᠠᠢ᠌ᠪᠠᠯ᠂ ᠬᠠᠤᠯᠢ ᠡᠴᠡ ᠵᠥᠷᠢᠴᠡᠭ᠍ᠰᠡᠨ ᠠᠵᠢᠯᠯᠠᠭ᠎ᠠ ᠶᠢ ᠨᠢ ᠵᠢᠭᠠᠨ ᠭᠠᠷᠭᠠᠬᠤ ᠪᠦᠭᠡᠤᠨ ᠠᠮᠠᠨ ᠰᠠᠷᠠᠮᠵᠢ ᠥᠭ᠍ᠴᠤ᠂ ᠳᠠᠷᠣᠢ᠌ᠬᠠᠨ ᠵᠠᠢ᠌ᠯᠠᠭᠤᠯᠬᠤ ᠪᠠᠷ ᠵᠠᠷᠯᠢᠭᠳᠠᠵᠤ ᠪᠣᠯᠤᠨ᠎ᠠ᠃

ᠮᠠᠰᠢᠠᠳᠤ ᠳᠡᠷᠭᠡᠨ ᠤ ᠵᠢᠯᠤᠭᠤᠴᠢ ᠭᠡᠷᠡᠭ᠌ ᠤᠨ ᠳᠠᠯᠠᠪᠠᠢ ᠳᠤ ᠪᠠᠢ᠌ᠬᠤ ᠦᠭᠡᠶ ᠪᠣᠶᠤ ᠭᠡᠷᠡᠭ᠌ ᠤᠨ ᠳᠠᠯᠠᠪᠠᠢ ᠳᠤ ᠪᠠᠢ᠌ᠪᠠᠴᠤ ᠳᠠᠷᠣᠢ᠌ᠬᠠᠨ ᠵᠠᠢ᠌ᠯᠠᠵᠤ ᠶᠠᠪᠣᠬᠤ ᠦᠭᠡᠶ᠂ ᠪᠣᠰᠤᠳ ᠳᠡᠷᠭᠡ ᠣᠨᠤᠭ᠎ᠠ᠂ ᠶᠠᠪᠠᠭᠠᠨ ᠭᠦᠮᠤᠨ ᠤ ᠨᠡᠪᠳᠡᠷᠡᠭᠦ ᠶᠢ ᠬᠠᠷᠰᠢᠯᠠᠭᠰᠠᠨ ᠪᠠᠢ᠌ᠪᠠᠯ᠂ ᠬᠤᠷᠢᠨ ᠳᠦᠭᠦᠷᠢᠭ᠌ ᠡᠴᠡ ᠳᠡᠭᠡᠭ᠍ᠰᠢ ᠬᠤᠶᠠᠷ ᠵᠠᠭᠤᠨ ᠳᠦᠭᠦᠷᠢᠭ᠌ ᠡᠴᠡ ᠳᠤᠭᠤᠭᠰᠢ ᠵᠤᠭᠤᠰ ᠶᠢᠡᠷ ᠳᠤᠷᠭᠠᠬᠤ ᠪᠠᠷ ᠰᠢᠦᠡᠭᠡᠭᠦ ᠪᠦᠭᠡᠤᠨ ᠳᠤᠰ ᠮᠠᠰᠢᠠᠳᠤ ᠳᠡᠷᠭᠡ ᠶᠢ ᠵᠠᠮ ᠬᠠᠷᠢᠯᠴᠠᠭ᠎ᠠ ᠶᠢ ᠦᠯᠦ ᠬᠠᠷᠰᠢᠯᠠᠬᠤ ᠭᠠᠵᠠᠷ ᠲᠤ ᠪᠣᠶᠤ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠵᠢᠭᠠᠨ ᠳᠤᠭᠳᠠᠭᠠᠭᠰᠠᠨ ᠭᠠᠵᠠᠷ ᠲᠤ ᠴᠢᠷᠤᠵᠤ ᠰᠢᠯᠵᠢᠭᠦᠯᠤᠨ ᠳᠠᠯᠪᠢᠵᠤ ᠪᠣᠯᠤᠨ᠎ᠠ᠃ ᠳᠤᠳᠤᠭᠠᠳᠤ ᠶᠢ ᠬᠠᠠᠮᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠳᠡᠷᠭᠡ ᠴᠢᠷᠦᠭᠦ ᠳᠡᠭᠡᠨ ᠳᠤᠬᠠᠢ ᠶᠢᠨ ᠭᠦᠮᠤᠨ ᠡᠴᠡ ᠰᠥᠢᠦᠡᠭᠡᠯ ᠬᠤᠷᠢᠶᠠᠵᠤ ᠪᠣᠯᠬᠤ ᠦᠭᠡᠶ ᠪᠦᠭᠡᠤᠨ ᠳᠡᠷᠭᠡ ᠳᠠᠯᠪᠢᠭᠰᠠᠨ ᠭᠠᠵᠠᠷ ᠢ ᠳᠤᠬᠠᠢ ᠶᠢᠨ ᠭᠦᠮᠤᠨ ᠳᠤ ᠴᠠᠭ ᠳᠤᠬᠠᠢ ᠳ᠋ᠤᠨᠢ ᠮᠡᠳᠡᠭ᠍ᠳᠡᠭᠦ ᠭᠡᠷᠡᠭ᠍ᠳᠡᠢ᠃

ᠵᠦᠪ ᠪᠣᠰᠤ ᠠᠷᠭ᠎ᠠ ᠪᠠᠷ ᠳᠡᠷᠭᠡ ᠴᠢᠷᠦᠭ᠍ᠰᠡᠨ ᠡᠴᠡ ᠪᠣᠯᠵᠤ ᠮᠠᠰᠢᠠᠳᠤ ᠳᠡᠷᠭᠡ ᠶᠢ ᠡᠪᠳᠡᠯᠡᠵᠤ ᠬᠤᠭᠢᠷᠠᠭᠤᠯᠤᠭᠰᠠᠨ ᠪᠠᠢ᠌ᠪᠠᠯ᠂ ᠬᠠᠤᠯᠢ ᠶᠤᠰᠤᠭᠠᠷ ᠨᠥᠭᠦᠪᠦᠷᠢᠯᠡᠭᠦ ᠬᠠᠷᠢᠭᠤᠴᠠᠯᠭ᠎ᠠ ᠡᠭᠦᠷᠭᠡᠯᠡᠭᠦ ᠭᠡᠷᠡᠭ᠍ᠳᠡᠢ᠃

ᠶᠠᠷᠠᠨ ᠳᠦᠷᠪᠠᠳᠦᠭᠡᠷ ᠵᠣᠢ᠌ᠯ ᠮᠠᠰᠢᠠᠳᠤ ᠳᠡᠷᠭᠡ ᠶᠢᠨ ᠠᠮᠤᠷ ᠲᠦᠪᠰᠢᠨ ᠤ ᠳᠸᠭ᠍ᠨᠢᠭ᠌ ᠮᠡᠷᠭᠡᠵᠢᠯ ᠤᠨ ᠰᠢᠯᠭᠠᠨ ᠪᠠᠢ᠌ᠴᠠᠭᠠᠯᠳᠠ ᠭᠢᠭᠦ ᠪᠠᠢ᠌ᠭᠤᠯᠤᠮᠵᠢ ᠮᠠᠰᠢᠠᠳᠤ ᠳᠡᠷᠭᠡ ᠶᠢᠨ ᠠᠮᠤᠷ ᠲᠦᠪᠰᠢᠨ ᠤ ᠳᠸᠭ᠍ᠨᠢᠭ᠌ ᠮᠡᠷᠭᠡᠵᠢᠯ ᠤᠨ ᠰᠢᠯᠭᠠᠨ ᠪᠠᠢ᠌ᠴᠠᠭᠠᠯᠳᠠ ᠭᠢᠭᠦ ᠳᠡᠭᠡᠨ ᠲᠦᠷᠦ ᠶᠢᠨ ᠶᠠᠪᠣᠳᠠᠯ ᠤᠨ ᠬᠤᠷᠢᠶᠠᠨ ᠤ ᠦᠨ᠎ᠡ ᠬᠠᠩᠰᠢ ᠶᠢᠨ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠤᠨ ᠭᠢᠨᠠᠨ ᠳᠤᠭᠳᠠᠭᠠᠭᠰᠠᠨ ᠰᠥᠢᠦᠡᠭᠡᠯ ᠬᠤᠷᠢᠶᠠᠬᠤ ᠪᠠᠷᠢᠮᠵᠢᠶ᠎ᠠ ᠡᠴᠡ ᠭᠡᠳᠦᠷᠡᠭᠦᠯᠤᠨ ᠰᠥᠢᠦᠡᠭᠡᠯ ᠬᠤᠷᠢᠶᠠᠭᠰᠠᠨ ᠪᠠᠢ᠌ᠪᠠᠯ᠂ ᠢᠯᠡᠭᠦᠤ ᠬᠤᠷᠢᠶᠠᠭᠰᠠᠨ ᠰᠥᠢᠦᠡᠭᠡᠯ ᠢ ᠪᠣᠴᠠᠭᠠᠯᠭᠠᠬᠤ ᠪᠦᠭᠡᠤᠨ ᠦᠨ᠎ᠡ ᠬᠠᠩᠰᠢ ᠶᠢᠨ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠡᠴᠡ 《ᠪᠦᠭᠦᠳᠡ ᠨᠠᠢ᠌ᠷᠠᠮᠳᠠᠬᠤ ᠳᠤᠮᠳᠠᠳᠤ ᠠᠷᠠᠤᠨ ᠣᠯᠤᠰ ᠤᠨ ᠦᠨ᠎ᠡ ᠬᠠᠩᠰᠢ ᠶᠢᠨ ᠬᠠᠤᠯᠢ》 ᠵᠢᠨ ᠬᠤᠯᠪᠣᠭᠳᠠᠯ ᠪᠦᠭᠦᠢ ᠳᠤᠭᠳᠠᠭᠠᠯ ᠶᠤᠰᠤᠭᠠᠷ ᠰᠢᠦᠡᠭᠡᠨ᠎ᠡ᠃

ᠮᠠᠰᠢᠠᠳᠤ ᠳᠡᠷᠭᠡ ᠶᠢᠨ ᠠᠮᠤᠷ ᠲᠦᠪᠰᠢᠨ ᠤ ᠳᠸᠭ᠍ᠨᠢᠭ᠌ ᠮᠡᠷᠭᠡᠵᠢᠯ ᠤᠨ ᠰᠢᠯᠭᠠᠨ ᠪᠠᠢ᠌ᠴᠠᠭᠠᠯᠳᠠ ᠭᠢᠭᠦ ᠪᠠᠢ᠌ᠭᠤᠯᠤᠮᠵᠢ ᠮᠠᠰᠢᠠᠳᠤ ᠳᠡᠷᠭᠡ ᠶᠢᠨ ᠳᠤᠬᠠᠢ ᠣᠯᠤᠰ ᠤᠨ ᠠᠮᠤᠷ ᠲᠦᠪᠰᠢᠨ ᠤ ᠳᠸᠭ᠍ᠨᠢᠭ᠌ ᠮᠡᠷᠭᠡᠵᠢᠯ ᠤᠨ ᠪᠠᠷᠢᠮᠵᠢᠶ᠎ᠠ ᠶᠤᠰᠤᠭᠠᠷ ᠰᠢᠯᠭᠠᠨ ᠪᠠᠢ᠌ᠴᠠᠭᠠᠬᠤ ᠦᠭᠡᠶ ᠪᠠᠷ ᠬᠤᠳᠠᠯ ᠬᠠᠭᠤᠷᠮᠠᠭ ᠰᠢᠯᠭᠠᠨ ᠪᠠᠢ᠌ᠴᠠᠭᠠᠭᠰᠠᠨ ᠦᠷ᠎ᠡ ᠳ᠋ᠦᠩ ᠢ ᠭᠠᠷᠭᠠᠭᠰᠠᠨ ᠪᠠᠢ᠌ᠪᠠᠯ᠂ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠡᠴᠡ ᠬᠤᠷᠢᠶᠠᠭᠰᠠᠨ ᠰᠢᠯᠭᠠᠨ ᠪᠠᠢ᠌ᠴᠠᠭᠠᠯᠳᠠ ᠶᠢᠨ ᠰᠥᠢᠦᠡᠭᠡᠯ ᠤᠨ ᠭᠢᠨᠢ ᠳᠠᠪᠤᠨ ᠳᠠᠭᠢᠨ ᠡᠴᠡ ᠳᠡᠭᠡᠭ᠍ᠰᠢ ᠠᠷᠪᠠᠨ ᠳᠠᠭᠢᠨ ᠡᠴᠡ ᠳᠤᠭᠤᠭᠰᠢ ᠵᠤᠭᠤᠰ ᠶᠢᠡᠷ ᠳᠤᠷᠭᠠᠬᠤ ᠪᠠᠷ ᠰᠢᠦᠡᠭᠡᠭᠦ ᠪᠦᠭᠡᠤᠨ ᠰᠢᠯᠭᠠᠨ ᠪᠠᠢ᠌ᠴᠠᠭᠠᠯᠳᠠ ᠭᠢᠭᠦ ᠭᠢᠷᠢ ᠭᠡᠮ ᠢ ᠨᠢ ᠬᠠᠤᠯᠢ ᠶᠤᠰᠤᠭᠠᠷ ᠭᠦᠴᠤᠨ ᠦᠭᠡᠶ ᠪᠣᠯᠭᠠᠨ᠎ᠠ᠃ ᠶᠠᠯ᠎ᠠ ᠪᠣᠯᠵᠤ ᠪᠦᠷᠢᠯᠳᠦᠭ᠍ᠰᠡᠨ ᠪᠠᠢ᠌ᠪᠠᠯ ᠬᠠᠤᠯᠢ ᠶᠤᠰᠤᠭᠠᠷ ᠡᠷᠡᠭᠦᠤ ᠶᠢᠨ ᠬᠠᠷᠢᠭᠤᠴᠠᠯᠭ᠎ᠠ ᠨᠡᠭᠡᠮᠵᠢᠯᠡᠨ᠎ᠡ᠃

ᠶᠠᠷᠠᠨ ᠳᠠᠪᠣᠳᠤᠭᠠᠷ ᠵᠣᠢ᠌ᠯ ᠵᠠᠮ ᠶᠢᠡᠷ ᠶᠠᠪᠣᠬᠤ ᠮᠠᠰᠢᠠᠳᠤ ᠳᠡᠷᠭᠡᠨ ᠳᠤ ᠮᠠᠰᠢᠠᠳᠤ ᠳᠡᠷᠭᠡ ᠶᠢᠨ ᠨᠤᠮᠸᠷ ᠤᠨ ᠫᠠᠢ᠌ᠰᠠ ᠡᠯᠭᠦᠭ᠍ᠰᠡᠨ ᠦᠭᠡᠶ᠂ ᠰᠢᠯᠭᠠᠨ ᠪᠠᠢ᠌ᠴᠠᠭᠠᠯᠳᠠ ᠳᠤ ᠭᠢᠷᠢ ᠳᠡᠩᠴᠡᠭ᠍ᠰᠡᠨ ᠢᠯᠡᠳᠭᠡᠮᠵᠢ ᠳᠡᠮᠳᠡᠭ᠌᠂ ᠳᠠᠭᠠᠤᠠᠬᠠᠯ ᠤᠨ ᠢᠯᠡᠳᠭᠡᠮᠵᠢ ᠳᠡᠮᠳᠡᠭ᠌ ᠳᠠᠯᠪᠢᠭᠰᠠᠨ ᠦᠭᠡᠶ ᠪᠣᠶᠤ ᠠᠶᠠᠯᠠᠨ ᠶᠠᠪᠣᠬᠤ ᠦᠨᠡᠮᠯᠠᠯ᠂ ᠵᠢᠯᠤᠭᠤᠴᠢ ᠶᠢᠨ ᠦᠨᠡᠮᠯᠠᠯ ᠶᠢᠡᠨ ᠳᠡᠷᠭᠡᠨ ᠳᠡᠭᠡᠨ ᠠᠪᠴᠤ ᠶᠠᠪᠣᠭᠰᠠᠨ ᠦᠭᠡᠶ ᠪᠠᠢ᠌ᠪᠠᠯ᠂ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠡᠴᠡ ᠮᠠᠰᠢᠠᠳᠤ ᠳᠡᠷᠭᠡ ᠶᠢ ᠨᠢ ᠪᠠᠷᠢᠵᠤ ᠥᠯᠡᠳᠡᠭᠡᠨ᠂ ᠵᠤᠭᠢᠴᠠᠩᠭ᠋ᠤᠢ ᠫᠠᠢ᠌ᠰᠠ ᠦᠨᠡᠮᠯᠠᠯ᠂ ᠢᠯᠡᠳᠭᠡᠮᠵᠢ ᠳᠡᠮᠳᠡᠭ᠌ ᠬᠠᠩᠭ᠋ᠠᠯᠭᠠᠬᠤ ᠪᠣᠶᠤ ᠵᠤᠭᠢᠴᠠᠩᠭ᠋ᠤᠢ ᠭᠠᠷ ᠭᠦᠢᠴᠡᠳᠭᠡᠯ ᠨᠥᠭᠦᠪᠦᠷᠢᠯᠡᠭᠦᠯᠤᠨ ᠭᠢᠯᠭᠡᠭᠦ ᠪᠠᠷ ᠳᠤᠬᠠᠢ ᠶᠢᠨ ᠭᠦᠮᠤᠨ ᠳᠤ ᠮᠡᠳᠡᠭ᠍ᠳᠡᠭᠦ ᠭᠡᠷᠡᠭ᠍ᠳᠡᠢ ᠪᠦᠭᠡᠤᠨ ᠳᠤᠰ ᠬᠠᠤᠯᠢ ᠶᠢᠨ ᠶᠡᠷᠡᠳᠦᠭᠡᠷ ᠵᠣᠢ᠌ᠯ ᠤᠨ ᠳᠤᠭᠳᠠᠭᠠᠯ ᠶᠤᠰᠤᠭᠠᠷ ᠰᠢᠦᠡᠭᠡᠵᠤ ᠪᠣᠯᠤᠨ᠎ᠠ᠃ ᠳᠤᠬᠠᠢ ᠶᠢᠨ ᠭᠦᠮᠤᠨ ᠵᠤᠭᠢᠴᠠᠩᠭ᠋ᠤᠢ ᠫᠠᠢ᠌ᠰᠠ ᠦᠨᠡᠮᠯᠠᠯ᠂ ᠢᠯᠡᠳᠭᠡᠮᠵᠢ ᠳᠡᠮᠳᠡᠭ᠌ ᠬᠠᠩᠭ᠋ᠠᠭᠰᠠᠨ ᠪᠣᠶᠤ ᠵᠤᠭᠢᠴᠠᠩᠭ᠋ᠤᠢ ᠭᠠᠷ ᠭᠦᠢᠴᠡᠳᠭᠡᠯ ᠨᠥᠭᠦᠪᠦᠷᠢᠯᠡᠵᠤ ᠭᠢᠭ᠍ᠰᠡᠨ ᠪᠠᠢ᠌ᠪᠠᠯ᠂ ᠮᠠᠰᠢᠠᠳᠤ ᠳᠡᠷᠭᠡ ᠶᠢ ᠨᠢ ᠴᠠᠭ ᠳᠤᠬᠠᠢ ᠳ᠋ᠤᠨᠢ ᠪᠣᠴᠠᠭᠠᠵᠤ ᠦᠭ‍ᠭᠦ ᠭᠡᠷᠡᠭ᠍ᠳᠡᠢ᠃

ᠮᠠᠰᠢᠠᠳᠤ ᠳᠡᠷᠭᠡᠨ ᠤ ᠨᠤᠮᠸᠷ ᠤᠨ ᠫᠠᠢ᠌ᠰᠠ ᠶᠢ ᠵᠤᠷᠢᠭᠤᠳᠠ ᠳᠠᠯᠳᠠᠯᠠᠨ ᠬᠠᠯᠬᠠᠯᠠᠭᠰᠠᠨ᠂ ᠪᠣᠭᠢᠷᠳᠠᠭᠤᠯᠤᠨ ᠰᠡᠪᠳᠦᠭᠡᠭ᠍ᠰᠡᠨ ᠪᠣᠶᠤ ᠳᠤᠭᠳᠠᠭᠠᠯ ᠶᠤᠰᠤᠭᠠᠷ ᠦᠯᠦ ᠳᠠᠭᠠᠷᠠᠭᠤᠯᠤᠭᠰᠠᠨ ᠪᠠᠢ᠌ᠪᠠᠯ ᠳᠤᠰ ᠬᠠᠤᠯᠢ ᠶᠢᠨ ᠶᠡᠷᠡᠳᠦᠭᠡᠷ ᠵᠣᠢ᠌ᠯ ᠤᠨ ᠳᠤᠭᠳᠠᠭᠠᠯ ᠶᠤᠰᠤᠭᠠᠷ ᠰᠢᠦᠡᠭᠡᠨ᠎ᠡ᠃

ᠶᠠᠷᠠᠨ ᠵᠢᠷᠭᠤᠳᠤᠭᠠᠷ ᠵᠣᠢ᠌ᠯ ᠮᠠᠰᠢᠠᠳᠤ ᠳᠡᠷᠭᠡ ᠶᠢᠨ ᠳᠠᠩᠰᠠᠯᠠᠭᠤᠯᠤᠭᠰᠠᠨ ᠭᠡᠷᠡᠴᠢ ᠦᠨᠡᠮᠯᠠᠯ᠂ ᠨᠤᠮᠸᠷ ᠤᠨ ᠫᠠᠢ᠌ᠰᠠ᠂ ᠠᠶᠠᠯᠠᠨ ᠶᠠᠪᠣᠬᠤ ᠦᠨᠡᠮᠯᠠᠯ᠂ ᠰᠢᠯᠭᠠᠨ ᠪᠠᠢ᠌ᠴᠠᠭᠠᠯᠳᠠ ᠳᠤ ᠭᠢᠷᠢ ᠳᠡᠩᠴᠡᠭ᠍ᠰᠡᠨ ᠢᠯᠡᠳᠭᠡᠮᠵᠢ ᠳᠡᠮᠳᠡᠭ᠌᠂ ᠳᠠᠭᠠᠤᠠᠬᠠᠯ ᠤᠨ ᠢᠯᠡᠳᠭᠡᠮᠵᠢ ᠳᠡᠮᠳᠡᠭ᠌᠂ ᠵᠢᠯᠤᠭᠤᠴᠢ ᠶᠢᠨ ᠦᠨᠡᠮᠯᠠᠯ ᠢ ᠬᠠᠭᠤᠷᠮᠠᠭᠯᠠᠨ ᠵᠤᠬᠢᠶᠠᠭᠰᠠᠨ᠂ ᠥᠭᠡᠷᠡᠳᠦᠭᠦᠯᠤᠨ ᠵᠤᠬᠢᠶᠠᠭᠰᠠᠨ ᠪᠣᠶᠤ ᠬᠠᠭᠤᠷᠮᠠᠭᠯᠠᠨ ᠵᠤᠬᠢᠶᠠᠭᠰᠠᠨ᠂ ᠥᠭᠡᠷᠡᠳᠦᠭᠦᠯᠤᠨ ᠵᠤᠬᠢᠶᠠᠭᠰᠠᠨ ᠮᠠᠰᠢᠠᠳᠤ ᠳᠡᠷᠭᠡ ᠶᠢᠨ ᠳᠠᠩᠰᠠᠯᠠᠭᠤᠯᠤᠭᠰᠠᠨ ᠭᠡᠷᠡᠴᠢ ᠳᠡᠮᠳᠡᠭ᠌᠂ ᠨᠤᠮᠸᠷ ᠤᠨ ᠫᠠᠢ᠌ᠰᠠ᠂ ᠠᠶᠠᠯᠠᠨ ᠶᠠᠪᠣᠬᠤ ᠦᠨᠡᠮᠯᠠᠯ᠂ ᠰᠢᠯᠭᠠᠨ ᠪᠠᠢ᠌ᠴᠠᠭᠠᠯᠳᠠ ᠳᠤ ᠭᠢᠷᠢ ᠳᠡᠩᠴᠡᠭ᠍ᠰᠡᠨ ᠢᠯᠡᠳᠭᠡᠮᠵᠢ ᠳᠡᠮᠳᠡᠭ᠌᠂ ᠳᠠᠭᠠᠤᠠᠬᠠᠯ ᠤᠨ ᠢᠯᠡᠳᠭᠡᠮᠵᠢ ᠳᠡᠮᠳᠡᠭ᠌᠂ ᠵᠢᠯᠤᠭᠤᠴᠢ ᠶᠢᠨ ᠦᠨᠡᠮᠯᠠᠯ ᠢ ᠭᠡᠷᠡᠭᠯᠡᠭ᠍ᠰᠡᠨ᠂ ᠡᠰᠡᠭᠦᠯ᠎ᠡ ᠪᠣᠰᠤᠳ ᠳᠡᠷᠭᠡ ᠣᠨᠤᠭ᠎ᠠ ᠶᠢᠨ ᠮᠠᠰᠢᠠᠳᠤ ᠳᠡᠷᠭᠡ ᠶᠢᠨ ᠳᠠᠩᠰᠠᠯᠠᠭᠤᠯᠤᠭᠰᠠᠨ ᠭᠡᠷᠡᠴᠢ ᠦᠨᠡᠮᠯᠠᠯ᠂ ᠨᠤᠮᠸᠷ ᠤᠨ ᠫᠠᠢ᠌ᠰᠠ᠂ ᠠᠶᠠᠯᠠᠨ ᠶᠠᠪᠣᠬᠤ ᠦᠨᠡᠮᠯᠠᠯ᠂ ᠰᠢᠯᠭᠠᠨ ᠪᠠᠢ᠌ᠴᠠᠭᠠᠯᠳᠠ ᠳᠤ ᠭᠢᠷᠢ ᠳᠡᠩᠴᠡᠭ᠍ᠰᠡᠨ ᠢᠯᠡᠳᠭᠡᠮᠵᠢ ᠳᠡᠮᠳᠡᠭ᠌᠂ ᠳᠠᠭᠠᠤᠠᠬᠠᠯ ᠤᠨ ᠢᠯᠡᠳᠭᠡᠮᠵᠢ ᠳᠡᠮᠳᠡᠭ᠌ ᠢ ᠭᠡᠷᠡᠭᠯᠡᠭ᠍ᠰᠡᠨ ᠪᠠᠢ᠌ᠪᠠᠯ᠂ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠡᠴᠡ ᠬᠤᠷᠢᠶᠠᠨ ᠠᠪᠴᠤ᠂ ᠳᠤᠰ ᠮᠠᠰᠢᠠᠳᠤ ᠳᠡᠷᠭᠡ ᠶᠢ ᠪᠠᠷᠢᠵᠤ ᠥᠯᠡᠳᠡᠭᠡᠨ᠂ ᠬᠤᠶᠠᠷ ᠵᠠᠭᠤᠨ ᠳᠦᠭᠦᠷᠢᠭ᠌ ᠡᠴᠡ ᠳᠡᠭᠡᠭ᠍ᠰᠢ ᠬᠤᠶᠠᠷ ᠮᠢᠩᠭ᠋ᠠᠨ ᠳᠦᠭᠦᠷᠢᠭ᠌ ᠡᠴᠡ ᠳᠤᠭᠤᠭᠰᠢ ᠵᠤᠭᠤᠰ ᠶᠢᠡᠷ ᠳᠤᠷᠭᠠᠬᠤ ᠪᠠᠷ ᠨᠡᠢ᠌ᠯᠡᠭᠦᠯᠤᠨ ᠰᠢᠦᠡᠭᠡᠨ᠎ᠡ᠃ ᠶᠠᠯ᠎ᠠ ᠪᠣᠯᠵᠤ ᠪᠦᠷᠢᠯᠳᠦᠭ᠍ᠰᠡᠨ ᠪᠠᠢ᠌ᠪᠠᠯ ᠬᠠᠤᠯᠢ ᠶᠤᠰᠤᠭᠠᠷ ᠡᠷᠡᠭᠦᠤ ᠶᠢᠨ ᠬᠠᠷᠢᠭᠤᠴᠠᠯᠭ᠎ᠠ ᠨᠡᠭᠡᠮᠵᠢᠯᠡᠨ᠎ᠡ᠃

ᠳᠤᠬᠠᠢ ᠶᠢᠨ ᠭᠦᠮᠤᠨ ᠵᠤᠭᠢᠴᠠᠩᠭ᠋ᠤᠢ ᠬᠠᠤᠯᠢ ᠶᠤᠰᠤᠨ ᠤ ᠭᠡᠷᠡᠴᠢ ᠪᠠᠷᠢᠮᠳᠠ ᠬᠠᠩᠭ᠋ᠠᠭᠰᠠᠨ ᠪᠣᠶᠤ ᠵᠤᠭᠢᠴᠠᠩᠭ᠋ᠤᠢ ᠭᠠᠷ ᠭᠦᠢᠴᠡᠳᠭᠡᠯ ᠨᠥᠭᠦᠪᠦᠷᠢᠯᠡᠨ ᠭᠢᠭ᠍ᠰᠡᠨ ᠪᠠᠢ᠌ᠪᠠᠯ᠂ ᠮᠠᠰᠢᠠᠳᠤ ᠳᠡᠷᠭᠡ ᠶᠢ ᠨᠢ ᠴᠠᠭ ᠳᠤᠬᠠᠢ ᠳ᠋ᠤᠨᠢ ᠪᠣᠴᠠᠭᠠᠵᠤ ᠦᠭ‍ᠭᠦ ᠭᠡᠷᠡᠭ᠍ᠳᠡᠢ᠃

ᠶᠠᠷᠠᠨ ᠳᠤᠯᠤᠳᠤᠭᠠᠷ ᠵᠣᠢ᠌ᠯ ᠰᠠᠷᠠᠮᠵᠢ ᠶᠢᠨ ᠲᠤᠬᠢᠶᠠᠨ ᠤ ᠡᠭᠦᠰᠭᠡᠭᠦᠷ᠂ ᠢᠯᠡᠳᠭᠡᠮᠵᠢ ᠳᠡᠮᠳᠡᠭ᠌ ᠤᠨ ᠳ᠋ᠸᠩ ᠭᠡᠷᠡᠭ᠍ᠰᠡᠯ ᠢ ᠬᠠᠤᠯᠢ ᠪᠣᠰᠤ ᠪᠠᠷ ᠳᠤᠨᠤᠭᠯᠠᠭᠰᠠᠨ ᠪᠠᠢ᠌ᠪᠠᠯ᠂ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠡᠴᠡ ᠠᠯᠪᠠᠳᠠᠯᠭ᠎ᠠ ᠪᠠᠷ ᠵᠠᠳᠠᠯᠤᠨ ᠴᠤᠴᠠᠯᠵᠤ᠂ ᠬᠤᠷᠢᠶᠠᠨ ᠠᠪᠴᠤ᠂ ᠬᠤᠶᠠᠷ ᠵᠠᠭᠤᠨ ᠳᠦᠭᠦᠷᠢᠭ᠌ ᠡᠴᠡ ᠳᠡᠭᠡᠭ᠍ᠰᠢ ᠬᠤᠶᠠᠷ ᠮᠢᠩᠭ᠋ᠠᠨ ᠳᠦᠭᠦᠷᠢᠭ᠌ ᠡᠴᠡ ᠳᠤᠭᠤᠭᠰᠢ ᠵᠤᠭᠤᠰ ᠶᠢᠡᠷ ᠳᠤᠷᠭᠠᠬᠤ ᠪᠠᠷ ᠨᠡᠢ᠌ᠯᠡᠭᠦᠯᠤᠨ ᠰᠢᠦᠡᠭᠡᠨ᠎ᠡ᠃

ᠶᠠᠷᠠᠨ ᠨᠢ᠋ᠮᠠᠳᠤᠭᠠᠷ ᠵᠣᠢ᠌ᠯ ᠮᠠᠰᠢᠠᠳᠤ ᠳᠡᠷᠭᠡ ᠶᠢᠨ ᠥᠮᠴᠢᠯᠡᠭ᠍ᠴᠢ᠂ ᠬᠠᠮᠢᠶᠠᠷᠤᠭᠴᠢ ᠣᠯᠤᠰ ᠤᠨ ᠳᠤᠭᠳᠠᠭᠠᠯ ᠶᠤᠰᠤᠭᠠᠷ ᠮᠠᠰᠢᠠᠳᠤ ᠳᠡᠷᠭᠡ ᠶᠢᠨ ᠭᠤᠷᠪᠠᠳᠤᠭᠠᠷ ᠡᠳᠡᠭᠡᠤᠨ ᠤᠨ ᠬᠠᠷᠢᠭᠤᠴᠠᠯᠭ᠎ᠠ ᠶᠢᠨ ᠠᠯᠪᠠᠳᠠᠯᠭ᠎ᠠ ᠶᠢᠨ ᠳᠠᠭᠠᠤᠠᠬᠠᠯ ᠳᠠᠭᠠᠤᠠᠬᠠᠭᠤᠯᠤᠭᠰᠠᠨ ᠦᠭᠡᠶ ᠪᠠᠢ᠌ᠪᠠᠯ᠂ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠡᠴᠡ ᠳᠤᠭᠳᠠᠭᠠᠯ ᠶᠤᠰᠤᠭᠠᠷ ᠳᠠᠭᠠᠤᠠᠬᠠᠭᠤᠯᠬᠤ ᠪᠣᠯᠳᠠᠯ᠎ᠠ ᠳᠡᠷᠭᠡ ᠣᠨᠤᠭ᠎ᠠ ᠶᠢ ᠨᠢ ᠪᠠᠷᠢᠵᠤ ᠥᠯᠡᠳᠡᠭᠡᠭᠦ ᠪᠦᠭᠡᠤᠨ ᠳᠤᠭᠳᠠᠭᠠᠭᠰᠠᠨ ᠳᠠᠭᠠᠤᠠᠬᠠᠭᠤᠯᠬᠤ ᠨᠠᠭᠠᠳᠤ ᠵᠠᠬ᠎ᠠ ᠶᠢᠨ ᠬᠠᠷᠢᠭᠤᠴᠠᠯᠭ᠎ᠠ ᠶᠢᠨ ᠭᠢᠵᠠᠭᠠᠷ ᠳᠤᠭ᠎ᠠ ᠶᠤᠰᠤᠭᠠᠷ ᠳᠤᠰᠢᠶᠠᠪᠠᠰᠤ ᠵᠤᠭᠢᠬᠤ ᠳᠠᠭᠠᠤᠠᠬᠠᠯ ᠤᠨ ᠰᠥᠢᠦᠡᠭᠡᠯ ᠤᠨ ᠭᠢᠨᠢ ᠬᠤᠶᠠᠷ ᠳᠠᠭᠢᠨ ᠶᠢᠡᠷ ᠵᠤᠭᠤᠰ ᠶᠢᠡᠷ ᠳᠤᠷᠭᠠᠬᠤ ᠪᠠᠷ ᠨᠡᠢ᠌ᠯᠡᠭᠦᠯᠤᠨ ᠰᠢᠦᠡᠭᠡᠨ᠎ᠡ᠃

ᠡᠮᠦᠨᠡᠭᠢ ᠪᠠᠳᠠᠭ ᠤᠨ ᠳᠤᠭᠳᠠᠭᠠᠯ ᠶᠤᠰᠤᠭᠠᠷ ᠳᠤᠰᠢᠶᠠᠯᠭᠠᠭᠰᠠᠨ ᠳᠤᠷᠭᠠᠭᠤᠯᠢ ᠶᠢᠨ ᠵᠤᠭᠤᠰ ᠢ ᠪᠦᠭᠦᠳᠡ ᠶᠢ ᠵᠠᠮ ᠬᠠᠷᠢᠯᠴᠠᠭᠠᠨ ᠤ ᠭᠡᠨᠡᠳᠡᠯ ᠤᠨ ᠨᠡᠢ᠌ᠭᠡᠮ ᠤᠨ ᠠᠪᠣᠷᠠᠨ ᠳᠤᠰᠠᠯᠠᠬᠤ ᠰᠠᠭᠤᠷᠢ ᠮᠥᠩᠭᠦ ᠳᠤ ᠣᠷᠤᠭᠤᠯᠤᠨ᠎ᠠ᠃ ᠪᠣᠳᠠᠳᠠᠢ ᠠᠷᠭ᠎ᠠ ᠶᠢ ᠲᠦᠷᠦ ᠶᠢᠨ ᠶᠠᠪᠣᠳᠠᠯ ᠤᠨ ᠬᠤᠷᠢᠶ᠎ᠠ ᠡᠴᠡ ᠳᠤᠭᠳᠠᠭᠠᠨ᠎ᠠ᠃

ᠶᠠᠷᠠ ᠶ‍ᠢᠰᠦᠳᠦᠭᠡᠷ ᠵᠣᠢ᠌ᠯ ᠳᠤᠤᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠤᠨ ᠨᠢᠭᠡ ᠶᠢ ᠭᠢᠭ᠍ᠰᠡᠨ ᠪᠠᠢ᠌ᠪᠠᠯ᠂ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠡᠴᠡ ᠬᠤᠶᠠᠷ ᠵᠠᠭᠤᠨ ᠳᠦᠭᠦᠷᠢᠭ᠌ ᠡᠴᠡ ᠳᠡᠭᠡᠭ᠍ᠰᠢ ᠬᠤᠶᠠᠷ ᠮᠢᠩᠭ᠋ᠠᠨ ᠳᠦᠭᠦᠷᠢᠭ᠌ ᠡᠴᠡ ᠳᠤᠭᠤᠭᠰᠢ ᠵᠤᠭᠤᠰ ᠶᠢᠡᠷ ᠳᠤᠷᠭᠠᠬᠤ ᠪᠠᠷ ᠰᠢᠦᠡᠭᠡᠨ᠎ᠡ᠄

( ᠨᠢᠭᠡ ) ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠣᠯᠤᠭᠰᠠᠨ ᠦᠭᠡᠶ᠂ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠶᠢᠡᠨ ᠬᠤᠷᠢᠶᠠᠭᠳᠠᠨ ᠭᠦᠴᠤᠨ ᠦᠭᠡᠶ ᠪᠣᠯᠭᠠᠭᠳᠠᠭᠰᠠᠨ ᠪᠣᠶᠤ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠶᠢᠡᠨ ᠲᠦᠷ ᠥᠯᠡᠳᠡᠭᠡᠭ᠍ᠳᠡᠭ᠍ᠰᠡᠨ ᠬᠤᠭᠤᠴᠠᠭᠠᠨ ᠳᠤ ᠮᠠᠰᠢᠠᠳᠤ ᠳᠡᠷᠭᠡ ᠵᠢᠯᠤᠭᠤᠳᠤᠭᠰᠠᠨ

( ᠬᠤᠶᠠᠷ ) ᠮᠠᠰᠢᠠᠳᠤ ᠳᠡᠷᠭᠡ ᠪᠠᠨ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠣᠯᠤᠭᠰᠠᠨ ᠦᠭᠡᠶ ᠪᠣᠶᠤ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠶᠢᠡᠨ ᠬᠤᠷᠢᠶᠠᠭᠳᠠᠨ ᠭᠦᠴᠤᠨ ᠦᠭᠡᠶ ᠪᠣᠯᠭᠠᠭᠳᠠᠭᠰᠠᠨ᠂ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠶᠢᠡᠨ ᠲᠦᠷ ᠥᠯᠡᠳᠡᠭᠡᠭ᠍ᠳᠡᠭ᠍ᠰᠡᠨ ᠭᠦᠮᠤᠨ ᠳᠤ ᠥᠭ᠍ᠴᠤ ᠵᠢᠯᠤᠭᠤᠳᠤᠭᠤᠯᠤᠭᠰᠠᠨ

( ᠭᠤᠷᠪᠠ ) ᠵᠠᠮ ᠬᠠᠷᠢᠯᠴᠠᠭᠠᠨ ᠤ ᠭᠡᠨᠡᠳᠡᠯ ᠭᠠᠷᠭᠠᠭᠰᠠᠨ ᠤ ᠳᠠᠷᠠᠭ᠎ᠠ ᠳᠤᠳᠠᠭᠠᠭᠰᠠᠨ ᠪᠣᠯᠪᠠᠴᠤ ᠬᠠᠷᠠᠬᠠᠨ ᠶᠠᠯ᠎ᠠ ᠪᠣᠯᠵᠤ ᠪᠦᠷᠢᠯᠳᠦᠭ᠍ᠰᠡᠨ ᠦᠭᠡᠶ

( ᠳᠦᠷᠪᠡ ) ᠮᠠᠰᠢᠠᠳᠤ ᠳᠡᠷᠭᠡ ᠶᠠᠪᠣᠭᠤᠯᠬᠤ ᠳᠠᠭᠠᠨ ᠳᠤᠭᠳᠠᠭᠰᠠᠨ ᠴᠠᠭ ᠤᠨ ᠬᠤᠷᠳᠤᠴᠠ ᠡᠴᠡ ᠵᠠᠭᠤᠨ ᠤ ᠳᠠᠪᠢ ᠪᠠᠷ ᠳᠠᠪᠠᠭᠤᠯᠤᠭᠰᠠᠨ

( ᠳᠠᠪᠣ ) ᠮᠠᠰᠢᠠᠳᠤ ᠳᠡᠷᠭᠡᠨ ᠤ ᠵᠢᠯᠤᠭᠤᠴᠢ ᠶᠢ ᠠᠯᠪᠠᠳᠠᠵᠤ ᠵᠠᠮ ᠬᠠᠷᠢᠯᠴᠠᠭᠠᠨ ᠤ ᠠᠮᠤᠷ ᠲᠦᠪᠰᠢᠨ ᠤ ᠳᠤᠬᠠᠢ ᠬᠠᠤᠯᠢ ᠴᠠᠭᠠᠵᠠ᠂ ᠬᠠᠤᠯᠢ ᠳᠤᠭᠳᠠᠭᠠᠯ ᠪᠣᠯᠤᠨ ᠮᠠᠰᠢᠠᠳᠤ ᠳᠡᠷᠭᠡ ᠶᠢ ᠡᠡᠶ‍ᠦᠯᠭᠦᠢ ᠪᠠᠷ ᠵᠢᠯᠤᠭᠤᠤᠠᠬᠤ ᠱᠠᠭᠠᠷᠳᠠᠯᠭ᠎ᠠ ᠡᠴᠡ ᠵᠥᠷᠢᠴᠡᠭᠦᠯᠤᠨ ᠮᠠᠰᠢᠠᠳᠤ ᠳᠡᠷᠭᠡ ᠵᠢᠯᠤᠭᠤᠳᠤᠭᠤᠯᠵᠤ᠂ ᠵᠠᠮ ᠬᠠᠷᠢᠯᠴᠠᠭᠠᠨ ᠤ ᠭᠡᠨᠡᠳᠡᠯ ᠭᠠᠷᠭᠠᠭᠰᠠᠨ ᠪᠣᠯᠪᠠᠴᠤ ᠬᠠᠷᠠᠬᠠᠨ ᠶᠠᠯ᠎ᠠ ᠪᠣᠯᠵᠤ ᠪᠦᠷᠦᠯᠳᠦᠭ᠍ᠰᠡᠨ ᠦᠭᠡᠶ

( ᠵᠢᠷᠭᠤᠭ᠎ᠠ ) ᠵᠠᠮ ᠬᠠᠷᠢᠯᠴᠠᠭᠠᠨ ᠤ ᠵᠠᠭᠢᠷᠤᠨ ᠬᠠᠮᠢᠶᠠᠷᠤᠯᠳᠠ ᠶᠢᠨ ᠳᠤᠭᠳᠠᠭᠠᠯ ᠡᠴᠡ ᠵᠦᠷᠢᠴᠠᠵᠤ ᠠᠯᠪᠠ ᠪᠠᠷ ᠨᠡᠪᠳᠡᠷᠡᠭᠡᠤᠨ ᠢᠤᠠᠬᠠᠨ ᠬᠤᠷᠢᠭᠯᠠᠬᠤ ᠶᠢ ᠦᠯᠦ ᠰᠤᠨᠤᠰᠤᠭᠰᠠᠨ

( ᠳᠤᠯᠤᠭ᠎ᠠ ) ᠵᠠᠮ ᠬᠠᠷᠢᠯᠴᠠᠭᠠᠨ ᠤ ᠳᠦᠭᠦᠭᠡᠷᠦᠮᠵᠢ ᠶᠢ ᠵᠤᠷᠢᠭᠤᠳᠠ ᠡᠪᠳᠡᠨ ᠰᠥᠢᠦᠡᠭᠡᠵᠤ᠂ ᠰᠢᠯᠵᠢᠭᠦᠯᠤᠨ ᠨᠡᠭᠦᠯᠭᠡᠵᠤ᠂ ᠪᠠᠯᠠᠯᠤᠨ ᠥᠭᠡᠷᠡᠳᠦᠭᠦᠯᠦᠭ᠍ᠰᠡᠨ ᠬᠤᠭᠢᠷᠠᠯ ᠤᠨ ᠣᠷᠰᠢᠭ ᠳᠠᠳᠠᠭᠰᠠᠨ ᠪᠣᠯᠪᠠᠴᠤ ᠬᠠᠷᠠᠬᠠᠨ ᠶᠠᠯ᠎ᠠ ᠪᠣᠯᠵᠤ ᠪᠦᠷᠢᠯᠳᠦᠭ᠍ᠰᠡᠨ ᠦᠭᠡᠶ

( ᠨᠢ᠋ᠮᠠ ) ᠮᠠᠰᠢᠠᠳᠤ ᠳᠡᠷᠭᠡ ᠣᠨᠤᠭ᠎ᠠ ᠶᠢ ᠬᠠᠤᠯᠢ ᠪᠣᠰᠤ ᠪᠠᠷ ᠬᠠᠰᠢᠵᠤ᠂ ᠪᠠᠷᠢᠵᠤ ᠥᠯᠡᠳᠡᠭᠡᠨ᠂ ᠢᠤᠠᠬᠠᠨ ᠬᠤᠷᠢᠭᠯᠠᠬᠤ ᠶᠢ ᠦᠯᠦ ᠰᠤᠨᠤᠰᠴᠤ᠂ ᠵᠠᠮ ᠬᠠᠷᠢᠯᠴᠠᠭ᠎ᠠ ᠶᠢ ᠭᠦᠡᠳᠤ ᠨᠤᠴᠢᠳᠠᠢ ᠪᠦᠭᠯᠡᠷᠡᠭᠦᠯᠦᠭ᠍ᠰᠡᠨ ᠪᠣᠶᠤ ᠡᠳ᠋ ᠭᠦᠷᠦᠩᠭᠡ ᠶᠢᠨ ᠨᠠᠯᠢᠶᠠᠤᠨ ᠶᠡᠭᠡ ᠬᠤᠭᠢᠷᠠᠯ ᠣᠴᠠᠷᠠᠭᠤᠯᠤᠭᠰᠠᠨ᠃

ᠠᠵᠢᠯᠯᠠᠭᠠᠳᠤ ᠭᠦᠮᠤᠨ ᠳᠤ ᠡᠮᠦᠨᠡᠭᠢ ᠪᠠᠳᠠᠭ ᠤᠨ ᠬᠤᠶᠠᠳᠤᠭᠠᠷ ᠵᠤᠷᠪᠣᠰ᠂ ᠳᠦᠷᠪᠠᠳᠦᠭᠡᠷ ᠵᠤᠷᠪᠣᠰ ᠳᠠᠭᠢ ᠪᠠᠢ᠌ᠳᠠᠯ ᠤᠨ ᠨᠢᠭᠡ ᠨᠢ ᠪᠠᠢ᠌ᠪᠠᠯ᠂ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠢ ᠨᠢ ᠬᠤᠷᠢᠶᠠᠨ ᠠᠪᠴᠤ ᠭᠦᠴᠤᠨ ᠦᠭᠡᠶ ᠪᠣᠯᠭᠠᠬᠤ ᠪᠠᠷ ᠨᠡᠢ᠌ᠯᠡᠭᠦᠯᠤᠨ ᠰᠢᠦᠡᠭᠡᠵᠤ ᠪᠣᠯᠤᠨ᠎ᠠ᠃ ᠨᠢᠭᠡᠳᠦᠭᠡᠷ ᠵᠤᠷᠪᠣᠰ᠂ ᠭᠤᠷᠪᠠᠳᠤᠭᠠᠷ ᠵᠤᠷᠪᠣᠰ᠂ ᠳᠠᠪᠣᠳᠤᠭᠠᠷ ᠵᠤᠷᠪᠣᠰ ᠡᠴᠡ ᠨᠢ᠋ᠮᠠᠳᠤᠭᠠᠷ ᠵᠤᠷᠪᠣᠰ ᠭᠦᠷᠳᠡᠯᠡᠭᠢ ᠪᠠᠢ᠌ᠳᠠᠯ ᠤᠨ ᠨᠢᠭᠡ ᠨᠢ ᠪᠠᠢ᠌ᠪᠠᠯ᠂ ᠠᠷᠪᠠᠨ ᠳᠠᠪᠤᠨ ᠡᠳᠦᠷ ᠡᠴᠡ ᠳᠤᠭᠤᠭᠰᠢ ᠲᠦᠷ ᠬᠤᠷᠢᠬᠤ ᠪᠠᠷ ᠨᠡᠢ᠌ᠯᠡᠭᠦᠯᠤᠨ ᠰᠢᠦᠡᠭᠡᠵᠤ ᠪᠣᠯᠤᠨ᠎ᠠ᠃

ᠵᠠᠭᠤᠳᠤᠭᠠᠷ ᠵᠣᠢ᠌ᠯ ᠨᠡᠢ᠌ᠯᠡᠭᠦᠯᠵᠤ ᠣᠭᠰᠠᠷᠠᠭᠰᠠᠨ ᠮᠠᠰᠢᠠᠳᠤ ᠳᠡᠷᠭᠡ ᠪᠣᠶᠤ ᠭᠡᠷᠡᠭ᠍ᠴᠡᠭᠡ ᠡᠴᠡ ᠭᠠᠷᠭᠠᠬᠤ ᠪᠠᠷᠢᠮᠵᠢᠶ᠎ᠠ ᠳᠤ ᠨᠢᠭᠡᠨᠲᠡ ᠭᠦᠷᠦᠭ᠍ᠰᠡᠨ ᠮᠠᠰᠢᠠᠳᠤ ᠳᠡᠷᠭᠡ ᠶᠢ ᠵᠢᠯᠤᠭᠤᠤᠠᠴᠤ ᠵᠠᠮ ᠳᠤ ᠭᠠᠷᠴᠤ ᠶᠠᠪᠣᠭᠰᠠᠨ ᠪᠠᠢ᠌ᠪᠠᠯ᠂ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠡᠴᠡ ᠬᠤᠷᠢᠶᠠᠨ ᠠᠪᠴᠤ᠂ ᠠᠯᠪᠠᠳᠠᠨ ᠭᠡᠷᠡᠭ᠍ᠴᠡᠭᠡ ᠡᠴᠡ ᠭᠠᠷᠭᠠᠭᠤᠯᠬᠤ ᠭᠡᠷᠡᠭ᠍ᠳᠡᠢ᠃

ᠡᠮᠦᠨᠡᠭᠢ ᠪᠠᠳᠠᠭ ᠲᠤ ᠵᠢᠭᠰᠠᠭᠠᠭᠰᠠᠨ ᠮᠠᠰᠢᠠᠳᠤ ᠳᠡᠷᠭᠡ ᠶᠢ ᠵᠢᠯᠤᠭᠤᠳᠤᠨ ᠵᠠᠮ ᠳᠤ ᠭᠠᠷᠴᠤ ᠶᠠᠪᠣᠭᠰᠠᠨ ᠵᠢᠯᠤᠭᠤᠴᠢ ᠶᠢ ᠬᠤᠶᠠᠷ ᠵᠠᠭᠤᠨ ᠳᠦᠭᠦᠷᠢᠭ᠌ ᠡᠴᠡ ᠳᠡᠭᠡᠭ᠍ᠰᠢ ᠬᠤᠶᠠᠷ ᠮᠢᠩᠭ᠋ᠠᠨ ᠳᠦᠭᠦᠷᠢᠭ᠌ ᠡᠴᠡ ᠳᠤᠭᠤᠭᠰᠢ ᠵᠤᠭᠤᠰ ᠶᠢᠡᠷ ᠳᠤᠷᠭᠠᠬᠤ ᠪᠠᠷ ᠰᠢᠦᠡᠭᠡᠭᠦ ᠪᠦᠭᠡᠤᠨ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠢ ᠨᠢ ᠬᠤᠷᠢᠶᠠᠨ ᠠᠪᠴᠤ ᠭᠦᠴᠤᠨ ᠦᠭᠡᠶ ᠪᠣᠯᠭᠠᠨ᠎ᠠ᠃

ᠭᠡᠷᠡᠭ᠍ᠴᠡᠭᠡ ᠡᠴᠡ ᠭᠠᠷᠭᠠᠬᠤ ᠪᠠᠷᠢᠮᠵᠢᠶ᠎ᠠ ᠳᠤ ᠨᠢᠭᠡᠨᠲᠡ ᠭᠦᠷᠦᠭ᠍ᠰᠡᠨ ᠮᠠᠰᠢᠠᠳᠤ ᠳᠡᠷᠭᠡ ᠶᠢ ᠪᠣᠷᠤᠯᠠᠭᠤᠯᠤᠭᠰᠠᠨ ᠪᠠᠢ᠌ᠪᠠᠯ᠂ ᠬᠠᠤᠯᠢ ᠶᠢ ᠵᠦᠷᠢᠴᠠᠵᠤ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠴᠤ᠂ ᠪᠣᠷᠤᠯᠠᠭᠤᠯᠤᠭᠰᠠᠨ ᠵᠤᠭᠤᠰᠤᠨ ᠤ ᠳᠤᠭ᠎ᠠ ᠲᠡᠶ ᠨᠢ ᠳᠡᠩᠴᠡᠭᠦᠤ ᠭᠡᠮᠵᠢᠶᠡᠨ ᠤ ᠵᠤᠭᠤᠰ ᠶᠢᠡᠷ ᠳᠤᠷᠭᠠᠬᠤ ᠪᠠᠷ ᠰᠢᠦᠡᠭᠡᠵᠤ᠂ ᠳᠤᠰ ᠮᠠᠰᠢᠠᠳᠤ ᠳᠡᠷᠭᠡ ᠶᠢ ᠳᠤᠰ ᠵᠣᠢ᠌ᠯ ᠤᠨ ᠨᠢᠭᠡᠳᠦᠭᠡᠷ ᠪᠠᠳᠠᠭ ᠤᠨ ᠳᠤᠭᠳᠠᠭᠠᠯ ᠶᠤᠰᠤᠭᠠᠷ ᠰᠢ᠌ᠤᠠᠪᠣᠷᠢᠯᠠᠨ᠎ᠠ᠃

ᠵᠠᠭᠤ ᠨᠢᠭᠡᠳᠦᠭᠡᠷ ᠵᠣᠢ᠌ᠯ ᠵᠠᠮ ᠬᠠᠷᠢᠯᠴᠠᠭᠠᠨ ᠤ ᠠᠮᠤᠷ ᠲᠦᠪᠰᠢᠨ ᠤ ᠳᠤᠬᠠᠢ ᠬᠠᠤᠯᠢ ᠴᠠᠭᠠᠵᠠ᠂ ᠬᠠᠤᠯᠢ ᠳᠤᠭᠳᠠᠭᠠᠯ ᠤᠨ ᠳᠤᠭᠳᠠᠭᠠᠯ ᠡᠴᠡ ᠵᠦᠷᠢᠴᠠᠵᠤ᠂ ᠵᠠᠮ ᠬᠠᠷᠢᠯᠴᠠᠭᠠᠨ ᠤ ᠭᠦᠡᠳᠤ ᠶᠡᠭᠡ ᠭᠡᠨᠡᠳᠡᠯ ᠭᠠᠷᠭᠠᠵᠤ ᠶᠠᠯ᠎ᠠ ᠪᠣᠯᠵᠤ ᠪᠦᠷᠢᠯᠳᠦᠭ᠍ᠰᠡᠨ ᠪᠠᠢ᠌ᠪᠠᠯ᠂ ᠬᠠᠤᠯᠢ ᠶᠤᠰᠤᠭᠠᠷ ᠡᠷᠡᠭᠦᠤ ᠶᠢᠨ ᠬᠠᠷᠢᠭᠤᠴᠠᠯᠭ᠎ᠠ ᠨᠡᠭᠡᠮᠵᠢᠯᠡᠭᠦ ᠪᠦᠭᠡᠤᠨ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠡᠴᠡ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠢ ᠨᠢ ᠬᠤᠷᠢᠶᠠᠨ ᠠᠪᠴᠤ ᠭᠦᠴᠤᠨ ᠦᠭᠡᠶ ᠪᠣᠯᠭᠠᠨ᠎ᠠ᠃

ᠵᠠᠮ ᠬᠠᠷᠢᠯᠴᠠᠭᠠᠨ ᠤ ᠭᠡᠨᠡᠳᠡᠯ ᠭᠠᠷᠭᠠᠭᠰᠠᠨ ᠤ ᠳᠠᠷᠠᠭ᠎ᠠ ᠳᠤᠳᠠᠭᠠᠭᠰᠠᠨ ᠪᠠᠢ᠌ᠪᠠᠯ᠂ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠡᠴᠡ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠢ ᠨᠢ ᠬᠤᠷᠢᠶᠠᠨ ᠠᠪᠴᠤ ᠭᠦᠴᠤᠨ ᠦᠭᠡᠶ ᠪᠣᠯᠭᠠᠨ᠎ᠠ᠂ ᠳᠠᠷᠠ ᠮᠥᠷᠳᠡᠭᠡᠨ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠢ ᠨᠠᠰᠤᠨ ᠳᠤᠷᠰᠢᠳᠠ ᠳᠠᠭᠢᠵᠤ ᠠᠪᠴᠤ ᠪᠣᠯᠬᠤ ᠦᠭᠡᠶ᠃

ᠵᠠᠭᠤ ᠬᠤᠶᠠᠳᠤᠭᠠᠷ ᠵᠣᠢ᠌ᠯ ᠵᠢᠷᠭᠤᠭᠠᠨ ᠰᠠᠷ᠎ᠠ ᠶᠢᠨ ᠳᠤᠳᠤᠷ᠎ᠠ ᠬᠤᠶᠠᠷ ᠣᠳᠠᠭ᠎ᠠ ᠡᠴᠡ ᠳᠡᠭᠡᠭ᠍ᠰᠢ ᠵᠠᠮ ᠬᠠᠷᠢᠯᠴᠠᠭᠠᠨ ᠤ ᠣᠠᠴᠠ ᠶᠡᠭᠡ ᠭᠡᠨᠡᠳᠡᠯ ᠭᠠᠷᠭᠠᠭᠰᠠᠨ ᠶᠠᠪᠣᠳᠠᠯ ᠳᠤ ᠭᠤᠤᠯ ᠬᠠᠷᠢᠭᠤᠴᠠᠯᠭ᠎ᠠ ᠡᠭᠦᠷᠭᠡᠯᠡᠭᠦ ᠪᠣᠶᠤ ᠪᠦᠭᠦ ᠬᠠᠷᠢᠭᠤᠴᠠᠯᠭ᠎ᠠ ᠡᠭᠦᠷᠭᠡᠯᠡᠭᠦ ᠳᠤᠰᠬᠠᠢ ᠳᠡᠭᠡᠭᠡᠪᠦᠷᠢ ᠶᠢᠨ ᠨᠢᠭᠡᠴᠢ ᠶᠢ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠡᠴᠡ ᠵᠠᠷᠯᠢᠭᠳᠠᠵᠤ ᠪᠠᠢ᠌ᠭᠠᠤᠨ ᠠᠮᠤᠷ ᠲᠦᠪᠰᠢᠨ ᠤ ᠳᠠᠯᠳᠠ ᠭᠡᠮ ᠢ ᠠᠷᠢᠯᠭᠠᠭᠤᠯᠤᠨ᠎ᠠ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠭᠰᠠᠨ ᠦᠭᠡᠶ ᠮᠠᠰᠢᠠᠳᠤ ᠳᠡᠷᠭᠡ ᠶᠢᠨ ᠵᠠᠮ ᠳᠤ ᠭᠠᠷᠴᠤ ᠶᠠᠪᠣᠬᠤ ᠶᠢ ᠴᠠᠭᠠᠵᠠᠯᠠᠨ᠎ᠠ᠃

ᠵᠠᠭᠤ ᠭᠤᠷᠪᠠᠳᠤᠭᠠᠷ ᠵᠣᠢ᠌ᠯ ᠣᠯᠤᠰ ᠤᠨ ᠮᠠᠰᠢᠠᠳᠤ ᠳᠡᠷᠭᠡ ᠶᠢᠨ ᠦᠢᠯᠡᠳᠬᠦᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠮᠠᠰᠢᠠᠳᠤ ᠳᠡᠷᠭᠡ ᠶᠢᠨ ᠳᠤᠬᠠᠢ ᠣᠯᠤᠰ ᠤᠨ ᠠᠮᠤᠷ ᠲᠦᠪᠰᠢᠨ ᠤ ᠳᠸᠭ᠍ᠨᠢᠭ᠌ ᠮᠡᠷᠭᠡᠵᠢᠯ ᠤᠨ ᠪᠠᠷᠢᠮᠵᠢᠶ᠎ᠠ ᠶᠤᠰᠤᠭᠠᠷ ᠴᠢᠩᠭ᠋᠎ᠠ ᠭᠢᠨᠠᠨ ᠪᠠᠢ᠌ᠴᠠᠭᠠᠭᠰᠠᠨ ᠦᠭᠡᠶ ᠪᠠᠷ ᠭᠢᠷᠢ ᠳᠤ ᠳᠡᠩᠴᠡᠭᠦ ᠦᠭᠡᠶ ᠮᠠᠰᠢᠠᠳᠤ ᠳᠡᠷᠭᠡ ᠶᠢᠨ ᠭᠡᠯᠪᠠᠷᠢ ᠶᠢ ᠣᠢ᠌ᠯᠠᠤᠠᠪᠣᠷᠢᠯᠠᠯ ᠳᠤ ᠣᠷᠤᠭᠤᠯᠬᠤ ᠶᠢ ᠵᠥᠪᠰᠢᠶᠡᠷᠡᠭ᠍ᠰᠡᠨ ᠪᠠᠢ᠌ᠪᠠᠯ᠂ ᠬᠠᠷᠢᠭᠤᠴᠠᠯᠭ᠎ᠠ ᠲᠡᠶ ᠡᠷᠭᠢᠯᠡᠨ ᠬᠠᠮᠢᠶᠠᠷᠬᠤ ᠠᠵᠢᠯᠳᠠᠨ ᠪᠣᠯᠤᠨ ᠰᠢᠭᠤᠳ ᠬᠠᠷᠢᠭᠤᠴᠠᠯᠭ᠎ᠠ ᠲᠡᠶ ᠪᠣᠰᠤᠳ ᠭᠦᠮᠦᠰ ᠲᠤ ᠵᠡᠷᠭᠡ ᠳᠠᠰ ᠢ ᠨᠢ ᠪᠠᠭᠤᠷᠠᠭᠤᠯᠬᠤ ᠪᠣᠶᠤ ᠳᠤᠰᠢᠶᠠᠯ ᠡᠴᠡ ᠨᠢ ᠣᠭᠴᠠᠷᠠᠭᠤᠯᠬᠤ ᠵᠠᠰᠠᠭ ᠵᠠᠭᠢᠷᠭᠠᠨ ᠤ ᠰᠢᠦᠡᠭᠡᠯ ᠦᠭ‍ᠭᠦᠨ᠎ᠡ᠃

ᠮᠠᠰᠢᠠᠳᠤ ᠳᠡᠷᠭᠡ ᠥᠢᠯᠤᠨᠪᠦᠷᠢᠯᠡᠭᠦ ᠠᠵᠤ ᠠᠬᠤᠢ᠌ᠯᠠᠯ ᠣᠯᠤᠰ ᠤᠨ ᠮᠠᠰᠢᠠᠳᠤ ᠳᠡᠷᠭᠡ ᠶᠢᠨ ᠦᠢᠯᠡᠳᠬᠦᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠤᠨ ᠵᠦᠪᠰᠢᠶᠠᠷᠠᠯ ᠶᠢᠡᠷ ᠮᠠᠰᠢᠠᠳᠤ ᠳᠡᠷᠭᠡ ᠶᠢᠨ ᠭᠡᠯᠪᠠᠷᠢ ᠶᠢ ᠥᠢᠯᠤᠨᠪᠦᠷᠢᠯᠡᠭᠦ ᠳᠡᠭᠡᠨ ᠮᠠᠰᠢᠠᠳᠤ ᠳᠡᠷᠭᠡ ᠶᠢᠨ ᠳᠤᠬᠠᠢ ᠶᠢᠨ ᠣᠯᠤᠰ ᠤᠨ ᠠᠮᠤᠷ ᠲᠦᠪᠰᠢᠨ ᠤ ᠳᠸᠭ᠍ᠨᠢᠭ᠌ ᠮᠡᠷᠭᠡᠵᠢᠯ ᠤᠨ ᠪᠠᠷᠢᠮᠵᠢᠶ᠎ᠠ ᠶᠢ ᠭᠡᠷᠡᠭ᠍ᠵᠢᠭᠦᠯᠦᠭ᠍ᠰᠡᠨ ᠦᠭᠡᠶ ᠪᠣᠶᠤ ᠮᠠᠰᠢᠠᠳᠤ ᠳᠡᠷᠭᠡ ᠶᠢᠨ ᠪᠦᠳᠦᠭ᠍ᠳᠡᠭᠦᠨ ᠤ ᠶᠠᠰᠤ ᠴᠢᠨᠠᠷ ᠤᠨ ᠰᠢᠯᠭᠠᠨ ᠪᠠᠢ᠌ᠴᠠᠭᠠᠯᠳᠠ ᠶᠢ ᠴᠢᠩᠭ᠋᠎ᠠ ᠭᠢᠭ᠍ᠰᠡᠨ ᠦᠭᠡᠶ ᠡᠴᠡ ᠪᠣᠯᠤᠭᠠᠤᠨ ᠶᠠᠰᠤ ᠴᠢᠨᠠᠷ ᠨᠢ ᠭᠢᠷᠢ ᠳᠤ ᠦᠯᠦ ᠳᠡᠩᠴᠡᠭᠦ ᠮᠠᠰᠢᠠᠳᠤ ᠳᠡᠷᠭᠡ ᠶᠢ ᠣᠢ᠌ᠯᠠᠤᠠᠪᠣᠷᠢ ᠡᠴᠡ ᠭᠠᠷᠭᠠᠵᠤ ᠪᠣᠷᠤᠯᠠᠭᠤᠯᠤᠭᠰᠠᠨ ᠪᠠᠢ᠌ᠪᠠᠯ᠂ ᠶᠠᠰᠤ ᠴᠢᠨᠠᠷ ᠤᠨ ᠳᠸᠭ᠍ᠨᠢᠭ᠌ ᠮᠡᠷᠭᠡᠵᠢᠯ ᠤᠨ ᠭᠢᠨᠠᠯᠳᠠ ᠳᠠᠯᠪᠢᠬᠤ ᠰᠠᠯᠠᠭ᠎ᠠ ᠮᠦᠴᠢᠷ ᠡᠴᠡ 《ᠪᠦᠭᠦᠳᠡ ᠨᠠᠢ᠌ᠷᠠᠮᠳᠠᠬᠤ ᠳᠤᠮᠳᠠᠳᠤ ᠠᠷᠠᠤᠨ ᠣᠯᠤᠰ ᠤᠨ ᠦᠢᠯᠡᠳᠬᠦᠨ ᠤ ᠶᠠᠰᠤ ᠴᠢᠨᠠᠷ ᠤᠨ ᠬᠠᠤᠯᠢ》 ᠵᠢᠨ ᠬᠤᠯᠪᠣᠭᠳᠠᠯ ᠪᠦᠭᠦᠢ ᠳᠤᠭᠳᠠᠭᠠᠯ ᠶᠤᠰᠤᠭᠠᠷ ᠰᠢᠦᠡᠭᠡᠨ᠎ᠡ᠃

ᠣᠯᠤᠰ ᠤᠨ ᠮᠠᠰᠢᠠᠳᠤ ᠳᠡᠷᠭᠡ ᠶᠢᠨ ᠦᠢᠯᠡᠳᠬᠦᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠡᠴᠡ ᠥᠢᠯᠤᠨᠪᠦᠷᠢᠯᠡᠭᠦ ᠵᠦᠪᠰᠢᠶᠠᠷᠠᠯ ᠠᠪᠣᠭᠰᠠᠨ ᠦᠭᠡᠶ ᠪᠠᠷ ᠮᠠᠰᠢᠠᠳᠤ ᠳᠡᠷᠭᠡ ᠶᠢᠨ ᠭᠡᠯᠪᠠᠷᠢ ᠶᠢ ᠳᠤᠷ᠎ᠠ ᠪᠠᠷ ᠶᠢᠡᠨ ᠣᠢ᠌ᠯᠠᠤᠠᠪᠣᠷᠢᠯᠠᠵᠤ ᠪᠣᠷᠤᠯᠠᠭᠤᠯᠤᠭᠰᠠᠨ ᠪᠠᠢ᠌ᠪᠠᠯ᠂ ᠬᠠᠤᠯᠢ ᠪᠣᠰᠤ ᠪᠠᠷ ᠥᠢᠯᠤᠨᠪᠦᠷᠢᠯᠡᠭ᠍ᠰᠡᠨ᠂ ᠪᠣᠷᠤᠯᠠᠭᠤᠯᠤᠭᠰᠠᠨ ᠮᠠᠰᠢᠠᠳᠤ ᠳᠡᠷᠭᠡ ᠶᠢᠨ ᠪᠦᠳᠦᠭᠡᠭ᠍ᠳᠡᠭᠦᠨ ᠵᠢᠴᠢ ᠳᠤᠨᠤᠭᠯᠠᠭᠠᠰᠤ ᠶᠢ ᠨᠢ ᠬᠤᠷᠢᠶᠠᠨ ᠠᠪᠬᠤ ᠪᠦᠭᠡᠤᠨ ᠬᠠᠤᠯᠢ ᠪᠣᠰᠤ ᠦᠢᠯᠡᠳᠬᠦᠨ ᠤ ᠥᠷᠳᠡᠭ᠌ ᠤᠨ ᠭᠢᠨᠢ ᠭᠤᠷᠪᠠᠨ ᠳᠠᠭᠢᠨ ᠡᠴᠡ ᠳᠡᠭᠡᠭ᠍ᠰᠢ ᠳᠠᠪᠤᠨ ᠳᠠᠭᠢᠨ ᠡᠴᠡ ᠳᠤᠭᠤᠭᠰᠢ ᠵᠤᠭᠤᠰ ᠶᠢᠡᠷ ᠳᠤᠷᠭᠠᠬᠤ ᠪᠠᠷ ᠨᠡᠢ᠌ᠯᠡᠭᠦᠯᠤᠨ ᠰᠢᠦᠡᠭᠡᠵᠤ ᠪᠣᠯᠤᠨ᠎ᠠ᠃ ᠡᠵᠡᠩᠨᠡᠯᠳᠡ ᠶᠢᠨ ᠦᠨᠡᠮᠯᠠᠯ ᠲᠡᠶ ᠪᠠᠢ᠌ᠪᠠᠯ᠂ ᠣᠢ᠌ᠯᠠᠤᠠᠪᠣᠷᠢ ᠬᠤᠳᠠᠯᠳᠤᠭᠠᠨ ᠤ ᠵᠠᠰᠠᠭ ᠵᠠᠭᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠡᠴᠡ ᠡᠵᠡᠩᠨᠡᠯᠳᠡ ᠶᠢᠨ ᠦᠨᠡᠮᠯᠠᠯ ᠢ ᠨᠢ ᠬᠤᠷᠢᠶᠠᠨ ᠠᠪᠴᠤ ᠭᠦᠴᠤᠨ ᠦᠭᠡᠶ ᠪᠣᠯᠭᠠᠨ᠎ᠠ᠂ ᠡᠵᠡᠩᠨᠡᠯᠳᠡ ᠶᠢᠨ ᠦᠨᠡᠮᠯᠠᠯ ᠪᠠᠢ᠌ᠬᠤ ᠦᠭᠡᠶ ᠪᠣᠯ ᠪᠠᠢ᠌ᠴᠠᠭᠠᠨ ᠪᠢᠳᠡᠭᠦᠮᠵᠢᠯᠡᠨ᠎ᠡ᠃

ᠨᠡᠢ᠌ᠯᠡᠭᠦᠯᠵᠤ ᠣᠭᠰᠠᠷᠠᠭᠰᠠᠨ ᠮᠠᠰᠢᠠᠳᠤ ᠳᠡᠷᠭᠡ ᠣᠢ᠌ᠯᠠᠤᠠᠪᠣᠷᠢᠯᠠᠵᠤ ᠪᠣᠷᠤᠯᠠᠭᠤᠯᠤᠭᠰᠠᠨ ᠪᠣᠶᠤ ᠳᠤᠷ᠎ᠠ ᠪᠠᠷ ᠶᠢᠡᠨ ᠥᠭᠡᠷᠡᠳᠦᠭᠦᠯᠤᠨ ᠳᠤᠨᠤᠭᠯᠠᠭᠰᠠᠨ ᠮᠠᠰᠢᠠᠳᠤ ᠳᠡᠷᠭᠡ ᠶᠢ ᠣᠢ᠌ᠯᠠᠤᠠᠪᠣᠷᠢᠯᠠᠵᠤ ᠪᠣᠷᠤᠯᠠᠭᠤᠯᠤᠭᠰᠠᠨ ᠪᠠᠢ᠌ᠪᠠᠯ᠂ ᠳᠤᠰ ᠵᠣᠢ᠌ᠯ ᠤᠨ ᠭᠤᠷᠪᠠᠳᠤᠭᠠᠷ ᠪᠠᠳᠠᠭ ᠤᠨ ᠳᠤᠭᠳᠠᠭᠠᠯ ᠶᠤᠰᠤᠭᠠᠷ ᠰᠢᠦᠡᠭᠡᠨ᠎ᠡ᠃

ᠳᠤᠰ ᠵᠣᠢ᠌ᠯ ᠤᠨ ᠬᠤᠶᠠᠳᠤᠭᠠᠷ ᠪᠠᠳᠠᠭ᠂ ᠭᠤᠷᠪᠠᠳᠤᠭᠠᠷ ᠪᠠᠳᠠᠭ᠂ ᠳᠦᠷᠪᠠᠳᠦᠭᠡᠷ ᠪᠠᠳᠠᠭ ᠲᠤ ᠵᠢᠭᠰᠠᠭᠠᠭᠰᠠᠨ ᠬᠠᠤᠯᠢ ᠶᠢ ᠵᠥᠷᠢᠴᠡᠭ᠍ᠰᠡᠨ ᠠᠵᠢᠯᠯᠠᠭ᠎ᠠ ᠲᠡᠶ ᠪᠠᠢ᠌ᠵᠤ᠂ ᠮᠠᠰᠢᠠᠳᠤ ᠳᠡᠷᠭᠡ ᠶᠢᠨ ᠳᠤᠬᠠᠢ ᠶᠢᠨ ᠣᠯᠤᠰ ᠤᠨ ᠠᠮᠤᠷ ᠲᠦᠪᠰᠢᠨ ᠤ ᠳᠸᠭ᠍ᠨᠢᠭ᠌ ᠮᠡᠷᠭᠡᠵᠢᠯ ᠤᠨ ᠪᠠᠷᠢᠮᠵᠢᠶ᠎ᠠ ᠳᠤ ᠦᠯᠦ ᠨᠡᠢ᠌ᠴᠡᠭᠦ ᠮᠠᠰᠢᠠᠳᠤ ᠳᠡᠷᠭᠡ ᠶᠢ ᠥᠢᠯᠤᠨᠪᠦᠷᠢᠯᠡᠭ᠍ᠰᠡᠨ ᠪᠣᠶᠤ ᠪᠣᠷᠤᠯᠠᠭᠤᠯᠤᠭᠠᠤᠨ ᠶᠠᠯ᠎ᠠ ᠪᠣᠯᠵᠤ ᠪᠦᠷᠢᠯᠳᠦᠭ᠍ᠰᠡᠨ ᠪᠠᠢ᠌ᠪᠠᠯ᠂ ᠬᠠᠤᠯᠢ ᠶᠤᠰᠤᠭᠠᠷ ᠡᠷᠡᠭᠦᠤ ᠶᠢᠨ ᠬᠠᠷᠢᠭᠤᠴᠠᠯᠭ᠎ᠠ ᠨᠡᠭᠡᠮᠵᠢᠯᠡᠨ᠎ᠡ᠃

ᠵᠠᠭᠤ ᠳᠦᠷᠪᠠᠳᠦᠭᠡᠷ ᠵᠣᠢ᠌ᠯ ᠵᠦᠪᠰᠢᠶᠠᠷᠠᠯ ᠠᠪᠣᠭᠰᠠᠨ ᠦᠭᠡᠶ ᠪᠠᠷ ᠳᠤᠷ᠎ᠠ ᠪᠠᠷ ᠶᠢᠡᠨ ᠵᠠᠮ ᠢ ᠣᠬᠤᠵᠤ ᠮᠠᠯᠳᠠᠭᠰᠠᠨ᠂ ᠵᠠᠮ ᠢ ᠡᠵᠡᠯᠡᠨ ᠭᠡᠷᠡᠭᠯᠡᠵᠤ ᠪᠠᠷᠢᠯᠭ᠎ᠠ ᠪᠠᠷᠢᠭᠰᠠᠨ ᠪᠣᠶᠤ ᠵᠠᠮ ᠬᠠᠷᠢᠯᠴᠠᠭᠠᠨ ᠤ ᠠᠮᠤᠷ ᠲᠦᠪᠰᠢᠨ ᠢ ᠨᠥᠯᠦᠭᠡᠯᠡᠭᠦ ᠪᠣᠰᠤᠳ ᠠᠵᠢᠯᠯᠠᠭ᠎ᠠ ᠶᠢ ᠭᠢᠭ᠍ᠰᠡᠨ ᠪᠠᠢ᠌ᠪᠠᠯ᠂ ᠵᠠᠮ ᠬᠠᠷᠢᠯᠴᠠᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠡᠴᠡ ᠬᠠᠤᠯᠢ ᠶᠢ ᠵᠥᠷᠢᠴᠡᠭ᠍ᠰᠡᠨ ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠯᠭᠠᠬᠤ ᠶᠢᠨ ᠬᠠᠮᠳᠤ ᠣᠤᠯ ᠪᠠᠢ᠌ᠳᠠᠯ ᠢ ᠨᠢ ᠰᠡᠷᠭᠦᠭᠡᠯᠭᠡᠭᠦ ᠪᠦᠭᠡᠤᠨ ᠬᠠᠤᠯᠢ ᠶᠤᠰᠤᠭᠠᠷ ᠵᠤᠭᠤᠰ ᠶᠢᠡᠷ ᠳᠤᠷᠭᠠᠵᠤ ᠪᠣᠯᠤᠨ᠎ᠠ᠃ ᠵᠠᠮ ᠶᠢᠡᠷ ᠶᠠᠪᠣᠬᠤ ᠭᠦᠮᠦᠰ᠂ ᠳᠡᠷᠭᠡ ᠣᠨᠤᠭ᠎ᠠ ᠵᠢᠴᠢ ᠪᠣᠰᠤᠳ ᠡᠳ᠋ ᠭᠦᠷᠦᠩᠭᠡ ᠳᠤ ᠬᠤᠭᠢᠷᠠᠯ ᠣᠴᠠᠷᠠᠭᠤᠯᠤᠭᠰᠠᠨ ᠪᠠᠢ᠌ᠪᠠᠯ᠂ ᠬᠠᠤᠯᠢ ᠶᠤᠰᠤᠭᠠᠷ ᠳᠦᠯᠦᠭᠦ ᠬᠠᠷᠢᠭᠤᠴᠠᠯᠭ᠎ᠠ ᠡᠭᠦᠷᠭᠡᠯᠡᠭᠦᠯᠦᠨ᠎ᠡ᠃

ᠡᠮᠦᠨᠡᠭᠢ ᠪᠠᠳᠠᠭ ᠤᠨ ᠠᠵᠢᠯᠯᠠᠭ᠎ᠠ ᠲᠡᠶ ᠪᠠᠢ᠌ᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯᠯᠠᠭ᠎ᠠ ᠶᠢ ᠨᠥᠯᠦᠭᠡᠯᠡᠭ᠍ᠰᠡᠨ ᠪᠠᠢ᠌ᠪᠠᠯ᠂ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠡᠴᠡ ᠬᠠᠤᠯᠢ ᠶᠢ ᠵᠥᠷᠢᠴᠡᠭ᠍ᠰᠡᠨ ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠯᠭᠠᠵᠤ᠂ ᠵᠠᠮ ᠬᠠᠷᠢᠯᠴᠠᠭ᠎ᠠ ᠶᠢ ᠥᠳᠲᠡᠷ ᠳᠦᠷᠭᠡᠨ ᠰᠡᠷᠭᠦᠭᠡᠯᠭᠡᠵᠤ ᠪᠣᠯᠤᠨ᠎ᠠ᠃

ᠵᠠᠭᠤ ᠳᠠᠪᠣᠳᠤᠭᠠᠷ ᠵᠣᠢ᠌ᠯ ᠵᠠᠮ ᠵᠠᠰᠠᠬᠤ ᠪᠠᠷᠢᠯᠭ᠎ᠠ ᠶᠢᠨ ᠠᠵᠢᠯ ᠭᠢᠭᠦ ᠳᠤ ᠪᠣᠶᠤ ᠵᠠᠮ ᠡᠪᠳᠡᠷᠡᠵᠤ ᠬᠤᠭᠢᠷᠠᠠᠭᠰᠠᠨ ᠪᠠᠢ᠌ᠬᠤ ᠳᠤ ᠴᠠᠭ ᠳᠤᠬᠠᠢ ᠳ᠋ᠤᠨᠢ ᠰᠠᠷᠠᠮᠵᠢ ᠶᠢᠨ ᠢᠯᠡᠳᠭᠡᠮᠵᠢ ᠳᠡᠮᠳᠡᠭ᠌ ᠳᠠᠯᠪᠢᠭᠰᠠᠨ ᠦᠭᠡᠶ᠂ ᠰᠡᠷᠭᠡᠢ᠌ᠯᠡᠨ ᠬᠠᠮᠠᠭᠠᠯᠠᠬᠤ ᠠᠷᠭ᠎ᠠ ᠭᠡᠮᠵᠢᠶ᠎ᠡ ᠠᠪᠣᠭᠰᠠᠨ ᠦᠭᠡᠶ᠂ ᠡᠰᠡᠭᠦᠯ᠎ᠡ ᠵᠠᠮ ᠬᠠᠷᠢᠯᠴᠠᠭᠠᠨ ᠤ ᠲᠤᠬᠢᠶᠠᠨ ᠳ᠋ᠸᠩ᠂ ᠵᠠᠮ ᠬᠠᠷᠢᠯᠴᠠᠭᠠᠨ ᠤ ᠢᠯᠡᠳᠭᠡᠮᠵᠢ ᠳᠡᠮᠳᠡᠭ᠌᠂ ᠵᠠᠮ ᠬᠠᠷᠢᠯᠴᠠᠭᠠᠨ ᠤ ᠳᠡᠮᠳᠡᠭ᠌ ᠵᠢᠷᠤᠭᠠᠰᠤ ᠳᠠᠯᠪᠢᠬᠤ ᠶᠤᠰᠤᠳᠠᠢ ᠪᠠᠢ᠌ᠳᠠᠯ᠎ᠠ ᠳᠠᠯᠪᠢᠭᠰᠠᠨ ᠦᠭᠡᠶ ᠪᠣᠶᠤ ᠵᠠᠮ ᠬᠠᠷᠢᠯᠴᠠᠭᠠᠨ ᠤ ᠲᠤᠬᠢᠶᠠᠨ ᠳ᠋ᠸᠩ᠂ ᠵᠠᠮ ᠬᠠᠷᠢᠯᠴᠠᠭᠠᠨ ᠤ ᠢᠯᠡᠳᠭᠡᠮᠵᠢ ᠳᠡᠮᠳᠡᠭ᠌᠂ ᠵᠠᠮ ᠬᠠᠷᠢᠯᠴᠠᠭᠠᠨ ᠤ ᠳᠡᠮᠳᠡᠭ᠌ ᠵᠢᠷᠤᠭᠠᠰᠤ ᠶᠢ ᠴᠠᠭ ᠳᠤᠬᠠᠢ ᠳ᠋ᠤᠨᠢ ᠬᠤᠪᠷᠠᠭᠤᠯᠤᠭᠰᠠᠨ ᠦᠭᠡᠶ ᠡᠴᠡ ᠪᠣᠯᠤᠭᠠᠤᠨ ᠵᠠᠮ ᠶᠢᠡᠷ ᠶᠠᠪᠣᠬᠤ ᠭᠦᠮᠤᠨ᠂ ᠳᠡᠷᠭᠡ ᠣᠨᠤᠭ᠎ᠠ ᠵᠢᠴᠢ ᠪᠣᠰᠤᠳ ᠡᠳ᠋ ᠭᠦᠷᠦᠩᠭᠡ ᠳᠤ ᠬᠤᠭᠢᠷᠠᠯ ᠣᠴᠠᠷᠠᠭᠤᠯᠤᠭᠰᠠᠨ ᠪᠠᠢ᠌ᠪᠠᠯ᠂ ᠬᠤᠯᠪᠣᠭᠳᠠᠬᠤ ᠳᠤᠰᠢᠶᠠᠯ ᠬᠠᠷᠢᠭᠤᠴᠠᠯᠭ᠎ᠠ ᠲᠡᠶ ᠨᠢᠭᠡᠴᠢ ᠬᠠᠤᠯᠢ ᠶᠤᠰᠤᠭᠠᠷ ᠳᠦᠯᠦᠭᠦ ᠬᠠᠷᠢᠭᠤᠴᠠᠯᠭ᠎ᠠ ᠡᠭᠦᠷᠭᠡᠯᠡᠭᠦ ᠭᠡᠷᠡᠭ᠍ᠳᠡᠢ᠃

ᠵᠠᠭᠤ ᠵᠢᠷᠭᠤᠳᠤᠭᠠᠷ ᠵᠣᠢ᠌ᠯ ᠵᠠᠮ ᠤᠨ ᠬᠤᠶᠠᠷ ᠳᠠᠯ᠎ᠠ ᠵᠢᠴᠢ ᠵᠠᠭᠠᠭ ᠪᠦᠰᠡ ᠳᠡᠭᠡᠷ᠎ᠡ ᠮᠤᠳᠤ ᠪᠣᠯᠤᠨ ᠪᠣᠰᠤᠳ ᠣᠷᠭᠤᠮᠠᠯ ᠳᠠᠷᠢᠬᠤ ᠪᠣᠶᠤ ᠵᠠᠷ ᠤᠨ ᠫᠠᠢ᠌ᠰᠠ ᠪᠣᠰᠬᠠᠨ᠂ ᠬᠤᠭᠤᠯᠠᠢ ᠣᠳᠠᠰᠤ ᠵᠡᠷᠭᠡ ᠶᠢ ᠳᠠᠳᠠᠨ ᠳᠠᠭᠠᠷᠠᠭᠤᠯᠵᠤ ᠵᠠᠮ ᠤᠨ ᠳ᠋ᠸᠩ᠂ ᠵᠠᠮ ᠬᠠᠷᠢᠯᠴᠠᠭᠠᠨ ᠤ ᠲᠤᠬᠢᠶᠠᠨ ᠳ᠋ᠸᠩ᠂ ᠵᠠᠮ ᠬᠠᠷᠢᠯᠴᠠᠭᠠᠨ ᠤ ᠢᠯᠡᠳᠭᠡᠮᠵᠢ ᠳᠡᠮᠳᠡᠭ᠌ ᠢ ᠬᠠᠯᠬᠠᠯᠠᠵᠤ᠂ ᠠᠮᠤᠷ ᠲᠦᠪᠰᠢᠨ ᠤ ᠬᠠᠷᠠᠭᠠᠨ ᠵᠠᠢ ᠶᠢ ᠬᠠᠷᠰᠢᠯᠠᠭᠰᠠᠨ ᠪᠠᠢ᠌ᠪᠠᠯ᠂ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠡᠴᠡ ᠠᠵᠢᠯᠯᠠᠭᠠᠳᠤ ᠭᠦᠮᠤᠨ ᠢ ᠵᠠᠷᠯᠢᠭᠳᠠᠵᠤ ᠪᠠᠢ᠌ᠭᠠᠤᠨ ᠬᠠᠷᠰᠢ ᠰᠠᠭᠠᠤᠨ ᠢ ᠠᠷᠢᠯᠭᠠᠭᠤᠯᠤᠨ᠎ᠠ᠃ ᠭᠦᠢᠴᠡᠳᠭᠡᠭᠦ ᠶᠢ ᠳᠡᠪᠴᠢᠭ᠍ᠰᠡᠨ ᠪᠠᠢ᠌ᠪᠠᠯ᠂ ᠬᠤᠶᠠᠷ ᠵᠠᠭᠤᠨ ᠳᠦᠭᠦᠷᠢᠭ᠌ ᠡᠴᠡ ᠳᠡᠭᠡᠭ᠍ᠰᠢ ᠬᠤᠶᠠᠷ ᠮᠢᠩᠭ᠋ᠠᠨ ᠳᠦᠭᠦᠷᠢᠭ᠌ ᠡᠴᠡ ᠳᠤᠭᠤᠭᠰᠢ ᠵᠤᠭᠤᠰ ᠶᠢᠡᠷ ᠳᠤᠷᠭᠠᠬᠤ ᠪᠠᠷ ᠰᠢᠦᠡᠭᠡᠭᠦ ᠪᠦᠭᠡᠤᠨ ᠬᠠᠷᠰᠢ ᠰᠠᠭᠠᠤᠨ ᠢ ᠠᠯᠪᠠᠳᠠᠨ ᠠᠷᠢᠯᠭᠠᠭᠤᠯᠵᠤ᠂ ᠡᠭᠦᠨ ᠳᠤ ᠭᠡᠷᠡᠭ᠍ᠰᠡᠭᠦ ᠵᠠᠷᠤᠳᠠᠯ ᠢ ᠠᠵᠢᠯᠯᠠᠭᠠᠳᠤ ᠭᠦᠮᠤᠨ ᠶᠢᠡᠷ ᠡᠭᠦᠷᠭᠡᠯᠡᠭᠦᠯᠦᠨ᠎ᠡ᠃

ᠵᠠᠭᠤ ᠳᠤᠯᠤᠳᠤᠭᠠᠷ ᠵᠣᠢ᠌ᠯ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭ᠍ᠰᠡᠨ ᠠᠵᠢᠯᠯᠠᠭᠠᠳᠤ ᠭᠦᠮᠤᠨ ᠳᠤ ᠰᠠᠷᠠᠮᠵᠢ ᠦᠭ‍ᠭᠦ᠂ ᠬᠤᠶᠠᠷ ᠵᠠᠭᠤᠨ ᠳᠦᠭᠦᠷᠢᠭ᠌ ᠡᠴᠡ ᠳᠤᠭᠤᠭᠰᠢ ᠵᠤᠭᠤᠰ ᠶᠢᠡᠷ ᠳᠤᠷᠭᠠᠬᠤ ᠶᠠᠪᠣᠳᠠᠯ ᠳᠤ᠂ ᠵᠠᠮ ᠬᠠᠷᠢᠯᠴᠠᠭᠠᠨ ᠤ ᠴᠠᠭᠳᠠᠭ᠎ᠠ ᠳᠤᠬᠠᠢ ᠶᠢᠨ ᠭᠠᠵᠠᠷ ᠳᠤᠨᠢ ᠵᠠᠰᠠᠭ ᠵᠠᠭᠢᠷᠭᠠᠨ ᠤ ᠰᠢᠦᠡᠭᠡᠯ ᠦᠭ‍ᠭᠦ ᠳᠤᠭᠳᠠᠭᠠᠯ ᠭᠠᠷᠭᠠᠵᠤ ᠪᠣᠯᠬᠤ ᠪᠦᠭᠡᠤᠨ ᠵᠠᠰᠠᠭ ᠵᠠᠭᠢᠷᠭᠠᠨ ᠤ ᠰᠢᠦᠡᠭᠡᠯ ᠦᠭ‍ᠭᠦ ᠳᠤᠭᠳᠠᠭᠠᠯ ᠤᠨ ᠪᠢᠴᠢᠭ᠌ ᠪᠢᠴᠢᠵᠤ ᠦᠭ‍ᠭᠦᠨ᠎ᠡ᠃

ᠵᠠᠰᠠᠭ ᠵᠠᠭᠢᠷᠭᠠᠨ ᠤ ᠰᠢᠦᠡᠭᠡᠯ ᠦᠭ‍ᠭᠦ ᠳᠤᠭᠳᠠᠭᠠᠯ ᠤᠨ ᠪᠢᠴᠢᠭ᠌ ᠲᠤ ᠳᠤᠬᠠᠢ ᠶᠢᠨ ᠭᠦᠮᠤᠨ ᠤ ᠬᠠᠤᠯᠢ ᠶᠢ ᠵᠥᠷᠢᠴᠡᠭ᠍ᠰᠡᠨ ᠪᠣᠳᠠᠳᠤ ᠭᠡᠷᠡᠭ᠌᠂ ᠵᠠᠰᠠᠭ ᠵᠠᠭᠢᠷᠭᠠᠨ ᠤ ᠰᠢᠦᠡᠭᠡᠯ ᠦᠭ‍ᠭᠦ ᠦᠨᠳᠦᠰᠦ ᠪᠠᠷᠢᠮᠳᠠ᠂ ᠰᠢᠦᠡᠭᠡᠯ ᠤᠨ ᠠᠭᠤᠯᠭ᠎ᠠ᠂ ᠴᠠᠭ᠂ ᠭᠠᠵᠠᠷ ᠣᠷᠤᠨ ᠵᠢᠴᠢ ᠰᠢᠦᠡᠭᠡᠯ ᠦᠭ‍ᠭᠦ ᠪᠠᠢ᠌ᠭᠤᠯᠭ᠎ᠠ ᠶᠢᠨ ᠨᠠᠷᠠᠢ᠌ᠳᠤᠯ ᠢ ᠳᠤᠳᠤᠷᠬᠠᠢ ᠪᠢᠴᠢᠭᠦ ᠭᠡᠷᠡᠭ᠍ᠳᠡᠢ ᠪᠦᠭᠡᠤᠨ ᠬᠠᠤᠯᠢ ᠭᠡᠷᠡᠭ᠍ᠵᠢᠭᠦᠯᠦᠭ᠍ᠴᠢ ᠭᠠᠷ ᠤᠨ ᠥᠰᠦᠭ᠌ ᠶᠢᠡᠨ ᠵᠢᠷᠤᠬᠤ ᠪᠣᠶᠤ ᠳᠠᠮᠠᠭ᠎ᠠ ᠪᠠᠨ ᠳᠠᠷᠤᠬᠤ ᠭᠡᠷᠡᠭ᠍ᠳᠡᠢ᠃

ᠵᠠᠭᠤ ᠨᠢ᠋ᠮᠠᠳᠤᠭᠠᠷ ᠵᠣᠢ᠌ᠯ ᠳᠤᠬᠠᠢ ᠶᠢᠨ ᠭᠦᠮᠤᠨ ᠵᠤᠭᠤᠰ ᠶᠢᠡᠷ ᠳᠤᠷᠭᠠᠬᠤ ᠵᠠᠰᠠᠭ ᠵᠠᠭᠢᠷᠭᠠᠨ ᠤ ᠰᠢᠦᠡᠭᠡᠯ ᠤᠨ ᠳᠤᠭᠳᠠᠭᠠᠯ ᠤᠨ ᠪᠢᠴᠢᠭ᠌ ᠢ ᠣᠯᠤᠭᠰᠠᠨ ᠡᠳᠦᠷ ᠡᠴᠡ ᠡᠭᠢᠯᠡᠨ ᠠᠷᠪᠠᠨ ᠳᠠᠪᠤᠨ ᠡᠳᠦᠷ ᠤᠨ ᠳᠤᠳᠤᠷ᠎ᠠ ᠵᠢᠭᠠᠨ ᠳᠤᠭᠳᠠᠭᠠᠭᠰᠠᠨ ᠪᠠᠩᠭᠢ ᠳᠤ ᠣᠴᠢᠵᠤ ᠳᠤᠷᠭᠠᠭᠤᠯᠢ ᠶᠢᠨ ᠵᠤᠭᠤᠰ ᠢ ᠳᠤᠰᠢᠶᠠᠬᠤ ᠭᠡᠷᠡᠭ᠍ᠳᠡᠢ᠃

ᠶᠠᠪᠠᠭᠠᠨ ᠭᠦᠮᠤᠨ᠂ ᠳᠡᠷᠭᠡᠨ ᠳᠤ ᠰᠠᠭᠤᠭᠴᠢ ᠪᠣᠯᠤᠨ ᠮᠠᠰᠢᠠᠳᠤ ᠪᠣᠰᠤ ᠳᠡᠷᠭᠡᠨ ᠤ ᠵᠢᠯᠤᠭᠤᠴᠢ ᠶᠢ ᠵᠤᠭᠤᠰ ᠶᠢᠡᠷ ᠳᠤᠷᠭᠠᠬᠤ ᠳᠤ᠂ ᠳᠤᠬᠠᠢ ᠶᠢᠨ ᠭᠦᠮᠤᠨ ᠨᠢ ᠣᠠᠳᠤᠤ ᠰᠠᠨᠠᠯ ᠦᠭᠡᠶ ᠪᠣᠯ ᠳᠤᠬᠠᠢ ᠶᠢᠨ ᠭᠠᠵᠠᠷ ᠳᠤᠨᠢ ᠳᠤᠷᠭᠠᠭᠤᠯᠢ ᠶᠢᠨ ᠵᠤᠭᠤᠰ ᠢ ᠬᠤᠷᠢᠶᠠᠨ ᠠᠪᠴᠤ ᠪᠣᠯᠤᠨ᠎ᠠ᠃

ᠵᠤᠭᠤᠰ ᠶᠢᠡᠷ ᠳᠤᠷᠭᠠᠬᠤ ᠳᠠᠭᠠᠨ ᠮᠤᠵᠢ᠂ ᠥᠪᠠᠷᠳᠡᠭᠡᠨ ᠵᠠᠰᠠᠬᠤ ᠣᠷᠤᠨ᠂ ᠰᠢᠭᠤᠳ ᠬᠠᠷᠢᠶ᠎ᠠ ᠬᠤᠳᠠ ᠶᠢᠨ ᠡᠳ᠋ ᠤᠨ ᠵᠠᠰᠠᠭ ᠤᠨ ᠰᠠᠯᠠᠭ᠎ᠠ ᠮᠦᠴᠢᠷ ᠤᠨ ᠨᠢᠭᠡᠳᠦᠯᠳᠡᠢ ᠣᠢ᠌ᠯᠠᠤᠠᠴᠤ ᠳᠠᠷᠬᠠᠭᠠᠭᠰᠠᠨ ᠵᠤᠭᠤᠰ ᠶᠢᠡᠷ ᠳᠤᠷᠭᠠᠬᠤ ᠪᠠᠷᠢᠮᠳᠠ ᠪᠢᠴᠢᠵᠤ ᠦᠭ‍ᠭᠦ ᠭᠡᠷᠡᠭ᠍ᠳᠡᠢ᠃ ᠡᠳ᠋ ᠤᠨ ᠵᠠᠰᠠᠭ ᠤᠨ ᠰᠠᠯᠠᠭ᠎ᠠ ᠮᠦᠴᠢᠷ ᠤᠨ ᠨᠢᠭᠡᠳᠦᠯᠳᠡᠢ ᠣᠢ᠌ᠯᠠᠤᠠᠴᠤ ᠳᠠᠷᠬᠠᠭᠠᠭᠰᠠᠨ ᠵᠤᠭᠤᠰ ᠶᠢᠡᠷ ᠳᠤᠷᠭᠠᠬᠤ ᠪᠠᠷᠢᠮᠳᠠ ᠪᠢᠴᠢᠵᠤ ᠦᠭ‍ᠭᠦ ᠦᠭᠡᠶ ᠪᠣᠯ᠂ ᠳᠤᠬᠠᠢ ᠶᠢᠨ ᠭᠦᠮᠤᠨ ᠳᠤᠷᠭᠠᠭᠤᠯᠢ ᠶᠢᠨ ᠵᠤᠭᠤᠰ ᠳᠤᠰᠢᠶᠠᠬᠤ ᠦᠭᠡᠶ ᠪᠠᠢ᠌ᠬᠤ ᠡᠷᠭᠡ ᠲᠡᠶ᠃

ᠵᠠᠭᠤ ᠶ‍ᠢᠰᠦᠳᠦᠭᠡᠷ ᠵᠣᠢ᠌ᠯ ᠳᠤᠬᠠᠢ ᠶᠢᠨ ᠭᠦᠮᠤᠨ ᠬᠤᠭᠤᠴᠠᠭ᠎ᠠ ᠭᠡᠳᠦᠷᠡᠭ᠍ᠰᠡᠨ ᠪᠠᠢ᠌ᠳᠠᠯ᠎ᠠ ᠵᠠᠰᠠᠭ ᠵᠠᠭᠢᠷᠭᠠᠨ ᠤ ᠰᠢᠦᠡᠭᠡᠯ ᠤᠨ ᠳᠤᠭᠳᠠᠭᠠᠯ ᠢ ᠭᠦᠢᠴᠡᠳᠭᠡᠭᠦ ᠦᠭᠡᠶ ᠪᠠᠢ᠌ᠪᠠᠯ᠂ ᠵᠠᠰᠠᠭ ᠵᠠᠭᠢᠷᠭᠠᠨ ᠤ ᠰᠢᠦᠡᠭᠡᠯ ᠤᠨ ᠳᠤᠭᠳᠠᠭᠠᠯ ᠭᠠᠷᠭᠠᠭᠰᠠᠨ ᠵᠠᠰᠠᠭ ᠵᠠᠭᠢᠷᠭᠠᠨ ᠤ ᠪᠠᠢ᠌ᠭᠤᠯᠭ᠎ᠠ ᠳᠤᠤᠷ᠎ᠠ ᠵᠢᠭᠰᠠᠭᠠᠭᠰᠠᠨ ᠠᠷᠭ᠎ᠠ ᠭᠡᠯᠪᠠᠷᠢ ᠶᠢ ᠠᠪᠴᠤ ᠪᠣᠯᠤᠨ᠎ᠠ᠄

( ᠨᠢᠭᠡ ) ᠬᠤᠭᠤᠴᠠᠭ᠎ᠠ ᠳᠤᠯᠳᠠᠯ᠎ᠠ ᠳᠤᠷᠭᠠᠭᠤᠯᠢ ᠶᠢᠨ ᠵᠤᠭᠤᠰ ᠢ ᠳᠤᠰᠢᠶᠠᠬᠤ ᠦᠭᠡᠶ ᠪᠠᠢ᠌ᠪᠠᠯ᠂ ᠡᠳᠦᠷ ᠪᠦᠷᠢ ᠳᠤᠷᠭᠠᠭᠤᠯᠢ ᠶᠢᠨ ᠵᠤᠭᠤᠰ ᠤᠨ ᠳᠤᠭᠠᠨ ᠤ ᠭᠢᠨᠢ ᠵᠠᠭᠤᠨ ᠤ ᠭᠤᠷᠪᠠ ᠪᠠᠷ ᠵᠤᠭᠤᠰ ᠨᠠᠮᠠᠵᠤ ᠳᠤᠷᠭᠠᠨ᠎ᠠ

( ᠬᠤᠶᠠᠷ ) ᠠᠷᠠᠤᠨ ᠤᠨ ᠰᠢᠭᠦᠭᠦ ᠬᠤᠷᠢᠶᠠᠨ ᠳᠤ ᠭᠤᠶᠤᠴᠢᠯᠠᠯ ᠭᠠᠷᠭᠠᠵᠤ ᠠᠯᠪᠠᠳᠠᠨ ᠭᠦᠢᠴᠡᠳᠭᠡᠭᠦᠯᠦᠨ᠎ᠡ᠃

ᠵᠠᠭᠤ ᠠᠷᠪᠠᠳᠤᠭᠠᠷ ᠵᠣᠢ᠌ᠯ ᠡᠭᠦᠷᠭᠡ ᠳᠤᠰᠢᠶᠠᠯ ᠭᠦᠢᠴᠡᠳᠭᠡᠵᠤ ᠪᠠᠢ᠌ᠭ᠎ᠠ ᠵᠠᠮ ᠬᠠᠷᠢᠯᠴᠠᠭᠠᠨ ᠤ ᠴᠠᠭᠳᠠᠭ᠎ᠠ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭ᠍ᠰᠡᠨ ᠠᠵᠢᠯᠯᠠᠭᠠᠳᠤ ᠭᠦᠮᠤᠨ ᠳᠤ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠢ ᠨᠢ ᠲᠦᠷ ᠥᠯᠡᠳᠠᠭᠡᠵᠤ ᠠᠪᠬᠤ ᠪᠣᠶᠤ ᠬᠤᠷᠢᠶᠠᠨ ᠠᠪᠴᠤ ᠭᠦᠴᠤᠨ ᠦᠭᠡᠶ ᠪᠣᠯᠭᠠᠬᠤ ᠰᠢᠦᠡᠭᠡᠯ ᠦᠭ‍ᠭᠦ ᠶᠤᠰᠤᠳᠠᠢ ᠭᠡᠵᠤ ᠦᠵᠡᠪᠠᠯ᠂ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠢ ᠨᠢ ᠣᠷᠢᠳᠠᠪᠠᠷ ᠪᠠᠷᠢᠵᠤ ᠥᠯᠡᠳᠠᠭᠡᠵᠤ ᠪᠣᠯᠬᠤ ᠪᠦᠭᠡᠤᠨ ᠭᠡᠷᠡᠭ᠌ ᠢ ᠬᠤᠷᠢᠨ ᠳᠦᠷᠪᠡᠨ ᠴᠠᠭ ᠤᠨ ᠳᠤᠳᠤᠷ᠎ᠠ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠰᠢᠯᠵᠢᠭᠦᠯᠤᠨ ᠳᠤᠰᠢᠶᠠᠵᠤ ᠰᠢ᠌ᠦᠡᠪᠦᠷᠢᠯᠡᠭᠦᠯᠦᠨ᠎ᠡ᠃

ᠵᠠᠮ ᠬᠠᠷᠢᠯᠴᠠᠭᠠᠨ ᠤ ᠬᠠᠤᠯᠢ ᠶᠢ ᠵᠥᠷᠢᠴᠡᠭ᠍ᠰᠡᠨ ᠠᠵᠢᠯᠯᠠᠭᠠᠳᠤ ᠭᠦᠮᠤᠨ ᠠᠷᠪᠠᠨ ᠳᠠᠪᠤᠨ ᠡᠳᠦᠷ ᠤᠨ ᠳᠤᠳᠤᠷ᠎ᠠ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠭᠦᠷᠴᠤ ᠰᠢ᠌ᠦᠡᠪᠦᠷᠢᠯᠡᠭᠦ ᠶᠢ ᠭᠦᠯᠢᠶᠡᠭᠦ ᠭᠡᠷᠡᠭ᠍ᠳᠡᠢ᠃ ᠵᠦᠢ ᠶᠤᠰᠤᠨ ᠤ ᠣᠴᠢᠷ ᠰᠢᠯᠳᠠᠭᠠᠨ ᠦᠭᠡᠶ ᠪᠠᠷ ᠬᠤᠭᠤᠴᠠᠭ᠎ᠠ ᠭᠡᠳᠦᠷᠡᠭ᠍ᠰᠡᠨ ᠪᠠᠢ᠌ᠳᠠᠯ᠎ᠠ ᠰᠢ᠌ᠦᠡᠪᠦᠷᠢᠯᠡᠭᠦ ᠶᠢ ᠭᠦᠯᠢᠶᠡᠭᠦ ᠦᠭᠡᠶ ᠪᠠᠢ᠌ᠪᠠᠯ᠂ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠢ ᠨᠢ ᠬᠤᠷᠢᠶᠠᠨ ᠠᠪᠴᠤ ᠭᠦᠴᠤᠨ ᠦᠭᠡᠶ ᠪᠣᠯᠭᠠᠨ᠎ᠠ᠃

ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠢ ᠲᠦᠷ ᠥᠯᠡᠳᠠᠭᠡᠵᠤ ᠠᠪᠬᠤ ᠪᠣᠶᠤ ᠬᠤᠷᠢᠶᠠᠨ ᠠᠪᠴᠤ ᠭᠦᠴᠤᠨ ᠦᠭᠡᠶ ᠪᠣᠯᠭᠠᠬᠤ ᠳᠠᠭᠠᠨ ᠵᠠᠰᠠᠭ ᠵᠠᠭᠢᠷᠭᠠᠨ ᠤ ᠰᠢᠦᠡᠭᠡᠯ ᠤᠨ ᠳᠤᠭᠳᠠᠭᠠᠯ ᠪᠢᠴᠢᠭ᠌ ᠪᠢᠴᠢᠵᠤ ᠦᠭ‍ᠭᠦ ᠭᠡᠷᠡᠭ᠍ᠳᠡᠢ᠃

ᠵᠠᠭᠤ ᠠᠷᠪᠠᠨ ᠨᠢᠭᠡᠳᠦᠭᠡᠷ ᠵᠣᠢ᠌ᠯ ᠳᠤᠰ ᠬᠠᠤᠯᠢ ᠶᠢᠨ ᠳᠤᠭᠳᠠᠭᠠᠯ ᠢ ᠵᠦᠷᠢᠴᠠᠵᠤ ᠦᠭ‍ᠭᠦᠭ᠍ᠰᠡᠨ ᠲᠦᠷ ᠬᠤᠷᠢᠬᠤ ᠵᠠᠰᠠᠭ ᠵᠠᠭᠢᠷᠭᠠᠨ ᠤ ᠰᠢᠦᠡᠭᠡᠯ ᠢ ᠰᠢᠶᠠᠨ᠂ ᠬᠤᠳᠠ ᠶᠢᠨ ᠳᠤᠳᠤᠭᠠᠳᠤ ᠶᠢ ᠬᠠᠮᠠᠭᠠᠯᠠᠬᠤ ᠳᠤᠪᠴᠢᠶ᠎ᠠ᠂ ᠳᠤᠳᠤᠭᠠᠳᠤ ᠶᠢ ᠬᠠᠮᠠᠭᠠᠯᠠᠬᠤ ᠳᠤᠪᠴᠢᠶ᠎ᠠ ᠪᠣᠶᠤ ᠰᠢᠶᠠᠨ ᠤ ᠱᠠᠳᠤ ᠲᠡᠶ ᠳᠡᠩᠴᠡᠭᠦ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠡᠴᠡ ᠳᠠᠰᠤᠯᠤᠨ ᠳᠤᠭᠳᠠᠭᠠᠨ᠎ᠠ᠃

ᠵᠠᠭᠤ ᠠᠷᠪᠠᠨ ᠬᠤᠶᠠᠳᠤᠭᠠᠷ ᠵᠣᠢ᠌ᠯ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠮᠠᠰᠢᠠᠳᠤ ᠳᠡᠷᠭᠡ᠂ ᠮᠠᠰᠢᠠᠳᠤ ᠪᠣᠰᠤ ᠳᠡᠷᠭᠡ ᠶᠢ ᠪᠠᠷᠢᠵᠤ ᠥᠯᠡᠳᠡᠭᠡᠭᠦ ᠳᠡᠭᠡᠨ ᠳᠠᠷᠠ ᠳᠤᠤᠷ᠎ᠠ ᠨᠢ ᠭᠡᠷᠡᠴᠢ ᠪᠠᠷᠢᠮᠳᠠ ᠭᠢᠵᠤ ᠦᠭ‍ᠭᠦ ᠭᠡᠷᠡᠭ᠍ᠳᠡᠢ ᠪᠦᠭᠡᠤᠨ ᠳᠤᠭᠳᠠᠭᠰᠠᠨ ᠬᠤᠭᠤᠴᠠᠭᠠᠨ ᠤ ᠳᠤᠳᠤᠷ᠎ᠠ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠭᠦᠷᠴᠤ ᠰᠢ᠌ᠦᠡᠪᠦᠷᠢᠯᠡᠭᠦ ᠶᠢ ᠭᠦᠯᠢᠶᠡᠯᠭᠡᠭᠦ ᠪᠠᠷ ᠳᠤᠬᠠᠢ ᠶᠢᠨ ᠭᠦᠮᠤᠨ ᠳᠤ ᠮᠡᠳᠡᠭ᠍ᠳᠡᠭᠦ ᠭᠡᠷᠡᠭ᠍ᠳᠡᠢ᠃

ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠪᠠᠷᠢᠵᠤ ᠥᠯᠡᠳᠡᠭᠡᠭ᠍ᠰᠡᠨ ᠳᠡᠷᠭᠡ ᠣᠨᠤᠭ᠎ᠠ ᠶᠢ ᠳᠤᠭᠢᠳᠠᠢ ᠰᠠᠢ᠌ᠬᠠᠨ ᠬᠠᠳᠠᠭᠠᠯᠠᠨ ᠬᠠᠮᠢᠶᠠᠷᠬᠤ ᠭᠡᠷᠡᠭ᠍ᠳᠡᠢ᠂ ᠭᠡᠷᠡᠭᠯᠡᠵᠤ ᠪᠣᠯᠬᠤ ᠦᠭᠡᠶ᠃

ᠬᠤᠭᠤᠴᠠᠭ᠎ᠠ ᠭᠡᠳᠦᠷᠡᠭ᠍ᠰᠡᠨ ᠪᠠᠢ᠌ᠳᠠᠯ᠎ᠠ ᠰᠢ᠌ᠦᠡᠪᠦᠷᠢᠯᠡᠭᠦ ᠪᠠᠷ ᠢᠷᠡᠭᠦ ᠦᠭᠡᠶ ᠪᠦᠭᠡᠤᠨ ᠵᠠᠷᠯᠠᠨ ᠨᠡᠢ᠌ᠳᠡᠯᠡᠭᠡᠤᠨ ᠭᠤᠷᠪᠠᠨ ᠰᠠᠷ᠎ᠠ ᠪᠣᠯᠳᠠᠯ᠎ᠠ ᠮᠦᠨ ᠯᠠ ᠰᠢ᠌ᠦᠡᠪᠦᠷᠢᠯᠡᠭᠦᠯᠭᠦ ᠪᠠᠷ ᠢᠷᠡᠭᠦ ᠦᠭᠡᠶ ᠪᠠᠢ᠌ᠪᠠᠯ᠂ ᠪᠠᠷᠢᠵᠤ ᠥᠯᠡᠳᠡᠭᠡᠭ᠍ᠰᠡᠨ ᠳᠡᠷᠭᠡ ᠣᠨᠤᠭ᠎ᠠ ᠶᠢ ᠬᠠᠤᠯᠢ ᠶᠤᠰᠤᠭᠠᠷ ᠰᠢ᠌ᠤᠠᠪᠣᠷᠢᠯᠠᠨ᠎ᠠ᠃

ᠵᠠᠭᠤ ᠠᠷᠪᠠᠨ ᠭᠤᠷᠪᠠᠳᠤᠭᠠᠷ ᠵᠣᠢ᠌ᠯ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠢ ᠲᠦᠷ ᠥᠯᠡᠳᠠᠭᠡᠵᠤ ᠠᠪᠬᠤ ᠬᠤᠭᠤᠴᠠᠭ᠎ᠠ ᠶᠢ ᠰᠢᠦᠡᠭᠡᠯ ᠦᠭ‍ᠭᠦ ᠳᠤᠭᠳᠠᠭᠠᠯ ᠭᠦᠴᠤᠨ ᠲᠡᠶ ᠪᠣᠯᠤᠭᠰᠠᠨ ᠡᠳᠦᠷ ᠡᠴᠡ ᠡᠭᠢᠯᠡᠵᠤ ᠪᠣᠳᠤᠨ᠎ᠠ᠃ ᠰᠢᠦᠡᠭᠡᠯ ᠦᠭ‍ᠭᠦ ᠳᠤᠭᠳᠠᠭᠠᠯ ᠭᠦᠴᠤᠨ ᠲᠡᠶ ᠪᠣᠯᠬᠤ ᠡᠴᠡ ᠡᠮᠦᠨ᠎ᠡ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠢ ᠣᠷᠢᠳᠠᠪᠠᠷ ᠪᠠᠷᠢᠵᠤ ᠥᠯᠡᠳᠡᠭᠡᠭ᠍ᠰᠡᠨ ᠪᠠᠢ᠌ᠪᠠᠯ᠂ ᠪᠠᠷᠢᠵᠤ ᠥᠯᠡᠳᠡᠭᠡᠭ᠍ᠰᠡᠨ ᠨᠢᠭᠡ ᠡᠳᠦᠷ ᠨᠢ ᠲᠦᠷ ᠥᠯᠡᠳᠠᠭᠡᠵᠤ ᠠᠪᠬᠤ ᠬᠤᠭᠤᠴᠠᠭ᠎ᠠ ᠶᠢᠨ ᠨᠢᠭᠡ ᠡᠳᠦᠷ ᠶᠢᠡᠷ ᠰᠠᠭᠤᠯᠭᠠᠵᠤ ᠪᠣᠳᠤᠨ᠎ᠠ᠃

ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠢ ᠬᠤᠷᠢᠶᠠᠨ ᠠᠪᠴᠤ ᠭᠦᠴᠤᠨ ᠦᠭᠡᠶ ᠪᠣᠯᠭᠠᠭᠰᠠᠨ ᠤ ᠳᠠᠷᠠᠭ᠎ᠠ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠢ ᠳᠠᠭᠢᠵᠤ ᠣᠯᠬᠤ ᠪᠠᠷ ᠭᠤᠶᠤᠴᠢᠯᠠᠬᠤ ᠬᠤᠭᠤᠴᠠᠭ᠎ᠠ ᠶᠢ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠤᠨ ᠬᠠᠮᠢᠶᠠᠷᠤᠯᠳᠠ ᠶᠢᠨ ᠳᠤᠭᠳᠠᠭᠠᠯ ᠶᠤᠰᠤᠭᠠᠷ ᠭᠦᠢᠴᠡᠳᠭᠡᠨ᠎ᠡ᠃

ᠵᠠᠭᠤ ᠠᠷᠪᠠᠨ ᠳᠦᠷᠪᠠᠳᠦᠭᠡᠷ ᠵᠣᠢ᠌ᠯ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠵᠠᠮ ᠬᠠᠷᠢᠯᠴᠠᠭᠠᠨ ᠤ ᠳᠸᠭ᠍ᠨᠢᠭ᠌ ᠮᠡᠷᠭᠡᠵᠢᠯ ᠤᠨ ᠭᠢᠨᠠᠨ ᠡᠵᠡᠮᠳᠡᠭᠦ ᠳᠡᠮᠳᠡᠭᠯᠡᠯ ᠤᠨ ᠮᠠᠲ᠋ᠸᠷᠢᠶᠠᠯ ᠢ ᠦᠨᠳᠦᠰᠦᠯᠠᠨ᠂ ᠬᠠᠤᠯᠢ ᠶᠢ ᠵᠥᠷᠢᠴᠡᠭ᠍ᠰᠡᠨ ᠮᠠᠰᠢᠠᠳᠤ ᠳᠡᠷᠭᠡ ᠶᠢᠨ ᠥᠮᠴᠢᠯᠡᠭ᠍ᠴᠢ ᠪᠣᠶᠤ ᠬᠠᠮᠢᠶᠠᠷᠤᠭᠴᠢ ᠶᠢ ᠬᠠᠤᠯᠢ ᠶᠤᠰᠤᠭᠠᠷ ᠰᠢᠦᠡᠭᠡᠵᠤ ᠪᠣᠯᠤᠨ᠎ᠠ᠃

ᠵᠠᠭᠤ ᠠᠷᠪᠠᠨ ᠳᠠᠪᠣᠳᠤᠭᠠᠷ ᠵᠣᠢ᠌ᠯ ᠵᠠᠮ ᠬᠠᠷᠢᠯᠴᠠᠭᠠᠨ ᠤ ᠴᠠᠭᠳᠠᠭ᠎ᠠ ᠳᠤᠤᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠤᠨ ᠨᠢᠭᠡ ᠶᠢ ᠭᠢᠭ᠍ᠰᠡᠨ ᠪᠠᠢ᠌ᠪᠠᠯ᠂ ᠬᠠᠤᠯᠢ ᠶᠤᠰᠤᠭᠠᠷ ᠵᠠᠰᠠᠭ ᠵᠠᠭᠢᠷᠭᠠᠨ ᠤ ᠰᠢᠦᠡᠭᠡᠯ ᠦᠭ‍ᠭᠦᠨ᠎ᠡ᠄

( ᠨᠢᠭᠡ ) ᠬᠠᠤᠯᠢ ᠳᠤ ᠳᠤᠭᠳᠠᠭᠠᠭᠰᠠᠨ ᠨᠥᠭᠦᠴᠡᠯ ᠳᠤ ᠦᠯᠦ ᠨᠡᠢ᠌ᠴᠡᠭᠦ ᠮᠠᠰᠢᠠᠳᠤ ᠳᠡᠷᠭᠡ ᠳᠤ ᠮᠠᠰᠢᠠᠳᠤ ᠳᠡᠷᠭᠡ ᠶᠢᠨ ᠳᠠᠩᠰᠠᠯᠠᠭᠤᠯᠤᠭᠰᠠᠨ ᠭᠡᠷᠡᠴᠢ ᠦᠨᠡᠮᠯᠠᠯ᠂ ᠨᠤᠮᠸᠷ ᠤᠨ ᠫᠠᠢ᠌ᠰᠠ᠂ ᠠᠶᠠᠯᠠᠨ ᠶᠠᠪᠣᠬᠤ ᠦᠨᠡᠮᠯᠠᠯ᠂ ᠰᠢᠯᠭᠠᠨ ᠪᠠᠢ᠌ᠴᠠᠭᠠᠯᠳᠠ ᠳᠤ ᠭᠢᠷᠢ ᠳᠡᠩᠴᠡᠭ᠍ᠰᠡᠨ ᠢᠯᠡᠳᠭᠡᠮᠵᠢ ᠶᠢᠨ ᠳᠡᠮᠳᠡᠭ᠌ ᠢ ᠣᠯᠭᠤᠭᠰᠠᠨ

( ᠬᠤᠶᠠᠷ ) ᠬᠠᠤᠯᠢ ᠳᠤ ᠳᠤᠭᠳᠠᠭᠠᠭᠰᠠᠨ ᠨᠥᠭᠦᠴᠡᠯ ᠳᠤ ᠦᠯᠦ ᠨᠡᠢ᠌ᠴᠡᠭᠦ ᠮᠠᠰᠢᠠᠳᠤ ᠳᠡᠷᠭᠡ ᠶᠢᠨ ᠴᠠᠭᠳᠠᠭᠠᠨ ᠤ ᠳᠡᠷᠭᠡ᠂ ᠭᠠᠯ ᠣᠠᠳᠠᠷᠠᠭᠠᠬᠤ ᠳᠡᠷᠭᠡ᠂ ᠠᠪᠣᠷᠠᠨ ᠳᠤᠰᠠᠯᠠᠬᠤ ᠳᠡᠷᠭᠡ᠂ ᠪᠠᠷᠢᠯᠭ᠎ᠠ ᠶᠢᠨ ᠠᠶᠤᠯ ᠡᠴᠡ ᠠᠪᠣᠷᠠᠬᠤ ᠳᠡᠷᠭᠡ ᠶᠢᠨ ᠰᠠᠷᠠᠮᠵᠢ ᠶᠢᠨ ᠲᠤᠬᠢᠶᠠᠨ ᠡᠭᠦᠰᠭᠡᠭᠦᠷ᠂ ᠢᠯᠡᠳᠭᠡᠮᠵᠢ ᠳᠡᠮᠳᠡᠭ᠌ ᠤᠨ ᠳ᠋ᠸᠩ ᠭᠡᠷᠡᠭ᠍ᠰᠡᠯ ᠢ ᠳᠤᠨᠤᠭᠯᠠᠨ ᠭᠡᠷᠡᠭᠯᠡᠵᠤ᠂ ᠢᠯᠡᠳᠭᠡᠮᠵᠢ ᠳᠡᠮᠳᠡᠭ᠌ ᠤᠨ ᠵᠢᠷᠤᠭ ᠭᠡ ᠰᠦᠷᠴᠢᠨ ᠰᠢᠷᠳᠡᠭᠦ ᠶᠢ ᠵᠥᠪᠰᠢᠶᠡᠷᠡᠭ᠍ᠰᠡᠨ

( ᠭᠤᠷᠪᠠ ) ᠵᠢᠯᠤᠭᠤᠤᠠᠬᠤ ᠶᠢ ᠵᠥᠪᠰᠢᠶᠡᠷᠡᠭᠦ ᠨᠥᠭᠦᠴᠡᠯ ᠳᠤ ᠨᠡᠢ᠌ᠴᠡᠭᠦ ᠦᠭᠡᠶ᠂ ᠰᠢᠯᠭᠠᠯᠳᠠ ᠶᠢ ᠳᠠᠮᠵᠢᠭᠰᠠᠨ ᠦᠭᠡᠶ ᠪᠣᠶᠤ ᠰᠢᠯᠭᠠᠯᠳᠠ ᠳᠤ ᠭᠢᠷᠢ ᠳᠡᠩᠴᠡᠭ᠍ᠰᠡᠨ ᠦᠭᠡᠶ ᠭᠦᠮᠤᠨ ᠳᠤ ᠮᠠᠰᠢᠠᠳᠤ ᠳᠡᠷᠭᠡ ᠵᠢᠯᠤᠭᠤᠤᠠᠬᠤ ᠦᠨᠡᠮᠯᠠᠯ ᠣᠯᠭᠤᠭᠰᠠᠨ

( ᠳᠦᠷᠪᠡ ) ᠵᠤᠭᠤᠰ ᠶᠢᠡᠷ ᠳᠤᠷᠭᠠᠬᠤ ᠳᠤᠭᠳᠠᠭᠠᠯ ᠪᠣᠯᠤᠨ ᠳᠤᠷᠭᠠᠭᠤᠯᠢ ᠶᠢᠨ ᠵᠤᠭᠤᠰ ᠢ ᠬᠤᠷᠢᠶᠠᠬᠤ ᠶᠠᠪᠣᠳᠠᠯ ᠢ ᠰᠠᠯᠭᠠᠬᠤ ᠳᠦᠷᠢᠮ ᠢ ᠭᠡᠷᠡᠭ᠍ᠵᠢᠭᠦᠯᠭᠦ ᠦᠭᠡᠶ ᠪᠣᠶᠤ ᠬᠠᠤᠯᠢ ᠶᠤᠰᠤᠭᠠᠷ ᠬᠤᠷᠢᠶᠠᠭᠰᠠᠨ ᠰᠥᠢᠦᠡᠭᠡᠯ᠂ ᠬᠤᠷᠢᠶᠠᠭᠰᠠᠨ ᠳᠤᠷᠭᠠᠭᠤᠯᠢ ᠶᠢᠨ ᠵᠤᠭᠤᠰ ᠵᠢᠴᠢ ᠬᠤᠷᠢᠶᠠᠨ ᠠᠪᠣᠭᠰᠠᠨ ᠬᠠᠤᠯᠢ ᠶᠢ ᠵᠦᠷᠢᠴᠠᠵᠤ ᠣᠯᠤᠭᠰᠠᠨ ᠣᠯᠵᠠ ᠠᠰᠢᠭ ᠢ ᠳᠡᠭᠡᠭ᠍ᠰᠢ ᠣᠯᠤᠰ ᠤᠨ ᠰᠠᠩ ᠳᠤ ᠳᠤᠭᠳᠠᠭᠠᠯ ᠶᠤᠰᠤᠭᠠᠷ ᠪᠦᠭᠦᠳᠡ ᠶᠢ ᠡᠰᠡ ᠳᠤᠰᠢᠶᠠᠭᠰᠠᠨ

( ᠳᠠᠪᠣ ) ᠵᠢᠯᠤᠭᠤᠴᠢ ᠶᠢᠨ ᠰᠤᠷᠭᠠᠭᠤᠯᠢ ᠪᠣᠶᠤ ᠵᠢᠯᠤᠭᠤᠴᠢ ᠪᠣᠯᠪᠠᠰᠤᠷᠠᠭᠤᠯᠬᠤ ᠠᠩᠭᠢ᠂ ᠮᠠᠰᠢᠠᠳᠤ ᠳᠡᠷᠭᠡ ᠰᠠᠯᠪᠢᠨ ᠵᠠᠰᠠᠬᠤ ᠣᠢ᠌ᠯᠠᠤᠠᠪᠣᠷᠢ ᠪᠣᠶᠤ ᠰᠥᠢᠦᠡᠭᠡᠯ ᠬᠤᠷᠢᠶᠠᠬᠤ ᠳᠡᠷᠭᠡᠨ ᠵᠤᠭᠰᠤᠭᠠᠯ ᠵᠡᠷᠭᠡ ᠡᠵᠡᠩᠨᠡᠯᠳᠡ ᠶᠢᠨ ᠠᠵᠢᠯᠯᠠᠭ᠎ᠠ ᠡᠷᠭᠢᠯᠡᠭ᠍ᠰᠡᠨ ᠪᠣᠶᠤ ᠳᠡᠭᠦᠨ ᠳᠤ ᠣᠷᠤᠯᠴᠠᠭᠰᠠᠨ

( ᠵᠢᠷᠭᠤᠭ᠎ᠠ ) ᠡᠭᠦᠷᠭᠡ ᠳᠤᠰᠢᠶᠠᠯ ᠤᠨ ᠳᠦᠭᠦᠮ ᠶᠢᠡᠨ ᠠᠰᠢᠭᠯᠠᠨ ᠪᠣᠰᠤᠳ ᠤᠨ ᠵᠤᠭᠤᠰ ᠮᠥᠩᠭᠦ ᠡᠳ᠋ ᠪᠣᠳᠠᠰ ᠢ ᠭᠦᠯᠢᠶᠡᠨ ᠠᠪᠣᠭᠰᠠᠨ ᠪᠣᠶᠤ ᠪᠣᠰᠤᠳ ᠠᠰᠢᠭ ᠳᠤᠰᠠ ᠣᠯᠤᠭᠰᠠᠨ

( ᠳᠤᠯᠤᠭ᠎ᠠ ) ᠳᠡᠷᠭᠡ ᠣᠨᠤᠭ᠎ᠠ᠂ ᠮᠠᠰᠢᠠᠳᠤ ᠳᠡᠷᠭᠡ ᠠᠶᠠᠯᠠᠨ ᠶᠠᠪᠣᠬᠤ ᠦᠨᠡᠮᠯᠠᠯ᠂ ᠵᠢᠯᠤᠭᠤᠴᠢ ᠶᠢᠨ ᠦᠨᠡᠮᠯᠠᠯ᠂ ᠳᠡᠷᠭᠡ ᠣᠨᠤᠭ᠎ᠠ ᠶᠢᠨ ᠨᠤᠮᠸᠷ ᠫᠠᠢ᠌ᠰᠠ ᠶᠢ ᠬᠠᠤᠯᠢ ᠶᠢ ᠵᠦᠷᠢᠴᠠᠨ ᠪᠠᠷᠢᠵᠤ ᠥᠯᠡᠳᠡᠭᠡᠭ᠍ᠰᠡᠨ

( ᠨᠢ᠋ᠮᠠ ) ᠬᠠᠤᠯᠢ ᠶᠤᠰᠤᠭᠠᠷ ᠪᠠᠷᠢᠵᠤ ᠥᠯᠡᠳᠡᠭᠡᠭ᠍ᠰᠡᠨ ᠳᠡᠷᠭᠡ ᠣᠨᠤᠭ᠎ᠠ ᠶᠢ ᠭᠡᠷᠡᠭᠯᠡᠭ᠍ᠰᠡᠨ

( ᠶ‍ᠢᠰᠤ ) ᠳᠤᠬᠠᠢ ᠶᠢᠨ ᠭᠠᠵᠠᠷ ᠳᠤᠨᠢ ᠳᠤᠷᠭᠠᠭᠤᠯᠢ ᠶᠢᠨ ᠵᠤᠭᠤᠰ ᠬᠤᠷᠢᠶᠠᠬᠤ ᠳᠠᠭᠠᠨ ᠵᠤᠭᠤᠰ ᠶᠢᠡᠷ ᠳᠤᠷᠭᠠᠬᠤ ᠪᠠᠷᠢᠮᠳᠠ ᠪᠢᠴᠢᠵᠤ ᠦᠭ‍ᠭᠦᠭ᠍ᠰᠡᠨ ᠦᠭᠡᠶ ᠪᠣᠶᠤ ᠳᠤᠷᠭᠠᠭᠤᠯᠢ ᠶᠢᠨ ᠵᠤᠭᠤᠰᠤᠨ ᠤ ᠳᠤᠭ᠎ᠠ ᠶᠢ ᠦᠨᠡᠨ ᠮᠦᠨ ᠶᠢᠡᠷ ᠨᠢ ᠡᠰᠡ ᠪᠢᠴᠢᠭ᠍ᠰᠡᠨ

( ᠠᠷᠪᠠ ) ᠬᠤᠪᠢ ᠶᠢᠨ ᠨᠠᠢ᠌ᠷ ᠬᠠᠷᠠᠵᠤ ᠬᠠᠤᠯᠢ ᠶᠤᠰᠤ ᠶᠢ ᠵᠦᠷᠢᠴᠠᠨ᠂ ᠵᠠᠮ ᠬᠠᠷᠢᠯᠴᠠᠭᠠᠨ ᠤ ᠭᠡᠨᠡᠳᠡᠯ ᠤᠨ ᠭᠡᠷᠡᠭ᠌ ᠢ ᠭᠤᠤᠯᠴᠢ ᠪᠣᠰᠤ ᠪᠠᠷ ᠰᠢ᠌ᠦᠡᠪᠦᠷᠢᠯᠡᠭ᠍ᠰᠡᠨ

( ᠠᠷᠪᠠᠨ ᠨᠢᠭᠡ )ᠮᠠᠰᠢᠠᠳᠤ ᠳᠡᠷᠭᠡ ᠶᠢᠨ ᠫᠠᠢ᠌ᠰᠠ ᠦᠨᠡᠮᠯᠠᠯ ᠣᠯᠭᠤᠬᠤ ᠶᠢ ᠵᠤᠷᠢᠭᠤᠳᠠ ᠭᠠᠴᠢᠵᠤ᠂ ᠣᠳᠠᠭᠠᠰᠢᠷᠠᠭᠤᠯᠤᠭᠰᠠᠨ

( ᠠᠷᠪᠠᠨ ᠬᠤᠶᠠᠷ ) ᠪᠠᠴᠢᠮ ᠡᠭᠦᠷᠭᠡ ᠭᠦᠢᠴᠡᠳᠭᠡᠭᠦ ᠪᠣᠰᠤ ᠴᠠᠭ ᠲᠤ ᠰᠠᠷᠠᠮᠵᠢ ᠶᠢᠨ ᠲᠤᠬᠢᠶᠠᠨ ᠡᠭᠦᠰᠭᠡᠭᠦᠷ᠂ ᠢᠯᠡᠳᠭᠡᠮᠵᠢ ᠳᠡᠮᠳᠡᠭ᠌ ᠤᠨ ᠳ᠋ᠸᠩ ᠭᠡᠷᠡᠭ᠍ᠰᠡᠯ ᠢ ᠭᠡᠷᠡᠭᠯᠡᠭ᠍ᠰᠡᠨ

( ᠠᠷᠪᠠᠨ ᠭᠤᠷᠪᠠ ) ᠭᠡᠪ ᠤᠨ ᠶᠤᠰᠤᠭᠠᠷ ᠶᠠᠪᠣᠵᠤ ᠪᠠᠢ᠌ᠭ᠎ᠠ ᠳᠡᠷᠭᠡ ᠣᠨᠤᠭ᠎ᠠ ᠶᠢ ᠳᠤᠭᠳᠠᠭᠠᠯ ᠡᠴᠡ ᠵᠦᠷᠢᠴᠠᠨ ᠬᠠᠰᠢᠵᠤ ᠪᠠᠢ᠌ᠴᠠᠭᠠᠭᠰᠠᠨ

( ᠠᠷᠪᠠᠨ ᠳᠦᠷᠪᠡ ) ᠪᠠᠴᠢᠮ ᠠᠯᠪᠠᠨ ᠡᠭᠦᠷᠭᠡ ᠭᠦᠢᠴᠡᠳᠭᠡᠭᠦ ᠪᠣᠰᠤ ᠴᠠᠭ ᠲᠤ ᠮᠠᠰᠢᠠᠳᠤ ᠳᠡᠷᠭᠡ ᠶᠢ ᠬᠠᠰᠢᠵᠤ ᠰᠠᠭᠤᠭᠰᠠᠨ

( ᠠᠷᠪᠠᠨ ᠳᠠᠪᠣ ) ᠬᠠᠤᠯᠢ ᠳᠤ ᠳᠤᠭᠳᠠᠭᠠᠭᠰᠠᠨ ᠳᠤᠰᠢᠶᠠᠯ ᠬᠠᠷᠢᠭᠤᠴᠠᠯᠭ᠎ᠠ ᠶᠢ ᠡᠰᠡ ᠭᠦᠢᠴᠡᠳᠭᠡᠭ᠍ᠰᠡᠨ᠃

ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠡᠮᠦᠨᠡᠭᠢ ᠪᠠᠳᠠᠭ ᠲᠤ ᠵᠢᠭᠰᠠᠭᠠᠭᠰᠠᠨ ᠠᠵᠢᠯᠯᠠᠭ᠎ᠠ ᠨᠤᠭᠤᠳ ᠤᠨ ᠨᠢᠭᠡ ᠨᠢ ᠪᠠᠢ᠌ᠪᠠᠯ᠂ ᠰᠢᠭᠤᠳ ᠬᠠᠷᠢᠭᠤᠴᠠᠭᠰᠠᠨ ᠡᠷᠭᠢᠯᠡᠨ ᠬᠠᠮᠢᠶᠠᠷᠬᠤ ᠠᠵᠢᠯᠳᠠᠨ ᠪᠣᠯᠤᠨ ᠰᠢᠭᠤᠳ ᠬᠠᠷᠢᠭᠤᠴᠠᠯᠭ᠎ᠠ ᠲᠡᠶ ᠪᠣᠰᠤᠳ ᠭᠦᠮᠤᠨ ᠳᠤ ᠵᠤᠭᠢᠴᠠᠩᠭ᠋ᠤᠢ ᠵᠠᠰᠠᠭ ᠵᠠᠭᠢᠷᠭᠠᠨ ᠤ ᠰᠢᠦᠡᠭᠡᠯ ᠦᠭ‍ᠭᠦᠨ᠎ᠡ᠃

ᠵᠠᠭᠤ ᠠᠷᠪᠠᠨ ᠵᠢᠷᠭᠤᠳᠤᠭᠠᠷ ᠵᠣᠢ᠌ᠯ ᠳᠤᠰ ᠬᠠᠤᠯᠢ ᠶᠢᠨ ᠵᠠᠭᠤ ᠠᠷᠪᠠᠨ ᠳᠠᠪᠣᠳᠤᠭᠠᠷ ᠵᠣᠢ᠌ᠯ ᠤᠨ ᠳᠤᠭᠳᠠᠭᠠᠯ ᠶᠤᠰᠤᠭᠠᠷ ᠵᠠᠮ ᠬᠠᠷᠢᠯᠴᠠᠭᠠᠨ ᠤ ᠴᠠᠭᠳᠠᠭ᠎ᠠ ᠳᠤ ᠵᠠᠰᠠᠭ ᠵᠠᠭᠢᠷᠭᠠᠨ ᠤ ᠰᠢᠦᠡᠭᠡᠯ ᠦᠭ‍ᠭᠦ ᠳᠤ ᠭᠦᠷᠪᠠᠯ᠂ ᠵᠠᠰᠠᠭ ᠵᠠᠭᠢᠷᠭᠠᠨ ᠤ ᠰᠢᠦᠡᠭᠡᠯ ᠦᠭ‍ᠭᠦ ᠳᠤᠭᠳᠠᠭᠠᠯ ᠭᠠᠷᠭᠠᠬᠤ ᠡᠴᠡ ᠪᠠᠨ ᠡᠮᠦᠨ᠎ᠡ ᠡᠭᠦᠷᠭᠡ ᠳᠤᠰᠢᠶᠠᠯ ᠭᠦᠢᠴᠡᠳᠭᠡᠭᠦ ᠶᠢ ᠨᠢ ᠵᠤᠭᠰᠤᠭᠠᠵᠤ ᠪᠣᠯᠤᠨ᠎ᠠ᠃ ᠴᠢᠬᠤᠯᠠ ᠲᠡᠶ ᠦᠶ᠎ᠡ ᠳᠤ ᠳᠤᠰᠠᠭᠠᠷᠯᠠᠵᠤ ᠪᠣᠯᠤᠨ᠎ᠠ᠃

ᠳᠤᠰ ᠬᠠᠤᠯᠢ ᠶᠢᠨ ᠵᠠᠭᠤ ᠠᠷᠪᠠᠨ ᠳᠠᠪᠣᠳᠤᠭᠠᠷ ᠵᠣᠢ᠌ᠯ ᠤᠨ ᠳᠤᠭᠳᠠᠭᠠᠯ ᠶᠤᠰᠤᠭᠠᠷ᠂ ᠵᠠᠮ ᠬᠠᠷᠢᠯᠴᠠᠭᠠᠨ ᠤ ᠴᠠᠭᠳᠠᠭ᠎ᠠ ᠵᠡᠷᠭᠡ ᠳᠠᠰ ᠪᠠᠭᠤᠷᠠᠭᠤᠯᠬᠤ ᠪᠣᠶᠤ ᠳᠤᠰᠢᠶᠠᠯ ᠡᠴᠡ ᠣᠭᠴᠠᠷᠠᠭᠤᠯᠬᠤ ᠵᠠᠰᠠᠭ ᠵᠠᠭᠢᠷᠭᠠᠨ ᠤ ᠰᠢᠦᠡᠭᠡᠯ ᠣᠯᠤᠭᠰᠠᠨ ᠪᠠᠢ᠌ᠪᠠᠯ ᠠᠵᠢᠯ ᠡᠴᠡ ᠨᠢ ᠪᠠᠭᠤᠯᠭᠠᠵᠤ ᠪᠣᠯᠤᠨ᠎ᠠ᠃

ᠵᠠᠮ ᠬᠠᠷᠢᠯᠴᠠᠭᠠᠨ ᠤ ᠴᠠᠭᠳᠠᠭ᠎ᠠ ᠠᠵᠢᠯ ᠡᠴᠡ ᠪᠠᠨ ᠭᠦᠭᠡᠭᠡᠭ᠍ᠳᠡᠭᠦ ᠰᠢᠦᠡᠭᠡᠯ ᠣᠯᠤᠭᠰᠠᠨ ᠪᠣᠶᠤ ᠠᠵᠢᠯ ᠡᠴᠡ ᠪᠠᠨ ᠪᠠᠭᠤᠯᠭᠠᠭᠳᠠᠭᠰᠠᠨ ᠪᠠᠢ᠌ᠪᠠᠯ᠂ ᠴᠠᠭᠳᠠᠭᠠᠨ ᠤ ᠴᠤᠯᠠ ᠶᠢ ᠨᠢ ᠭᠦᠴᠤᠨ ᠦᠭᠡᠶ ᠪᠣᠯᠭᠠᠬᠤ ᠭᠡᠷᠡᠭ᠍ᠳᠡᠢ᠃ ᠳᠤᠰᠢᠶᠠᠯ ᠡᠴᠡ ᠨᠢ ᠣᠭᠴᠠᠷᠠᠭᠤᠯᠬᠤ ᠡᠴᠡ ᠳᠤᠭᠤᠭᠰᠢᠭᠢ ᠵᠠᠰᠠᠭ ᠵᠠᠭᠢᠷᠭᠠᠨ ᠤ ᠰᠢᠦᠡᠭᠡᠯ ᠣᠯᠤᠭᠰᠠᠨ ᠵᠠᠮ ᠬᠠᠷᠢᠯᠴᠠᠭᠠᠨ ᠤ ᠴᠠᠭᠳᠠᠭ᠎ᠠ ᠶᠢᠨ ᠴᠠᠭᠳᠠᠭᠠᠨ ᠤ ᠴᠤᠯᠠ ᠶᠢ ᠪᠠᠭᠤᠷᠠᠭᠤᠯᠬᠤ ᠭᠡᠷᠡᠭ᠍ᠳᠡᠢ᠃

ᠵᠠᠭᠤ ᠠᠷᠪᠠᠨ ᠳᠤᠯᠤᠳᠤᠭᠠᠷ ᠵᠣᠢ᠌ᠯ ᠵᠠᠮ ᠬᠠᠷᠢᠯᠴᠠᠭᠠᠨ ᠤ ᠴᠠᠭᠳᠠᠭ᠎ᠠ ᠡᠷᠭᠡ ᠳᠤᠰᠢᠶᠠᠯ ᠶᠢᠡᠨ ᠠᠰᠢᠭᠯᠠᠨ ᠣᠯᠠᠨ ᠨᠠᠢ᠌ᠳᠠ ᠶᠢᠨ ᠵᠤᠭᠤᠰ ᠮᠥᠩᠭᠦ ᠡᠳ᠋ ᠪᠣᠳᠠᠰ ᠢ ᠬᠠᠤᠯᠢ ᠪᠣᠰᠤ ᠪᠠᠷ ᠡᠵᠡᠯᠡᠵᠤ᠂ ᠭᠡᠭᠡᠯᠢ ᠢᠳᠠᠵᠤ ᠬᠠᠬᠤᠤᠯᠢ ᠠᠪᠬᠤ ᠪᠣᠶᠤ ᠡᠷᠭᠡ ᠳᠤᠰᠢᠶᠠᠯ ᠶᠢᠡᠨ ᠳᠤᠷ᠎ᠠ ᠪᠠᠷ ᠶᠢᠡᠨ ᠭᠡᠷᠡᠭᠯᠡᠵᠤ᠂ ᠳᠤᠰᠢᠶᠠᠯ ᠬᠠᠷᠢᠭᠤᠴᠠᠯᠭ᠎ᠠ ᠪᠠᠨ ᠣᠮᠳᠠᠭᠠᠢ᠌ᠯᠠᠵᠤ᠂ ᠶᠠᠯ᠎ᠠ ᠪᠣᠯᠵᠤ ᠪᠦᠷᠢᠯᠳᠦᠭ᠍ᠰᠡᠨ ᠪᠠᠢ᠌ᠪᠠᠯ ᠬᠠᠤᠯᠢ ᠶᠤᠰᠤᠭᠠᠷ ᠡᠷᠡᠭᠦᠤ ᠶᠢᠨ ᠬᠠᠷᠢᠭᠤᠴᠠᠯᠭ᠎ᠠ ᠨᠡᠭᠡᠮᠵᠢᠯᠡᠨ᠎ᠡ᠃

ᠵᠠᠭᠤ ᠠᠷᠪᠠᠨ ᠨᠢ᠋ᠮᠠᠳᠤᠭᠠᠷ ᠵᠣᠢ᠌ᠯ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠪᠣᠯᠤᠨ ᠵᠠᠮ ᠬᠠᠷᠢᠯᠴᠠᠭᠠᠨ ᠤ ᠴᠠᠭᠳᠠᠭ᠎ᠠ ᠳᠤ ᠳᠤᠰ ᠬᠠᠤᠯᠢ ᠶᠢᠨ ᠵᠠᠭᠤ ᠠᠷᠪᠠᠨ ᠳᠠᠪᠣᠳᠤᠭᠠᠷ ᠵᠣᠢ᠌ᠯ ᠳᠤ ᠵᠢᠭᠰᠠᠭᠠᠭᠰᠠᠨ ᠠᠵᠢᠯᠯᠠᠭ᠎ᠠ ᠨᠤᠭᠤᠳ ᠤᠨ ᠨᠢᠭᠡ ᠨᠢ ᠪᠠᠢ᠌ᠵᠤ᠂ ᠳᠤᠬᠠᠢ ᠶᠢᠨ ᠭᠦᠮᠤᠨ ᠳᠤ ᠬᠤᠭᠢᠷᠠᠯ ᠣᠴᠠᠷᠠᠭᠤᠯᠤᠭᠰᠠᠨ ᠪᠠᠢ᠌ᠪᠠᠯ᠂ ᠬᠠᠤᠯᠢ ᠶᠤᠰᠤᠭᠠᠷ ᠳᠦᠯᠦᠭᠦ ᠬᠠᠷᠢᠭᠤᠴᠠᠯᠭ᠎ᠠ ᠡᠭᠦᠷᠭᠡᠯᠡᠭᠦ ᠭᠡᠷᠡᠭ᠍ᠳᠡᠢ᠃


ᠨᠢ᠋ᠮᠠᠳᠤᠭᠠᠷ ᠪᠦᠯᠦᠭ᠌      ᠳᠠᠭᠠᠯᠳᠤᠭᠤᠯᠤᠭᠰᠠᠨ ᠳᠦᠷᠢᠮ


ᠵᠠᠭᠤ ᠠᠷᠪᠠ ᠶ‍ᠢᠰᠦᠳᠦᠭᠡᠷ ᠵᠣᠢ᠌ᠯ ᠳᠤᠰ ᠬᠠᠤᠯᠢ ᠳ᠋ᠠᠭᠢ ᠳᠤᠤᠷ᠎ᠠ ᠵᠢᠭᠰᠠᠭᠠᠭᠰᠠᠨ ᠥᠭᠡᠰ ᠤᠨ ᠣᠤᠠᠬ᠎ᠠ᠄

( ᠨᠢᠭᠡ ) 《ᠵᠠᠮ》 ᠭᠡᠳᠡᠭ᠌ ᠨᠢ ᠵᠠᠰᠠᠮᠠᠯ ᠵᠠᠮ᠂ ᠬᠤᠳᠠ ᠶᠢᠨ ᠵᠠᠮ ᠪᠣᠯᠤᠨ ᠳᠠᠯᠠᠪᠠᠢ᠂ ᠣᠯᠠᠨ ᠨᠠᠢ᠌ᠳᠠ ᠶᠢᠨ ᠳᠡᠷᠭᠡᠨ ᠵᠤᠭᠰᠤᠭᠠᠯ ᠵᠡᠷᠭᠡ ᠣᠯᠠᠨ ᠨᠠᠢ᠌ᠳᠠ ᠶᠢᠨ ᠨᠡᠪᠳᠡᠷᠡᠭᠦ ᠳᠤ ᠭᠡᠷᠡᠭᠯᠡᠭᠦ ᠭᠠᠵᠠᠷ ᠢ ᠪᠠᠭᠳᠠᠭᠠᠭᠰᠠᠨ ᠪᠠᠢ᠌ᠭᠤᠯᠭ᠎ᠠ ᠨᠢᠭᠡᠴᠢ ᠶᠢᠨ ᠬᠠᠷᠢᠶᠠᠯᠠᠯ ᠤᠨ ᠭᠡᠪᠴᠢᠶᠡᠨ ᠳᠤ ᠪᠠᠢ᠌ᠬᠤ ᠪᠣᠯᠪᠠᠴᠤ ᠨᠡᠢ᠌ᠭᠡᠮ ᠤᠨ ᠮᠠᠰᠢᠠᠳᠤ ᠳᠡᠷᠭᠡ ᠶᠢᠨ ᠨᠡᠪᠳᠡᠷᠡᠭᠦ ᠶᠢ ᠵᠥᠪᠰᠢᠶᠡᠷᠡᠭᠦ ᠭᠠᠵᠠᠷ ᠢ ᠭᠡᠯᠡᠵᠤ ᠪᠠᠢ᠌ᠨ᠎ᠠ

( ᠬᠤᠶᠠᠷ ) 《ᠳᠡᠷᠭᠡ ᠣᠨᠤᠭ᠎ᠠ》 ᠭᠡᠳᠡᠭ᠌ ᠨᠢ ᠮᠠᠰᠢᠠᠳᠤ ᠳᠡᠷᠭᠡ ᠪᠣᠯᠤᠨ ᠮᠠᠰᠢᠠᠳᠤ ᠪᠣᠰᠤ ᠳᠡᠷᠭᠡ ᠶᠢ ᠭᠡᠯᠡᠵᠤ ᠪᠠᠢ᠌ᠨ᠎ᠠ

( ᠭᠤᠷᠪᠠ ) 《ᠮᠠᠰᠢᠠᠳᠤ ᠳᠡᠷᠭᠡ》 ᠭᠡᠳᠡᠭ᠌ ᠨᠢ ᠭᠦᠳᠡᠯᠭᠡᠭ᠍ᠴᠢ ᠭᠦᠴᠤᠨ ᠤ ᠳᠤᠨᠤᠭᠯᠠᠯ ᠶᠢᠡᠷ ᠭᠦᠳᠡᠯᠭᠡᠭᠦ ᠪᠣᠶᠤ ᠴᠢᠷᠦᠳᠡᠭ᠌᠂ ᠵᠠᠮ ᠶᠢᠡᠷ ᠠᠶᠠᠯᠠᠨ ᠶᠠᠪᠣᠵᠤ ᠭᠦᠮᠤᠨ ᠰᠠᠭᠤᠬᠤ ᠳᠤ ᠭᠡᠷᠡᠭᠯᠡᠭᠦᠯᠭᠦ ᠪᠣᠶᠤ ᠡᠳ᠋ ᠪᠣᠳᠠᠰ ᠳᠡᠭᠡᠭᠡᠪᠦᠷᠢᠯᠡᠨ ᠭᠦᠷᠭᠡᠭᠦ ᠳᠤ ᠭᠡᠷᠡᠭᠯᠡᠭᠦ ᠵᠢᠴᠢ ᠪᠠᠷᠢᠯᠭ᠎ᠠ ᠶᠢᠨ ᠳᠤᠰᠬᠠᠢ ᠠᠵᠢᠯ ᠳᠤ ᠭᠡᠷᠡᠭᠯᠡᠭᠦ ᠭᠦᠷᠳᠦᠳᠤ ᠳᠡᠷᠭᠡ ᠣᠨᠤᠭ᠎ᠠ ᠶᠢ ᠭᠡᠯᠡᠵᠤ ᠪᠠᠢ᠌ᠨ᠎ᠠ

( ᠳᠦᠷᠪᠡ ) 《ᠮᠠᠰᠢᠠᠳᠤ ᠪᠣᠰᠤ ᠳᠡᠷᠭᠡ》 ᠭᠡᠳᠡᠭ᠌ ᠨᠢ ᠭᠦᠮᠤᠨ ᠤ ᠭᠦᠴᠤ ᠪᠠᠷ ᠪᠣᠶᠤ ᠭᠦᠯᠭᠡ ᠣᠨᠤᠭᠠᠨ ᠤ ᠭᠦᠴᠤ ᠪᠠᠷ ᠭᠦᠳᠡᠯᠭᠡᠵᠤ ᠵᠠᠮ ᠶᠢᠡᠷ ᠠᠶᠠᠯᠠᠨ ᠶᠠᠪᠣᠬᠤ ᠵᠠᠮ ᠬᠠᠷᠢᠯᠴᠠᠭᠠᠨ ᠤ ᠪᠠᠭᠠᠵᠢ ᠭᠡᠷᠡᠭ᠍ᠰᠡᠯ ᠵᠢᠴᠢ ᠭᠦᠳᠡᠯᠭᠡᠭ᠍ᠴᠢ ᠭᠦᠴᠤᠨ ᠤ ᠳᠤᠨᠤᠭᠯᠠᠯ ᠶᠢᠡᠷ ᠭᠦᠳᠡᠯᠭᠡᠵᠤ ᠪᠠᠢ᠌ᠪᠠᠴᠤ ᠳᠦᠯᠦᠪᠯᠡᠭ᠍ᠰᠡᠨ ᠬᠠᠮᠤᠭ ᠤᠨ ᠳᠡᠭᠡᠳᠤ ᠴᠠᠭ ᠤᠨ ᠬᠤᠷᠳᠤᠴᠠ᠂ ᠬᠤᠭᠤᠰᠤᠨ ᠳᠡᠷᠭᠡ ᠶᠢᠨ ᠮᠠᠰ᠂ ᠭᠠᠳᠠᠷ ᠭᠡᠮ ᠭᠡᠮᠵᠢᠶ᠎ᠡ ᠨᠢ ᠣᠯᠤᠰ ᠤᠨ ᠬᠤᠯᠪᠣᠭᠳᠠᠯ ᠪᠦᠭᠦᠢ ᠪᠠᠷᠢᠮᠵᠢᠶ᠎ᠠ ᠲᠡᠶ ᠨᠡᠢ᠌ᠴᠡᠭᠦ ᠵᠡᠮᠳᠡᠭ᠌ ᠭᠦᠮᠤᠨ ᠤ ᠮᠠᠰᠢᠠᠳᠤ ᠰᠠᠭᠤᠳᠠᠯ ᠳᠡᠷᠭᠡ᠂ ᠴᠠᠭᠢᠯᠭᠠᠨ ᠭᠦᠳᠡᠯᠭᠡᠭᠦᠷᠳᠤ ᠳᠤᠭᠤᠢ ᠳᠡᠷᠭᠡ ᠵᠡᠷᠭᠡ ᠵᠠᠮ ᠬᠠᠷᠢᠯᠴᠠᠭᠠᠨ ᠤ ᠪᠠᠭᠠᠵᠢ ᠭᠡᠷᠡᠭ᠍ᠰᠡᠯ ᠢ ᠭᠡᠯᠡᠵᠤ ᠪᠠᠢ᠌ᠨ᠎ᠠ

(ᠲ᠋ᠠᠪᠣ ) 《ᠵᠠᠮ ᠬᠠᠷᠢᠯᠴᠠᠭᠠᠨ ᠤ ᠭᠡᠨᠡᠳᠡᠯ》 ᠭᠡᠳᠡᠭ᠌ ᠨᠢ ᠳᠡᠷᠭᠡ ᠣᠨᠤᠭ᠎ᠠ ᠵᠠᠮ ᠶᠢᠡᠷ ᠪᠣᠷᠤᠭᠤ ᠶᠠᠪᠣᠭᠰᠠᠨ ᠪᠣᠶᠤ ᠰᠠᠨᠠᠭᠠᠨ ᠳᠤ ᠦᠭᠡᠶ ᠡᠴᠡ ᠪᠣᠯᠵᠤ ᠡᠭᠦᠰᠭᠡᠭ᠍ᠰᠡᠨ ᠭᠦᠮᠤᠨ ᠰᠢᠷᠬᠠᠳᠤᠵᠤ ᠥᠭᠦᠭ᠍ᠰᠡᠨ ᠪᠣᠶᠤ ᠡᠳ᠋ ᠬᠤᠭᠰᠢᠯ ᠤᠨ ᠬᠤᠭᠢᠷᠠᠯ ᠤᠨ ᠭᠡᠷᠡᠭ᠌ ᠢ ᠭᠡᠯᠡᠵᠤ ᠪᠠᠢ᠌ᠨ᠎ᠠ᠃

ᠵᠠᠭᠤ ᠬᠤᠷᠢᠳᠤᠭᠠᠷ ᠵᠣᠢ᠌ᠯ ᠳᠤᠮᠳᠠᠳᠤ ᠣᠯᠤᠰ ᠤᠨ ᠠᠷᠠᠤᠨ ᠤᠨ ᠴᠢᠯᠦᠭᠡᠯᠡᠭᠦ ᠴᠡᠷᠢᠭ᠌ ᠪᠣᠯᠤᠨ ᠳᠤᠮᠳᠠᠳᠤ ᠣᠯᠤᠰ ᠤᠨ ᠠᠷᠠᠤᠨ ᠤᠨ ᠵᠡᠪᠰᠡᠭ᠍ᠳᠤ ᠴᠠᠭᠳᠠᠭ᠎ᠠ ᠶᠢᠨ ᠴᠡᠷᠢᠭ᠌ ᠠᠩᠭᠢ ᠶᠢᠨ ᠣᠷᠤᠨ ᠳᠤᠭᠠᠨ ᠳᠤ ᠪᠠᠢ᠌ᠭ᠎ᠠ ᠮᠠᠰᠢᠠᠳᠤ ᠳᠡᠷᠭᠡ ᠶᠢᠨ ᠫᠠᠢ᠌ᠰᠠ ᠦᠨᠡᠮᠯᠠᠯ᠂ ᠣᠷᠤᠨ ᠳᠤᠭᠠᠨ ᠳᠤ ᠪᠠᠢ᠌ᠭ᠎ᠠ ᠮᠠᠰᠢᠠᠳᠤ ᠳᠡᠷᠭᠡ ᠶᠢ ᠰᠢᠯᠭᠠᠨ ᠪᠠᠢ᠌ᠴᠠᠭᠠᠬᠤ ᠵᠢᠴᠢ ᠮᠠᠰᠢᠠᠳᠤ ᠳᠡᠷᠭᠡᠨ ᠤ ᠵᠢᠯᠤᠭᠤᠴᠢ ᠶᠢ ᠭᠢᠨᠠᠨ ᠰᠢᠯᠭᠠᠬᠤ ᠠᠵᠢᠯ ᠢ ᠳᠤᠮᠳᠠᠳᠤ ᠣᠯᠤᠰ ᠤᠨ ᠠᠷᠠᠤᠨ ᠤᠨ ᠴᠢᠯᠦᠭᠡᠯᠡᠭᠦ ᠴᠡᠷᠢᠭ᠌ ᠪᠣᠯᠤᠨ ᠳᠤᠮᠳᠠᠳᠤ ᠣᠯᠤᠰ ᠤᠨ ᠠᠷᠠᠤᠨ ᠤᠨ ᠵᠡᠪᠰᠡᠭ᠍ᠳᠤ ᠴᠠᠭᠳᠠᠭ᠎ᠠ ᠶᠢᠨ ᠴᠡᠷᠢᠭ᠌ ᠠᠩᠭᠢ ᠶᠢᠨ ᠬᠤᠯᠪᠣᠭᠳᠠᠯ ᠪᠦᠭᠦᠢ ᠰᠠᠯᠠᠭ᠎ᠠ ᠮᠦᠴᠢᠷ ᠡᠴᠡ ᠬᠠᠮᠢᠶᠠᠷᠤᠨ᠎ᠠ᠃

ᠵᠠᠭᠤ ᠬᠤᠷᠢᠨ ᠨᠢᠭᠡᠳᠦᠭᠡᠷ ᠵᠣᠢ᠌ᠯ ᠵᠠᠮ ᠳᠡᠭᠡᠷ᠎ᠡ ᠭᠠᠷᠴᠤ ᠠᠶᠠᠯᠠᠨ ᠶᠠᠪᠣᠬᠤ ᠳᠷᠠᠺᠲ᠋ᠤᠷ ᠢ ᠬᠠᠮᠢᠶᠠᠷᠬᠤ ᠳᠤ ᠳᠠᠷᠢᠶᠠᠯᠠᠩ (ᠳᠠᠷᠢᠶᠠᠯᠠᠩ ᠤᠨ ᠮᠸᠬᠠᠨᠢᠭ) ᠊ᠤᠨ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠡᠴᠡ ᠳᠤᠰ ᠬᠠᠤᠯᠢ ᠶᠢᠨ ᠨᠢ᠋ᠮᠠᠳᠤᠭᠠᠷ ᠵᠣᠢ᠌ᠯ᠂ ᠶ‍ᠢᠰᠦᠳᠦᠭᠡᠷ ᠵᠣᠢ᠌ᠯ᠂ ᠠᠷᠪᠠᠨ ᠭᠤᠷᠪᠠᠳᠤᠭᠠᠷ ᠵᠣᠢ᠌ᠯ᠂ ᠠᠷᠪᠠ ᠶ‍ᠢᠰᠦᠳᠦᠭᠡᠷ ᠵᠣᠢ᠌ᠯ᠂ ᠬᠤᠷᠢᠨ ᠭᠤᠷᠪᠠᠳᠤᠭᠠᠷ ᠵᠣᠢ᠌ᠯ ᠳᠤ ᠳᠤᠭᠳᠠᠭᠠᠭᠰᠠᠨ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠬᠠᠮᠢᠶᠠᠷᠤᠯᠳᠠ ᠶᠢᠨ ᠡᠷᠭᠡ ᠳᠤᠰᠢᠶᠠᠯ ᠢ ᠭᠦᠢᠴᠡᠳᠭᠡᠨ᠎ᠡ᠃

ᠳᠠᠷᠢᠶᠠᠯᠠᠩ (ᠳᠠᠷᠢᠶᠠᠯᠠᠩ ᠤᠨ ᠮᠸᠬᠠᠨᠢᠭ)᠊ᠤᠨ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠡᠮᠦᠨᠡᠭᠢ ᠪᠠᠳᠠᠭ ᠤᠨ ᠳᠤᠭᠳᠠᠭᠠᠯ ᠶᠤᠰᠤᠭᠠᠷ ᠡᠷᠭᠡ ᠳᠤᠰᠢᠶᠠᠯ ᠶᠢᠡᠨ ᠭᠡᠷᠡᠭ᠍ᠵᠢᠭᠦᠯᠭᠦ ᠳᠡᠭᠡᠨ ᠳᠤᠰ ᠬᠠᠤᠯᠢ ᠶᠢᠨ ᠬᠤᠯᠪᠣᠭᠳᠠᠯ ᠪᠦᠭᠦᠢ ᠳᠤᠭᠳᠠᠭᠠᠯ ᠢ ᠵᠢᠷᠤᠮᠯᠠᠬᠤ ᠭᠡᠷᠡᠭ᠍ᠳᠡᠢ ᠪᠦᠭᠡᠤᠨ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠭᠢᠨᠠᠯᠳᠠ ᠶᠢ ᠭᠦᠯᠢᠶᠡᠭᠦ ᠭᠡᠷᠡᠭ᠍ᠳᠡᠢ᠃ ᠳᠤᠭᠳᠠᠭᠠᠯ ᠢ ᠵᠥᠷᠢᠴᠡᠭ᠍ᠰᠡᠨ ᠪᠠᠢ᠌ᠪᠠᠯ᠂ ᠳᠤᠰ ᠬᠠᠤᠯᠢ ᠶᠢᠨ ᠬᠤᠯᠪᠣᠭᠳᠠᠯ ᠪᠦᠭᠦᠢ ᠳᠤᠭᠳᠠᠭᠠᠯ ᠶᠤᠰᠤᠭᠠᠷ ᠬᠠᠤᠯᠢ ᠶᠢᠨ ᠬᠠᠷᠢᠭᠤᠴᠠᠯᠭ᠎ᠠ ᠨᠡᠭᠡᠮᠵᠢᠯᠡᠨ᠎ᠡ᠃

ᠳᠤᠰ ᠬᠠᠤᠯᠢ ᠶᠢ ᠭᠡᠷᠡᠭ᠍ᠵᠢᠭᠦᠯᠭᠦ ᠡᠴᠡ ᠡᠮᠦᠨ᠎ᠡ ᠳᠠᠷᠢᠶᠠᠯᠠᠩ (ᠳᠠᠷᠢᠶᠠᠯᠠᠩ ᠤᠨ ᠮᠸᠬᠠᠨᠢᠭ) ᠊ᠤᠨ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠡᠴᠡ ᠣᠯᠭᠤᠭᠰᠠᠨ ᠮᠠᠰᠢᠠᠳᠤ ᠳᠡᠷᠭᠡ ᠶᠢᠨ ᠫᠠᠢ᠌ᠰᠠ ᠦᠨᠡᠮᠯᠠᠯ ᠳᠤᠰ ᠬᠠᠤᠯᠢ ᠶᠢ ᠭᠡᠷᠡᠭ᠍ᠵᠢᠭᠦᠯᠦᠭ᠍ᠰᠡᠨ ᠤ ᠳᠠᠷᠠᠭ᠎ᠠ ᠥᠷᠭᠦᠯᠵᠢᠯᠡᠨ ᠭᠦᠴᠤᠨ ᠲᠡᠶ᠃

ᠵᠠᠭᠤ ᠬᠤᠷᠢᠨ ᠬᠤᠶᠠᠳᠤᠭᠠᠷ ᠵᠣᠢ᠌ᠯ ᠣᠯᠤᠰ ᠡᠴᠡ ᠭᠢᠯᠢ ᠳᠤ ᠣᠷᠤᠵᠤ ᠢᠷᠡᠭ᠍ᠰᠡᠨ ᠭᠢᠯᠢ ᠶᠢᠨ ᠭᠠᠳᠠᠨᠠᠭᠢ ᠮᠠᠰᠢᠠᠳᠤ ᠳᠡᠷᠭᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠳᠤ ᠨᠢᠭᠡᠳᠦᠯᠳᠡᠢ ᠬᠠᠮᠢᠶᠠᠷᠤᠯᠳᠠ ᠶᠠᠪᠣᠭᠤᠯᠤᠨ᠎ᠠ᠃

ᠵᠠᠭᠤ ᠬᠤᠷᠢᠨ ᠭᠤᠷᠪᠠᠳᠤᠭᠠᠷ ᠵᠣᠢ᠌ᠯ ᠮᠤᠵᠢ᠂ ᠥᠪᠠᠷᠳᠡᠭᠡᠨ ᠵᠠᠰᠠᠬᠤ ᠣᠷᠤᠨ᠂ ᠰᠢᠭᠤᠳ ᠬᠠᠷᠢᠶ᠎ᠠ ᠬᠤᠳᠠ ᠶᠢᠨ ᠠᠷᠠᠤᠨ ᠤᠨ ᠳᠦᠯᠦᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠳᠤᠰ ᠭᠠᠵᠠᠷ ᠣᠷᠤᠨ ᠤ ᠪᠠᠨ ᠪᠣᠳᠠᠳᠤ ᠪᠠᠢ᠌ᠳᠠᠯ ᠢ ᠦᠨᠳᠦᠰᠦᠯᠠᠵᠤ᠂ ᠳᠤᠰ ᠬᠠᠤᠯᠢ ᠳᠤ ᠳᠤᠭᠳᠠᠭᠠᠭᠰᠠᠨ ᠵᠤᠭᠤᠰ ᠶᠢᠡᠷ ᠳᠤᠷᠭᠠᠬᠤ ᠭᠡᠮᠵᠢᠶᠡᠨ ᠳᠤᠳᠤᠷ᠎ᠠ ᠪᠣᠳᠠᠳᠠᠢ ᠭᠡᠷᠡᠭ᠍ᠵᠢᠭᠦᠯᠭᠦ ᠪᠠᠷᠢᠮᠵᠢᠶ᠎ᠠ ᠶᠢ ᠳᠤᠭᠳᠠᠭᠠᠵᠤ ᠪᠣᠯᠤᠨ᠎ᠠ᠃

ᠵᠠᠭᠤ ᠬᠤᠷᠢᠨ ᠳᠦᠷᠪᠠᠳᠦᠭᠡᠷ ᠵᠣᠢ᠌ᠯ ᠳᠤᠰ ᠬᠠᠤᠯᠢ ᠶᠢ 2004 ᠣᠨ ᠤ 5 ᠰᠠᠷ᠎ᠠ ᠶᠢᠨ 1 ᠊ᠤ ᠡᠳᠦᠷ ᠡᠴᠡ ᠡᠭᠢᠯᠡᠵᠤ ᠭᠡᠷᠡᠭ᠍ᠵᠢᠭᠦᠯᠦᠨ᠎ᠡ᠃


ᠵᠤᠬᠢᠶᠠᠭᠴᠢ᠄
ᠢᠷᠡᠯᠲᠡ᠄
ᠳᠠᠷᠤᠮ᠄ 4824
ᠴᠠᠭ᠄ 2010 ᠤᠨ ᠤ 06 ᠰᠠᠷ᠎ᠠ ᠶᠢᠨ 19
ᠪᠢᠴᠢᠭ᠍‍ᠯᠡᠭᠴᠢ᠄ ᠪᠦᠬᠡᠡᠷᠳᠡᠨᠢ
ᠨᠠᠢ᠌ᠷᠠᠭᠤᠯᠤᠭᠴᠢ᠄ ᠪᠦᠬᠡᠡᠷᠳᠡᠨᠢ
ᠲᠤᠰ ᠵᠤᠬᠢᠶᠠᠯ ᠢ ᠪᠦᠷᠭᠡ ᠳᠡᠭᠡᠨ ᠬᠠᠳᠠᠭᠠᠯᠠᠬᠤ
ᠰᠢᠭᠦᠮᠵᠢ ᠪᠢᠴᠢᠬᠦ
ᠨᠡᠪᠲᠡᠷᠡᠨ ᠤᠷᠤᠭᠠᠷᠠᠢ᠃
ᠨᠡᠪᠲᠡᠷᠡᠨ ᠤᠷᠤᠪᠠᠯ ᠰᠠᠶ‍ᠢ ᠰᠢᠭᠦᠮᠵᠢ ᠪᠢᠴᠢᠵᠦ ᠳᠡᠢ᠌ᠯᠦᠨ᠎ᠡ᠃

ᠪᠠᠢ᠌ᠷᠢ᠄ ᠮᠤᠩᠭ᠋ᠤᠯ ᠬᠡᠪ ᠬᠠᠤᠯᠢ ᠳᠦᠷᠢᠮ - ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ