ᠬᠦᠳᠡᠯᠮᠦᠷᠢ ᠶᠢᠨ ᠬᠠᠤᠯᠢ

ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠤᠨ ᠬᠦᠳᠡᠯᠮᠦᠷᠢ ᠶᠢᠨ ᠬᠠᠤᠯᠢ


( 1994 ᠣᠨ ᠤ 7 ᠰᠠᠷ᠎ᠠ ᠶᠢᠨ 5 ᠊ᠤ ᠡᠳᠦᠷ ᠨᠢ᠋ᠮᠠᠳᠤᠭᠠᠷ ᠬᠤᠭᠤᠴᠠᠭᠠᠨ ᠤ ᠪᠦᠭᠦ ᠣᠯᠤᠰ ᠤᠨ ᠠᠷᠠᠤᠨ ᠤᠨ ᠳᠦᠯᠦᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠢ᠋ᠮᠠᠳᠤᠭᠠᠷ ᠬᠤᠷᠠᠯᠳᠤᠭᠠᠨ ᠡᠴᠡ ᠪᠠᠳᠤᠯᠠᠪᠠ᠂ 1994 ᠣᠨ ᠤ 7 ᠰᠠᠷ᠎ᠠ ᠶᠢᠨ 5 ᠊ᠤ ᠡᠳᠦᠷ ᠪᠦᠭᠦᠳᠡ ᠨᠠᠢ᠌ᠷᠠᠮᠳᠠᠬᠤ ᠳᠤᠮᠳᠠᠳᠤ ᠠᠷᠠᠤᠨ ᠣᠯᠤᠰ ᠤᠨ ᠳᠡᠷᠢᠭᠦᠯᠡᠭ᠍ᠴᠢ ᠶᠢᠨ ᠬᠤᠷᠢᠨ ᠨᠢ᠋ᠮᠠᠳᠤᠭᠠᠷ ᠵᠠᠷᠯᠢᠭ ᠶᠢᠡᠷ ᠨᠠᠢ᠌ᠳᠠᠯᠠᠪᠠ᠂ 1995 ᠣᠨ ᠤ 1 ᠰᠠᠷ᠎ᠠ ᠶᠢᠨ 1 ᠊ᠤ ᠡᠳᠦᠷ ᠡᠴᠡ ᠡᠭᠢᠯᠡᠨ ᠭᠡᠷᠡᠭ᠍ᠵᠢᠭᠦᠯᠦᠨ᠎ᠡ )


ᠭᠠᠷᠴᠠᠭ

ᠨᠢᠭᠡᠳᠦᠭᠡᠷ ᠪᠦᠯᠦᠭ᠌   ᠶᠡᠷᠦᠩᠭᠡᠢ ᠳᠦᠷᠢᠮ

ᠬᠤᠶᠠᠳᠤᠭᠠᠷ ᠪᠦᠯᠦᠭ᠌   ᠠᠵᠢᠯ ᠣᠯᠭᠤᠬᠤ ᠶᠢ ᠠᠭᠢᠭᠤᠯᠬᠤ

ᠭᠤᠷᠪᠠᠳᠤᠭᠠᠷ ᠪᠦᠯᠦᠭ᠌   ᠭᠦᠳᠡᠯᠮᠦᠷᠢ ᠶᠢᠨ ᠭᠡᠷ᠎ᠡ ᠪᠠ ᠬᠠᠮᠳᠤ ᠶᠢᠨ ᠭᠡᠷ᠎ᠡ

ᠳᠦᠷᠪᠠᠳᠦᠭᠡᠷ ᠪᠦᠯᠦᠭ᠌   ᠠᠵᠢᠯᠯᠠᠬᠤ ᠴᠠᠭ ᠪᠠ ᠠᠮᠠᠷᠠᠬᠤ᠂ ᠠᠮᠠᠷᠠᠯᠳᠠ ᠶᠢᠨ ᠴᠢᠯᠦᠭᠡ

ᠳᠠᠪᠣᠳᠤᠭᠠᠷ ᠪᠦᠯᠦᠭ᠌   ᠴᠠᠯᠢᠩ

ᠵᠢᠷᠭᠤᠳᠤᠭᠠᠷ ᠪᠦᠯᠦᠭ᠌   ᠭᠦᠳᠡᠯᠮᠦᠷᠢ ᠶᠢᠨ ᠡᠡᠶ‍ᠦᠯᠭᠦᠢ ᠪᠠᠢ᠌ᠬᠤ ᠪᠠ ᠡᠷᠡᠭᠦᠯ ᠬᠠᠮᠠᠭᠠᠯᠠᠯ

ᠳᠤᠯᠤᠳᠤᠭᠠᠷ ᠪᠦᠯᠦᠭ᠌   ᠡᠮᠡᠭ᠍ᠳᠡᠢ ᠠᠵᠢᠯᠳᠠᠨ ᠠᠵᠢᠯᠴᠢᠨ ᠪᠠ ᠨᠠᠰᠤᠨ ᠳᠤ ᠭᠦᠷᠦᠭᠡᠳᠦᠢ ᠠᠵᠢᠯᠳᠠᠨ ᠤ ᠣᠠᠴᠠᠭᠠᠢ ᠬᠠᠮᠠᠭᠠᠯᠠᠯᠳᠠ

ᠨᠢ᠋ᠮᠠᠳᠤᠭᠠᠷ ᠪᠦᠯᠦᠭ᠌   ᠠᠵᠢᠯ ᠮᠡᠷᠭᠡᠵᠢᠯ ᠤᠨ ᠪᠣᠯᠪᠠᠰᠤᠷᠠᠯ

ᠶ‍ᠢᠰᠦᠳᠦᠭᠡᠷ ᠪᠦᠯᠦᠭ᠌   ᠨᠡᠢ᠌ᠭᠡᠮ ᠤᠨ ᠳᠠᠭᠠᠤᠠᠬᠠᠯ ᠪᠠ ᠠᠰᠠᠷᠠᠮᠵᠢ

ᠠᠷᠪᠠᠳᠤᠭᠠᠷ ᠪᠦᠯᠦᠭ᠌   ᠭᠦᠳᠡᠯᠮᠦᠷᠢ ᠶᠢᠨ ᠮᠠᠷᠭᠤᠭᠠᠨ

ᠠᠷᠪᠠᠨ ᠨᠢᠭᠡᠳᠦᠭᠡᠷ ᠪᠦᠯᠦᠭ᠌   ᠭᠢᠨᠠᠯᠳᠠ ᠳᠠᠯᠪᠢᠵᠤ ᠪᠠᠢ᠌ᠴᠠᠭᠠᠬᠤ

ᠠᠷᠪᠠᠨ ᠬᠤᠶᠠᠳᠤᠭᠠᠷ ᠪᠦᠯᠦᠭ᠌   ᠬᠠᠤᠯᠢ ᠶᠢᠨ ᠬᠠᠷᠢᠭᠤᠴᠠᠯᠭ᠎ᠠ

ᠠᠷᠪᠠᠨ ᠭᠤᠷᠪᠠᠳᠤᠭᠠᠷ ᠪᠦᠯᠦᠭ᠌   ᠳᠠᠭᠠᠯᠳᠤᠭᠤᠯᠤᠭᠰᠠᠨ ᠳᠦᠷᠢᠮ


ᠨᠢᠭᠡᠳᠦᠭᠡᠷ ᠪᠦᠯᠦᠭ᠌     ᠶᠡᠷᠦᠩᠭᠡᠢ ᠳᠦᠷᠢᠮ


ᠨᠢᠭᠡᠳᠦᠭᠡᠷ ᠵᠣᠢ᠌ᠯ ᠭᠦᠳᠡᠯᠮᠦᠷᠢᠴᠢᠳ ᠤᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠨ ᠭᠦᠳᠡᠯᠮᠦᠷᠢ ᠶᠢᠨ ᠬᠠᠷᠢᠴᠠᠭ᠎ᠠ ᠶᠢ ᠳᠤᠭᠢᠷᠠᠭᠤᠯᠵᠤ ᠨᠡᠢ᠌ᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠯᠤᠭ᠎ᠠ ᠵᠤᠭᠢᠴᠠᠭᠰᠠᠨ ᠭᠦᠳᠡᠯᠮᠦᠷᠢ ᠶᠢᠨ ᠳᠦᠷᠢᠮ ᠢ ᠪᠠᠢ᠌ᠭᠤᠯᠤᠨ ᠬᠠᠮᠠᠭᠠᠯᠠᠵᠤ ᠠᠵᠤ ᠠᠬᠤᠢ ᠶᠢᠨ ᠭᠦᠭ᠍ᠵᠢᠯᠳᠡ ᠪᠠ ᠨᠡᠢ᠌ᠭᠡᠮ ᠤᠨ ᠳᠠᠪᠰᠢᠯᠳᠠ ᠶᠢ ᠠᠭᠢᠭᠤᠯᠬᠤ ᠶᠢᠨ ᠳᠦᠯᠦᠭᠡ ᠦᠨᠳᠦᠰᠦᠨ ᠬᠠᠤᠯᠢ ᠶᠢ ᠦᠨᠳᠦᠰᠦᠯᠠᠨ ᠳᠤᠰ ᠬᠠᠤᠯᠢ ᠶᠢ ᠳᠤᠭᠳᠠᠭᠠᠪᠠ᠃

ᠬᠤᠶᠠᠳᠤᠭᠠᠷ ᠵᠣᠢ᠌ᠯ ᠪᠦᠭᠦᠳᠡ ᠨᠠᠢ᠌ᠷᠠᠮᠳᠠᠬᠤ ᠳᠤᠮᠳᠠᠳᠤ ᠠᠷᠠᠤᠨ ᠣᠯᠤᠰ ᠤᠨ ᠭᠢᠯᠢ ᠶᠢᠨ ᠳᠤᠳᠤᠷᠠᠭᠢ ᠠᠵᠤ ᠠᠬᠤᠢ᠌ᠯᠠᠯ᠂ ᠬᠤᠪᠢ ᠶᠢᠨ ᠵᠤᠬᠢᠶᠠᠨ ᠪᠠᠢ᠌ᠭᠤᠯᠤᠯᠳᠠ (ᠳᠤᠷᠤᠭᠰᠢ ᠨᠠᠢ᠌ᠳᠠ ᠳ᠋ᠤᠨᠢ ᠭᠦᠮᠤᠨ ᠭᠡᠷᠡᠭᠯᠡᠭᠦ ᠨᠢᠭᠡᠴᠢ ᠭᠡᠵᠤ ᠨᠠᠷᠠᠯᠠᠨ᠎ᠠ) ᠭᠢᠭᠡᠤᠨ ᠳᠡᠭᠦᠨ ᠯᠦᠭᠡ ᠭᠦᠳᠡᠯᠮᠦᠷᠢ ᠶᠢᠨ ᠬᠠᠷᠢᠴᠠᠭ᠎ᠠ ᠲᠡᠶ ᠪᠣᠯᠤᠭᠰᠠᠨ ᠭᠦᠳᠡᠯᠮᠦᠷᠢᠴᠢᠳ ᠳᠤᠰ ᠬᠠᠤᠯᠢ ᠶᠢ ᠭᠡᠷᠡᠭᠯᠡᠨ᠎ᠡ᠃

ᠲᠦᠷᠦ ᠶᠢᠨ ᠪᠠᠢ᠌ᠭᠤᠯᠭ᠎ᠠ᠂ ᠠᠵᠢᠯ ᠣᠢ᠌ᠯᠠᠰ ᠤᠨ ᠵᠤᠬᠢᠶᠠᠨ ᠪᠠᠢ᠌ᠭᠤᠯᠤᠯᠳᠠ᠂ ᠨᠡᠢ᠌ᠭᠡᠮ ᠤᠨ ᠪᠦᠯᠭᠦᠮ ᠪᠠ ᠳᠡᠭᠦᠨ ᠯᠦᠭᠡ ᠭᠦᠳᠡᠯᠮᠦᠷᠢ ᠶᠢᠨ ᠭᠡᠷ᠎ᠡ ᠶᠢᠨ ᠬᠠᠷᠢᠴᠠᠭ᠎ᠠ ᠪᠠᠢ᠌ᠭᠤᠯᠤᠭᠰᠠᠨ ᠭᠦᠳᠡᠯᠮᠦᠷᠢᠴᠢᠨ ᠳᠤᠰ ᠬᠠᠤᠯᠢ ᠶᠢᠨ ᠶᠤᠰᠤᠭᠠᠷ ᠭᠡᠷᠡᠭ᠍ᠵᠢᠭᠦᠯᠦᠨ᠎ᠡ᠃

ᠭᠤᠷᠪᠠᠳᠤᠭᠠᠷ ᠵᠣᠢ᠌ᠯ ᠭᠦᠳᠡᠯᠮᠦᠷᠢᠴᠢᠨ ᠡᠷᠭᠡ ᠳᠡᠭ᠍ᠰᠢ ᠪᠠᠷ ᠠᠵᠢᠯ ᠣᠯᠬᠤ ᠪᠠ ᠠᠵᠢᠯ ᠮᠡᠷᠭᠡᠵᠢᠯ ᠰᠤᠩᠭ᠋ᠤᠬᠤ ᠡᠷᠭᠡ᠂ ᠭᠦᠳᠡᠯᠮᠦᠷᠢ ᠶᠢᠨ ᠣᠯᠭᠤᠮᠵᠢ ᠣᠯᠬᠤ ᠡᠷᠭᠡ᠂ ᠠᠮᠠᠷᠠᠬᠤ᠂ ᠠᠮᠠᠷᠠᠯᠳᠠ ᠶᠢᠨ ᠴᠢᠯᠦᠭᠡ ᠠᠪᠬᠤ ᠡᠷᠭᠡ᠂ ᠭᠦᠳᠡᠯᠮᠦᠷᠢ ᠶᠢᠨ ᠡᠡᠶ‍ᠦᠯᠭᠦᠢ ᠪᠠᠢ᠌ᠬᠤ᠂ ᠡᠷᠡᠭᠦᠯ ᠬᠠᠮᠠᠭᠠᠯᠠᠯ ᠤᠨ ᠬᠠᠮᠠᠭᠠᠯᠠᠯᠠᠳᠠ ᠶᠢ ᠣᠯᠬᠤ ᠡᠷᠭᠡ᠂ ᠠᠵᠢᠯ ᠮᠡᠷᠭᠡᠵᠢᠯ ᠤᠨ ᠮᠡᠷᠭᠡᠰᠢᠯ ᠴᠢᠳᠠᠪᠣᠷᠢ ᠶᠢᠨ ᠪᠣᠯᠪᠠᠰᠤᠷᠠᠯ ᠭᠦᠷᠳᠡᠭᠦ ᠡᠷᠭᠡ᠂ ᠨᠡᠢ᠌ᠭᠡᠮ ᠤᠨ ᠳᠠᠭᠠᠤᠠᠬᠠᠯ ᠪᠠ ᠠᠰᠠᠷᠠᠮᠵᠢ ᠶᠢ ᠡᠳ᠋ᠯᠡᠭᠦ ᠡᠷᠭᠡ᠂ ᠭᠦᠳᠡᠯᠮᠦᠷᠢ ᠶᠢᠨ ᠮᠠᠷᠭᠤᠭᠠᠨ ᠢ ᠰᠢ᠌ᠦᠡᠪᠦᠷᠢᠯᠡᠭᠦ ᠪᠠᠷ ᠳᠡᠪᠰᠢᠭᠦᠯᠭᠦ ᠡᠷᠭᠡ ᠲᠡᠶ ᠪᠦᠭᠡᠤᠨ ᠬᠠᠤᠯᠢ ᠳᠤ ᠳᠤᠭᠳᠠᠭᠠᠭᠰᠠᠨ ᠪᠣᠰᠤᠳ ᠭᠦᠳᠡᠯᠮᠦᠷᠢ ᠶᠢᠨ ᠡᠷᠭᠡ ᠶᠢ ᠡᠳ᠋ᠯᠡᠨ᠎ᠡ᠃

ᠭᠦᠳᠡᠯᠮᠦᠷᠢᠴᠢᠨ ᠭᠦᠳᠡᠯᠮᠦᠷᠢ ᠶᠢᠨ ᠡᠭᠦᠷᠭᠡ ᠪᠠᠨ ᠪᠠᠶᠡᠯᠡᠭᠦᠯᠵᠤ᠂ ᠠᠵᠢᠯ ᠮᠡᠷᠭᠡᠵᠢᠯ ᠤᠨ ᠮᠡᠷᠭᠡᠰᠢᠯ ᠴᠢᠳᠠᠪᠣᠷᠢ ᠪᠠᠨ ᠳᠡᠭᠡᠭ᠍ᠰᠢᠯᠡᠭᠦᠯᠤᠨ᠂ ᠭᠦᠳᠡᠯᠮᠦᠷᠢ ᠶᠢᠨ ᠡᠡᠶ‍ᠦᠯᠭᠦᠢ ᠪᠠᠢ᠌ᠬᠤ᠂ ᠡᠷᠡᠭᠦᠯ ᠬᠠᠮᠠᠭᠠᠯᠠᠯ ᠤᠨ ᠳᠤᠬᠠᠢ ᠳᠦᠷᠢᠮ ᠳᠤᠭᠳᠠᠭᠠᠯ ᠢ ᠭᠡᠷᠡᠭ᠍ᠵᠢᠭᠦᠯᠤᠨ᠂ ᠭᠦᠳᠡᠯᠮᠦᠷᠢ ᠶᠢᠨ ᠰᠠᠭᠢᠯᠭ᠎ᠠ ᠪᠠᠳᠤ ᠪᠠ ᠠᠵᠢᠯ ᠮᠡᠷᠭᠡᠵᠢᠯ ᠤᠨ ᠶᠤᠰᠤ ᠮᠤᠷᠠᠯ ᠢ ᠵᠢᠷᠤᠮᠯᠠᠬᠤ ᠭᠡᠷᠡᠭ᠍ᠳᠡᠢ᠃

ᠳᠦᠷᠪᠠᠳᠦᠭᠡᠷ ᠵᠣᠢ᠌ᠯ ᠭᠦᠮᠤᠨ ᠭᠡᠷᠡᠭᠯᠡᠭᠦ ᠨᠢᠭᠡᠴᠢ ᠳᠦᠷᠢᠮ ᠳᠤᠭᠳᠠᠭᠠᠯ ᠶᠢᠡᠨ ᠬᠠᠤᠯᠢ ᠶᠤᠰᠤᠭᠠᠷ ᠪᠠᠢ᠌ᠭᠤᠯᠤᠨ ᠳᠡᠭᠦᠯᠳᠡᠷᠵᠢᠭᠦᠯᠵᠤ᠂ ᠭᠦᠳᠡᠯᠮᠦᠷᠢᠴᠢᠳ ᠤᠨ ᠭᠦᠳᠡᠯᠮᠦᠷᠢᠯᠡᠭᠦ ᠡᠷᠭᠡ ᠡᠳ᠋ᠯᠡᠭᠦ ᠪᠠ ᠭᠦᠳᠡᠯᠮᠦᠷᠢ ᠶᠢᠨ ᠡᠭᠦᠷᠭᠡ ᠪᠠᠨ ᠪᠠᠶᠡᠯᠡᠭᠦᠯᠭᠦ ᠶᠢ ᠪᠠᠳᠤᠯᠠᠬᠤ ᠭᠡᠷᠡᠭ᠍ᠳᠡᠢ᠃

ᠳᠠᠪᠣᠳᠤᠭᠠᠷ ᠵᠣᠢ᠌ᠯ ᠣᠯᠤᠰ ᠡᠴᠡ ᠠᠷᠭ᠎ᠠ ᠭᠡᠮᠵᠢᠶ᠎ᠡ ᠠᠪᠴᠤ ᠪᠠᠢ᠌ᠭᠠᠤᠨ ᠭᠦᠳᠡᠯᠮᠦᠷᠢ ᠠᠵᠢᠯ ᠣᠯᠭᠤᠬᠤ ᠶᠢ ᠠᠭᠢᠭᠤᠯᠤᠨ᠂ ᠠᠵᠢᠯ ᠮᠡᠷᠭᠡᠵᠢᠯ ᠤᠨ ᠰᠤᠷᠭᠠᠨ ᠭᠦᠮᠦᠵᠢᠯ ᠢ ᠭᠦᠭ᠍ᠵᠢᠭᠦᠯᠵᠤ᠂ ᠭᠦᠳᠡᠯᠮᠦᠷᠢ ᠶᠢᠨ ᠪᠠᠷᠢᠮᠵᠢᠶ᠎ᠠ ᠶᠢ ᠳᠤᠭᠳᠠᠭᠠᠨ᠂ ᠨᠡᠢ᠌ᠭᠡᠮ ᠤᠨ ᠣᠷᠤᠯᠭ᠎ᠠ ᠶᠢ ᠳᠤᠭᠢᠷᠠᠭᠤᠯᠵᠤ᠂ ᠨᠡᠢ᠌ᠭᠡᠮ ᠤᠨ ᠳᠠᠭᠠᠤᠠᠬᠠᠯ ᠢ ᠳᠡᠭᠦᠯᠳᠡᠷᠵᠢᠭᠦᠯᠤᠨ᠂ ᠭᠦᠳᠡᠯᠮᠦᠷᠢ ᠶᠢᠨ ᠬᠠᠷᠢᠴᠠᠭ᠎ᠠ ᠶᠢ ᠵᠤᠭᠢᠴᠠᠭᠤᠯᠵᠤ᠂ ᠭᠦᠳᠡᠯᠮᠦᠷᠢᠴᠢᠳ ᠤᠨ ᠠᠮᠢᠳᠤᠷᠠᠯ ᠤᠨ ᠭᠢᠷᠢ ᠭᠡᠮᠵᠢᠶ᠎ᠡ ᠶᠢ ᠠᠯᠬᠤᠮ ᠠᠯᠬᠤᠮ ᠶᠢᠡᠷ ᠳᠡᠭᠡᠭ᠍ᠰᠢᠯᠡᠭᠦᠯᠦᠨ᠎ᠡ᠃

ᠵᠢᠷᠭᠤᠳᠤᠭᠠᠷ ᠵᠣᠢ᠌ᠯ ᠣᠯᠤᠰ ᠡᠴᠡ ᠭᠦᠳᠡᠯᠮᠦᠷᠢᠴᠢᠳ ᠤᠨ ᠨᠡᠢ᠌ᠭᠡᠮ ᠤᠨ ᠠᠯᠪᠠᠨ ᠵᠢᠷᠤᠮ ᠤᠨ ᠭᠦᠳᠡᠯᠮᠦᠷᠢ ᠳᠤ ᠣᠷᠤᠯᠴᠠᠬᠤ᠂ ᠭᠦᠳᠡᠯᠮᠦᠷᠢ ᠶᠢᠨ ᠣᠷᠤᠯᠳᠤᠭᠠᠨ ᠥᠷᠨᠢᠭᠦᠯᠭᠦ ᠪᠠ ᠵᠦᠢ᠌ ᠲᠡᠶ ᠰᠠᠨᠠᠭᠤᠯᠭ᠎ᠠ ᠭᠠᠷᠭᠠᠬᠤ ᠠᠵᠢᠯᠯᠠᠭ᠎ᠠ ᠥᠷᠨᠢᠭᠦᠯᠭᠦ ᠶᠢ ᠰᠠᠨᠠᠭᠠᠴᠢᠯᠠᠵᠤ᠂ ᠭᠦᠳᠡᠯᠮᠦᠷᠢᠴᠢᠳ ᠤᠨ ᠰᠢᠡᠵᠢᠯᠡᠭᠦ ᠣᠬᠠᠭᠠᠨ ᠤ ᠰᠤᠳᠤᠯᠤᠯ᠂ ᠳᠸᠭ᠍ᠨᠢᠭ᠌ ᠮᠡᠷᠭᠡᠵᠢᠯ ᠤᠨ ᠰᠢᠨᠠᠴᠢᠯᠠᠯᠳᠠ ᠪᠠ ᠡᠭᠦᠳᠤᠨ ᠪᠦᠳᠦᠭᠡᠯᠳᠡ ᠭᠢᠭᠦ ᠶᠢ ᠵᠤᠷᠢᠭᠵᠢᠭᠤᠯᠤᠨ ᠬᠠᠮᠠᠭᠠᠯᠠᠵᠤ᠂ ᠭᠦᠳᠡᠯᠮᠦᠷᠢ ᠶᠢᠨ ᠵᠢᠱᠢᠶᠠᠴᠢ ᠪᠠ ᠳᠡᠷᠢᠭᠦᠨ ᠤ ᠠᠵᠢᠯᠳᠠᠨ ᠢ ᠭᠦᠭᠢᠭᠦᠯᠤᠨ ᠱᠠᠩᠨᠠᠨ᠎ᠠ᠃

ᠳᠤᠯᠤᠳᠤᠭᠠᠷ ᠵᠣᠢ᠌ᠯ ᠭᠦᠳᠡᠯᠮᠦᠷᠢᠴᠢᠨ ᠬᠠᠤᠯᠢ ᠶᠤᠰᠤᠭᠠᠷ ᠠᠵᠢᠯᠴᠢᠨ ᠤ ᠡᠪᠯᠡᠯ ᠳᠤ ᠣᠷᠤᠯᠴᠠᠬᠤ ᠪᠠ ᠠᠵᠢᠯᠴᠢᠨ ᠤ ᠡᠪᠯᠡᠯ ᠢ ᠵᠤᠬᠢᠶᠠᠨ ᠪᠠᠢ᠌ᠭᠤᠯᠬᠤ ᠡᠷᠭᠡ ᠲᠡᠶ᠃

ᠠᠵᠢᠯᠴᠢᠨ ᠤ ᠡᠪᠯᠡᠯ ᠭᠦᠳᠡᠯᠮᠦᠷᠢᠴᠢᠳ ᠤᠨ ᠬᠠᠤᠯᠢ ᠶᠤᠰᠤᠨ ᠤ ᠡᠷᠭᠡ ᠠᠰᠢᠭ ᠢ ᠳᠦᠯᠦᠭᠡᠯᠡᠨ ᠬᠠᠮᠠᠭᠠᠯᠠᠵᠤ᠂ ᠬᠠᠤᠯᠢ ᠶᠤᠰᠤᠭᠠᠷ ᠪᠠᠶ᠎ᠠ ᠪᠠᠨ ᠳᠠᠭᠠᠭᠠᠵᠤ ᠡᠵᠡᠨ ᠮᠠᠳᠠᠨ ᠠᠵᠢᠯᠯᠠᠭ᠎ᠠ ᠪᠠᠨ ᠥᠷᠨᠢᠭᠦᠯᠦᠨ᠎ᠡ᠃

ᠨᠢ᠋ᠮᠠᠳᠤᠭᠠᠷ ᠵᠣᠢ᠌ᠯ ᠭᠦᠳᠡᠯᠮᠦᠷᠢᠴᠢᠳ ᠬᠠᠤᠯᠢ ᠶᠢᠨ ᠳᠤᠭᠳᠠᠭᠠᠯ ᠶᠤᠰᠤᠭᠠᠷ ᠠᠵᠢᠯᠳᠠᠨ ᠠᠵᠢᠯᠴᠢᠨ ᠤ ᠶᠡᠭᠡ ᠬᠤᠷᠠᠯ᠂ ᠠᠵᠢᠯᠳᠠᠨ ᠠᠵᠢᠯᠴᠢᠨ ᠤ ᠳᠦᠯᠦᠭᠡᠯᠡᠭ᠍ᠴᠢᠳ ᠤᠨ ᠶᠡᠭᠡ ᠬᠤᠷᠠᠯ ᠪᠣᠶᠤ ᠪᠣᠰᠤᠳ ᠭᠡᠯᠪᠠᠷᠢ ᠪᠠᠷ ᠳᠠᠮᠵᠢᠭᠤᠯᠤᠨ ᠠᠷᠠᠤᠠᠴᠢᠯᠠᠭᠰᠠᠨ ᠬᠠᠮᠢᠶᠠᠷᠤᠯᠳᠠ ᠳᠤ ᠣᠷᠤᠯᠴᠠᠬᠤ ᠪᠣᠶᠤ ᠭᠦᠳᠡᠯᠮᠦᠷᠢᠴᠢᠳ ᠤᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠬᠤ ᠠᠰᠠᠭᠤᠳᠠᠯ ᠤᠨ ᠳᠤᠬᠠᠢ ᠭᠦᠮᠤᠨ ᠭᠡᠷᠡᠭᠯᠡᠭᠦ ᠨᠢᠭᠡᠴᠢ ᠲᠡᠶ ᠡᠷᠭᠡ ᠳᠡᠭ᠍ᠰᠢ ᠪᠠᠷ ᠵᠦᠪᠳᠠᠯᠴᠠᠨ᠎ᠠ᠃

ᠶ‍ᠢᠰᠦᠳᠦᠭᠡᠷ ᠵᠣᠢ᠌ᠯ ᠲᠦᠷᠦ ᠶᠢᠨ ᠶᠠᠪᠣᠳᠠᠯ ᠤᠨ ᠬᠤᠷᠢᠶᠠᠨ ᠤ ᠭᠦᠳᠡᠯᠮᠦᠷᠢ ᠶᠢᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠪᠦᠭᠦ ᠣᠯᠤᠰ ᠤᠨ ᠭᠦᠳᠡᠯᠮᠦᠷᠢ ᠶᠢᠨ ᠠᠵᠢᠯ ᠢ ᠡᠷᠭᠢᠯᠡᠨ ᠬᠠᠮᠢᠶᠠᠷᠤᠨ᠎ᠠ᠃

ᠰᠢᠶᠠᠨ ᠤ ᠱᠠᠳᠤᠨ ᠡᠴᠡ ᠳᠡᠭᠡᠭ᠍ᠰᠢᠭᠢ ᠣᠷᠤᠨ ᠨᠤᠳᠤᠭ ᠤᠨ ᠠᠷᠠᠤᠨ ᠤᠨ ᠵᠠᠰᠠᠭ ᠤᠨ ᠣᠷᠳᠤᠨ ᠤ ᠭᠦᠳᠡᠯᠮᠦᠷᠢ ᠶᠢᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠳᠤᠰ ᠵᠠᠰᠠᠭ ᠵᠠᠭᠢᠷᠭᠠᠨ ᠤ ᠣᠷᠤᠨ ᠤ ᠪᠠᠨ ᠳᠤᠳᠤᠷᠠᠭᠢ ᠭᠦᠳᠡᠯᠮᠦᠷᠢᠴᠢᠨ ᠤ ᠠᠵᠢᠯ ᠢ ᠬᠠᠮᠢᠶᠠᠷᠤᠨ᠎ᠠ᠃


ᠬᠤᠶᠠᠳᠤᠭᠠᠷ ᠪᠦᠯᠦᠭ᠌     ᠠᠵᠢᠯ ᠣᠯᠭᠤᠬᠤ ᠶᠢ ᠠᠭᠢᠭᠤᠯᠬᠤ


ᠠᠷᠪᠠᠳᠤᠭᠠᠷ ᠵᠣᠢ᠌ᠯ ᠣᠯᠤᠰ ᠡᠴᠡ ᠠᠵᠤ ᠠᠬᠤᠢ ᠪᠠ ᠨᠡᠢ᠌ᠭᠡᠮ ᠤᠨ ᠭᠦᠭ᠍ᠵᠢᠯᠳᠡ ᠶᠢ ᠠᠭᠢᠭᠤᠯᠬᠤ ᠪᠠᠷ ᠳᠠᠮᠵᠢᠭᠤᠯᠤᠨ ᠠᠵᠢᠯ ᠣᠯᠭᠤᠬᠤ ᠨᠥᠭᠦᠴᠡᠯ ᠢ ᠪᠣᠢ ᠪᠣᠯᠭᠠᠵᠤ᠂ ᠠᠵᠢᠯ ᠣᠯᠬᠤ ᠲᠤᠬᠢᠶᠠᠯ ᠢ ᠦᠷᠭᠡᠳᠭᠡᠨ᠎ᠡ᠃

ᠣᠯᠤᠰ ᠡᠴᠡ ᠠᠵᠤ ᠠᠬᠤᠢ᠌ᠯᠠᠯ᠂ ᠠᠵᠢᠯ ᠣᠢ᠌ᠯᠠᠰ ᠤᠨ ᠵᠤᠬᠢᠶᠠᠨ ᠪᠠᠢ᠌ᠭᠤᠯᠤᠯᠳᠠ᠂ ᠨᠡᠢ᠌ᠭᠡᠮ ᠤᠨ ᠪᠦᠯᠭᠦᠮ ᠤᠨ ᠬᠠᠤᠯᠢ ᠴᠠᠭᠠᠵᠠ᠂ ᠵᠠᠰᠠᠭ ᠵᠠᠭᠢᠷᠭᠠᠨ ᠤ ᠬᠠᠤᠯᠢ ᠳᠤᠭᠳᠠᠭᠠᠯ ᠤᠨ ᠳᠤᠭᠳᠠᠭᠠᠭᠰᠠᠨ ᠭᠡᠪᠴᠢᠶᠡᠨ ᠳᠤᠳᠤᠷ᠎ᠠ ᠠᠵᠤ ᠣᠢ᠌ᠯᠠᠤᠠᠪᠣᠷᠢᠯᠠᠯ ᠡᠷᠭᠢᠯᠡᠭᠦ ᠪᠣᠶᠤ ᠡᠵᠡᠩᠨᠡᠯᠳᠡ ᠪᠠᠨ ᠦᠷᠭᠡᠳᠭᠡᠨ ᠠᠵᠢᠯ ᠣᠯᠭᠤᠬᠤ ᠶᠠᠪᠣᠳᠠᠯ ᠢ ᠨᠡᠮᠡᠭ᠍ᠳᠡᠭᠦᠯᠭᠦ ᠶᠢ ᠵᠤᠷᠢᠭᠵᠢᠭᠤᠯᠠᠨ᠎ᠠ᠃

ᠣᠯᠤᠰ ᠡᠴᠡ ᠭᠦᠳᠡᠯᠮᠦᠷᠢᠴᠢᠳ ᠤᠨ ᠰᠠᠢ᠌ᠨ ᠳᠤᠷ᠎ᠠ ᠡᠴᠡ ᠪᠠᠨ ᠵᠤᠬᠢᠶᠠᠨ ᠪᠠᠢ᠌ᠭᠤᠯᠤᠯᠴᠠᠵᠤ ᠠᠵᠢᠯ ᠲᠡᠶ ᠪᠣᠯᠬᠤ ᠪᠠ ᠬᠤᠪᠢ ᠶᠢᠨ ᠡᠵᠡᠩᠨᠡᠯᠳᠡ ᠶᠢ ᠡᠷᠭᠢᠯᠡᠨ ᠠᠵᠢᠯ ᠲᠡᠶ ᠪᠣᠯᠬᠤ ᠶᠢ ᠵᠤᠷᠢᠭᠵᠢᠭᠤᠯᠤᠨ᠎ᠠ᠃

ᠠᠷᠪᠠᠨ ᠨᠢᠭᠡᠳᠦᠭᠡᠷ ᠵᠣᠢ᠌ᠯ ᠣᠷᠤᠨ ᠨᠤᠳᠤᠭ ᠤᠨ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠠᠷᠭ᠎ᠠ ᠭᠡᠮᠵᠢᠶ᠎ᠡ ᠠᠪᠴᠤ ᠠᠵᠢᠯ ᠳᠠᠨᠢᠯᠴᠠᠭᠤᠯᠬᠤ ᠣᠯᠠᠨ ᠭᠡᠯᠪᠠᠷᠢ ᠶᠢᠨ ᠪᠠᠢ᠌ᠭᠤᠯᠤᠮᠵᠢ ᠶᠢ ᠭᠦᠭ᠍ᠵᠢᠭᠦᠯᠤᠨ᠂ ᠠᠵᠢᠯ ᠣᠯᠭᠤᠬᠤ ᠥᠢᠯᠡᠴᠢᠯᠡᠭᠡ ᠬᠠᠩᠭ᠋ᠠᠬᠤ ᠭᠡᠷᠡᠭ᠍ᠳᠡᠢ᠃

ᠠᠷᠪᠠᠨ ᠬᠤᠶᠠᠳᠤᠭᠠᠷ ᠵᠣᠢ᠌ᠯ ᠭᠦᠳᠡᠯᠮᠦᠷᠢᠴᠢᠨ ᠠᠵᠢᠯ ᠣᠯᠬᠤ ᠳᠠᠭᠠᠨ ᠦᠨᠳᠦᠰᠦᠳᠠᠨ᠂ ᠶᠠᠰᠤᠳᠠᠨ᠂ ᠴᠢᠨᠠᠷ ᠤᠨ ᠢᠯᠭᠠᠯ᠂ ᠱᠠᠰᠢᠨ ᠰᠢᠳᠦᠯᠭᠡ ᠠᠳᠠᠯᠢ ᠦᠭᠡᠶ ᠶᠢᠨ ᠬᠠᠷᠠᠭ᠎ᠠ ᠪᠠᠷ ᠭᠠᠳᠠᠷᠭᠤᠴᠢᠯᠠᠭᠳᠠᠬᠤ ᠦᠭᠡᠶ᠃

ᠠᠷᠪᠠᠨ ᠭᠤᠷᠪᠠᠳᠤᠭᠠᠷ ᠵᠣᠢ᠌ᠯ ᠡᠮᠡᠭ᠍ᠳᠡᠢ᠌ᠴᠦᠳ ᠡᠷᠡᠭ᠍ᠳᠡᠢ᠌ᠴᠦᠳ ᠲᠡᠶ ᠡᠷᠭᠡ ᠳᠡᠭ᠍ᠰᠢ ᠪᠠᠷ ᠠᠵᠢᠯ ᠣᠯᠬᠤ ᠡᠷᠭᠡ ᠶᠢ ᠡᠳ᠋ᠯᠡᠨ᠎ᠡ᠃ ᠠᠵᠢᠯᠳᠠᠨ ᠠᠵᠢᠯᠴᠢᠨ ᠢ ᠡᠯᠰᠡᠵᠤ ᠠᠪᠬᠤ ᠳᠠᠭᠠᠨ ᠡᠮᠡᠭ᠍ᠳᠡᠢ᠌ᠴᠦᠳ ᠲᠤ ᠳᠤᠭᠢᠷᠠᠬᠤ ᠦᠭᠡᠶ ᠭᠡᠵᠤ ᠣᠯᠤᠰ ᠡᠴᠡ ᠳᠤᠭᠳᠠᠭᠠᠭᠰᠠᠨ ᠠᠵᠢᠯ ᠲᠦᠷᠦᠯ ᠪᠣᠶᠤ ᠠᠵᠢᠯ ᠤᠨ ᠪᠠᠢ᠌ᠷᠢ ᠶᠢ ᠭᠠᠷᠭᠠᠪᠠᠯ ᠴᠢᠨᠠᠷ ᠤᠨ ᠢᠯᠭᠠᠯ ᠶᠢᠡᠷ ᠰᠢᠯᠳᠠᠭ ᠪᠣᠯᠭᠠᠨ ᠡᠮᠡᠭ᠍ᠳᠡᠢ᠌ᠴᠦᠳ ᠢ ᠡᠯᠰᠡᠵᠤ ᠠᠪᠬᠤ ᠦᠭᠡᠶ ᠪᠣᠶᠤ ᠡᠮᠡᠭ᠍ᠳᠡᠢ᠌ᠴᠦᠳ ᠢ ᠡᠯᠰᠡᠵᠤ ᠠᠪᠬᠤ ᠪᠠᠷᠢᠮᠵᠢᠶ᠎ᠠ ᠶᠢ ᠳᠡᠭᠡᠭ᠍ᠰᠢᠯᠡᠭᠦᠯᠵᠤ ᠪᠣᠯᠬᠤ ᠦᠭᠡᠶ᠃

ᠠᠷᠪᠠᠨ ᠳᠦᠷᠪᠠᠳᠦᠭᠡᠷ ᠵᠣᠢ᠌ᠯ ᠵᠡᠮᠳᠡᠭ᠍ᠴᠦᠳ᠂ ᠴᠥᠭᠡᠨ ᠳᠤᠭᠠᠳᠤ ᠦᠨᠳᠦᠰᠦᠳᠠᠨ ᠤ ᠭᠦᠮᠦᠰ᠂ ᠵᠢᠩᠭᠢᠨᠢ ᠠᠯᠪᠠᠨ ᠡᠴᠡ ᠪᠠᠭᠤᠭᠰᠠᠨ ᠴᠡᠷᠢᠭ᠌ ᠤᠨ ᠭᠦᠮᠤᠨ ᠠᠵᠢᠯ ᠣᠯᠬᠤ ᠳᠤ ᠬᠠᠤᠯᠢ ᠴᠠᠭᠠᠵᠠ ᠬᠠᠤᠯᠢ ᠳᠤᠭᠳᠠᠭᠠᠯ ᠳᠤ ᠣᠠᠴᠠᠭᠠᠢ ᠳᠤᠭᠳᠠᠭᠠᠯ ᠲᠡᠶ ᠪᠠᠢ᠌ᠪᠠᠯ ᠳᠠᠷᠠ ᠳᠤᠭᠳᠠᠭᠠᠯ ᠶᠤᠰᠤᠭᠠᠷ ᠭᠡᠷᠡᠭ᠍ᠵᠢᠭᠦᠯᠦᠨ᠎ᠡ᠃

ᠠᠷᠪᠠᠨ ᠳᠠᠪᠣᠳᠤᠭᠠᠷ ᠵᠣᠢ᠌ᠯ ᠭᠦᠮᠤᠨ ᠭᠡᠷᠡᠭᠯᠡᠭᠦ ᠨᠢᠭᠡᠴᠢ ᠶᠢᠨ ᠪᠦᠭᠦᠯᠢ ᠠᠷᠪᠠᠨ ᠵᠢᠷᠭᠤᠭᠠᠨ ᠨᠠᠰᠤ ᠭᠦᠷᠦᠭᠡᠳᠦᠢ ᠨᠠᠰᠤᠨ ᠳᠤ ᠦᠯᠦ ᠭᠦᠷᠦᠭ᠍ᠰᠡᠳ ᠢ ᠡᠯᠰᠡᠵᠤ ᠭᠡᠷᠡᠭᠯᠡᠭᠦ ᠶᠢ ᠴᠠᠭᠠᠵᠠᠯᠠᠨ᠎ᠠ᠃

ᠣᠤᠠᠬ᠎ᠠ ᠣᠷᠠᠯᠢᠭ᠂ ᠪᠠᠶ᠎ᠠ ᠶᠢᠨ ᠳᠠᠮᠢᠷ ᠪᠠ ᠣᠠᠴᠠᠭᠠᠢ ᠲᠦᠷᠦᠯ ᠤᠨ ᠣᠷᠠᠨ ᠮᠡᠷᠭᠡᠰᠢᠯ ᠤᠨ ᠨᠢᠭᠡᠴᠢ ᠪᠦᠭᠦᠯᠢ ᠠᠷᠪᠠᠨ ᠵᠢᠷᠭᠤᠭᠠᠨ ᠨᠠᠰᠤ ᠭᠦᠷᠦᠭᠡᠳᠦᠢ ᠨᠠᠰᠤᠨ ᠳᠤ ᠦᠯᠦ ᠭᠦᠷᠦᠭ᠍ᠰᠡᠳ ᠢ ᠡᠯᠰᠡᠵᠤ ᠭᠡᠷᠡᠭᠯᠡᠭᠦ ᠳᠡᠭᠡᠨ ᠡᠷᠭᠡᠪᠰᠢ ᠣᠯᠤᠰ ᠤᠨ ᠬᠤᠯᠪᠣᠭᠳᠠᠯ ᠪᠦᠭᠦᠢ ᠳᠤᠭᠳᠠᠭᠠᠯ ᠶᠤᠰᠤᠭᠠᠷ ᠭᠢᠨᠠᠨ ᠵᠥᠪᠰᠢᠶᠡᠷᠡᠭᠦᠯᠭᠦ ᠭᠠᠷ ᠭᠦᠢᠴᠡᠳᠭᠡᠯ ᠢ ᠭᠦᠢᠴᠡᠳᠭᠡᠭᠦ ᠭᠡᠷᠡᠭ᠍ᠳᠡᠢ ᠪᠦᠭᠡᠤᠨ ᠳᠠᠳᠠ ᠨᠡᠷ ᠤᠨ ᠠᠯᠪᠠᠨ ᠵᠢᠷᠤᠮ ᠤᠨ ᠰᠤᠷᠭᠠᠨ ᠭᠦᠮᠦᠵᠢᠯ ᠭᠦᠷᠳᠡᠭᠦ ᠡᠷᠭᠡ ᠠᠰᠢᠭ ᠢ ᠪᠠᠳᠤᠯᠠᠬᠤ ᠭᠡᠷᠡᠭ᠍ᠳᠡᠢ᠃


ᠭᠤᠷᠪᠠᠳᠤᠭᠠᠷ ᠪᠦᠯᠦᠭ᠌     ᠭᠦᠳᠡᠯᠮᠦᠷᠢ ᠶᠢᠨ ᠭᠡᠷ᠎ᠡ ᠪᠠ ᠬᠠᠮᠳᠤ ᠶᠢᠨ ᠭᠡᠷ᠎ᠡ


ᠠᠷᠪᠠᠨ ᠵᠢᠷᠭᠤᠳᠤᠭᠠᠷ ᠵᠣᠢ᠌ᠯ ᠭᠦᠳᠡᠯᠮᠦᠷᠢ ᠶᠢᠨ ᠭᠡᠷ᠎ᠡ ᠪᠣᠯ ᠭᠦᠳᠡᠯᠮᠦᠷᠢᠴᠢᠨ ᠭᠢᠭᠡᠤᠨ ᠭᠦᠮᠤᠨ ᠭᠡᠷᠡᠭᠯᠡᠭᠦ ᠨᠢᠭᠡᠴᠢ ᠶᠢᠨ ᠭᠦᠳᠡᠯᠮᠦᠷᠢ ᠶᠢᠨ ᠬᠠᠷᠢᠴᠠᠭ᠎ᠠ ᠪᠠᠢ᠌ᠭᠤᠯᠬᠤ᠂ ᠬᠤᠶᠠᠷ ᠡᠳᠡᠭᠡᠤᠨ ᠤᠨ ᠡᠷᠭᠡ ᠪᠠ ᠡᠭᠦᠷᠭᠡ ᠪᠠᠨ ᠳᠤᠳᠤᠷᠬᠠᠢ᠌ᠯᠠᠬᠤ ᠭᠡᠯᠡᠯᠴᠡᠭᠡᠷ ᠮᠦᠨ᠃

ᠭᠦᠳᠡᠯᠮᠦᠷᠢ ᠶᠢᠨ ᠬᠠᠷᠢᠴᠠᠭ᠎ᠠ ᠪᠠᠢ᠌ᠭᠤᠯᠬᠤ ᠳᠤ ᠭᠦᠳᠡᠯᠮᠦᠷᠢ ᠶᠢᠨ ᠭᠡᠷ᠎ᠡ ᠪᠠᠢ᠌ᠭᠤᠯᠬᠤ ᠭᠡᠷᠡᠭ᠍ᠳᠡᠢ᠃

ᠠᠷᠪᠠᠨ ᠳᠤᠯᠤᠳᠤᠭᠠᠷ ᠵᠣᠢ᠌ᠯ ᠭᠦᠳᠡᠯᠮᠦᠷᠢ ᠶᠢᠨ ᠭᠡᠷ᠎ᠡ ᠶᠢ ᠳᠤᠭᠳᠠᠭᠠᠬᠤ ᠪᠠ ᠬᠤᠪᠢᠷᠠᠭᠤᠯᠬᠤ ᠳᠠᠭᠠᠨ ᠡᠷᠭᠡ ᠳᠡᠭ᠍ᠰᠢ ᠰᠠᠢ᠌ᠨ ᠳᠤᠷ᠎ᠠ ᠶᠢᠨ᠂ ᠵᠦᠪᠳᠠᠯᠴᠠᠨ ᠨᠢᠭᠡᠳᠭᠦ ᠵᠠᠷᠴᠢᠮ ᠢ ᠵᠢᠷᠤᠮᠯᠠᠬᠤ ᠭᠡᠷᠡᠭ᠍ᠳᠡᠢ᠂ ᠬᠠᠤᠯᠢ ᠴᠠᠭᠠᠵᠠ᠂ ᠵᠠᠰᠠᠭ ᠵᠠᠭᠢᠷᠭᠠᠨ ᠤ ᠬᠠᠤᠯᠢ ᠳᠦᠷᠢᠮ ᠤᠨ ᠳᠤᠭᠳᠠᠭᠠᠯ ᠡᠴᠡ ᠵᠦᠷᠢᠴᠠᠵᠤ ᠪᠣᠯᠬᠤ ᠦᠭᠡᠶ᠃

ᠭᠦᠳᠡᠯᠮᠦᠷᠢ ᠶᠢᠨ ᠭᠡᠷ᠎ᠡ ᠨᠢ ᠬᠠᠤᠯᠢ ᠶᠤᠰᠤᠭᠠᠷ ᠳᠤᠭᠳᠠᠭᠠᠭᠳᠠᠮᠠᠭᠴᠠ ᠬᠠᠤᠯᠢ ᠴᠠᠭᠠᠵᠠ ᠶᠢᠨ ᠭᠢᠵᠠᠭᠠᠷᠯᠠᠬᠤ ᠭᠦᠴᠤᠨ ᠲᠡᠶ ᠪᠣᠯᠤᠨ᠎ᠠ᠂ ᠭᠦᠳᠡᠯᠮᠦᠷᠢ ᠶᠢᠨ ᠭᠡᠷ᠎ᠡ ᠳᠤ ᠳᠤᠭᠳᠠᠭᠠᠭᠰᠠᠨ ᠡᠭᠦᠷᠭᠡ ᠶᠢ ᠳᠤᠬᠠᠢ ᠶᠢᠨ ᠭᠦᠮᠤᠨ ᠡᠷᠭᠡᠪᠰᠢ ᠭᠦᠢᠴᠡᠳᠭᠡᠭᠦ ᠭᠡᠷᠡᠭ᠍ᠳᠡᠢ᠃

ᠠᠷᠪᠠᠨ ᠨᠢ᠋ᠮᠠᠳᠤᠭᠠᠷ ᠵᠣᠢ᠌ᠯ ᠳᠤᠤᠷ᠎ᠠ ᠵᠢᠭᠰᠠᠭᠠᠭᠰᠠᠨ ᠭᠦᠳᠡᠯᠮᠦᠷᠢ ᠶᠢᠨ ᠭᠡᠷ᠎ᠡ ᠭᠦᠴᠤᠨ ᠦᠭᠡᠶ᠄

( ᠨᠢᠭᠡ ) ᠬᠠᠤᠯᠢ ᠴᠠᠭᠠᠵᠠ᠂ ᠵᠠᠰᠠᠭ ᠵᠠᠭᠢᠷᠭᠠᠨ ᠤ ᠬᠠᠤᠯᠢ ᠳᠤᠭᠳᠠᠭᠠᠯ ᠡᠴᠡ ᠵᠥᠷᠢᠴᠡᠭ᠍ᠰᠡᠨ ᠭᠦᠳᠡᠯᠮᠦᠷᠢ ᠶᠢᠨ ᠭᠡᠷ᠎ᠡ

( ᠬᠤᠶᠠᠷ ) ᠮᠡᠭᠡᠯᠡᠨ ᠭᠢᠬᠠᠬᠤ᠂ ᠰᠥᠷᠳᠡᠭᠦᠯᠭᠦ ᠵᠡᠷᠭᠡ ᠠᠷᠭ᠎ᠠ ᠪᠠᠷᠢᠯ ᠢ ᠭᠡᠷᠡᠭᠯᠡᠨ ᠳᠤᠭᠳᠠᠭᠠᠭᠰᠠᠨ ᠭᠦᠳᠡᠯᠮᠦᠷᠢ ᠶᠢᠨ ᠭᠡᠷ᠎ᠡ

ᠭᠦᠴᠤᠨ ᠦᠭᠡᠶ ᠭᠦᠳᠡᠯᠮᠦᠷᠢ ᠶᠢᠨ ᠭᠡᠷ᠎ᠡ ᠨᠢ ᠳᠤᠭᠳᠠᠭᠠᠭᠳᠠᠭᠰᠠᠨ ᠴᠠᠭ ᠡᠴᠡ ᠪᠠᠨ ᠡᠭᠢᠯᠡᠭᠡᠤᠨ ᠬᠠᠤᠯᠢ ᠴᠠᠭᠠᠵᠠ ᠶᠢᠨ ᠭᠢᠵᠠᠭᠠᠷᠯᠠᠬᠤ ᠭᠦᠴᠤᠨ ᠦᠭᠡᠶ᠃ ᠭᠦᠳᠡᠯᠮᠦᠷᠢ ᠶᠢᠨ ᠭᠡᠷ᠎ᠡ ᠶᠢᠨ ᠨᠢᠭᠡ ᠭᠡᠰᠡᠭ᠌ ᠨᠢ ᠭᠦᠴᠤᠨ ᠦᠭᠡᠶ ᠭᠡᠵᠤ ᠨᠤᠳᠠᠯᠠᠭᠳᠠᠭᠰᠠᠨ ᠪᠣᠯᠪᠠᠴᠤ ᠳᠠᠷᠠ ᠨᠢ ᠪᠣᠰᠤᠳ ᠭᠡᠰᠡᠭ᠌ ᠤᠨ ᠭᠦᠴᠤᠨ ᠢ ᠨᠥᠯᠦᠭᠡᠯᠡᠭᠦ ᠦᠭᠡᠶ ᠪᠣᠯ ᠪᠣᠰᠤᠳ ᠭᠡᠰᠡᠭ᠌ ᠨᠢ ᠮᠦᠨ ᠭᠦ ᠭᠦᠴᠤᠨ ᠲᠡᠶ᠃

ᠭᠦᠳᠡᠯᠮᠦᠷᠢ ᠶᠢᠨ ᠭᠡᠷ᠎ᠡ ᠶᠢᠨ ᠭᠦᠴᠤᠨ ᠦᠭᠡᠶ ᠪᠣᠯᠬᠤ ᠶᠢ ᠭᠦᠳᠡᠯᠮᠦᠷᠢ ᠶᠢᠨ ᠮᠠᠷᠭᠤᠭᠠᠨ ᠤ ᠭᠦᠡᠳᠡᠯᠡᠨ ᠡᠴᠡ ᠳᠠᠰᠤᠯᠬᠤ ᠺᠤᠮᠢᠰ ᠪᠣᠶᠤ ᠠᠷᠠᠤᠨ ᠤᠨ ᠰᠢᠭᠦᠭᠦ ᠬᠤᠷᠢᠶᠠᠨ ᠡᠴᠡ ᠨᠤᠳᠠᠯᠠᠨ ᠳᠤᠭᠳᠠᠭᠠᠨ᠎ᠠ᠃

ᠠᠷᠪᠠ ᠶ‍ᠢᠰᠦᠳᠦᠭᠡᠷ ᠵᠣᠢ᠌ᠯ ᠭᠦᠳᠡᠯᠮᠦᠷᠢ ᠶᠢᠨ ᠭᠡᠷ᠎ᠡ ᠶᠢ ᠪᠢᠴᠢᠭ᠌ ᠶᠢᠡᠷ ᠳᠤᠭᠳᠠᠭᠠᠬᠤ ᠭᠡᠷᠡᠭ᠍ᠳᠡᠢ ᠪᠦᠭᠡᠤᠨ ᠳᠤᠤᠷᠠᠭᠢ ᠵᠣᠢ᠌ᠯ ᠪᠠᠳᠠᠭ ᠢ ᠪᠦᠷᠢᠯᠳᠦᠭᠦᠯᠦᠭ᠍ᠰᠡᠨ ᠪᠠᠢ᠌ᠬᠤ ᠭᠡᠷᠡᠭ᠍ᠳᠡᠢ᠄

(ᠨᠢᠭᠡ ) ᠭᠦᠳᠡᠯᠮᠦᠷᠢ ᠶᠢᠨ ᠭᠡᠷ᠎ᠡ ᠶᠢᠨ ᠴᠠᠭ ᠬᠤᠭᠤᠴᠠᠭᠠᠨ ᠤ ᠭᠢᠵᠠᠭᠠᠷ

(ᠬᠤᠶᠠᠷ ) ᠠᠵᠢᠯ ᠤᠨ ᠠᠭᠤᠯᠭ᠎ᠠ

(ᠭᠤᠷᠪᠠ ) ᠭᠦᠳᠡᠯᠮᠦᠷᠢ ᠶᠢᠨ ᠬᠠᠮᠠᠭᠠᠯᠠᠯᠳᠠ ᠪᠠ ᠭᠦᠳᠡᠯᠮᠦᠷᠢ ᠶᠢᠨ ᠨᠥᠭᠦᠴᠡᠯ

(ᠳᠦᠷᠪᠠ ) ᠭᠦᠳᠡᠯᠮᠦᠷᠢ ᠶᠢᠨ ᠭᠦᠯᠦᠰᠤ ᠣᠯᠭᠤᠮᠵᠢ

(ᠲ᠋ᠠᠪᠣ ) ᠭᠦᠳᠡᠯᠮᠦᠷᠢ ᠶᠢᠨ ᠰᠠᠭᠢᠯᠭ᠎ᠠ ᠪᠠᠳᠤ

(ᠵᠢᠷᠭᠤᠭ᠎ᠠ ) ᠭᠦᠳᠡᠯᠮᠦᠷᠢ ᠶᠢᠨ ᠭᠡᠷ᠎ᠡ ᠶᠢ ᠳᠡᠭᠦᠰᠭᠡᠬᠦ ᠨᠥᠭᠦᠴᠡᠯ

(ᠲ᠋ᠤᠯᠤᠭ᠎ᠠ ) ᠭᠦᠳᠡᠯᠮᠦᠷᠢ ᠶᠢᠨ ᠭᠡᠷ᠎ᠡ ᠡᠴᠡ ᠵᠥᠷᠢᠴᠡᠭ᠍ᠰᠡᠨ ᠬᠠᠷᠢᠭᠤᠴᠠᠯᠭ᠎ᠠ᠃

ᠭᠦᠳᠡᠯᠮᠦᠷᠢ ᠶᠢᠨ ᠭᠡᠷ᠎ᠡ ᠳᠤ ᠡᠮᠦᠨᠡᠭᠢ ᠪᠠᠳᠠᠭ ᠲᠤ ᠳᠤᠭᠳᠠᠭᠠᠭᠰᠠᠨ ᠡᠷᠭᠡᠪᠰᠢ ᠪᠦᠷᠢᠯᠳᠦᠭᠦᠯᠭᠦ ᠭᠡᠷᠡᠭ᠍ᠳᠡᠢ ᠵᠣᠢ᠌ᠯ ᠪᠠᠢ᠌ᠳᠠᠭ ᠡᠴᠡ ᠭᠠᠳᠠᠨ᠎ᠠ ᠳᠤᠬᠠᠢ ᠶᠢᠨ ᠭᠦᠮᠤᠨ ᠨᠢ ᠪᠣᠰᠤᠳ ᠠᠭᠤᠯᠭ᠎ᠠ ᠶᠢ ᠵᠦᠪᠳᠠᠯᠴᠠᠨ ᠳᠤᠭᠳᠠᠭᠠᠵᠤ ᠪᠣᠯᠤᠨ᠎ᠠ᠃

ᠬᠤᠷᠢᠳᠤᠭᠠᠷ ᠵᠣᠢ᠌ᠯ ᠭᠦᠳᠡᠯᠮᠦᠷᠢ ᠶᠢᠨ ᠭᠡᠷ᠎ᠡ ᠶᠢᠨ ᠴᠠᠭ ᠬᠤᠭᠤᠴᠠᠭᠠᠨ ᠤ ᠭᠢᠵᠠᠭᠠᠷ ᠢ ᠳᠤᠭᠳᠠᠮᠠᠯ ᠴᠠᠭ ᠬᠤᠭᠤᠴᠠᠭᠠᠨ ᠤ ᠭᠢᠵᠠᠭᠠᠷ ᠲᠡᠶ᠂ ᠳᠤᠭᠳᠠᠮᠠᠯ ᠴᠠᠭ ᠬᠤᠭᠤᠴᠠᠭᠠᠨ ᠤ ᠭᠢᠵᠠᠭᠠᠷ ᠦᠭᠡᠶ᠂ ᠵᠤᠭᠢᠬᠤ ᠠᠵᠢᠯ ᠢ ᠪᠠᠶᠡᠯᠡᠭᠦᠯᠭᠦ ᠪᠠᠷ ᠴᠠᠭ ᠬᠤᠭᠤᠴᠠᠭᠠᠨ ᠤ ᠭᠢᠵᠠᠭᠠᠷ ᠪᠣᠯᠭᠠᠭᠰᠠᠨ ᠭᠡᠵᠤ ᠬᠤᠪᠢᠶᠠᠨ᠎ᠠ᠃

ᠭᠦᠳᠡᠯᠮᠦᠷᠢᠴᠢᠨ ᠭᠦᠮᠤᠨ ᠭᠡᠷᠡᠭᠯᠡᠭᠦ ᠨᠢᠭᠡᠴᠢ ᠳᠤ ᠵᠠᠯᠭᠠᠭᠠᠪᠠᠷ ᠠᠷᠪᠠᠨ ᠵᠢᠯ ᠡᠴᠡ ᠳᠡᠭᠡᠭ᠍ᠰᠢ ᠠᠵᠢᠯᠯᠠᠭᠠᠤᠨ ᠬᠤᠶᠠᠷ ᠳᠠᠯ᠎ᠠ ᠶᠢᠨ ᠳᠤᠬᠠᠢ ᠶᠢᠨ ᠭᠦᠮᠤᠨ ᠭᠦᠳᠡᠯᠮᠦᠷᠢ ᠶᠢᠨ ᠭᠡᠷ᠎ᠡ ᠶᠢ ᠥᠷᠭᠦᠯᠵᠢᠯᠡᠭᠦᠯᠭᠦ ᠶᠢ ᠵᠦᠪᠰᠢᠶᠠᠷᠠᠵᠤ᠂ ᠭᠦᠳᠡᠯᠮᠦᠷᠢᠴᠢᠨ ᠡᠴᠡ ᠳᠤᠭᠳᠠᠮᠠᠯ ᠴᠠᠭ ᠬᠤᠭᠤᠴᠠᠭᠠᠨ ᠤ ᠭᠢᠵᠠᠭᠠᠷ ᠦᠭᠡᠶ ᠭᠦᠳᠡᠯᠮᠦᠷᠢ ᠶᠢᠨ ᠭᠡᠷ᠎ᠡ ᠳᠤᠭᠳᠠᠭᠠᠬᠤ ᠪᠠᠷ ᠳᠤᠷᠠᠳᠤᠭᠰᠠᠨ ᠪᠠᠢ᠌ᠪᠠᠯ ᠳᠤᠭᠳᠠᠭᠰᠠᠨ ᠴᠠᠭ ᠬᠤᠭᠤᠴᠠᠭᠠᠨ ᠤ ᠭᠢᠵᠠᠭᠠᠷ ᠦᠭᠡᠶ ᠭᠦᠳᠡᠯᠮᠦᠷᠢ ᠶᠢᠨ ᠭᠡᠷ᠎ᠡ ᠳᠤᠭᠳᠠᠭᠠᠬᠤ ᠭᠡᠷᠡᠭ᠍ᠳᠡᠢ᠃

ᠬᠤᠷᠢᠨ ᠨᠢᠭᠡᠳᠦᠭᠡᠷ ᠵᠣᠢ᠌ᠯ ᠭᠦᠳᠡᠯᠮᠦᠷᠢ ᠶᠢᠨ ᠭᠡᠷ᠎ᠡ ᠳᠤ ᠳᠤᠷᠰᠢᠨ ᠭᠡᠷᠡᠭᠯᠡᠭᠦ ᠬᠤᠭᠤᠴᠠᠭ᠎ᠠ ᠳᠤᠭᠳᠠᠭᠠᠵᠤ ᠪᠣᠯᠤᠨ᠎ᠠ᠃ ᠳᠤᠷᠰᠢᠨ ᠭᠡᠷᠡᠭᠯᠡᠭᠦ ᠬᠤᠭᠤᠴᠠᠭ᠎ᠠ ᠨᠢ ᠬᠠᠮᠤᠭ ᠣᠷᠳᠤ ᠳᠠᠭᠠᠨ ᠵᠢᠷᠭᠤᠭᠠᠨ ᠰᠠᠷ᠎ᠠ ᠡᠴᠡ ᠭᠡᠳᠦᠷᠡᠵᠤ ᠪᠣᠯᠬᠤ ᠦᠭᠡᠶ᠃

ᠬᠤᠷᠢᠨ ᠬᠤᠶᠠᠳᠤᠭᠠᠷ ᠵᠣᠢ᠌ᠯ ᠭᠦᠳᠡᠯᠮᠦᠷᠢ ᠶᠢᠨ ᠭᠡᠷ᠎ᠡ ᠶᠢᠨ ᠳᠤᠬᠠᠢ ᠶᠢᠨ ᠭᠦᠮᠤᠨ ᠭᠦᠳᠡᠯᠮᠦᠷᠢ ᠶᠢᠨ ᠭᠡᠷ᠎ᠡ ᠳᠡᠭᠡᠨ ᠭᠦᠮᠤᠨ ᠭᠡᠷᠡᠭᠯᠡᠭᠦ ᠨᠢᠭᠡᠴᠢ ᠶᠢᠨ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠳᠤᠬᠠᠢ ᠬᠤᠯᠪᠣᠭᠳᠠᠯ ᠪᠦᠭᠦᠢ ᠣᠴᠢᠷ ᠶᠠᠪᠣᠳᠠᠯ ᠢ ᠳᠤᠭᠳᠠᠭᠠᠵᠤ ᠪᠣᠯᠤᠨ᠎ᠠ᠃

ᠬᠤᠷᠢᠨ ᠭᠤᠷᠪᠠᠳᠤᠭᠠᠷ ᠵᠣᠢ᠌ᠯ ᠭᠦᠳᠡᠯᠮᠦᠷᠢ ᠶᠢᠨ ᠭᠡᠷ᠎ᠡ ᠶᠢᠨ ᠬᠤᠭᠤᠴᠠᠭ᠎ᠠ ᠨᠢ ᠳᠦᠭᠦᠷᠦᠭ᠍ᠰᠡᠨ ᠪᠣᠶᠤ ᠳᠤᠬᠠᠢ ᠶᠢᠨ ᠭᠦᠮᠤᠨ ᠤ ᠳᠤᠭᠳᠠᠭᠠᠭᠰᠠᠨ ᠭᠦᠳᠡᠯᠮᠦᠷᠢ ᠶᠢᠨ ᠭᠡᠷ᠎ᠡ ᠶᠢ ᠳᠠᠭᠤᠰᠬᠠᠬᠤ ᠨᠥᠭᠦᠴᠡᠯ ᠭᠠᠷᠤᠭᠰᠠᠨ ᠪᠠᠢ᠌ᠪᠠᠯ ᠭᠦᠳᠡᠯᠮᠦᠷᠢ ᠶᠢᠨ ᠭᠡᠷ᠎ᠡ ᠶᠢ ᠳᠠᠷᠤᠢ ᠳ᠋ᠤᠨᠢ ᠳᠠᠭᠤᠰᠬᠠᠨ᠎ᠠ᠃

ᠬᠤᠷᠢᠨ ᠳᠦᠷᠪᠠᠳᠦᠭᠡᠷ ᠵᠣᠢ᠌ᠯ ᠭᠦᠳᠡᠯᠮᠦᠷᠢ ᠶᠢᠨ ᠭᠡᠷ᠎ᠡ ᠶᠢᠨ ᠳᠤᠬᠠᠢ ᠶᠢᠨ ᠭᠦᠮᠤᠨ ᠵᠥᠪᠳᠡᠯᠴᠡᠭᠡᠤᠨ ᠰᠠᠨᠠᠯ ᠨᠢᠭᠡᠳᠪᠠᠯ ᠭᠦᠳᠡᠯᠮᠦᠷᠢ ᠶᠢᠨ ᠭᠡᠷ᠎ᠡ ᠶᠢ ᠭᠦᠴᠤᠨ ᠦᠭᠡᠶ ᠪᠣᠯᠭᠠᠵᠤ ᠪᠣᠯᠤᠨ᠎ᠠ᠃

ᠬᠤᠷᠢᠨ ᠳᠠᠪᠣᠳᠤᠭᠠᠷ ᠵᠣᠢ᠌ᠯ ᠭᠦᠳᠡᠯᠮᠦᠷᠢᠴᠢᠨ ᠳᠤ ᠳᠤᠤᠷ᠎ᠠ ᠵᠢᠭᠰᠠᠭᠠᠭᠰᠠᠨ ᠪᠠᠢ᠌ᠳᠠᠯ ᠤᠨ ᠨᠢᠭᠡ ᠨᠢ ᠪᠠᠢ᠌ᠪᠠᠯ ᠭᠦᠮᠤᠨ ᠭᠡᠷᠡᠭᠯᠡᠭᠦ ᠨᠢᠭᠡᠴᠢ ᠭᠦᠳᠡᠯᠮᠦᠷᠢ ᠶᠢᠨ ᠭᠡᠷ᠎ᠡ ᠶᠢ ᠭᠦᠴᠤᠨ ᠦᠭᠡᠶ ᠪᠣᠯᠭᠠᠵᠤ ᠪᠣᠯᠤᠨ᠎ᠠ᠄

(ᠨᠢᠭᠡ ) ᠡᠯᠰᠡᠵᠤ ᠭᠡᠷᠡᠭᠯᠡᠭᠦ ᠨᠥᠭᠦᠴᠡᠯ ᠳᠤ ᠨᠡᠢ᠌ᠴᠡᠭᠦ ᠦᠭᠡᠶ ᠭᠡᠳᠡᠭ᠌ ᠨᠢ ᠳᠤᠷᠰᠢᠨ ᠭᠡᠷᠡᠭᠯᠡᠭᠦ ᠬᠤᠭᠤᠴᠠᠭᠠᠨ ᠳᠤ ᠭᠡᠷᠡᠴᠢᠯᠡᠭ᠍ᠳᠡᠭ᠍ᠰᠡᠨ

(ᠬᠤᠶᠠᠷ ) ᠭᠦᠳᠡᠯᠮᠦᠷᠢ ᠶᠢᠨ ᠰᠠᠭᠢᠯᠭ᠎ᠠ ᠪᠠᠳᠤ ᠪᠣᠶᠤ ᠭᠦᠮᠤᠨ ᠭᠡᠷᠡᠭᠯᠡᠭᠦ ᠨᠢᠭᠡᠴᠢ ᠶᠢᠨ ᠳᠦᠷᠢᠮ ᠳᠤᠭᠳᠠᠭᠠᠯ ᠡᠴᠡ ᠭᠦᠡᠳᠤ ᠨᠤᠴᠢᠳᠠᠢ ᠵᠥᠷᠢᠴᠡᠭ᠍ᠰᠡᠨ

(ᠭᠤᠷᠪᠠ ) ᠡᠭᠦᠷᠭᠡ ᠬᠠᠷᠢᠭᠤᠴᠠᠯᠭ᠎ᠠ ᠪᠠᠨ ᠭᠦᠡᠳᠤ ᠰᠥᠷᠡᠭᠡᠢ ᠠᠯᠳᠠᠵᠤ᠂ ᠠᠷᠭ᠎ᠠ ᠵᠠᠯᠢ ᠭᠡᠷᠡᠭᠯᠡᠨ ᠠᠮᠢᠨ ᠳᠠᠭᠠᠨ ᠳᠠᠳᠠᠭᠠᠤᠨ ᠭᠦᠮᠤᠨ ᠭᠡᠷᠡᠭᠯᠡᠭᠦ ᠨᠢᠭᠡᠴᠢ ᠶᠢᠨ ᠠᠰᠢᠭ ᠳᠤᠰᠠ ᠳᠤ ᠭᠦᠡᠳᠤ ᠶᠡᠭᠡ ᠬᠤᠭᠢᠷᠠᠯ ᠣᠴᠠᠷᠠᠭᠤᠯᠤᠭᠰᠠᠨ

(ᠳᠦᠷᠪᠠ ) ᠬᠠᠤᠯᠢ ᠶᠤᠰᠤᠭᠠᠷ ᠡᠷᠡᠭᠦᠤ ᠶᠢᠨ ᠬᠠᠷᠢᠭᠤᠴᠠᠯᠭ᠎ᠠ ᠨᠡᠭᠡᠮᠵᠢᠯᠡᠭ᠍ᠳᠡᠭ᠍ᠰᠡᠨ᠃

ᠬᠤᠷᠢᠨ ᠵᠢᠷᠭᠤᠳᠤᠭᠠᠷ ᠵᠣᠢ᠌ᠯ ᠳᠤᠤᠷ᠎ᠠ ᠵᠢᠭᠰᠠᠭᠠᠭᠰᠠᠨ ᠪᠠᠢ᠌ᠳᠠᠯ ᠤᠨ ᠨᠢᠭᠡ ᠨᠢ ᠪᠠᠢ᠌ᠪᠠᠯ ᠭᠦᠮᠤᠨ ᠭᠡᠷᠡᠭᠯᠡᠭᠦ ᠨᠢᠭᠡᠴᠢ ᠭᠦᠳᠡᠯᠮᠦᠷᠢ ᠶᠢᠨ ᠭᠡᠷ᠎ᠡ ᠶᠢ ᠭᠦᠴᠤᠨ ᠦᠭᠡᠶ ᠪᠣᠯᠭᠠᠵᠤ ᠪᠣᠯᠤᠨ᠎ᠠ᠂ ᠭᠡᠭᠦ ᠳᠡᠭᠡᠨ ᠡᠭᠦᠨ ᠶᠢᠡᠨ ᠭᠤᠴᠢ ᠬᠤᠨᠤᠭ ᠤᠨ ᠡᠮᠦᠨ᠎ᠡ ᠭᠦᠳᠡᠯᠮᠦᠷᠢᠴᠢᠨ ᠳᠤᠰ ᠭᠦᠮᠤᠨ ᠳᠤ ᠪᠢᠴᠢᠭ᠌ ᠶᠢᠡᠷ ᠮᠡᠳᠡᠭ᠍ᠳᠡᠭᠦ ᠭᠡᠷᠡᠭ᠍ᠳᠡᠢ᠄

(ᠨᠢᠭᠡ ) ᠭᠦᠳᠡᠯᠮᠦᠷᠢᠴᠢᠨ ᠡᠪᠠᠦᠡᠴᠢᠯᠡᠭ᠍ᠰᠡᠨ ᠪᠣᠶᠤ ᠠᠵᠢᠯ ᠤᠨ ᠪᠣᠰᠤ ᠰᠢᠯᠳᠠᠭᠠᠨ ᠶᠢᠡᠷ ᠰᠢᠷᠬᠠᠳᠤᠭᠠᠤᠨ ᠡᠮᠴᠢᠯᠡᠭᠦᠯᠭᠦ ᠬᠤᠭᠤᠴᠠᠭ᠎ᠠ ᠨᠢ ᠳᠦᠭᠦᠷᠦᠭ᠍ᠰᠡᠨ ᠤ ᠳᠠᠷᠠᠭ᠎ᠠ ᠣᠤᠯ ᠤᠨ ᠠᠵᠢᠯ ᠶᠢᠡᠨ ᠭᠢᠵᠤ ᠴᠢᠳᠠᠬᠤ ᠦᠭᠡᠶ ᠪᠣᠯᠤᠭᠰᠠᠨ ᠪᠦᠭᠡᠤᠨ ᠭᠦᠮᠤᠨ ᠭᠡᠷᠡᠭᠯᠡᠭᠦ ᠨᠢᠭᠡᠴᠢ ᠡᠴᠡ ᠠᠰ ᠳᠤᠨᠢ ᠳᠤᠭᠢᠷᠠᠭᠤᠯᠤᠭᠰᠠᠨ ᠠᠵᠢᠯ ᠢ ᠴᠤ ᠭᠢᠵᠤ ᠴᠢᠳᠠᠬᠤ ᠦᠭᠡᠶ ᠪᠣᠯᠤᠭᠰᠠᠨ

(ᠬᠤᠶᠠᠷ ) ᠭᠦᠳᠡᠯᠮᠦᠷᠢᠴᠢᠨ ᠠᠵᠢᠯ ᠶᠢᠡᠨ ᠭᠢᠵᠤ ᠳᠡᠢ᠌ᠯᠭᠦ ᠦᠭᠡᠶ᠂ ᠪᠣᠯᠪᠠᠰᠤᠷᠠᠯ ᠭᠢᠯᠭᠡᠭᠦ ᠪᠣᠶᠤ ᠠᠵᠢᠯ ᠤᠨ ᠪᠠᠢ᠌ᠷᠢ ᠳ᠋ᠤᠨᠢ ᠳᠤᠭᠢᠷᠠᠭᠤᠯᠤᠯᠳᠠ ᠭᠢᠭᠦ ᠪᠠᠷ ᠳᠠᠮᠵᠢᠭᠠᠤᠨ ᠪᠠᠰᠠ ᠠᠵᠢᠯ ᠶᠢᠡᠨ ᠭᠢᠵᠤ ᠳᠡᠢ᠌ᠯᠭᠦ ᠦᠭᠡᠶ ᠪᠠᠢ᠌ᠬᠤ

(ᠭᠤᠷᠪᠠ ) ᠭᠦᠳᠡᠯᠮᠦᠷᠢ ᠶᠢᠨ ᠭᠡᠷ᠎ᠡ ᠶᠢ ᠳᠤᠭᠳᠠᠭᠠᠬᠤ ᠦᠶ᠎ᠡ ᠳᠤ ᠡᠰᠢ ᠪᠠᠷᠢᠮᠳᠠ ᠪᠣᠯᠭᠠᠭᠰᠠᠨ ᠪᠣᠰᠤᠤᠠᠴᠢ ᠪᠠᠢ᠌ᠳᠠᠯ ᠳᠤ ᠴᠢᠬᠤᠯᠠ ᠶᠡᠭᠡ ᠬᠤᠪᠢᠷᠠᠯᠳᠠ ᠭᠠᠷᠤᠭᠠᠤᠨ ᠣᠤᠯ ᠭᠦᠳᠡᠯᠮᠦᠷᠢ ᠶᠢᠨ ᠭᠡᠷ᠎ᠡ ᠶᠢ ᠭᠡᠷᠡᠭ᠍ᠵᠢᠭᠦᠯᠭᠦ ᠶᠢᠨ ᠠᠷᠭ᠎ᠠ ᠦᠭᠡᠶ ᠪᠣᠯᠵᠤ᠂ ᠳᠤᠬᠠᠢ ᠶᠢᠨ ᠭᠦᠮᠦᠰ ᠵᠥᠪᠳᠡᠯᠴᠡᠭᠡᠤᠨ ᠭᠦᠳᠡᠯᠮᠦᠷᠢ ᠶᠢᠨ ᠭᠡᠷ᠎ᠡ ᠶᠢ ᠬᠤᠪᠢᠷᠠᠭᠤᠯᠬᠤ ᠳᠤᠬᠠᠢ ᠭᠡᠯᠡᠯᠴᠡᠭᠡᠷ ᠳᠤᠭᠢᠷᠠᠵᠤ ᠴᠢᠳᠠᠬᠤ ᠦᠭᠡᠶ ᠪᠣᠯᠤᠭᠰᠠᠨ᠃

ᠬᠤᠷᠢᠨ ᠳᠤᠯᠤᠳᠤᠭᠠᠷ ᠵᠣᠢ᠌ᠯ ᠭᠦᠮᠤᠨ ᠭᠡᠷᠡᠭᠯᠡᠭᠦ ᠨᠢᠭᠡᠴᠢ ᠳᠠᠮᠪᠠᠷᠠᠬᠤ ᠰᠢᠬᠠᠭᠠᠤᠨ ᠬᠠᠤᠯᠢ ᠶᠤᠰᠤᠭᠠᠷ ᠴᠡᠭ᠍ᠴᠡᠯᠡᠭᠦ ᠬᠤᠭᠤᠴᠠᠭᠠᠨ ᠳᠤ ᠪᠠᠢ᠌ᠬᠤ ᠪᠣᠶᠤ ᠣᠢ᠌ᠯᠠᠤᠠᠪᠣᠷᠢᠯᠠᠯ ᠡᠵᠡᠩᠨᠡᠯᠳᠡ ᠶᠢᠨ ᠪᠠᠢ᠌ᠳᠠᠯ ᠳ᠋ᠤᠨᠢ ᠭᠦᠡᠳᠤ ᠭᠡᠴᠡᠭᠦᠤ ᠭᠦᠴᠢᠷᠳᠡᠯ ᠭᠠᠷᠤᠭᠠᠤᠨ ᠥᠨᠡᠭᠡᠷ ᠭᠦᠮᠤᠨ ᠬᠠᠰᠤᠬᠤ ᠴᠢᠬᠤᠯᠠ ᠲᠡᠶ ᠪᠠᠢ᠌ᠪᠠᠯ᠂ ᠭᠤᠴᠢ ᠬᠤᠨᠤᠭ ᠤᠨ ᠡᠮᠦᠨ᠎ᠡ ᠠᠵᠢᠯᠴᠢᠨ ᠤ ᠡᠪᠯᠡᠯ ᠪᠣᠶᠤ ᠪᠦᠭᠦ ᠠᠵᠢᠯᠳᠠᠨ ᠠᠵᠢᠯᠴᠢᠨ ᠳᠤ ᠪᠠᠢ᠌ᠳᠠᠯ ᠶᠢᠡᠨ ᠳᠤᠳᠤᠷᠬᠠᠢ᠌ᠯᠠᠨ ᠥᠭ᠍ᠴᠤ ᠠᠵᠢᠯᠴᠢᠨ ᠤ ᠡᠪᠯᠡᠯ ᠪᠣᠶᠤ ᠠᠵᠢᠯᠳᠠᠨ ᠠᠵᠢᠯᠴᠢᠨ ᠤ ᠰᠠᠨᠠᠯ ᠢ ᠰᠤᠨᠤᠰᠴᠤ᠂ ᠭᠦᠳᠡᠯᠮᠦᠷᠢ ᠶᠢᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠲᠤ ᠮᠡᠳᠡᠭᠦᠯᠦᠭ᠍ᠰᠡᠨ ᠤ ᠳᠠᠷᠠᠭ᠎ᠠ ᠭᠦᠮᠤᠨ ᠬᠠᠰᠤᠵᠤ ᠪᠣᠯᠤᠨ᠎ᠠ᠃

ᠭᠦᠮᠤᠨ ᠭᠡᠷᠡᠭᠯᠡᠭᠦ ᠨᠢᠭᠡᠴᠢ ᠳᠤᠰ ᠵᠣᠢ᠌ᠯ ᠤᠨ ᠳᠤᠭᠳᠠᠭᠠᠯ ᠶᠤᠰᠤᠭᠠᠷ ᠭᠦᠮᠤᠨ ᠬᠠᠰᠤᠭᠠᠤᠨ ᠵᠢᠷᠭᠤᠭᠠᠨ ᠰᠠᠷ᠎ᠠ ᠶᠢᠨ ᠳᠤᠳᠤᠷ᠎ᠠ ᠭᠦᠮᠤᠨ ᠡᠯᠰᠡᠵᠤ ᠭᠡᠷᠡᠭᠯᠡᠪᠠᠯ ᠬᠠᠰᠤᠭᠳᠠᠭᠰᠠᠨ ᠭᠦᠮᠦᠰ ᠢ ᠤᠷᠢᠳ ᠶᠢᠡᠷ ᠡᠯᠰᠡᠵᠤ ᠭᠡᠷᠡᠭᠯᠡᠭᠦ ᠭᠡᠷᠡᠭ᠍ᠳᠡᠢ᠃

ᠬᠤᠷᠢᠨ ᠨᠢ᠋ᠮᠠᠳᠤᠭᠠᠷ ᠵᠣᠢ᠌ᠯ ᠭᠦᠮᠤᠨ ᠭᠡᠷᠡᠭᠯᠡᠭᠦ ᠨᠢᠭᠡᠴᠢ ᠳᠤᠰ ᠬᠠᠤᠯᠢ ᠶᠢᠨ ᠬᠤᠷᠢᠨ ᠳᠦᠷᠪᠠᠳᠦᠭᠡᠷ ᠵᠣᠢ᠌ᠯ᠂ ᠬᠤᠷᠢᠨ ᠵᠢᠷᠭᠤᠳᠤᠭᠠᠷ ᠵᠣᠢ᠌ᠯ᠂ ᠬᠤᠷᠢᠨ ᠳᠤᠯᠤᠳᠤᠭᠠᠷ ᠵᠣᠢ᠌ᠯ ᠤᠨ ᠳᠤᠭᠳᠠᠭᠠᠯ ᠢ ᠦᠨᠳᠦᠰᠦᠯᠠᠨ ᠭᠦᠳᠡᠯᠮᠦᠷᠢ ᠶᠢᠨ ᠭᠡᠷ᠎ᠡ ᠶᠢ ᠭᠦᠴᠤᠨ ᠦᠭᠡᠶ ᠪᠣᠯᠭᠠᠭᠰᠠᠨ ᠪᠠᠢ᠌ᠪᠠᠯ ᠣᠯᠤᠰ ᠤᠨ ᠬᠤᠯᠪᠣᠭᠳᠠᠯ ᠪᠦᠭᠦᠢ ᠳᠤᠭᠳᠠᠭᠠᠯ ᠶᠤᠰᠤᠭᠠᠷ ᠠᠵᠤ ᠠᠬᠤᠢ ᠶᠢᠨ ᠲᠦᠯᠦᠪᠣᠷᠢ ᠣᠯᠭᠤᠬᠤ ᠭᠡᠷᠡᠭ᠍ᠳᠡᠢ᠃

ᠬᠤᠷᠢ ᠶ‍ᠢᠰᠦᠳᠦᠭᠡᠷ ᠵᠣᠢ᠌ᠯ ᠭᠦᠳᠡᠯᠮᠦᠷᠢᠴᠢᠳ ᠳᠤ ᠳᠤᠤᠷ᠎ᠠ ᠵᠢᠭᠰᠠᠭᠠᠭᠰᠠᠨ ᠪᠠᠢ᠌ᠳᠠᠯ ᠤᠨ ᠨᠢᠭᠡ ᠨᠢ ᠪᠠᠢ᠌ᠪᠠᠯ ᠭᠦᠮᠤᠨ ᠭᠡᠷᠡᠭᠯᠡᠭᠦ ᠨᠢᠭᠡᠴᠢ ᠳᠤᠰ ᠬᠠᠤᠯᠢ ᠶᠢᠨ ᠬᠤᠷᠢᠨ ᠵᠢᠷᠭᠤᠳᠤᠭᠠᠷ ᠵᠣᠢ᠌ᠯ᠂ ᠬᠤᠷᠢᠨ ᠳᠤᠯᠤᠳᠤᠭᠠᠷ ᠵᠣᠢ᠌ᠯ ᠤᠨ ᠳᠤᠭᠳᠠᠭᠠᠯ ᠶᠢᠡᠷ ᠭᠦᠳᠡᠯᠮᠦᠷᠢ ᠶᠢᠨ ᠭᠡᠷ᠎ᠡ ᠶᠢ ᠭᠦᠴᠤᠨ ᠦᠭᠡᠶ ᠪᠣᠯᠭᠠᠵᠤ ᠪᠣᠯᠬᠤ ᠦᠭᠡᠶ᠄

(ᠨᠢᠭᠡ ) ᠠᠵᠢᠯ ᠤᠨ ᠴᠢᠨᠠᠷᠳᠠᠢ ᠡᠪᠠᠦᠡᠴᠢᠨ ᠣᠯᠤᠭᠰᠠᠨ ᠪᠣᠶᠤ ᠠᠵᠢᠯ ᠤᠨ ᠬᠠᠷᠠᠭ᠎ᠠ ᠪᠠᠷ ᠰᠢᠷᠬᠠᠳᠤᠭᠠᠤᠨ ᠭᠦᠳᠡᠯᠮᠦᠷᠢᠯᠡᠭᠦ ᠴᠢᠳᠠᠪᠣᠷᠢ ᠪᠠᠨ ᠠᠯᠳᠠᠭᠰᠠᠨ ᠪᠣᠶᠤ ᠭᠡᠰᠡᠭ᠌ ᠳᠠᠯ᠎ᠠ ᠪᠠᠷ ᠠᠯᠳᠠᠭᠰᠠᠨ ᠭᠡᠵᠤ ᠳᠤᠳᠤᠯᠠᠭᠳᠠᠭᠰᠠᠨ

(ᠬᠤᠶᠠᠷ ) ᠡᠪᠠᠦᠡᠴᠢᠯᠡᠭ᠍ᠰᠡᠨ ᠪᠣᠶᠤ ᠰᠢᠷᠬᠠᠳᠤᠭᠠᠤᠨ ᠳᠤᠭᠳᠠᠭᠰᠠᠨ ᠡᠮᠨᠡᠭᠦᠯᠭᠦ ᠬᠤᠭᠤᠴᠠᠭᠠᠨ ᠳᠤ ᠪᠠᠢ᠌ᠬᠤ

(ᠭᠤᠷᠪᠠ ) ᠡᠮᠡᠭ᠍ᠳᠡᠢ ᠠᠵᠢᠯᠳᠠᠨ ᠠᠵᠢᠯᠴᠢᠨ ᠵᠢᠷᠮᠤᠰᠤᠨ ᠬᠤᠭᠤᠴᠠᠭ᠎ᠠ᠂ ᠭᠦᠩᠭᠡᠵᠢᠭᠦ ᠬᠤᠭᠤᠴᠠᠭ᠎ᠠ᠂ ᠭᠦᠭᠦᠭᠦᠯᠭᠦ ᠬᠤᠭᠤᠴᠠᠭᠠᠨ ᠳᠠᠭᠠᠨ ᠪᠠᠢ᠌ᠬᠤ

(ᠳᠦᠷᠪᠠ) ᠬᠠᠤᠯᠢ ᠴᠠᠭᠠᠵᠠ᠂ ᠵᠠᠰᠠᠭ ᠵᠠᠭᠢᠷᠭᠠᠨ ᠤ ᠬᠠᠤᠯᠢ ᠳᠤᠭᠳᠠᠭᠠᠯ ᠳᠤ ᠳᠤᠭᠳᠠᠭᠠᠭᠰᠠᠨ ᠪᠣᠰᠤᠳ ᠪᠠᠢ᠌ᠳᠠᠯ ᠤᠳ᠃

ᠭᠤᠴᠢᠳᠤᠭᠠᠷ ᠵᠣᠢ᠌ᠯ ᠭᠦᠮᠤᠨ ᠭᠡᠷᠡᠭᠯᠡᠭᠦ ᠨᠢᠭᠡᠴᠢ ᠭᠦᠳᠡᠯᠮᠦᠷᠢ ᠶᠢᠨ ᠭᠡᠷ᠎ᠡ ᠶᠢ ᠭᠦᠴᠤᠨ ᠦᠭᠡᠶ ᠪᠣᠯᠭᠠᠬᠤ ᠳᠤ ᠠᠵᠢᠯᠴᠢᠨ ᠤ ᠡᠪᠯᠡᠯ ᠳᠤᠭᠢᠷᠠᠮᠵᠢ ᠦᠭᠡᠶ ᠭᠡᠵᠤ ᠦᠵᠡᠪᠠᠯ ᠰᠠᠨᠠᠯ ᠭᠠᠷᠭᠠᠬᠤ ᠡᠷᠭᠡ ᠲᠡᠶ᠃ ᠭᠡᠷᠪᠡ ᠭᠦᠮᠤᠨ ᠭᠡᠷᠡᠭᠯᠡᠭᠦ ᠨᠢᠭᠡᠴᠢ ᠬᠠᠤᠯᠢ ᠴᠠᠭᠠᠵᠠ ᠬᠠᠤᠯᠢ ᠳᠤᠭᠳᠠᠭᠠᠯ ᠪᠣᠶᠤ ᠭᠦᠳᠡᠯᠮᠦᠷᠢ ᠶᠢᠨ ᠭᠡᠷ᠎ᠡ ᠡᠴᠡ ᠵᠥᠷᠢᠴᠡᠭ᠍ᠰᠡᠨ ᠪᠠᠢ᠌ᠪᠠᠯ ᠠᠵᠢᠯᠴᠢᠨ ᠤ ᠡᠪᠯᠡᠯ ᠳᠠᠭᠢᠵᠤ ᠰᠢ᠌ᠦᠡᠪᠦᠷᠢᠯᠡᠭᠦᠯᠭᠦ ᠪᠠᠷ ᠱᠠᠭᠠᠷᠳᠠᠬᠤ ᠡᠷᠭᠡ ᠲᠡᠶ᠃ ᠭᠦᠳᠡᠯᠮᠦᠷᠢᠴᠢᠨ ᠭᠦᠡᠳᠡᠯᠡᠨ ᠡᠴᠡ ᠳᠠᠰᠤᠯᠤᠭᠤᠯᠬᠤ ᠪᠠᠷ ᠭᠤᠶᠤᠴᠢᠯᠠᠭᠰᠠᠨ ᠪᠣᠶᠤ ᠵᠠᠭᠠᠯᠳᠤᠯᠭ᠎ᠠ ᠭᠠᠷᠭᠠᠭᠰᠠᠨ ᠪᠠᠢ᠌ᠪᠠᠯ ᠠᠵᠢᠯᠴᠢᠨ ᠤ ᠡᠪᠯᠡᠯ ᠬᠠᠤᠯᠢ ᠶᠤᠰᠤᠭᠠᠷ ᠳᠠᠮᠵᠢᠵᠤ ᠬᠠᠪᠰᠤᠷᠬᠤ ᠭᠡᠷᠡᠭ᠍ᠳᠡᠢ᠃

ᠭᠤᠴᠢᠨ ᠨᠢᠭᠡᠳᠦᠭᠡᠷ ᠵᠣᠢ᠌ᠯ ᠭᠦᠳᠡᠯᠮᠦᠷᠢᠴᠢᠨ ᠭᠦᠳᠡᠯᠮᠦᠷᠢ ᠶᠢᠨ ᠭᠡᠷ᠎ᠡ ᠶᠢ ᠭᠦᠴᠤᠨ ᠦᠭᠡᠶ ᠪᠣᠯᠭᠠᠬᠤ ᠭᠡᠪᠠᠯ ᠭᠤᠴᠢ ᠬᠤᠨᠤᠭ ᠤᠨ ᠡᠮᠦᠨ᠎ᠡ ᠭᠦᠮᠤᠨ ᠭᠡᠷᠡᠭᠯᠡᠭᠦ ᠨᠢᠭᠡᠴᠢ ᠳᠤ ᠪᠢᠴᠢᠭ᠌ ᠶᠢᠡᠷ ᠮᠡᠳᠡᠭ᠍ᠳᠡᠭᠦ ᠭᠡᠷᠡᠭ᠍ᠳᠡᠢ᠃

ᠭᠤᠴᠢᠨ ᠬᠤᠶᠠᠳᠤᠭᠠᠷ ᠵᠣᠢ᠌ᠯ ᠳᠤᠤᠷ᠎ᠠ ᠵᠢᠭᠰᠠᠭᠠᠭᠰᠠᠨ ᠪᠠᠢ᠌ᠳᠠᠯ ᠤᠨ ᠨᠢᠭᠡ ᠨᠢ ᠪᠠᠢ᠌ᠪᠠᠯ ᠭᠦᠳᠡᠯᠮᠦᠷᠢᠴᠢᠨ ᠭᠦᠳᠡᠯᠮᠦᠷᠢ ᠶᠢᠨ ᠭᠡᠷ᠎ᠡ ᠶᠢ ᠭᠦᠴᠤᠨ ᠦᠭᠡᠶ ᠪᠣᠯᠭᠠᠬᠤ ᠪᠠᠷ ᠭᠦᠮᠤᠨ ᠭᠡᠷᠡᠭᠯᠡᠭᠦ ᠨᠢᠭᠡᠴᠢ ᠳᠤ ᠴᠠᠭ ᠳᠤᠬᠠᠢ ᠳ᠋ᠤᠨᠢ ᠮᠡᠳᠡᠭ᠍ᠳᠡᠵᠤ ᠪᠣᠯᠤᠨ᠎ᠠ᠄

(ᠨᠢᠭᠡ ) ᠳᠤᠷᠰᠢᠨ ᠭᠡᠷᠡᠭᠯᠡᠭᠦ ᠬᠤᠭᠤᠴᠠᠭᠠᠨ ᠳᠤ ᠪᠠᠢ᠌ᠬᠤ

( ᠬᠤᠶᠠᠷ ) ᠭᠦᠮᠤᠨ ᠭᠡᠷᠡᠭᠯᠡᠭᠦ ᠨᠢᠭᠡᠴᠢ ᠭᠦᠴᠦᠷᠭᠡᠭᠯᠡᠯ᠂ ᠰᠥᠷᠳᠡᠭᠦᠯᠦᠯ ᠪᠣᠶᠤ ᠭᠦᠮᠤᠨ ᠤ ᠪᠠᠶ᠎ᠠ ᠶᠢᠨ ᠡᠷᠭᠡ ᠴᠢᠯᠦᠭᠡ ᠶᠢ ᠬᠠᠤᠯᠢ ᠪᠣᠰᠤ ᠪᠠᠷ ᠭᠢᠵᠠᠭᠠᠷᠯᠠᠬᠤ ᠠᠷᠭ᠎ᠠ ᠪᠠᠷᠢᠯ ᠶᠢᠡᠷ ᠠᠯᠪᠠᠳᠠᠨ ᠭᠦᠳᠡᠯᠮᠦᠷᠢᠯᠡᠭᠦᠯᠦᠭ᠍ᠰᠡᠨ

(ᠭᠤᠷᠪᠠ ) ᠭᠦᠮᠤᠨ ᠭᠡᠷᠡᠭᠯᠡᠭᠦ ᠨᠢᠭᠡᠴᠢ ᠭᠦᠳᠡᠯᠮᠦᠷᠢ ᠶᠢᠨ ᠭᠡᠷ᠎ᠡ ᠶᠢᠨ ᠳᠤᠭᠳᠠᠭᠠᠯ ᠶᠤᠰᠤᠭᠠᠷ ᠭᠦᠳᠡᠯᠮᠦᠷᠢ ᠶᠢᠨ ᠭᠦᠯᠦᠰᠤ ᠣᠯᠭᠤᠮᠵᠢ ᠣᠯᠭᠤᠭᠰᠠ ᠦᠭᠡᠶ ᠪᠣᠶᠤ ᠭᠦᠳᠡᠯᠮᠦᠷᠢᠯᠡᠭᠦ ᠨᠥᠭᠦᠴᠡᠯ ᠦᠯᠦ ᠬᠠᠩᠭ᠋ᠠᠭᠰᠠᠨ᠃

ᠭᠤᠴᠢᠨ ᠭᠤᠷᠪᠠᠳᠤᠭᠠᠷ ᠵᠣᠢ᠌ᠯ ᠠᠵᠤ ᠠᠬᠤᠢ᠌ᠯᠠᠯ ᠤᠨ ᠠᠵᠢᠯᠳᠠᠨ ᠠᠵᠢᠯᠴᠢᠨ ᠤ ᠳᠠᠯ᠎ᠠ ᠪᠠ ᠠᠵᠤ ᠠᠬᠤᠢ᠌ᠯᠠᠯ ᠬᠤᠭᠤᠷᠤᠠᠳᠤ ᠪᠠᠨ ᠭᠦᠳᠡᠯᠮᠦᠷᠢ ᠶᠢᠨ ᠭᠦᠯᠦᠰᠤ ᠣᠯᠭᠤᠮᠵᠢ᠂ ᠠᠵᠢᠯᠯᠠᠬᠤ ᠴᠠᠭ᠂ ᠠᠮᠠᠷᠠᠬᠤ᠂ ᠠᠮᠠᠷᠠᠯᠳᠠ ᠶᠢᠨ ᠴᠢᠯᠦᠭᠡ ᠠᠪᠬᠤ᠂ ᠭᠦᠳᠡᠯᠮᠦᠷᠢ ᠶᠢᠨ ᠡᠡᠶ‍ᠦᠯᠭᠦᠢ ᠪᠠᠢ᠌ᠬᠤ ᠪᠠ ᠡᠷᠡᠭᠦᠯ ᠬᠠᠮᠠᠭᠠᠯᠠᠯ᠂ ᠳᠠᠭᠠᠤᠠᠬᠠᠯ ᠠᠰᠠᠷᠠᠮᠵᠢ ᠵᠡᠷᠭᠡ ᠣᠴᠢᠷ ᠶᠠᠪᠣᠳᠠᠯ ᠤᠨ ᠳᠤᠬᠠᠢ ᠬᠠᠮᠳᠤ ᠶᠢᠨ ᠭᠡᠷ᠎ᠡ ᠳᠤᠭᠳᠠᠭᠠᠵᠤ ᠪᠣᠯᠤᠨ᠎ᠠ᠃ ᠬᠠᠮᠳᠤ ᠶᠢᠨ ᠭᠡᠷ᠎ᠡ ᠶᠢᠨ ᠲᠦᠰᠤᠯ ᠢ ᠠᠵᠢᠯᠳᠠᠨ ᠠᠵᠢᠯᠴᠢᠨ ᠤ ᠳᠦᠯᠦᠭᠡᠯᠡᠭ᠍ᠴᠢᠳ ᠤᠨ ᠶᠡᠭᠡ ᠬᠤᠷᠠᠯ ᠪᠣᠶᠤ ᠪᠦᠭᠦ ᠠᠵᠢᠯᠳᠠᠨ ᠠᠵᠢᠯᠴᠢᠨ ᠳᠤ ᠳᠡᠪᠰᠢᠭᠦᠯᠤᠨ ᠶᠠᠷᠢᠯᠴᠠᠭᠤᠯᠵᠤ ᠪᠠᠳᠤᠯᠠᠭᠤᠯᠬᠤ ᠭᠡᠷᠡᠭ᠍ᠳᠡᠢ᠃

ᠬᠠᠮᠳᠤ ᠶᠢᠨ ᠭᠡᠷ᠎ᠡ ᠶᠢ ᠠᠵᠢᠯᠴᠢᠨ ᠤ ᠡᠪᠯᠡᠯ ᠡᠴᠡ ᠠᠵᠢᠯᠳᠠᠨ ᠠᠵᠢᠯᠴᠢᠨ ᠢ ᠳᠦᠯᠦᠭᠡᠯᠡᠨ ᠠᠵᠤ ᠠᠬᠤᠢ᠌ᠯᠠᠯ ᠯᠤᠭ᠎ᠠ ᠳᠤᠭᠳᠠᠭᠠᠨ᠎ᠠ᠃ ᠠᠵᠢᠯᠴᠢᠨ ᠤ ᠡᠪᠯᠡᠯ ᠪᠠᠢ᠌ᠭᠤᠯᠤᠭᠰᠠᠨ ᠦᠭᠡᠶ ᠠᠵᠤ ᠠᠬᠤᠢ᠌ᠯᠠᠯ ᠳᠤ ᠪᠣᠯ ᠠᠵᠢᠯᠳᠠᠨ ᠠᠵᠢᠯᠴᠢᠨ ᠤ ᠰᠤᠩᠭ᠋ᠤᠭᠰᠠᠨ ᠳᠦᠯᠦᠭᠡᠯᠡᠭ᠍ᠴᠢ ᠠᠵᠤ ᠠᠬᠤᠢ᠌ᠯᠠᠯ ᠯᠤᠭ᠎ᠠ ᠳᠤᠭᠳᠠᠭᠠᠨ᠎ᠠ᠃

ᠭᠤᠴᠢᠨ ᠳᠦᠷᠪᠠᠳᠦᠭᠡᠷ ᠵᠣᠢ᠌ᠯ ᠬᠠᠮᠳᠤ ᠶᠢᠨ ᠭᠡᠷ᠎ᠡ ᠶᠢ ᠳᠤᠭᠳᠠᠭᠠᠭᠰᠠᠨ ᠤ ᠳᠠᠷᠠᠭ᠎ᠠ ᠭᠦᠳᠡᠯᠮᠦᠷᠢ ᠶᠢᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠲᠤ ᠮᠡᠳᠡᠭᠦᠯᠤᠨ ᠳᠡᠪᠰᠢᠭᠦᠯᠭᠦ ᠭᠡᠷᠡᠭ᠍ᠳᠡᠢ᠃ ᠭᠦᠳᠡᠯᠮᠦᠷᠢ ᠶᠢᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠨᠢ ᠬᠠᠮᠳᠤ ᠶᠢᠨ ᠭᠡᠷ᠎ᠡ ᠶᠢᠨ ᠪᠢᠴᠢᠭ᠌ ᠢ ᠣᠯᠵᠤ ᠠᠪᠣᠭᠰᠠᠨ ᠡᠳᠦᠷ ᠡᠴᠡ ᠡᠭᠢᠯᠡᠨ ᠠᠷᠪᠠᠨ ᠳᠠᠪᠤᠨ ᠬᠤᠨᠤᠭ ᠤᠨ ᠳᠤᠳᠤᠷ᠎ᠠ ᠣᠠᠳᠤᠤ ᠰᠠᠨᠠᠯ ᠭᠠᠷᠭᠠᠭᠰᠠᠨ ᠦᠭᠡᠶ ᠪᠠᠢ᠌ᠪᠠᠯ ᠬᠠᠮᠳᠤ ᠶᠢᠨ ᠭᠡᠷ᠎ᠡ ᠳᠠᠷᠤᠢ ᠭᠦᠴᠤᠨ ᠲᠡᠶ ᠪᠣᠯᠤᠨ᠎ᠠ᠃

ᠭᠤᠴᠢᠨ ᠳᠠᠪᠣᠳᠤᠭᠠᠷ ᠵᠣᠢ᠌ᠯ ᠬᠠᠤᠯᠢ ᠶᠤᠰᠤᠭᠠᠷ ᠳᠤᠭᠳᠠᠭᠠᠭᠰᠠᠨ ᠬᠠᠮᠳᠤ ᠶᠢᠨ ᠭᠡᠷ᠎ᠡ ᠨᠢ ᠠᠵᠤ ᠠᠬᠤᠢ᠌ᠯᠠᠯ ᠪᠠ ᠠᠵᠤ ᠠᠬᠤᠢ᠌ᠯᠠᠯ ᠤᠨ ᠪᠦᠭᠦ ᠠᠵᠢᠯᠳᠠᠨ ᠠᠵᠢᠯᠴᠢᠨ ᠳᠤ ᠭᠢᠵᠠᠭᠠᠷᠯᠠᠬᠤ ᠭᠦᠴᠤᠨ ᠲᠡᠶ᠃ ᠠᠵᠢᠯᠳᠠᠨ ᠠᠵᠢᠯᠴᠢᠨ ᠬᠤᠪᠢ ᠭᠦᠮᠤᠨ ᠶᠢᠡᠷ ᠶᠢᠡᠨ ᠠᠵᠤ ᠠᠬᠤᠢ᠌ᠯᠠᠯ ᠯᠤᠭ᠎ᠠ ᠳᠤᠭᠳᠠᠭᠠᠭᠰᠠᠨ ᠭᠦᠳᠡᠯᠮᠦᠷᠢ ᠶᠢᠨ ᠭᠡᠷ᠎ᠡ ᠶᠢᠨ ᠳᠤᠳᠤᠷᠠᠭᠢ ᠭᠦᠳᠡᠯᠮᠦᠷᠢ ᠶᠢᠨ ᠨᠥᠭᠦᠴᠡᠯ ᠪᠠ ᠭᠦᠳᠡᠯᠮᠦᠷᠢ ᠶᠢᠨ ᠭᠦᠯᠦᠰᠤ ᠣᠯᠭᠤᠮᠵᠢ ᠵᠡᠷᠭᠡ ᠪᠠᠷᠢᠮᠵᠢᠶ᠎ᠠ ᠨᠢ ᠬᠠᠮᠳᠤ ᠶᠢᠨ ᠭᠡᠷ᠎ᠡ ᠶᠢᠨ ᠳᠤᠭᠳᠠᠭᠠᠯ ᠡᠴᠡ ᠳᠤᠤᠷ᠎ᠠ ᠪᠠᠢ᠌ᠵᠤ ᠪᠣᠯᠬᠤ ᠦᠭᠡᠶ᠃


ᠳᠦᠷᠪᠠᠳᠦᠭᠡᠷ ᠪᠦᠯᠦᠭ᠌      ᠠᠵᠢᠯᠯᠠᠬᠤ ᠴᠠᠭ ᠪᠠ ᠠᠮᠠᠷᠠᠬᠤ᠂ ᠠᠮᠠᠷᠠᠯᠳᠠ ᠶᠢᠨ ᠴᠢᠯᠦᠭᠡ


ᠭᠤᠴᠢᠨ ᠵᠢᠷᠭᠤᠳᠤᠭᠠᠷ ᠵᠣᠢ᠌ᠯ ᠣᠯᠤᠰ ᠡᠴᠡ ᠭᠦᠳᠡᠯᠮᠦᠷᠢᠴᠢᠳ ᠤᠨ ᠡᠳᠦᠷ ᠪᠦᠷᠢ ᠶᠢᠨ ᠠᠵᠢᠯᠯᠠᠬᠤ ᠴᠠᠭ ᠢ ᠨᠢ᠋ᠮᠠᠨ ᠴᠠᠭ ᠡᠴᠡ ᠦᠯᠦ ᠭᠡᠳᠦᠷᠡᠭᠦᠯᠭᠦ᠂ ᠭᠠᠷᠠᠭ ᠪᠦᠷᠢ ᠶᠢᠨ ᠳᠤᠮᠳᠠᠴᠢ ᠠᠵᠢᠯᠯᠠᠬᠤ ᠴᠠᠭ ᠢ ᠳᠦᠴᠢᠨ ᠳᠦᠷᠪᠡᠨ ᠴᠠᠭ ᠡᠴᠡ ᠦᠯᠦ ᠭᠡᠳᠦᠷᠡᠭᠦᠯᠭᠦ ᠠᠵᠢᠯ ᠤᠨ ᠴᠠᠭ ᠤᠨ ᠳᠦᠷᠢᠮ ᠢ ᠭᠡᠷᠡᠭ᠍ᠵᠢᠭᠦᠯᠦᠨ᠎ᠡ᠃

ᠭᠤᠴᠢᠨ ᠳᠤᠯᠤᠳᠤᠭᠠᠷ ᠵᠣᠢ᠌ᠯ ᠳᠤᠭᠠᠴᠠᠭᠠᠯᠠᠨ ᠪᠣᠳᠤᠬᠤ ᠠᠵᠢᠯ ᠭᠢᠵᠤ ᠪᠠᠢ᠌ᠭ᠎ᠠ ᠭᠦᠳᠡᠯᠮᠦᠷᠢᠴᠢᠳ ᠲᠤ ᠪᠣᠯ ᠭᠦᠮᠤᠨ ᠭᠡᠷᠡᠭᠯᠡᠭᠦ ᠨᠢᠭᠡᠴᠢ ᠳᠤᠰ ᠬᠠᠤᠯᠢ ᠶᠢᠨ ᠭᠤᠴᠢᠨ ᠵᠢᠷᠭᠤᠳᠤᠭᠠᠷ ᠵᠣᠢ᠌ᠯ ᠳᠤ ᠳᠤᠭᠳᠠᠭᠠᠭᠰᠠᠨ ᠠᠵᠢᠯ ᠤᠨ ᠴᠠᠭ ᠤᠨ ᠳᠦᠷᠢᠮ ᠢ ᠦᠨᠳᠦᠰᠦᠯᠠᠨ ᠭᠦᠳᠡᠯᠮᠦᠷᠢ ᠶᠢᠨ ᠳᠤᠭ᠎ᠠ ᠨᠤᠷᠮ᠎ᠠ ᠪᠠ ᠳᠤᠭᠠᠴᠠᠭᠠᠯᠠᠨ ᠪᠣᠳᠤᠬᠤ ᠭᠦᠯᠦᠰᠤ ᠣᠯᠭᠤᠮᠵᠢ ᠶᠢᠨ ᠪᠠᠷᠢᠮᠵᠢᠶ᠎ᠠ ᠶᠢ ᠵᠦᠢ ᠵᠤᠭᠢᠰᠳᠠᠢ ᠪᠠᠷ ᠳᠤᠭᠳᠠᠭᠠᠬᠤ ᠭᠡᠷᠡᠭ᠍ᠳᠡᠢ᠃

ᠭᠤᠴᠢᠨ ᠨᠢ᠋ᠮᠠᠳᠤᠭᠠᠷ ᠵᠣᠢ᠌ᠯ ᠭᠦᠮᠤᠨ ᠭᠡᠷᠡᠭᠯᠡᠭᠦ ᠨᠢᠭᠡᠴᠢ ᠭᠦᠳᠡᠯᠮᠦᠷᠢᠴᠢᠳ ᠤᠨ ᠭᠠᠷᠠᠭ ᠪᠦᠷᠢ ᠠᠳᠠᠭ ᠲᠠᠭᠠᠨ ᠨᠢᠭᠡ ᠡᠳᠦᠷ ᠠᠮᠠᠷᠠᠬᠤ ᠶᠢ ᠪᠠᠳᠤᠯᠠᠬᠤ ᠭᠡᠷᠡᠭ᠍ᠳᠡᠢ᠃

ᠭᠤᠴᠢ ᠶ‍ᠢᠰᠦᠳᠦᠭᠡᠷ ᠵᠣᠢ᠌ᠯ ᠠᠵᠤ ᠠᠬᠤᠢ᠌ᠯᠠᠯ ᠨᠢ ᠣᠢ᠌ᠯᠠᠤᠠᠪᠣᠷᠢᠯᠠᠯ ᠤᠨ ᠣᠠᠴᠠᠯᠢᠭ ᠡᠴᠡ ᠪᠠᠨ ᠪᠣᠯᠵᠤ ᠳᠤᠰ ᠬᠠᠤᠯᠢ ᠶᠢᠨ ᠭᠤᠴᠢᠨ ᠵᠢᠷᠭᠤᠳᠤᠭᠠᠷ ᠵᠣᠢ᠌ᠯ᠂ ᠭᠤᠴᠢᠨ ᠨᠢ᠋ᠮᠠᠳᠤᠭᠠᠷ ᠵᠣᠢ᠌ᠯ ᠤᠨ ᠳᠤᠭᠳᠠᠭᠠᠯ ᠢ ᠭᠡᠷᠡᠭ᠍ᠵᠢᠭᠦᠯᠵᠤ ᠳᠡᠢ᠌ᠯᠭᠦ ᠦᠭᠡᠶ ᠪᠠᠢ᠌ᠪᠠᠯ ᠭᠦᠳᠡᠯᠮᠦᠷᠢ ᠶᠢᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠶᠢᠡᠷ ᠵᠥᠪᠰᠢᠶᠡᠷᠡᠭᠦᠯᠦᠭᠡᠤᠨ ᠪᠣᠰᠤᠳ ᠵᠣᠢ᠌ᠯ ᠤᠨ ᠠᠵᠢᠯᠯᠠᠬᠤ ᠪᠠ ᠠᠮᠠᠷᠠᠬᠤ ᠠᠷᠭ᠎ᠠ ᠶᠢ ᠭᠡᠷᠡᠭ᠍ᠵᠢᠭᠦᠯᠵᠤ ᠪᠣᠯᠤᠨ᠎ᠠ᠃

ᠳᠦᠴᠢᠳᠦᠭᠡᠷ ᠵᠣᠢ᠌ᠯ ᠭᠦᠮᠤᠨ ᠭᠡᠷᠡᠭᠯᠡᠭᠦ ᠨᠢᠭᠡᠴᠢ ᠳᠤᠤᠷ᠎ᠠ ᠵᠢᠭᠰᠠᠭᠠᠭᠰᠠᠨ ᠪᠠᠶᠠᠷ ᠤᠨ ᠡᠳᠦᠷ ᠤᠨ ᠬᠤᠭᠤᠴᠠᠭᠠᠨ ᠳᠤ ᠭᠦᠳᠡᠯᠮᠦᠷᠢᠴᠢᠳ ᠲᠤ ᠬᠠᠤᠯᠢ ᠶᠤᠰᠤᠭᠠᠷ ᠠᠮᠠᠷᠠᠯᠳᠠ ᠶᠢᠨ ᠴᠢᠯᠦᠭᠡ ᠳᠤᠭᠢᠷᠠᠭᠤᠯᠵᠤ ᠦᠭ‍ᠭᠦ ᠭᠡᠷᠡᠭ᠍ᠳᠡᠢ᠄

(ᠨᠢᠭᠡ ) ᠰᠢᠨ᠎ᠠ ᠵᠢᠯ ᠤᠨ ᠰᠢᠨ᠎ᠠ ᠶᠢᠨ ᠨᠢᠭᠡᠨ

(ᠬᠤᠶᠠᠷ ) ᠴᠠᠭᠠᠨ ᠰᠠᠷ᠎ᠠ ᠶᠢᠨ ᠪᠠᠶᠠᠷ

(ᠭᠤᠷᠪᠠ ) ᠳᠡᠯᠡᠭᠡᠢ ᠶᠢᠨ ᠭᠦᠳᠡᠯᠮᠦᠷᠢᠴᠢᠳ ᠤᠨ ᠪᠠᠶᠠᠷ

(ᠳᠦᠷᠪᠠ ) ᠣᠯᠤᠰ ᠤᠨ ᠪᠠᠶᠠᠷ

(ᠲ᠋ᠠᠪᠣ ) ᠬᠠᠤᠯᠢ ᠴᠠᠭᠠᠵᠠ᠂ ᠬᠠᠤᠯᠢ ᠳᠤᠭᠳᠠᠭᠠᠯ ᠳᠤ ᠠᠮᠠᠷᠠᠯᠳᠠ ᠶᠢᠨ ᠴᠢᠯᠦᠭᠡ ᠳᠠᠯᠪᠢᠬᠤ ᠪᠠᠷ ᠳᠤᠭᠳᠠᠭᠠᠭᠰᠠᠨ ᠪᠣᠰᠤᠳ ᠪᠠᠶᠠᠷ ᠤᠨ ᠡᠳᠦᠷ᠃

ᠳᠦᠴᠢᠨ ᠨᠢᠭᠡᠳᠦᠭᠡᠷ ᠵᠣᠢ᠌ᠯ ᠭᠦᠮᠤᠨ ᠭᠡᠷᠡᠭᠯᠡᠭᠦ ᠨᠢᠭᠡᠴᠢ ᠣᠢ᠌ᠯᠠᠤᠠᠪᠣᠷᠢᠯᠠᠯ ᠡᠵᠡᠩᠨᠡᠯᠳᠡ ᠳ᠋ᠤᠨᠢ ᠭᠡᠷᠡᠭ᠍ᠴᠡᠭᠡ ᠲᠡᠶ ᠪᠣᠯᠪᠠᠯ ᠠᠵᠢᠯᠴᠢᠨ ᠤ ᠡᠪᠯᠡᠯ ᠪᠠ ᠭᠦᠳᠡᠯᠮᠦᠷᠢᠴᠢᠨ ᠲᠡᠶ ᠵᠥᠪᠳᠡᠯᠴᠡᠭ᠍ᠰᠡᠨ ᠤ ᠳᠠᠷᠠᠭ᠎ᠠ ᠠᠵᠢᠯᠯᠠᠬᠤ ᠴᠠᠭ ᠢ ᠣᠷᠳᠤᠤᠠᠬᠠᠵᠤ ᠪᠣᠯᠤᠨ᠎ᠠ᠂ ᠭᠡᠭᠦ ᠳᠡᠭᠡᠨ ᠡᠡᠭ᠌ ᠤᠨ ᠪᠠᠢ᠌ᠳᠠᠯ ᠤᠨ ᠳᠤᠤᠷ᠎ᠠ ᠡᠳᠦᠷ ᠪᠦᠷᠢ ᠨᠢᠭᠡ ᠴᠠᠭ ᠡᠴᠡ ᠭᠡᠳᠦᠷᠡᠭᠦᠯᠵᠤ ᠪᠣᠯᠬᠤ ᠦᠭᠡᠶ᠃ ᠣᠠᠴᠠᠭᠠᠢ ᠰᠢᠯᠳᠠᠭᠠᠨ ᠡᠴᠡ ᠪᠣᠯᠤᠭᠠᠤᠨ ᠠᠵᠢᠯᠯᠠᠬᠤ ᠴᠠᠭ ᠢ ᠣᠷᠳᠤᠤᠠᠬᠠᠬᠤ ᠴᠢᠬᠤᠯᠠ ᠲᠡᠶ ᠪᠠᠢ᠌ᠪᠠᠯ ᠭᠦᠳᠡᠯᠮᠦᠷᠢᠴᠢᠳ ᠤᠨ ᠪᠠᠶ᠎ᠠ ᠶᠢᠨ ᠡᠷᠡᠭᠦᠯ ᠴᠢᠭᠢᠷᠠᠭ ᠢ ᠪᠠᠳᠤᠯᠠᠬᠤ ᠨᠥᠭᠦᠴᠡᠯ ᠳᠤᠤᠷ᠎ᠠ ᠣᠷᠳᠤᠤᠠᠬᠠᠬᠤ ᠠᠵᠢᠯ ᠤᠨ ᠴᠠᠭ ᠢ ᠡᠳᠦᠷ ᠪᠦᠷᠢ ᠭᠤᠷᠪᠠᠨ ᠴᠠᠭ ᠡᠴᠡ ᠭᠡᠳᠦᠷᠡᠭᠦᠯᠵᠤ ᠪᠣᠯᠬᠤ ᠦᠭᠡᠶ᠂ ᠭᠡᠪᠠᠴᠤ ᠰᠠᠷ᠎ᠠ ᠪᠦᠷᠢ ᠳᠤ ᠭᠤᠴᠢᠨ ᠵᠢᠷᠭᠤᠭᠠᠨ ᠴᠠᠭ ᠡᠴᠡ ᠭᠡᠳᠦᠷᠡᠭᠦᠯᠵᠤ ᠪᠣᠯᠬᠤ ᠦᠭᠡᠶ᠃

ᠳᠦᠴᠢᠨ ᠬᠤᠶᠠᠳᠤᠭᠠᠷ ᠵᠣᠢ᠌ᠯ ᠳᠤᠤᠷ᠎ᠠ ᠵᠢᠭᠰᠠᠭᠠᠭᠰᠠᠨ ᠪᠠᠢ᠌ᠳᠠᠯ ᠤᠨ ᠨᠢᠭᠡ ᠨᠢ ᠪᠠᠢ᠌ᠪᠠᠯ ᠠᠵᠢᠯᠯᠠᠬᠤ ᠴᠠᠭ ᠢ ᠣᠷᠳᠤᠤᠠᠬᠠᠬᠤ ᠳᠤ ᠳᠤᠰ ᠬᠠᠤᠯᠢ ᠶᠢᠨ ᠳᠦᠴᠢᠨ ᠨᠢᠭᠡᠳᠦᠭᠡᠷ ᠵᠣᠢ᠌ᠯ ᠤᠨ ᠳᠤᠭᠳᠠᠭᠠᠯ ᠳᠤ ᠭᠢᠵᠠᠭᠠᠷᠯᠠᠭᠳᠠᠬᠤ ᠦᠭᠡᠶ᠄

(ᠨᠢᠭᠡ ) ᠪᠠᠢ᠌ᠭᠠᠯᠢ ᠶᠢᠨ ᠭᠠᠮᠰᠢᠭ᠂ ᠭᠡᠨᠡᠳᠡᠯ ᠭᠠᠷᠤᠭᠰᠠᠨ ᠪᠣᠶᠤ ᠪᠣᠰᠤᠳ ᠰᠢᠯᠳᠠᠭᠠᠨ ᠡᠴᠡ ᠪᠣᠯᠵᠤ ᠭᠦᠳᠡᠯᠮᠦᠷᠢᠴᠢᠳ ᠤᠨ ᠠᠮᠢ ᠨᠠᠰᠤ ᠡᠷᠡᠭᠦᠯ ᠴᠢᠭᠢᠷᠠᠭ ᠪᠠ ᠡᠳ᠋ ᠭᠦᠷᠦᠩᠭᠡ ᠶᠢᠨ ᠠᠮᠤᠷ ᠲᠦᠪᠰᠢᠨ ᠰᠥᠷᠳᠡᠭᠦᠯᠦᠯ ᠳᠤ ᠣᠴᠠᠷᠠᠭᠠᠤᠨ ᠪᠠᠴᠢᠮ ᠰᠢ᠌ᠦᠡᠪᠦᠷᠢᠯᠡᠭᠦ ᠴᠢᠬᠤᠯᠠ ᠲᠡᠶ ᠪᠣᠯᠤᠭᠰᠠᠨ

(ᠬᠤᠶᠠᠷ ) ᠣᠢ᠌ᠯᠠᠤᠠᠪᠣᠷᠢᠯᠠᠯ ᠤᠨ ᠳᠦᠭᠦᠭᠡᠷᠦᠮᠵᠢ᠂ ᠵᠠᠮ ᠬᠠᠷᠢᠯᠴᠠᠭᠠᠨ ᠤ ᠳᠡᠭᠡᠭᠡᠪᠦᠷᠢ ᠶᠢᠨ ᠱᠤᠭᠤᠮ᠂ ᠣᠯᠠᠨ ᠨᠠᠢ᠌ᠳᠠ ᠶᠢᠨ ᠪᠡᠯᠡᠳᠭᠡᠯ ᠳᠦᠭᠦᠭᠡᠷᠦᠮᠵᠢ ᠳᠤ ᠬᠠᠷᠰᠢ ᠰᠠᠭᠠᠤᠨ ᠭᠠᠷᠴᠤ ᠣᠢ᠌ᠯᠠᠤᠠᠪᠣᠷᠢᠯᠠᠯ ᠪᠠ ᠣᠯᠠᠨ ᠨᠠᠢ᠌ᠳᠠ ᠶᠢᠨ ᠠᠰᠢᠭ ᠳᠤᠰᠠ ᠶᠢ ᠨᠥᠯᠦᠭᠡᠯᠡᠭᠡᠤᠨ ᠡᠷᠭᠡᠪᠰᠢ ᠴᠠᠭ ᠳᠤᠬᠠᠢ ᠳ᠋ᠤᠨᠢ ᠱᠠᠯᠠᠪᠳᠠᠨ ᠵᠠᠰᠠᠬᠤ ᠴᠢᠬᠤᠯᠠ ᠲᠡᠶ ᠪᠣᠯᠤᠭᠰᠠᠨ

(ᠭᠤᠷᠪᠠ ) ᠬᠠᠤᠯᠢ ᠴᠠᠭᠠᠵᠠ᠂ ᠵᠠᠰᠠᠭ ᠵᠠᠭᠢᠷᠭᠠᠨ ᠤ ᠬᠠᠤᠯᠢ ᠳᠤᠭᠳᠠᠭᠠᠯ ᠳᠤ ᠳᠤᠭᠳᠠᠭᠠᠭᠰᠠᠨ ᠪᠣᠰᠤᠳ ᠪᠠᠢ᠌ᠳᠠᠯ ᠤᠳ᠃

ᠳᠦᠴᠢᠨ ᠭᠤᠷᠪᠠᠳᠤᠭᠠᠷ ᠵᠣᠢ᠌ᠯ ᠭᠦᠮᠤᠨ ᠭᠡᠷᠡᠭᠯᠡᠭᠦ ᠨᠢᠭᠡᠴᠢ ᠳᠤᠰ ᠬᠠᠤᠯᠢ ᠶᠢᠨ ᠳᠤᠭᠳᠠᠭᠠᠯ ᠢ ᠵᠦᠷᠢᠴᠠᠵᠤ ᠭᠦᠳᠡᠯᠮᠦᠷᠢᠴᠢᠳ ᠤᠨ ᠠᠵᠢᠯᠯᠠᠬᠤ ᠴᠠᠭ ᠢ ᠣᠷᠳᠤᠤᠠᠬᠠᠵᠤ ᠪᠣᠯᠬᠤ ᠦᠭᠡᠶ᠃

ᠳᠦᠴᠢᠨ ᠳᠦᠷᠪᠠᠳᠦᠭᠡᠷ ᠵᠣᠢ᠌ᠯ ᠳᠤᠤᠷ᠎ᠠ ᠵᠢᠭᠰᠠᠭᠠᠭᠰᠠᠨ ᠪᠠᠢ᠌ᠳᠠᠯ ᠤᠨ ᠨᠢᠭᠡ ᠨᠢ ᠪᠠᠢ᠌ᠪᠠᠯ ᠭᠦᠮᠤᠨ ᠭᠡᠷᠡᠭᠯᠡᠭᠦ ᠨᠢᠭᠡᠴᠢ ᠳᠤᠤᠷᠠᠭᠢ ᠪᠠᠷᠢᠮᠵᠢᠶ᠎ᠠ ᠶᠤᠰᠤᠭᠠᠷ ᠭᠦᠳᠡᠯᠮᠦᠷᠢᠴᠢᠳ ᠲᠤ ᠶᠠᠷᠤ ᠶᠢᠨ ᠠᠵᠢᠯᠯᠠᠬᠤ ᠴᠠᠭ ᠤᠨ ᠴᠠᠯᠢᠩ ᠡᠴᠡ ᠳᠡᠭᠡᠭᠦᠷ ᠴᠠᠯᠢᠩ ᠭᠦᠯᠦᠰᠤ ᠣᠯᠭᠤᠬᠤ ᠭᠡᠷᠡᠭ᠍ᠳᠡᠢ᠄

(ᠨᠢᠭᠡ ) ᠭᠦᠳᠡᠯᠮᠦᠷᠢᠴᠢᠳ ᠤᠨ ᠠᠵᠢᠯᠯᠠᠬᠤ ᠴᠠᠭ ᠢ ᠣᠷᠳᠤᠤᠠᠬᠠᠬᠤ ᠪᠠᠷ ᠳᠤᠭᠢᠷᠠᠭᠤᠯᠤᠭᠰᠠᠨ ᠪᠠᠢ᠌ᠪᠠᠯ ᠴᠠᠯᠢᠩ ᠤᠨ ᠭᠢᠨᠢ ᠵᠠᠭᠤᠨ ᠤ ᠵᠠᠭᠤ ᠳᠠᠪᠢᠨ ᠬᠤᠪᠢ ᠡᠴᠡ ᠳᠤᠤᠷ᠎ᠠ ᠦᠭᠡᠶ ᠴᠠᠯᠢᠩ ᠭᠦᠯᠦᠰᠤ ᠤᠯᠭᠤᠨ᠎ᠠ

(ᠬᠤᠶᠠᠷ ) ᠭᠦᠳᠡᠯᠮᠦᠷᠢᠴᠢᠳ ᠢ ᠠᠮᠠᠷᠠᠯᠳᠠ ᠶᠢᠨ ᠡᠳᠦᠷ ᠠᠵᠢᠯᠯᠠᠬᠤ ᠪᠠᠷ ᠳᠤᠭᠢᠷᠠᠭᠤᠯᠤᠭᠰᠠᠨ ᠪᠦᠭᠡᠤᠨ ᠨᠥᠭᠦᠪᠦᠷᠢ ᠠᠮᠠᠷᠠᠯᠳᠠ ᠳᠤᠭᠢᠷᠠᠭᠤᠯᠵᠤ ᠴᠢᠳᠠᠬᠤ ᠦᠭᠡᠶ ᠪᠠᠢ᠌ᠪᠠᠯ ᠴᠠᠯᠢᠩ ᠤᠨ ᠭᠢᠨᠢ ᠵᠠᠭᠤᠨ ᠤ ᠬᠤᠶᠠᠷ ᠵᠠᠭᠤᠨ ᠬᠤᠪᠢ ᠡᠴᠡ ᠳᠤᠤᠷ᠎ᠠ ᠦᠭᠡᠶ ᠴᠠᠯᠢᠩ ᠭᠦᠯᠦᠰᠤ ᠤᠯᠭᠤᠨ᠎ᠠ

(ᠭᠤᠷᠪᠠ ) ᠬᠠᠤᠯᠢ ᠪᠠᠷ ᠳᠤᠭᠳᠠᠭᠠᠭᠰᠠᠨ ᠠᠮᠠᠷᠠᠯᠳᠠ ᠶᠢᠨ ᠡᠳᠦᠷ ᠭᠦᠳᠡᠯᠮᠦᠷᠢᠴᠢᠳ ᠢ ᠠᠵᠢᠯᠯᠠᠬᠤ ᠪᠠᠷ ᠳᠤᠭᠢᠷᠠᠭᠤᠯᠤᠭᠰᠠᠨ ᠪᠠᠢ᠌ᠪᠠᠯ ᠴᠠᠯᠢᠩ ᠤᠨ ᠭᠢᠨᠢ ᠵᠠᠭᠤᠨ ᠤ ᠭᠤᠷᠪᠠᠨ ᠵᠠᠭᠤᠨ ᠬᠤᠪᠢ ᠡᠴᠡ ᠳᠤᠤᠷ᠎ᠠ ᠦᠭᠡᠶ ᠴᠠᠯᠢᠩ ᠭᠦᠯᠦᠰᠤ ᠤᠯᠭᠤᠨ᠎ᠠ᠃

ᠳᠦᠴᠢᠨ ᠳᠠᠪᠣᠳᠤᠭᠠᠷ ᠵᠣᠢ᠌ᠯ ᠣᠯᠤᠰ ᠡᠴᠡ ᠴᠠᠯᠢᠩ ᠲᠡᠶ ᠪᠠᠷ ᠵᠢᠯ ᠤᠨ ᠠᠮᠠᠷᠠᠯᠳᠠ ᠶᠢᠨ ᠴᠢᠯᠦᠭᠡ ᠠᠪᠬᠤ ᠳᠦᠷᠢᠮ ᠢ ᠭᠡᠷᠡᠭ᠍ᠵᠢᠭᠦᠯᠦᠨ᠎ᠡ᠃

ᠭᠦᠳᠡᠯᠮᠦᠷᠢᠴᠢᠨ ᠵᠠᠯᠭᠠᠭᠠᠪᠠᠷ ᠨᠢᠭᠡ ᠵᠢᠯ ᠡᠴᠡ ᠳᠡᠭᠡᠭ᠍ᠰᠢ ᠠᠵᠢᠯᠯᠠᠭᠰᠠᠨ ᠪᠠᠢ᠌ᠪᠠᠯ ᠴᠠᠯᠢᠩ ᠲᠡᠶ ᠪᠠᠷ ᠵᠢᠯ ᠤᠨ ᠠᠮᠠᠷᠠᠯᠳᠠ ᠶᠢᠨ ᠴᠢᠯᠦᠭᠡ ᠠᠪᠴᠤ ᠪᠣᠯᠤᠨ᠎ᠠ᠃ ᠪᠣᠳᠠᠳᠠᠢ ᠳᠦᠷᠢᠮ ᠢ ᠲᠦᠷᠦ ᠶᠢᠨ ᠶᠠᠪᠣᠳᠠᠯ ᠤᠨ ᠬᠤᠷᠢᠶ᠎ᠠ ᠡᠴᠡ ᠳᠤᠭᠳᠠᠭᠠᠨ᠎ᠠ᠃


ᠳᠠᠪᠣᠳᠤᠭᠠᠷ ᠪᠦᠯᠦᠭ᠌     ᠴᠠᠯᠢᠩ


ᠳᠦᠴᠢᠨ ᠵᠢᠷᠭᠤᠳᠤᠭᠠᠷ ᠵᠣᠢ᠌ᠯ ᠴᠠᠯᠢᠩ ᠤᠨ ᠬᠤᠪᠢᠶᠠᠷᠢᠯᠠᠯᠳᠠ ᠳᠤ ᠭᠦᠳᠡᠯᠮᠦᠷᠢᠯᠡᠭ᠍ᠰᠡᠨ ᠤ ᠭᠢᠷᠢ ᠪᠠᠷ ᠬᠤᠪᠢᠶᠠᠷᠢᠯᠠᠬᠤ ᠵᠠᠷᠴᠢᠮ ᠢ ᠵᠢᠷᠤᠮᠯᠠᠨ ᠠᠳᠠᠯᠢ ᠠᠵᠢᠯ ᠳᠤ ᠠᠳᠠᠯᠢ ᠭᠦᠯᠦᠰᠤ ᠣᠯᠭᠤᠮᠵᠢ ᠣᠯᠭᠤᠬᠤ ᠭᠡᠷᠡᠭ᠍ᠳᠡᠢ᠃

ᠴᠠᠯᠢᠩ ᠤᠨ ᠭᠢᠷᠢ ᠭᠡᠮᠵᠢᠶ᠎ᠡ ᠶᠢ ᠠᠵᠤ ᠠᠬᠤᠢ ᠶᠢᠨ ᠭᠦᠭ᠍ᠵᠢᠯᠳᠡ ᠶᠢᠨ ᠰᠠᠭᠤᠷᠢᠨ ᠳᠡᠭᠡᠷ᠎ᠡ ᠠᠯᠬᠤᠮ ᠠᠯᠬᠤᠮ ᠶᠢᠡᠷ ᠳᠡᠭᠡᠭ᠍ᠰᠢᠯᠡᠭᠦᠯᠦᠨ᠎ᠡ᠃ ᠣᠯᠤᠰ ᠡᠴᠡ ᠴᠠᠯᠢᠩ ᠤᠨ ᠶᠡᠷᠦᠩᠭᠡᠢ ᠭᠡᠮᠵᠢᠶ᠎ᠡ ᠳᠤ ᠬᠤᠷᠸ᠎ᠠ ᠳᠤᠭᠢᠷᠠᠭᠤᠯᠤᠯ ᠡᠵᠡᠮᠳᠡᠯ ᠶᠠᠪᠣᠭᠤᠯᠤᠨ᠎ᠠ᠃

ᠳᠦᠴᠢᠨ ᠳᠤᠯᠤᠳᠤᠭᠠᠷ ᠵᠣᠢ᠌ᠯ ᠭᠦᠮᠤᠨ ᠭᠡᠷᠡᠭᠯᠡᠭᠦ ᠨᠢᠭᠡᠴᠢ ᠳᠤᠰ ᠨᠢᠭᠡᠴᠢ ᠶᠢᠨ ᠶᠢᠡᠨ ᠣᠢ᠌ᠯᠠᠤᠠᠪᠣᠷᠢᠯᠠᠯ ᠡᠵᠡᠩᠨᠡᠯᠳᠡ ᠶᠢᠨ ᠣᠠᠴᠠᠯᠢᠭ ᠪᠠ ᠠᠵᠤ ᠠᠬᠤᠢ ᠶᠢᠨ ᠦᠷ᠎ᠡ ᠠᠰᠢᠭ ᠢ ᠦᠨᠳᠦᠰᠦᠯᠠᠨ ᠳᠤᠰ ᠨᠢᠭᠡᠴᠢ ᠶᠢᠨ ᠶᠢᠡᠨ ᠴᠠᠯᠢᠩ ᠤᠨ ᠬᠤᠪᠢᠶᠠᠷᠢᠯᠠᠯᠳᠠ ᠶᠢᠨ ᠭᠡᠯᠪᠠᠷᠢ ᠪᠠ ᠴᠠᠯᠢᠩ ᠤᠨ ᠭᠢᠷᠢ ᠭᠡᠮᠵᠢᠶ᠎ᠡ ᠶᠢ ᠬᠠᠤᠯᠢ ᠶᠤᠰᠤᠭᠠᠷ ᠪᠠᠶ᠎ᠠ ᠪᠠᠨ ᠳᠠᠭᠠᠭᠠᠵᠤ ᠳᠤᠭᠳᠠᠭᠠᠨ᠎ᠠ᠃

ᠳᠦᠴᠢᠨ ᠨᠢ᠋ᠮᠠᠳᠤᠭᠠᠷ ᠵᠣᠢ᠌ᠯ ᠣᠯᠤᠰ ᠡᠴᠡ ᠬᠠᠮᠤᠭ ᠳᠤᠤᠷ᠎ᠠ ᠴᠠᠯᠢᠩ ᠤᠨ ᠪᠠᠳᠤᠯᠭ᠎ᠠ ᠶᠢᠨ ᠳᠦᠷᠢᠮ ᠢ ᠭᠡᠷᠡᠭ᠍ᠵᠢᠭᠦᠯᠦᠨ᠎ᠡ᠃ ᠬᠠᠮᠤᠭ ᠳᠤᠤᠷ᠎ᠠ ᠴᠠᠯᠢᠩ ᠤᠨ ᠪᠣᠳᠠᠳᠠᠢ ᠪᠠᠷᠢᠮᠵᠢᠶ᠎ᠠ ᠶᠢ ᠮᠤᠵᠢ᠂ ᠥᠪᠠᠷᠳᠡᠭᠡᠨ ᠵᠠᠰᠠᠬᠤ ᠣᠷᠤᠨ᠂ ᠰᠢᠭᠤᠳ ᠬᠠᠷᠢᠶ᠎ᠠ ᠬᠤᠳᠠ ᠶᠢᠨ ᠠᠷᠠᠤᠨ ᠤᠨ ᠵᠠᠰᠠᠭ ᠤᠨ ᠣᠷᠳᠤᠨ ᠳᠤᠭᠳᠠᠭᠠᠵᠤ ᠲᠦᠷᠦ ᠶᠢᠨ ᠶᠠᠪᠣᠳᠠᠯ ᠤᠨ ᠬᠤᠷᠢᠶ᠎ᠠ ᠳᠤ ᠮᠡᠳᠡᠭᠦᠯᠤᠨ ᠳᠠᠩᠰᠠᠯᠠᠭᠤᠯᠬᠤ ᠭᠡᠷᠡᠭ᠍ᠳᠡᠢ᠃ ᠭᠦᠮᠤᠨ ᠭᠡᠷᠡᠭᠯᠡᠭᠦ ᠨᠢᠭᠡᠴᠢ ᠡᠴᠡ ᠭᠦᠳᠡᠯᠮᠦᠷᠢᠴᠢᠳ ᠲᠤ ᠣᠯᠭᠤᠬᠤ ᠴᠠᠯᠢᠩ ᠨᠢ ᠳᠤᠬᠠᠢ ᠶᠢᠨ ᠭᠠᠵᠠᠷ ᠤᠨ ᠬᠠᠮᠤᠭ ᠤᠨ ᠳᠤᠤᠷ᠎ᠠ ᠴᠠᠯᠢᠩ ᠤᠨ ᠪᠠᠷᠢᠮᠵᠢᠶ᠎ᠠ ᠡᠴᠡ ᠳᠤᠤᠷ᠎ᠠ ᠪᠠᠢ᠌ᠵᠤ ᠪᠣᠯᠬᠤ ᠦᠭᠡᠶ᠃

ᠳᠦᠴᠢ ᠶ‍ᠢᠰᠦᠳᠦᠭᠡᠷ ᠵᠣᠢ᠌ᠯ ᠬᠠᠮᠤᠭ ᠳᠤᠤᠷ᠎ᠠ ᠴᠠᠯᠢᠩ ᠤᠨ ᠪᠠᠷᠢᠮᠵᠢᠶ᠎ᠠ ᠶᠢ ᠳᠤᠭᠳᠠᠭᠠᠬᠤ ᠪᠠ ᠳᠡᠭᠦᠨ ᠳᠤ ᠳᠤᠭᠢᠷᠠᠭᠤᠯᠤᠯᠳᠠ ᠭᠢᠭᠦ ᠳᠡᠭᠡᠨ ᠳᠤᠤᠷ᠎ᠠ ᠵᠢᠭᠰᠠᠭᠠᠭᠰᠠᠨ ᠭᠦᠴᠤᠨ ᠵᠣᠢ᠌ᠯ ᠶᠢᠡᠷ ᠶᠡᠷᠦᠩᠭᠡᠢ ᠯᠠᠪᠯᠠᠯᠳᠠ ᠪᠣᠯᠭᠠᠬᠤ ᠭᠡᠷᠡᠭ᠍ᠳᠡᠢ᠄

( ᠨᠢᠭᠡ ) ᠭᠦᠳᠡᠯᠮᠦᠷᠢᠴᠢᠨ ᠳᠤᠰ ᠭᠦᠮᠤᠨ ᠵᠢᠴᠢ ᠳᠡᠭᠦᠨ ᠤ ᠠᠰᠠᠷᠠᠨ ᠳᠡᠵᠢᠭᠡᠭᠦ ᠳᠤᠮᠳᠠᠴᠢ ᠭᠦᠮᠤᠨ ᠠᠮᠠ ᠶᠢᠨ ᠠᠮᠢᠳᠤᠷᠠᠯ ᠤᠨ ᠬᠠᠮᠤᠭ ᠤᠨ ᠨᠠᠭᠠᠳᠤ ᠵᠠᠬ᠎ᠠ ᠶᠢᠨ ᠵᠠᠷᠤᠳᠠᠯ

( ᠬᠤᠶᠠᠷ ) ᠨᠡᠢ᠌ᠭᠡᠮ ᠤᠨ ᠳᠤᠮᠳᠠᠴᠢ ᠴᠠᠯᠢᠩ ᠤᠨ ᠭᠢᠷᠢ ᠭᠡᠮᠵᠢᠶ᠎ᠡ

( ᠭᠤᠷᠪᠠ ) ᠭᠦᠳᠡᠯᠮᠦᠷᠢ ᠶᠢᠨ ᠥᠢᠯᠤᠨᠪᠦᠷᠢᠯᠡᠭᠦ ᠪᠦᠳᠦᠭᠡᠯ

( ᠳᠦᠷᠪᠡ ) ᠠᠵᠢᠯ ᠣᠯᠭᠤᠭᠰᠠᠨ ᠪᠠᠢ᠌ᠳᠠᠯ

( ᠳᠠᠪᠣ ) ᠭᠠᠵᠠᠷ ᠣᠷᠤᠨ ᠤ ᠬᠤᠭᠤᠷᠤᠠᠳᠤᠭᠢ ᠠᠵᠤ ᠠᠬᠤᠢ ᠶᠢᠨ ᠭᠦᠭ᠍ᠵᠢᠯᠳᠡ ᠶᠢᠨ ᠭᠢᠷᠢ ᠭᠡᠮᠵᠢᠶᠡᠨ ᠤ ᠵᠦᠷᠢᠶ᠎ᠠ᠃

ᠳᠠᠪᠢᠳᠤᠭᠠᠷ ᠵᠣᠢ᠌ᠯ ᠴᠠᠯᠢᠩ ᠢ ᠵᠤᠭᠤᠰ ᠤᠨ ᠭᠡᠯᠪᠠᠷᠢ ᠪᠠᠷ ᠭᠦᠳᠡᠯᠮᠥᠷᠢᠴᠢᠨ ᠬᠤᠪᠢ ᠭᠦᠮᠤᠨ ᠳᠤ ᠰᠠᠷ᠎ᠠ ᠳᠠᠷᠠᠭᠠᠯᠠᠨ ᠣᠯᠭᠤᠬᠤ ᠭᠡᠷᠡᠭ᠍ᠳᠡᠢ᠃ ᠭᠦᠳᠡᠯᠮᠦᠷᠢᠴᠢᠳ ᠤᠨ ᠴᠠᠯᠢᠩ ᠢ ᠬᠠᠰᠤᠬᠤ ᠪᠣᠶᠤ ᠣᠴᠢᠷ ᠰᠢᠯᠳᠠᠭᠠᠨ ᠦᠭᠡᠶ ᠪᠠᠷ ᠬᠠᠰᠤᠵᠤ ᠪᠣᠯᠬᠤ ᠦᠭᠡᠶ᠃

ᠳᠠᠪᠢᠨ ᠨᠢᠭᠡᠳᠦᠭᠡᠷ ᠵᠣᠢ᠌ᠯ ᠭᠦᠳᠡᠯᠮᠦᠷᠢᠴᠢᠳ ᠤᠨ ᠬᠠᠤᠯᠢ ᠪᠠᠷ ᠳᠤᠭᠳᠠᠭᠠᠭᠰᠠᠨ ᠠᠮᠠᠷᠠᠯᠳᠠ ᠶᠢᠨ ᠡᠳᠦᠷ ᠪᠠ ᠣᠷᠤᠭ ᠬᠤᠷᠢᠮ᠂ ᠪᠠᠯᠪᠠᠰᠤᠷᠠᠯ ᠤᠨ ᠴᠢᠯᠦᠭᠡᠨ ᠤ ᠬᠤᠭᠤᠴᠠᠭ᠎ᠠ ᠵᠢᠴᠢ ᠬᠠᠤᠯᠢ ᠶᠤᠰᠤᠭᠠᠷ ᠨᠡᠢ᠌ᠭᠡᠮ ᠤᠨ ᠠᠵᠢᠯᠯᠠᠭ᠎ᠠ ᠳᠤ ᠣᠷᠤᠯᠴᠠᠬᠤ ᠬᠤᠭᠤᠴᠠᠭ᠎ᠠ ᠳ᠋ᠠᠭᠢ ᠴᠠᠯᠢᠩ ᠢ ᠭᠦᠮᠤᠨ ᠭᠡᠷᠡᠭᠯᠡᠭᠦ ᠨᠢᠭᠡᠴᠢ ᠬᠠᠤᠯᠢ ᠶᠤᠰᠤᠭᠠᠷ ᠣᠯᠭᠤᠬᠤ ᠭᠡᠷᠡᠭ᠍ᠳᠡᠢ᠃


ᠵᠢᠷᠭᠤᠳᠤᠭᠠᠷ ᠪᠦᠯᠦᠭ᠌      ᠭᠦᠳᠡᠯᠮᠦᠷᠢ ᠶᠢᠨ ᠡᠡᠶ‍ᠦᠯᠭᠦᠢ ᠪᠠᠢ᠌ᠬᠤ ᠪᠠ ᠡᠷᠡᠭᠦᠯ ᠬᠠᠮᠠᠭᠠᠯᠠᠯ


ᠳᠠᠪᠢᠨ ᠬᠤᠶᠠᠳᠤᠭᠠᠷ ᠵᠣᠢ᠌ᠯ ᠭᠦᠮᠤᠨ ᠭᠡᠷᠡᠭᠯᠡᠭᠦ ᠨᠢᠭᠡᠴᠢ ᠡᠷᠭᠡᠪᠰᠢ ᠭᠦᠳᠡᠯᠮᠦᠷᠢ ᠶᠢᠨ ᠡᠡᠶ‍ᠦᠯᠭᠦᠢ ᠪᠠ ᠡᠷᠡᠭᠦᠯ ᠬᠠᠮᠠᠭᠠᠯᠠᠯ ᠤᠨ ᠳᠦᠷᠢᠮ ᠢ ᠪᠠᠢ᠌ᠭᠤᠯᠤᠨ ᠳᠡᠭᠦᠯᠳᠡᠷᠵᠢᠭᠦᠯᠵᠤ᠂ ᠣᠯᠤᠰ ᠤᠨ ᠭᠦᠳᠡᠯᠮᠦᠷᠢ ᠶᠢᠨ ᠡᠡᠶ‍ᠦᠯᠭᠦᠢ ᠪᠠᠢ᠌ᠬᠤ ᠪᠠ ᠡᠷᠡᠭᠦᠯ ᠬᠠᠮᠠᠭᠠᠯᠠᠯ ᠤᠨ ᠵᠢᠷᠤᠮ᠂ ᠪᠠᠷᠢᠮᠵᠢᠶ᠎ᠠ ᠶᠢ ᠴᠢᠩᠭ᠋᠎ᠠ ᠭᠡᠷᠡᠭ᠍ᠵᠢᠭᠦᠯᠤᠨ᠂ ᠭᠦᠳᠡᠯᠮᠮᠦᠷᠢᠴᠢᠳ ᠲᠤ ᠭᠦᠳᠡᠯᠮᠦᠷᠢ ᠶᠢᠨ ᠡᠡᠶ‍ᠦᠯᠭᠦᠢ ᠪᠠᠢ᠌ᠬᠤ ᠪᠠ ᠡᠷᠡᠭᠦᠯ ᠬᠠᠮᠠᠭᠠᠯᠠᠯ ᠤᠨ ᠳᠤᠬᠠᠢ ᠭᠦᠮᠦᠵᠢᠯ ᠭᠢᠵᠤ᠂ ᠭᠦᠳᠡᠯᠮᠦᠷᠢ ᠶᠢᠨ ᠶᠠᠪᠣᠳᠠᠯ ᠳ᠋ᠠᠭᠢ ᠭᠡᠨᠡᠳᠡᠯ ᠭᠡᠷᠡᠭ᠌ ᠢ ᠰᠡᠷᠭᠡᠢ᠌ᠯᠡᠨ ᠠᠵᠢᠯ ᠤᠨ ᠴᠢᠨᠠᠷᠳᠠᠢ ᠬᠤᠤᠷ ᠣᠷᠰᠢᠭ ᠢ ᠪᠠᠭᠠᠰᠬᠠᠬᠤ ᠭᠡᠷᠡᠭ᠍ᠳᠡᠢ᠃

ᠳᠠᠪᠢᠨ ᠭᠤᠷᠪᠠᠳᠤᠭᠠᠷ ᠵᠣᠢ᠌ᠯ ᠭᠦᠳᠡᠯᠮᠦᠷᠢ ᠶᠢᠨ ᠡᠡᠶ‍ᠦᠯᠭᠦᠢ ᠪᠠᠢ᠌ᠬᠤ ᠪᠠ ᠡᠷᠡᠭᠦᠯ ᠬᠠᠮᠠᠭᠠᠯᠠᠯ ᠤᠨ ᠳᠦᠭᠦᠭᠡᠷᠦᠮᠵᠢ ᠡᠷᠭᠡᠪᠰᠢ ᠣᠯᠤᠰ ᠤᠨ ᠳᠤᠭᠳᠠᠭᠠᠭᠰᠠᠨ ᠪᠠᠷᠢᠮᠵᠢᠶ᠎ᠠ ᠳᠤ ᠨᠡᠢ᠌ᠴᠡᠭ᠍ᠰᠡᠨ ᠪᠠᠢ᠌ᠬᠤ ᠭᠡᠷᠡᠭ᠍ᠳᠡᠢ᠃

ᠡᠭᠢᠯᠡᠵᠤ ᠪᠠᠷᠢᠬᠤ᠂ ᠵᠠᠰᠠᠵᠤ ᠪᠠᠷᠢᠬᠤ᠂ ᠦᠷᠭᠡᠳᠭᠡᠵᠤ ᠪᠠᠷᠢᠬᠤ ᠪᠠᠷᠢᠯᠭ᠎ᠠ ᠶᠢᠨ ᠭᠦᠳᠡᠯᠮᠦᠷᠢ ᠶᠢᠨ ᠡᠡᠶ‍ᠦᠯᠭᠦᠢ ᠪᠠᠢ᠌ᠬᠤ ᠪᠠ ᠡᠷᠡᠭᠦᠯ ᠬᠠᠮᠠᠭᠠᠯᠠᠯ ᠤᠨ ᠳᠦᠭᠦᠭᠡᠷᠦᠮᠵᠢ ᠶᠢ ᠡᠷᠭᠡᠪᠰᠢ ᠭᠤᠤᠯ ᠪᠠᠷᠢᠯᠭ᠎ᠠ ᠲᠡᠶ ᠬᠠᠮᠳᠤ ᠳ᠋ᠤᠨᠢ ᠵᠢᠷᠤᠵᠤ ᠲᠦᠯᠦᠪᠯᠠᠨ ᠬᠠᠮᠳᠤ ᠳ᠋ᠤᠨᠢ ᠪᠠᠢ᠌ᠭᠤᠯᠵᠤ ᠬᠠᠮᠳᠤ ᠳ᠋ᠤᠨᠢ ᠠᠰᠢᠭᠯᠠᠯᠳᠠ ᠳᠤ ᠣᠷᠤᠭᠤᠯᠵᠤ ᠭᠡᠷᠡᠭᠯᠡᠭᠦ ᠭᠡᠷᠡᠭ᠍ᠳᠡᠢ᠃

ᠳᠠᠪᠢᠨ ᠳᠦᠷᠪᠠᠳᠦᠭᠡᠷ ᠵᠣᠢ᠌ᠯ ᠭᠦᠮᠤᠨ ᠭᠡᠷᠡᠭᠯᠡᠭᠦ ᠨᠢᠭᠡᠴᠢ ᠡᠷᠭᠡᠪᠰᠢ ᠭᠦᠳᠡᠯᠮᠦᠷᠢᠴᠢᠳ ᠲᠤ ᠣᠯᠤᠰ ᠤᠨ ᠳᠤᠭᠳᠠᠭᠠᠯ ᠳᠤ ᠨᠡᠢ᠌ᠴᠡᠭ᠍ᠰᠡᠨ ᠭᠦᠳᠡᠯᠮᠦᠷᠢ ᠶᠢᠨ ᠡᠡᠶ‍ᠦᠯᠭᠦᠢ ᠪᠠᠢ᠌ᠬᠤ ᠪᠠ ᠡᠷᠡᠭᠦᠯ ᠬᠠᠮᠠᠭᠠᠯᠠᠯ ᠤᠨ ᠨᠥᠭᠦᠴᠡᠯ᠂ ᠴᠢᠬᠤᠯᠠ ᠪᠦᠭᠦᠢ ᠭᠦᠳᠡᠯᠮᠦᠷᠢ ᠶᠢᠨ ᠬᠠᠮᠠᠭᠠᠯᠠᠯᠳᠠ ᠶᠢᠨ ᠭᠡᠷᠡᠭ᠍ᠰᠡᠯ ᠢ ᠬᠠᠩᠭ᠋ᠠᠵᠤ᠂ ᠠᠵᠢᠯ ᠤᠨ ᠴᠢᠨᠠᠷᠳᠠᠢ ᠬᠤᠤᠷ ᠣᠷᠰᠢᠭ ᠲᠡᠶ ᠠᠵᠢᠯ ᠭᠢᠳᠡᠭ᠌ ᠭᠦᠳᠡᠯᠮᠦᠷᠢᠴᠢᠳ ᠲᠤ ᠳᠤᠭᠳᠠᠮᠠᠯ ᠬᠤᠭᠤᠴᠠᠭ᠎ᠠ ᠲᠡᠶ ᠪᠠᠷ ᠡᠷᠡᠭᠦᠯ ᠮᠠᠠᠳᠤ ᠶᠢᠨ ᠪᠠᠢ᠌ᠴᠠᠭᠠᠯᠳᠠ ᠭᠢᠭᠦ ᠭᠡᠷᠡᠭ᠍ᠳᠡᠢ᠃

ᠳᠠᠪᠢᠨ ᠳᠠᠪᠣᠳᠤᠭᠠᠷ ᠵᠣᠢ᠌ᠯ ᠣᠠᠴᠠᠭᠠᠢ ᠲᠦᠷᠦᠯ ᠤᠨ ᠠᠵᠢᠯ ᠭᠢᠭᠦ ᠭᠦᠳᠡᠯᠮᠦᠷᠢᠴᠢᠳ ᠡᠷᠭᠡᠪᠰᠢ ᠳᠤᠰᠬᠠᠢ ᠪᠣᠯᠪᠠᠰᠤᠷᠠᠯ ᠭᠦᠷᠳᠡᠭᠦ ᠶᠢᠨ ᠬᠠᠮᠳᠤ ᠣᠠᠴᠠᠭᠠᠢ ᠲᠦᠷᠦᠯ ᠤᠨ ᠠᠵᠢᠯ ᠭᠢᠭᠦ ᠭᠢᠷᠢ ᠭᠡᠮ ᠣᠯᠤᠭᠰᠠᠨ ᠪᠠᠢ᠌ᠬᠤ ᠭᠡᠷᠡᠭ᠍ᠳᠡᠢ᠃

ᠳᠠᠪᠢᠨ ᠵᠢᠷᠭᠤᠳᠤᠭᠠᠷ ᠵᠣᠢ᠌ᠯ ᠭᠦᠳᠡᠯᠮᠦᠷᠢᠴᠢᠳ ᠭᠦᠳᠡᠯᠮᠦᠷᠢᠯᠡᠭᠦ ᠶᠠᠪᠣᠴᠠ ᠳᠠᠭᠠᠨ ᠠᠶᠤᠯ ᠦᠭᠡᠶ ᠪᠠᠷ ᠠᠵᠢᠯᠯᠠᠬᠤ ᠵᠢᠷᠤᠮ ᠢ ᠡᠷᠭᠡᠪᠰᠢ ᠴᠢᠩᠭ᠋᠎ᠠ ᠵᠢᠷᠤᠮᠯᠠᠬᠤ ᠭᠡᠷᠡᠭ᠍ᠳᠡᠢ᠃

ᠭᠦᠮᠤᠨ ᠭᠡᠷᠡᠭᠯᠡᠭᠦ ᠨᠢᠭᠡᠴᠢ ᠶᠢᠨ ᠬᠠᠮᠢᠶᠠᠷᠤᠯᠳᠠ ᠶᠢᠨ ᠠᠵᠢᠯᠳᠠᠨ ᠳᠦᠷᠢᠮ ᠳᠤᠭᠳᠠᠭᠠᠯ ᠢ ᠵᠦᠷᠢᠴᠠᠨ ᠵᠢᠯᠤᠭᠤᠤᠠᠴᠤ ᠠᠶᠤᠯ ᠳᠦᠭ᠍ᠰᠢᠭᠦᠷᠢ ᠲᠡᠶ ᠠᠵᠢᠯ ᠢ ᠠᠯᠪᠠᠳᠠᠨ ᠭᠢᠯᠭᠡᠭᠦ ᠭᠡᠪᠠᠯ ᠭᠦᠳᠡᠯᠮᠦᠷᠢᠴᠢᠳ ᠭᠡᠷᠡᠭ᠍ᠵᠢᠭᠦᠯᠭᠦ ᠦᠭᠡᠶ ᠪᠠᠢ᠌ᠬᠤ ᠡᠷᠭᠡ ᠲᠡᠶ᠃ ᠠᠮᠢ ᠨᠠᠰᠤᠨ ᠤ ᠠᠮᠤᠷ ᠲᠦᠪᠰᠢᠨ ᠪᠠ ᠪᠠᠶ᠎ᠠ ᠮᠠᠬᠠᠪᠣᠤᠨ ᠤᠨ ᠡᠷᠡᠭᠦᠯ ᠮᠠᠠᠳᠤ ᠳᠤ ᠬᠤᠤᠷ ᠭᠦᠨᠦᠭᠡᠯ ᠲᠡᠶ ᠠᠵᠢᠯᠯᠠᠭ᠎ᠠ ᠶᠢ ᠰᠢᠭᠦᠮᠵᠢᠯᠡᠭᠦ᠂ ᠢᠯᠡᠴᠢᠯᠡᠭᠦ ᠪᠠ ᠵᠠᠭᠠᠯᠳᠤᠬᠤ ᠡᠷᠭᠡ ᠲᠡᠶ᠃

ᠳᠠᠪᠢᠨ ᠳᠤᠯᠤᠳᠤᠭᠠᠷ ᠵᠣᠢ᠌ᠯ ᠣᠯᠤᠰ ᠡᠴᠡ ᠥᠭᠦᠵᠤ ᠰᠢᠷᠬᠠᠳᠤᠭᠰᠠᠨ ᠭᠡᠨᠡᠳᠡᠯ ᠪᠠ ᠠᠵᠢᠯ ᠤᠨ ᠴᠢᠨᠠᠷᠳᠠᠢ ᠡᠪᠠᠦᠡᠴᠢᠨ ᠢ ᠪᠦᠷᠢᠦᠡᠭᠡᠨ ᠮᠡᠳᠡᠭᠦᠯᠭᠦ᠂ ᠰᠢ᠌ᠦᠡᠪᠦᠷᠢᠯᠡᠭᠦ ᠳᠦᠷᠢᠮ ᠢ ᠳᠤᠭᠳᠠᠭᠠᠨ᠎ᠠ᠃ ᠰᠢᠶᠠᠨ ᠤ ᠱᠠᠳᠤᠨ ᠡᠴᠡ ᠳᠡᠭᠡᠭ᠍ᠰᠢᠭᠢ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠤ ᠭᠦᠳᠡᠯᠮᠦᠷᠢ ᠶᠢᠨ ᠵᠠᠰᠠᠭ ᠤᠨ ᠣᠷᠳᠤᠨ ᠤ ᠭᠦᠳᠡᠯᠮᠦᠷᠢ ᠶᠢᠨ ᠵᠠᠰᠠᠭ ᠵᠠᠭᠢᠷᠭᠠᠨ ᠤ ᠰᠠᠯᠠᠭ᠎ᠠ ᠮᠦᠴᠢᠷ᠂ ᠬᠤᠯᠪᠣᠭᠳᠠᠯ ᠪᠦᠭᠦᠢ ᠰᠠᠯᠠᠭ᠎ᠠ ᠮᠦᠴᠢᠷ ᠪᠠ ᠭᠦᠮᠤᠨ ᠭᠡᠷᠡᠭᠯᠡᠭᠦ ᠨᠢᠭᠡᠴᠢ ᠨᠢ ᠭᠦᠳᠡᠯᠮᠦᠷᠢᠴᠢᠳ ᠤᠨ ᠭᠦᠳᠡᠯᠮᠦᠷᠢᠯᠡᠭᠦ ᠶᠠᠪᠣᠴᠠ ᠳᠤ ᠭᠠᠷᠤᠭᠰᠠᠨ ᠥᠭᠦᠵᠤ ᠰᠢᠷᠬᠠᠳᠤᠭᠰᠠᠨ ᠭᠡᠨᠡᠳᠡᠯ ᠪᠠ ᠭᠦᠳᠡᠯᠮᠦᠷᠢᠴᠢᠳ ᠤᠨ ᠠᠵᠢᠯ ᠤᠨ ᠴᠢᠨᠠᠷᠳᠠᠢ ᠡᠪᠠᠦᠡᠴᠢᠨ ᠤ ᠪᠠᠢ᠌ᠳᠠᠯ ᠢ ᠬᠠᠤᠯᠢ ᠶᠤᠰᠤᠭᠠᠷ ᠪᠦᠷᠢᠦᠡᠭᠡᠨ ᠮᠡᠳᠡᠭᠦᠯᠵᠤ ᠰᠢ᠌ᠦᠡᠪᠦᠷᠢᠯᠡᠭᠦ ᠭᠡᠷᠡᠭ᠍ᠳᠡᠢ᠃


ᠳᠤᠯᠤᠳᠤᠭᠠᠷ ᠪᠦᠯᠦᠭ᠌      ᠡᠮᠡᠭ᠍ᠳᠡᠢ ᠠᠵᠢᠯᠳᠠᠨ ᠠᠵᠢᠯᠴᠢᠨ ᠪᠠ ᠨᠠᠰᠤᠨ ᠳᠤ ᠭᠦᠷᠦᠭᠡᠳᠦᠢ ᠠᠵᠢᠯᠴᠢᠨ ᠤ ᠣᠠᠴᠠᠭᠠᠢ ᠬᠠᠮᠠᠭᠠᠯᠠᠯᠳᠠ


ᠳᠠᠪᠢᠨ ᠨᠢ᠋ᠮᠠᠳᠤᠭᠠᠷ ᠵᠣᠢ᠌ᠯ ᠣᠯᠤᠰ ᠡᠴᠡ ᠡᠮᠡᠭ᠍ᠳᠡᠢ ᠠᠵᠢᠯᠳᠠᠨ ᠠᠵᠢᠯᠴᠢᠨ ᠪᠠ ᠨᠠᠰᠤᠨ ᠳᠤ ᠭᠦᠷᠦᠭᠡᠳᠦᠢ ᠠᠵᠢᠯᠴᠢᠨ ᠳᠤ ᠭᠦᠳᠡᠯᠮᠦᠷᠢ ᠶᠢᠨ ᠣᠠᠴᠠᠭᠠᠢ ᠬᠠᠮᠠᠭᠠᠯᠠᠯᠳᠠ ᠭᠡᠷᠡᠭ᠍ᠵᠢᠭᠦᠯᠦᠨ᠎ᠡ᠃

ᠨᠠᠰᠤᠨ ᠳᠤ ᠭᠦᠷᠦᠭᠡᠳᠦᠢ ᠠᠵᠢᠯᠴᠢᠨ ᠭᠡᠵᠤ ᠪᠦᠭᠦᠯᠢ ᠠᠷᠪᠠᠨ ᠵᠢᠷᠭᠤᠭᠠᠨ ᠨᠠᠰᠤ ᠭᠦᠷᠴᠤ᠂ ᠪᠦᠭᠦᠯᠢ ᠠᠷᠪᠠᠨ ᠨᠢ᠋ᠮᠠᠨ ᠨᠠᠰᠤ ᠭᠦᠷᠦᠭᠡᠳᠦᠢ ᠭᠦᠳᠡᠯᠮᠦᠷᠢᠴᠢᠨ ᠢ ᠭᠡᠯᠡᠵᠤ ᠪᠠᠢ᠌ᠨ᠎ᠠ᠃

ᠳᠠᠪᠢ ᠶ‍ᠢᠰᠦᠳᠦᠭᠡᠷ ᠵᠣᠢ᠌ᠯ ᠡᠮᠡᠭ᠍ᠳᠡᠢ ᠠᠵᠢᠯᠳᠠᠨ ᠠᠵᠢᠯᠴᠢᠨ ᠢ ᠠᠭᠤᠷᠬᠠᠢ ᠶᠢᠨ ᠬᠤᠤᠠᠳᠤᠭ ᠳᠤᠳᠤᠷ᠎ᠠ᠂ ᠣᠯᠤᠰ ᠡᠴᠡ ᠳᠤᠭᠳᠠᠭᠠᠭᠰᠠᠨ ᠪᠠᠶ᠎ᠠ ᠶᠢᠨ ᠭᠦᠳᠡᠯᠮᠦᠷᠢ ᠶᠢᠨ ᠳᠦᠷᠪᠠᠳᠦᠭᠡᠷ ᠳᠠᠰ ᠤᠨ ᠡᠷᠴᠢᠮ ᠤᠨ ᠭᠦᠳᠡᠯᠮᠦᠷᠢ ᠪᠠ ᠣᠠᠳᠤᠤ ᠴᠡᠭᠡᠷ ᠲᠡᠶ ᠭᠦᠳᠡᠯᠮᠦᠷᠢ ᠭᠢᠯᠭᠡᠭᠦ ᠪᠠᠷ ᠳᠤᠭᠢᠷᠠᠭᠤᠯᠬᠤ ᠶᠢ ᠴᠠᠭᠠᠵᠠᠯᠠᠨ᠎ᠠ᠃

ᠵᠢᠷᠠᠳᠤᠭᠠᠷ ᠵᠣᠢ᠌ᠯ ᠡᠮᠡᠭ᠍ᠳᠡᠢ ᠠᠵᠢᠯᠳᠠᠨ ᠠᠵᠢᠯᠴᠢᠨ ᠢ ᠰᠠᠷ᠎ᠠ ᠶᠢᠨ ᠭᠬᠢᠷ ᠤᠨ ᠭᠢᠨᠢ ᠬᠤᠭᠤᠴᠠᠭᠠᠨ ᠳᠤ ᠦᠨᠳᠦᠷ ᠭᠠᠵᠠᠷ᠂ ᠭᠦᠢᠳᠡᠨ ᠭᠠᠵᠠᠷ᠂ ᠭᠦᠢᠳᠡᠨ ᠣᠰᠤᠨ ᠳᠤᠳᠤᠷ᠎ᠠ ᠠᠵᠢᠯᠯᠠᠭᠤᠯᠬᠤ ᠪᠠ ᠣᠯᠤᠰ ᠡᠴᠡ ᠳᠤᠭᠳᠠᠭᠠᠭᠰᠠᠨ ᠪᠠᠶ᠎ᠠ ᠶᠢᠨ ᠭᠦᠳᠡᠯᠮᠦᠷᠢ ᠶᠢᠨ ᠭᠤᠷᠪᠠᠳᠤᠭᠠᠷ ᠳᠠᠰ ᠤᠨ ᠡᠷᠴᠢᠮ ᠤᠨ ᠭᠦᠳᠡᠯᠮᠦᠷᠢ ᠭᠢᠯᠭᠡᠭᠦ ᠪᠠᠷ ᠳᠤᠭᠢᠷᠠᠭᠤᠯᠵᠤ ᠪᠣᠯᠬᠤ ᠦᠭᠡᠶ᠃

ᠵᠢᠷᠠᠨ ᠨᠢᠭᠡᠳᠦᠭᠡᠷ ᠵᠣᠢ᠌ᠯ ᠡᠮᠡᠭ᠍ᠳᠡᠢ ᠠᠵᠢᠯᠳᠠᠨ ᠠᠵᠢᠯᠴᠢᠨ ᠢ ᠵᠢᠷᠮᠤᠰᠤᠨ ᠬᠤᠭᠤᠴᠠᠭᠠᠨ ᠳ᠋ᠤᠨᠢ ᠣᠯᠤᠰ ᠡᠴᠡ ᠳᠤᠭᠳᠠᠭᠠᠭᠰᠠᠨ ᠪᠠᠶ᠎ᠠ ᠶᠢᠨ ᠭᠦᠳᠡᠯᠮᠦᠷᠢ ᠶᠢᠨ ᠭᠤᠷᠪᠠᠳᠤᠭᠠᠷ ᠳᠠᠰ ᠤᠨ ᠡᠷᠴᠢᠮ ᠤᠨ ᠭᠦᠳᠡᠯᠮᠦᠷᠢ ᠪᠠ ᠵᠢᠷᠮᠤᠰᠤᠨ ᠬᠤᠭᠤᠴᠠᠭᠠᠨ ᠳ᠋ᠠᠭᠢ ᠴᠡᠭᠡᠷ ᠲᠡᠶ ᠭᠦᠳᠡᠯᠮᠦᠷᠢ ᠭᠢᠯᠭᠡᠭᠦ ᠪᠠᠷ ᠳᠤᠭᠢᠷᠠᠭᠤᠯᠵᠤ ᠪᠣᠯᠬᠤ ᠦᠭᠡᠶ᠃ ᠵᠢᠷᠮᠦᠰᠦᠯᠡᠭᠡᠤᠨ ᠳᠤᠯᠤᠭᠠᠨ ᠰᠠᠷ᠎ᠠ ᠭᠡᠳᠦᠷᠡᠭ᠍ᠰᠡᠨ ᠡᠮᠡᠭ᠍ᠳᠡᠢ ᠠᠵᠢᠯᠴᠢᠨ ᠤ ᠠᠵᠢᠯᠯᠠᠬᠤ ᠴᠠᠭ ᠢ ᠨᠢ ᠣᠷᠳᠤᠤᠠᠬᠠᠬᠤ ᠪᠠ ᠳᠠᠳᠠ ᠨᠡᠷ ᠢ ᠰᠦᠨᠢ ᠶᠢᠨ ᠡᠭᠡᠯᠵᠢᠨ ᠤ ᠭᠦᠳᠡᠯᠮᠦᠷᠢ ᠭᠢᠯᠭᠡᠭᠦ ᠳᠤ ᠳᠤᠭᠢᠷᠠᠭᠤᠯᠵᠤ ᠪᠣᠯᠬᠤ ᠦᠭᠡᠶ᠃

ᠵᠢᠷᠠᠨ ᠬᠤᠶᠠᠳᠤᠭᠠᠷ ᠵᠣᠢ᠌ᠯ ᠡᠮᠡᠭ᠍ᠳᠡᠢ ᠠᠵᠢᠯᠳᠠᠨ ᠠᠵᠢᠯᠴᠢᠨ ᠭᠦᠩᠭᠡᠵᠢᠭ᠍ᠰᠡᠨ ᠤ ᠳᠠᠷᠠᠭ᠎ᠠ ᠶᠠᠷᠠᠨ ᠡᠳᠦᠷ ᠡᠴᠡ ᠳᠤᠷᠤᠭᠰᠢ ᠦᠭᠡᠶ ᠭᠦᠩᠭᠡᠵᠢᠭᠦ ᠴᠢᠯᠦᠭᠡ ᠶᠢ ᠡᠳᠡᠯᠡᠨ᠎ᠡ᠃

ᠵᠢᠷᠠᠨ ᠭᠤᠷᠪᠠᠳᠤᠭᠠᠷ ᠵᠣᠢ᠌ᠯ ᠡᠮᠡᠭ᠍ᠳᠡᠢ ᠠᠵᠢᠯᠳᠠᠨ ᠠᠵᠢᠯᠴᠢᠨ ᠢ ᠣᠢ ᠭᠦᠷᠦᠭᠡᠳᠦᠢ ᠨᠢᠯᠬ᠎ᠠ ᠭᠡᠦᠭᠡᠤᠨ ᠶᠢᠡᠨ ᠭᠦᠭᠦᠭᠦᠯᠵᠤ ᠪᠠᠢ᠌ᠭ᠎ᠠ ᠬᠤᠭᠤᠴᠠᠭᠠᠨ ᠳ᠋ᠤᠨᠢ ᠣᠯᠤᠰ ᠡᠴᠡ ᠳᠤᠭᠳᠠᠭᠠᠭᠰᠠᠨ ᠪᠠᠶ᠎ᠠ ᠶᠢᠨ ᠭᠦᠳᠡᠯᠮᠦᠷᠢ ᠶᠢᠨ ᠭᠤᠷᠪᠠᠳᠤᠭᠠᠷ ᠳᠠᠰ ᠤᠨ ᠡᠷᠴᠢᠮ ᠤᠨ ᠭᠦᠳᠡᠯᠮᠦᠷᠢ ᠪᠠ ᠭᠦᠭᠦᠭᠦᠯᠵᠤ ᠪᠠᠢ᠌ᠭ᠎ᠠ ᠬᠤᠭᠤᠴᠠᠭᠠᠨ ᠳ᠋ᠠᠭᠢ ᠴᠡᠭᠡᠷ ᠲᠡᠶ ᠪᠣᠰᠤᠳ ᠭᠦᠳᠡᠯᠮᠦᠷᠢ ᠭᠢᠯᠭᠡᠭᠦ ᠪᠠᠷ ᠳᠤᠭᠢᠷᠠᠭᠤᠯᠵᠤ ᠪᠣᠯᠬᠤ ᠦᠭᠡᠶ᠂ ᠳᠡᠭᠦᠨ ᠤ ᠠᠵᠢᠯᠯᠠᠬᠤ ᠴᠠᠭ ᠢ ᠨᠢ ᠣᠷᠳᠤᠤᠠᠬᠠᠬᠤ ᠪᠠ ᠰᠦᠨᠢ ᠶᠢᠨ ᠡᠭᠡᠯᠵᠢᠨ ᠤ ᠭᠦᠳᠡᠯᠮᠦᠷᠢ ᠭᠢᠯᠭᠡᠭᠦ ᠪᠠᠷ ᠳᠤᠭᠢᠷᠠᠭᠤᠯᠵᠤ ᠪᠣᠯᠬᠤ ᠦᠭᠡᠶ᠃

ᠵᠢᠷᠠᠨ ᠳᠦᠷᠪᠠᠳᠦᠭᠡᠷ ᠵᠣᠢ᠌ᠯ ᠨᠠᠰᠤᠨ ᠳᠤ ᠭᠦᠷᠦᠭᠡᠳᠦᠢ ᠠᠵᠢᠯᠴᠢᠨ ᠢ ᠠᠭᠤᠷᠬᠠᠢ ᠶᠢᠨ ᠬᠤᠤᠠᠳᠤᠭ ᠳᠤᠳᠤᠷ᠎ᠠ ᠠᠵᠢᠯᠯᠠᠭᠤᠯᠬᠤ᠂ ᠬᠤᠤᠷ ᠭᠦᠨᠦᠭᠡᠯ ᠲᠡᠶ ᠠᠵᠢᠯ ᠭᠢᠯᠭᠡᠭᠦ᠂ ᠣᠯᠤᠰ ᠡᠴᠡ ᠳᠤᠭᠳᠠᠭᠠᠭᠰᠠᠨ ᠪᠠᠶ᠎ᠠ ᠶᠢᠨ ᠭᠦᠳᠡᠯᠮᠦᠷᠢ ᠶᠢᠨ ᠳᠦᠷᠪᠠᠳᠦᠭᠡᠷ ᠳᠠᠰ ᠤᠨ ᠡᠷᠴᠢᠮ ᠤᠨ ᠭᠦᠳᠡᠯᠮᠦᠷᠢ ᠪᠠ ᠪᠣᠰᠤᠳ ᠴᠡᠭᠡᠷ ᠲᠡᠶ ᠭᠦᠳᠡᠯᠮᠦᠷᠢ ᠭᠢᠯᠭᠡᠭᠦ ᠪᠠᠷ ᠳᠤᠭᠢᠷᠠᠭᠤᠯᠵᠤ ᠪᠣᠯᠬᠤ ᠦᠭᠡᠶ᠃

ᠵᠢᠷᠠᠨ ᠳᠠᠪᠣᠳᠤᠭᠠᠷ ᠵᠣᠢ᠌ᠯ ᠭᠦᠮᠤᠨ ᠭᠡᠷᠡᠭᠯᠡᠭᠦ ᠨᠢᠭᠡᠴᠢ ᠨᠠᠰᠤᠨ ᠳᠤ ᠭᠦᠷᠦᠭᠡᠳᠦᠢ ᠠᠵᠢᠯᠳᠠᠨ ᠠᠵᠢᠯᠴᠢᠨ ᠳᠤ ᠳᠤᠭᠳᠠᠮᠠᠯ ᠬᠤᠭᠤᠴᠠᠭ᠎ᠠ ᠲᠡᠶ ᠪᠠᠷ ᠡᠷᠡᠭᠦᠯ ᠮᠠᠠᠳᠤ ᠶᠢᠨ ᠪᠠᠢ᠌ᠴᠠᠭᠠᠯᠳᠠ ᠭᠢᠭᠦ ᠭᠡᠷᠡᠭ᠍ᠳᠡᠢ᠃


ᠨᠢ᠋ᠮᠠᠳᠤᠭᠠᠷ ᠪᠦᠯᠦᠭ᠌      ᠠᠵᠢᠯ ᠮᠡᠷᠭᠡᠵᠢᠯ ᠤᠨ ᠪᠣᠯᠪᠠᠰᠤᠷᠠᠯ


ᠵᠢᠷᠠᠨ ᠵᠢᠷᠭᠤᠳᠤᠭᠠᠷ ᠵᠣᠢ᠌ᠯ ᠣᠯᠤᠰ ᠡᠴᠡ ᠡᠯ᠎ᠡ ᠵᠣᠢ᠌ᠯ ᠤᠨ ᠠᠷᠭ᠎ᠠ ᠵᠠᠮ ᠶᠢᠡᠷ ᠣᠯᠠᠨ ᠵᠣᠢ᠌ᠯ ᠤᠨ ᠠᠷᠭ᠎ᠠ ᠭᠡᠮᠵᠢᠶ᠎ᠡ ᠠᠪᠴᠤ ᠠᠵᠢᠯ ᠮᠡᠷᠭᠡᠵᠢᠯ ᠤᠨ ᠪᠣᠯᠪᠠᠰᠤᠷᠠᠯ ᠤᠨ ᠣᠢ᠌ᠯᠠᠰ ᠢ ᠭᠦᠭ᠍ᠵᠢᠭᠦᠯᠵᠤ᠂ ᠭᠦᠳᠡᠯᠮᠦᠷᠢᠴᠢᠳ ᠤᠨ ᠠᠵᠢᠯ ᠮᠡᠷᠭᠡᠵᠢᠯ ᠤᠨ ᠮᠡᠷᠭᠡᠰᠢᠯ ᠴᠢᠳᠠᠪᠣᠷᠢ ᠶᠢ ᠨᠡᠭᠡᠭᠡᠨ ᠨᠡᠮᠡᠭ᠍ᠳᠡᠭᠦᠯᠵᠤ᠂ ᠭᠦᠳᠡᠯᠮᠦᠷᠢᠴᠢᠳ ᠤᠨ ᠭᠡᠪ ᠴᠢᠨᠠᠷ ᠢ ᠳᠡᠭᠡᠭ᠍ᠰᠢᠯᠡᠭᠦᠯᠵᠤ᠂ ᠭᠦᠳᠡᠯᠮᠦᠷᠢᠴᠢᠳ ᠤᠨ ᠠᠵᠢᠯ ᠣᠯᠬᠤ ᠴᠢᠳᠠᠪᠣᠷᠢ ᠪᠠ ᠠᠵᠢᠯ ᠤᠨ ᠴᠢᠳᠠᠪᠣᠷᠢ ᠶᠢ ᠨᠡᠮᠡᠭ᠍ᠳᠡᠭᠦᠯᠦᠨ᠎ᠡ᠃

ᠵᠢᠷᠠᠨ ᠳᠤᠯᠤᠳᠤᠭᠠᠷ ᠵᠣᠢ᠌ᠯ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠠᠵᠢᠯ ᠮᠡᠷᠭᠡᠵᠢᠯ ᠤᠨ ᠪᠣᠯᠪᠠᠰᠤᠷᠠᠯ ᠢ ᠭᠦᠭ᠍ᠵᠢᠭᠦᠯᠭᠦ ᠶᠢ ᠨᠡᠢ᠌ᠭᠡᠮ ᠠᠵᠤ ᠠᠬᠤᠢ ᠶᠢᠨ ᠭᠦᠭ᠍ᠵᠢᠯᠳᠡ ᠶᠢᠨ ᠳᠦᠯᠦᠪᠵᠢᠭᠦᠯᠭᠡ ᠳᠡᠭᠡᠨ ᠣᠷᠤᠭᠤᠯᠵᠤ᠂ ᠨᠥᠭᠦᠴᠡᠯ ᠲᠡᠶ ᠠᠵᠤ ᠠᠬᠤᠢ᠌ᠯᠠᠯ᠂ ᠠᠵᠢᠯ ᠣᠢ᠌ᠯᠠᠰ ᠤᠨ ᠵᠤᠬᠢᠶᠠᠨ ᠪᠠᠢ᠌ᠭᠤᠯᠤᠯᠳᠠ᠂ ᠨᠡᠢ᠌ᠭᠡᠮ ᠤᠨ ᠪᠦᠯᠭᠦᠮ ᠪᠠ ᠬᠤᠪᠢ ᠭᠦᠮᠤᠨ ᠤ ᠡᠯ᠎ᠡ ᠵᠣᠢ᠌ᠯ ᠤᠨ ᠭᠡᠯᠪᠠᠷᠢ ᠪᠠᠷ ᠠᠵᠢᠯ ᠮᠡᠷᠭᠡᠵᠢᠯ ᠤᠨ ᠪᠣᠯᠪᠠᠰᠤᠷᠠᠯ ᠭᠢᠭᠦ ᠶᠢ ᠵᠤᠷᠢᠭᠵᠢᠭᠤᠯᠤᠨ ᠳᠡᠮᠵᠢᠭᠦ ᠭᠡᠷᠡᠭ᠍ᠳᠡᠢ᠃

ᠵᠢᠷᠠᠨ ᠨᠢ᠋ᠮᠠᠳᠤᠭᠠᠷ ᠵᠣᠢ᠌ᠯ ᠭᠦᠮᠤᠨ ᠭᠡᠷᠡᠭᠯᠡᠭᠦ ᠨᠢᠭᠡᠴᠢ ᠠᠵᠢᠯ ᠮᠡᠷᠭᠡᠵᠢᠯ ᠤᠨ ᠪᠣᠯᠪᠠᠰᠤᠷᠠᠯ ᠤᠨ ᠳᠦᠷᠢᠮ ᠢ ᠪᠠᠢ᠌ᠭᠤᠯᠵᠤ᠂ ᠣᠯᠤᠰ ᠤᠨ ᠳᠤᠭᠳᠠᠭᠠᠯ ᠶᠤᠰᠤᠭᠠᠷ ᠠᠵᠢᠯ ᠮᠡᠷᠭᠡᠵᠢᠯ ᠤᠨ ᠪᠣᠯᠪᠠᠰᠤᠷᠠᠯ ᠤᠨ ᠵᠠᠷᠤᠳᠠᠯ ᠢ ᠭᠠᠷᠭᠠᠨ ᠠᠪᠬᠤ ᠪᠠ ᠭᠡᠷᠡᠭᠯᠡᠵᠤ᠂ ᠳᠤᠰ ᠨᠢᠭᠡᠴᠢ ᠶᠢᠨ ᠶᠢᠡᠨ ᠪᠣᠳᠠᠳᠤ ᠪᠠᠢ᠌ᠳᠠᠯ ᠢ ᠦᠨᠳᠦᠰᠦᠯᠠᠨ ᠭᠦᠳᠡᠯᠮᠦᠷᠢᠴᠢᠳ ᠢ ᠳᠦᠯᠦᠪᠯᠡᠭᠡ ᠲᠡᠶ ᠪᠠᠷ ᠠᠵᠢᠯ ᠮᠡᠷᠭᠡᠵᠢᠯ ᠤᠨ ᠪᠣᠯᠪᠠᠰᠤᠷᠠᠯ ᠭᠢᠯᠭᠡᠭᠦ ᠭᠡᠷᠡᠭ᠍ᠳᠡᠢ᠃ ᠮᠡᠷᠭᠡᠵᠢᠯ ᠤᠨ ᠲᠦᠷᠦᠯ ᠤᠨ ᠠᠵᠢᠯ ᠭᠢᠭᠦ ᠭᠦᠳᠡᠯᠮᠦᠷᠢᠴᠢᠳ ᠠᠵᠢᠯ ᠤᠨ ᠪᠠᠢ᠌ᠷᠢ ᠳᠤ ᠭᠠᠷᠬᠤ ᠡᠴᠡ ᠪᠠᠨ ᠡᠮᠦᠨ᠎ᠡ ᠡᠷᠭᠡᠪᠰᠢ ᠪᠣᠯᠪᠠᠰᠤᠷᠠᠯ ᠭᠦᠷᠳᠡᠭᠦ ᠭᠡᠷᠡᠭ᠍ᠳᠡᠢ᠃

ᠵᠢᠷᠠ ᠶ‍ᠢᠰᠦᠳᠦᠭᠡᠷ ᠵᠣᠢ᠌ᠯ ᠣᠯᠤᠰ ᠡᠴᠡ ᠠᠵᠢᠯ ᠮᠡᠷᠭᠡᠵᠢᠯ ᠤᠨ ᠲᠦᠷᠦᠯ ᠬᠤᠪᠢᠶᠠᠷᠢ ᠶᠢ ᠳᠤᠭᠳᠠᠭᠠᠵᠤ᠂ ᠳᠤᠭᠳᠠᠭᠠᠭᠰᠠᠨ ᠠᠵᠢᠯ ᠮᠡᠷᠭᠡᠵᠢᠯ ᠤᠨ ᠮᠡᠷᠭᠡᠰᠢᠯ ᠴᠢᠳᠠᠪᠣᠷᠢ ᠶᠢᠨ ᠪᠠᠷᠢᠮᠵᠢᠶ᠎ᠠ ᠳᠤᠭᠳᠠᠭᠠᠵᠤ᠂ ᠠᠵᠢᠯ ᠮᠡᠷᠭᠡᠵᠢᠯ ᠤᠨ ᠭᠢᠷᠢ ᠭᠡᠮ ᠤᠨ ᠦᠨᠡᠮᠯᠠᠯ ᠤᠨ ᠳᠦᠷᠢᠮ ᠢ ᠭᠡᠷᠡᠭ᠍ᠵᠢᠭᠦᠯᠤᠨ᠂ ᠵᠠᠰᠠᠭ ᠤᠨ ᠣᠷᠳᠤᠨ ᠶᠢᠡᠷ ᠵᠥᠪᠰᠢᠶᠡᠷᠡᠭᠦᠯᠦᠭ᠍ᠰᠡᠨ ᠭᠢᠨᠠᠨ ᠳᠤᠭᠳᠠᠭᠠᠬᠤ ᠪᠠᠢ᠌ᠭᠤᠯᠤᠮᠵᠢ ᠡᠴᠡ ᠭᠦᠳᠡᠯᠮᠦᠷᠢᠴᠢᠳ ᠲᠤ ᠠᠵᠢᠯ ᠮᠡᠷᠭᠡᠵᠢᠯ ᠤᠨ ᠮᠡᠷᠭᠡᠰᠢᠯ ᠴᠢᠳᠠᠪᠣᠷᠢ ᠶᠢᠨ ᠭᠢᠨᠠᠨ ᠳᠤᠭᠳᠠᠭᠠᠯᠳᠠ ᠭᠢᠭᠦ ᠶᠢ ᠬᠠᠷᠢᠭᠤᠴᠠᠨ᠎ᠠ᠃


ᠶ‍ᠢᠰᠦᠳᠦᠭᠡᠷ ᠪᠦᠯᠦᠭ᠌     ᠨᠡᠢ᠌ᠭᠡᠮ ᠤᠨ ᠳᠠᠭᠠᠤᠠᠬᠠᠯ ᠪᠠ ᠠᠰᠠᠷᠠᠮᠵᠢ


ᠳᠠᠯᠠᠳᠤᠭᠠᠷ ᠵᠣᠢ᠌ᠯ ᠣᠯᠤᠰ ᠡᠴᠡ ᠨᠡᠢ᠌ᠭᠡᠮ ᠤᠨ ᠳᠠᠭᠠᠤᠠᠬᠠᠯ ᠤᠨ ᠣᠢ᠌ᠯᠠᠰ ᠢ ᠭᠦᠭ᠍ᠵᠢᠭᠦᠯᠤᠨ᠂ ᠨᠡᠢ᠌ᠭᠡᠮ ᠤᠨ ᠳᠠᠭᠠᠤᠠᠬᠠᠯ ᠤᠨ ᠳᠦᠷᠢᠮ ᠢ ᠪᠠᠢ᠌ᠭᠤᠯᠵᠤ᠂ ᠨᠡᠢ᠌ᠭᠡᠮ ᠤᠨ ᠳᠠᠭᠠᠤᠠᠬᠠᠯ ᠤᠨ ᠰᠠᠭᠤᠷᠢ ᠮᠥᠩᠭᠦ ᠭᠠᠷᠭᠠᠵᠤ᠂ ᠭᠦᠳᠡᠯᠮᠦᠷᠢᠴᠢᠳ ᠤᠨ ᠥᠳᠡᠯᠭᠦ᠂ ᠡᠪᠠᠦᠡᠴᠢᠯᠡᠭᠦ᠂ ᠠᠵᠢᠯ ᠤᠨ ᠬᠠᠷᠠᠭ᠎ᠠ ᠪᠠᠷ ᠰᠢᠷᠬᠠᠳᠤᠬᠤ᠂ ᠠᠵᠢᠯ ᠠᠯᠳᠠᠬᠤ᠂ ᠭᠦᠩᠭᠡᠵᠢᠵᠤ ᠪᠣᠢ᠌ᠵᠢᠭᠤᠯᠬᠤ ᠵᠡᠷᠭᠡ ᠪᠠᠢ᠌ᠳᠠᠯ ᠳᠤᠤᠷ᠎ᠠ ᠬᠠᠪᠰᠤᠷᠤᠯᠭ᠎ᠠ ᠪᠠ ᠨᠥᠭᠦᠪᠦᠷᠢ ᠤᠯᠭᠤᠨ᠎ᠠ᠃

ᠳᠠᠯᠠᠨ ᠨᠢᠭᠡᠳᠦᠭᠡᠷ ᠵᠣᠢ᠌ᠯ ᠨᠡᠢ᠌ᠭᠡᠮ ᠤᠨ ᠳᠠᠭᠠᠤᠠᠬᠠᠯ ᠤᠨ ᠭᠢᠷᠢ ᠭᠡᠮᠵᠢᠶ᠎ᠡ ᠨᠢ ᠨᠡᠢ᠌ᠭᠡᠮ ᠤᠨ ᠠᠵᠤ ᠠᠬᠤᠢ ᠶᠢᠨ ᠭᠦᠭ᠍ᠵᠢᠯᠳᠡ ᠶᠢᠨ ᠭᠢᠷᠢ ᠭᠡᠮᠵᠢᠶ᠎ᠡ ᠪᠠ ᠨᠡᠢ᠌ᠭᠡᠮ ᠤᠨ ᠡᠭᠦᠷᠭᠡᠯᠡᠨ ᠳᠠᠭᠠᠭᠠᠬᠤ ᠴᠢᠳᠠᠪᠣᠷᠢ ᠲᠡᠶ ᠵᠤᠭᠢᠴᠠᠯᠳᠤᠬᠤ ᠭᠡᠷᠡᠭ᠍ᠳᠡᠢ᠃

ᠳᠠᠯᠠᠨ ᠬᠤᠶᠠᠳᠤᠭᠠᠷ ᠵᠣᠢ᠌ᠯ ᠨᠡᠢ᠌ᠭᠡᠮ ᠤᠨ ᠳᠠᠭᠠᠤᠠᠬᠠᠯ ᠤᠨ ᠰᠠᠭᠤᠷᠢ ᠮᠥᠩᠭᠦ ᠶᠢ ᠪᠣᠯ ᠳᠠᠭᠠᠤᠠᠬᠠᠯ ᠤᠨ ᠲᠦᠷᠦᠯ ᠢ ᠨᠢ ᠦᠨᠳᠦᠰᠦᠯᠠᠨ ᠪᠠᠯᠠ ᠮᠥᠩᠭᠦᠨ ᠤ ᠢᠷᠠᠯᠳᠠ ᠶᠢ ᠨᠢ ᠳᠤᠭᠳᠠᠭᠠᠵᠤ᠂ ᠢᠳᠡᠭ᠌ ᠢᠳᠡᠭ᠌ ᠶᠢᠡᠷ ᠨᠡᠢ᠌ᠭᠡᠮ ᠳᠡᠭᠡᠷ᠎ᠡ ᠡᠴᠡ ᠨᠢᠭᠡᠳᠦᠯᠳᠡᠢ ᠴᠤᠭᠯᠠᠭᠤᠯᠬᠤ ᠪᠣᠯᠭᠠᠨ᠎ᠠ᠃ ᠭᠦᠮᠤᠨ ᠭᠡᠷᠡᠭᠯᠡᠭᠦ ᠨᠢᠭᠡᠴᠢ ᠪᠠ ᠭᠦᠳᠡᠯᠮᠦᠷᠢᠴᠢᠳ ᠡᠷᠭᠡᠪᠰᠢ ᠬᠠᠤᠯᠢ ᠶᠤᠰᠤᠭᠠᠷ ᠨᠡᠢ᠌ᠭᠡᠮ ᠤᠨ ᠳᠠᠭᠠᠤᠠᠬᠠᠯ ᠳᠤ ᠣᠷᠤᠯᠴᠠᠵᠤ ᠨᠡᠢ᠌ᠭᠡᠮ ᠤᠨ ᠳᠠᠭᠠᠤᠠᠬᠠᠯ ᠤᠨ ᠰᠥᠢᠦᠡᠭᠡᠯ ᠳᠤᠰᠢᠶᠠᠬᠤ ᠭᠡᠷᠡᠭ᠍ᠳᠡᠢ᠃

ᠳᠠᠯᠠᠨ ᠭᠤᠷᠪᠠᠳᠤᠭᠠᠷ ᠵᠣᠢ᠌ᠯ ᠭᠦᠳᠡᠯᠮᠦᠷᠢᠴᠢᠳ ᠳᠤᠤᠷ᠎ᠠ ᠵᠢᠭᠰᠠᠭᠠᠭᠰᠠᠨ ᠪᠠᠢ᠌ᠳᠠᠯ ᠤᠨ ᠳᠤᠤᠷ᠎ᠠ ᠨᠡᠢ᠌ᠭᠡᠮ ᠤᠨ ᠳᠠᠭᠠᠤᠠᠬᠠᠯ ᠤᠨ ᠬᠠᠷᠠᠭᠠᠯᠵᠠᠯ ᠢ ᠬᠠᠤᠯᠢ ᠶᠤᠰᠤᠭᠠᠷ ᠭᠦᠷᠳᠡᠨ᠎ᠡ᠄

(ᠨᠢᠭᠡ ) ᠨᠠᠰᠤᠨ ᠤ ᠠᠮᠠᠷᠠᠯᠳᠠ ᠪᠠᠨ ᠠᠪᠣᠭᠰᠠᠨ

(ᠬᠤᠶᠠᠷ) ᠡᠪᠠᠦᠡᠴᠢᠯᠡᠭ᠍ᠰᠡᠨ᠂ ᠰᠢᠷᠬᠠᠳᠤᠭᠰᠠᠨ

(ᠭᠤᠷᠪᠠ) ᠠᠵᠢᠯ ᠤᠨ ᠬᠠᠷᠠᠭ᠎ᠠ ᠪᠠᠷ ᠰᠢᠷᠬᠠᠳᠤᠵᠤ ᠵᠡᠮᠳᠡᠭ᠌ ᠪᠣᠯᠤᠭᠰᠠᠨ ᠪᠣᠶᠤ ᠠᠵᠢᠯ ᠤᠨ ᠴᠢᠨᠠᠷᠳᠠᠢ ᠡᠪᠠᠦᠡᠴᠢᠨ ᠣᠯᠤᠭᠰᠠᠨ

(ᠳᠦᠷᠪᠠ) ᠠᠵᠢᠯ ᠠᠯᠳᠠᠭᠰᠠᠨ

(ᠲ᠋ᠠᠪᠣ ) ᠭᠦᠩᠭᠡᠵᠢᠭ᠍ᠰᠡᠨ᠃

ᠭᠦᠳᠡᠯᠮᠦᠷᠢᠴᠢᠨ ᠨᠠᠰᠤ ᠪᠠᠷᠠᠭᠰᠠᠨ ᠤ ᠳᠠᠷᠠᠭ᠎ᠠ ᠭᠡᠷ ᠪᠦᠯᠢ ᠶᠢᠨ ᠭᠢᠨ ᠬᠠᠤᠯᠢ ᠶᠤᠰᠤᠭᠠᠷ ᠭᠡᠷ ᠪᠦᠯᠢ ᠶᠢᠨ ᠭᠢᠨ ᠤ ᠣᠯᠭᠤᠮᠵᠢ ᠭᠦᠷᠳᠡᠨ᠎ᠡ᠃

ᠭᠦᠳᠡᠯᠮᠦᠷᠢᠴᠢᠳ ᠤᠨ ᠨᠡᠢ᠌ᠭᠡᠮ ᠤᠨ ᠳᠠᠭᠠᠤᠠᠬᠠᠯ ᠤᠨ ᠬᠠᠷᠠᠭᠠᠯᠵᠠᠯ ᠭᠦᠷᠳᠡᠭᠦ ᠨᠥᠭᠦᠴᠡᠯ ᠪᠠ ᠪᠠᠷᠢᠮᠵᠢᠶ᠎ᠠ ᠶᠢ ᠬᠠᠤᠯᠢ ᠴᠠᠭᠠᠵᠠ᠂ ᠬᠠᠤᠯᠢ ᠳᠤᠭᠳᠠᠭᠠᠯ ᠶᠢᠡᠷ ᠳᠤᠭᠳᠠᠭᠠᠨ᠎ᠠ᠃

ᠭᠦᠳᠡᠯᠮᠦᠷᠢᠴᠢᠳ ᠤᠨ ᠡᠳ᠋ᠯᠡᠭᠦ ᠨᠡᠢ᠌ᠭᠡᠮ ᠤᠨ ᠳᠠᠭᠠᠤᠠᠬᠠᠯ ᠤᠨ ᠬᠠᠷᠠᠭᠠᠯᠵᠠᠯ ᠭᠦᠷᠳᠡᠭᠦ ᠨᠥᠭᠦᠴᠡᠯ ᠪᠠ ᠪᠠᠷᠢᠮᠵᠢᠶ᠎ᠠ ᠶᠢ ᠬᠠᠤᠯᠢ ᠴᠠᠭᠠᠵᠠ᠂ ᠬᠠᠤᠯᠢ ᠳᠤᠭᠳᠠᠭᠠᠯ ᠶᠢᠡᠷ ᠳᠤᠭᠳᠠᠭᠠᠨ᠎ᠠ᠃

ᠭᠦᠳᠡᠯᠮᠦᠷᠢᠴᠢᠳ ᠤᠨ ᠡᠳ᠋ᠯᠡᠭᠦ ᠨᠡᠢ᠌ᠭᠡᠮ ᠤᠨ ᠳᠠᠭᠠᠤᠠᠬᠠᠯ ᠤᠨ ᠮᠥᠩᠭᠦ ᠶᠢ ᠡᠷᠭᠡᠪᠰᠢ ᠴᠠᠭ ᠳᠤᠬᠠᠢ ᠳ᠋ᠤᠨᠢ ᠳᠤᠭ᠎ᠠ ᠶᠤᠰᠤᠭᠠᠷ ᠨᠢ ᠣᠯᠭᠤᠬᠤ ᠭᠡᠷᠡᠭ᠍ᠳᠡᠢ᠃

ᠳᠠᠯᠠᠨ ᠳᠦᠷᠪᠠᠳᠦᠭᠡᠷ ᠵᠣᠢ᠌ᠯ ᠨᠡᠢ᠌ᠭᠡᠮ ᠤᠨ ᠳᠠᠭᠠᠤᠠᠬᠠᠯ ᠤᠨ ᠰᠠᠭᠤᠷᠢ ᠮᠥᠩᠭᠦ ᠶᠢ ᠭᠠᠷᠳᠠᠨ ᠡᠷᠭᠢᠯᠡᠭᠦ ᠪᠠᠢ᠌ᠭᠤᠯᠤᠮᠵᠢ ᠨᠡᠢ᠌ᠭᠡᠮ ᠤᠨ ᠳᠠᠭᠠᠤᠠᠬᠠᠯ ᠤᠨ ᠰᠠᠭᠤᠷᠢ ᠮᠥᠩᠭᠦ ᠶᠢ ᠬᠠᠤᠯᠢ ᠶᠢᠨ ᠳᠤᠭᠳᠠᠭᠠᠯ ᠶᠤᠰᠤᠭᠠᠷ ᠬᠤᠷᠢᠶᠠᠨ ᠠᠪᠴᠤ ᠵᠠᠷᠤᠬᠤ᠂ ᠬᠠᠮᠢᠶᠠᠷᠬᠤ ᠪᠠ ᠭᠡᠷᠡᠭᠯᠡᠭᠦ ᠪᠦᠭᠡᠤᠨ ᠨᠡᠢ᠌ᠭᠡᠮ ᠤᠨ ᠳᠠᠭᠠᠤᠠᠬᠠᠯ ᠤᠨ ᠰᠠᠭᠤᠷᠢ ᠮᠥᠩᠭᠦ ᠶᠢᠨ ᠥᠷᠳᠡᠭ᠌ ᠢ ᠪᠠᠳᠤᠯᠠᠵᠤ ᠨᠡᠮᠡᠭ᠍ᠳᠡᠭᠦᠯᠭᠦ ᠬᠠᠷᠢᠭᠤᠴᠠᠯᠭ᠎ᠠ ᠲᠡᠶ᠃

ᠨᠡᠢ᠌ᠭᠡᠮ ᠤᠨ ᠳᠠᠭᠠᠤᠠᠬᠠᠯ ᠤᠨ ᠰᠠᠭᠤᠷᠢ ᠮᠥᠩᠭᠦᠨ ᠳᠤ ᠭᠢᠨᠠᠯᠳᠠ ᠳᠠᠯᠪᠢᠬᠤ ᠪᠠᠢ᠌ᠭᠤᠯᠤᠮᠵᠢ ᠬᠠᠤᠯᠢ ᠶᠢᠨ ᠳᠤᠭᠳᠠᠭᠠᠯ ᠶᠤᠰᠤᠭᠠᠷ ᠨᠡᠢ᠌ᠭᠡᠮ ᠤᠨ ᠳᠠᠭᠠᠤᠠᠬᠠᠯ ᠤᠨ ᠮᠥᠩᠭᠦ ᠶᠢ ᠬᠤᠷᠢᠶᠠᠨ ᠠᠪᠴᠤ ᠵᠠᠷᠤᠬᠤ᠂ ᠬᠠᠮᠢᠶᠠᠷᠴᠤ ᠭᠡᠷᠡᠭᠯᠡᠵᠤ ᠪᠠᠢ᠌ᠭ᠎ᠠ ᠪᠠᠢ᠌ᠳᠠᠯ ᠳᠤ ᠭᠢᠨᠠᠯᠳᠠ ᠳᠠᠯᠪᠢᠨ᠎ᠠ᠃

ᠨᠡᠢ᠌ᠭᠡᠮ ᠤᠨ ᠳᠠᠭᠠᠤᠠᠬᠠᠯ ᠤᠨ ᠰᠠᠭᠤᠷᠢ ᠮᠥᠩᠭᠦ ᠶᠢ ᠭᠠᠷᠳᠠᠨ ᠡᠷᠭᠢᠯᠡᠭᠦ ᠪᠠᠢ᠌ᠭᠤᠯᠤᠮᠵᠢ ᠪᠠ ᠨᠡᠢ᠌ᠭᠡᠮ ᠤᠨ ᠳᠠᠭᠠᠤᠠᠬᠠᠯ ᠤᠨ ᠰᠠᠭᠤᠷᠢ ᠮᠥᠩᠭᠦᠨ ᠳᠤ ᠭᠢᠨᠠᠯᠳᠠ ᠳᠠᠯᠪᠢᠬᠤ ᠪᠠᠢ᠌ᠭᠤᠯᠤᠮᠵᠢ ᠶᠢ ᠪᠠᠢ᠌ᠭᠤᠯᠬᠤ ᠪᠠ ᠳᠡᠭᠦᠨ ᠤ ᠡᠭᠦᠷᠭᠡ ᠳᠤᠰᠢᠶᠠᠯ ᠢ ᠬᠠᠤᠯᠢ ᠪᠠᠷ ᠳᠤᠭᠳᠠᠭᠠᠨ᠎ᠠ᠃

ᠶᠠᠮᠠᠷᠪᠠ ᠵᠤᠬᠢᠶᠠᠨ ᠪᠠᠢ᠌ᠭᠤᠯᠤᠯᠳᠠ ᠪᠠ ᠬᠤᠪᠢ ᠭᠦᠮᠤᠨ ᠨᠡᠢ᠌ᠭᠡᠮ ᠤᠨ ᠳᠠᠭᠠᠤᠠᠬᠠᠯ ᠤᠨ ᠰᠠᠭᠤᠷᠢ ᠮᠥᠩᠭᠦ ᠶᠢ ᠨᠡᠭᠦᠯᠭᠡᠨ ᠭᠡᠷᠡᠭᠯᠡᠵᠤ ᠪᠣᠯᠬᠤ ᠦᠭᠡᠶ᠃

ᠳᠠᠯᠠᠨ ᠳᠠᠪᠣᠳᠤᠭᠠᠷ ᠵᠣᠢ᠌ᠯ ᠭᠦᠮᠤᠨ ᠭᠡᠷᠡᠭᠡᠯᠡᠭᠦ ᠨᠢᠭᠡᠴᠢ ᠶᠢᠨ ᠳᠤᠰ ᠨᠢᠭᠡᠴᠢ ᠶᠢᠨ ᠶᠢᠡᠨ ᠪᠣᠳᠠᠳᠤ ᠪᠠᠢ᠌ᠳᠠᠯ ᠢ ᠦᠨᠳᠦᠰᠦᠯᠠᠨ ᠭᠦᠳᠡᠯᠮᠦᠷᠢᠴᠢᠳ ᠲᠤ ᠨᠥᠭᠦᠪᠦᠷᠢ ᠳᠠᠭᠠᠤᠠᠬᠠᠯ ᠪᠠᠢ᠌ᠭᠤᠯᠵᠤ ᠦᠭ‍ᠭᠦ ᠶᠢ ᠣᠯᠤᠰ ᠡᠴᠡ ᠵᠤᠷᠢᠭᠵᠢᠭᠤᠯᠤᠨ᠎ᠠ᠃

ᠭᠦᠳᠡᠯᠮᠦᠷᠢᠴᠢᠳ ᠤᠨ ᠬᠤᠪᠢ ᠪᠠᠷ ᠶᠢᠡᠨ ᠬᠠᠳᠠᠭᠠᠯᠠᠮᠵᠢ ᠶᠢᠨ ᠴᠢᠨᠠᠷᠳᠠᠢ ᠳᠠᠭᠠᠤᠠᠬᠠᠯ ᠭᠢᠭᠦ ᠶᠢ ᠣᠯᠤᠰ ᠡᠴᠡ ᠰᠠᠨᠠᠭᠠᠴᠢᠯᠠᠨ᠎ᠠ᠃

ᠳᠠᠯᠠᠨ ᠵᠢᠷᠭᠤᠳᠤᠭᠠᠷ ᠵᠣᠢ᠌ᠯ ᠣᠯᠤᠰ ᠡᠴᠡ ᠨᠡᠢ᠌ᠭᠡᠮ ᠤᠨ ᠠᠰᠠᠷᠠᠮᠵᠢ ᠶᠢᠨ ᠣᠢ᠌ᠯᠠᠰ ᠢ ᠭᠦᠭ᠍ᠵᠢᠭᠦᠯᠵᠤ᠂ ᠣᠯᠠᠨ ᠨᠠᠢ᠌ᠳᠠ ᠶᠢᠨ ᠠᠰᠠᠷᠠᠮᠵᠢ ᠶᠢᠨ ᠳᠦᠭᠦᠭᠡᠷᠦᠮᠵᠢ ᠶᠢ ᠪᠠᠢ᠌ᠭᠤᠯᠵᠤ᠂ ᠭᠦᠳᠡᠯᠮᠦᠷᠢᠴᠢᠳ ᠤᠨ ᠠᠮᠠᠷᠠᠬᠤ᠂ ᠠᠮᠠᠷᠠᠨ ᠰᠤᠪᠢᠯᠠᠬᠤ ᠪᠠ ᠡᠮᠨᠡᠭᠦᠯᠤᠨ ᠰᠤᠪᠢᠯᠠᠬᠤ ᠳᠤ ᠨᠥᠭᠦᠴᠡᠯ ᠬᠠᠩᠭ᠋ᠠᠨ᠎ᠠ᠃ ᠭᠦᠮᠤᠨ ᠭᠡᠷᠡᠭᠯᠡᠭᠦ ᠨᠢᠭᠡᠴᠢ ᠨᠥᠭᠦᠴᠡᠯ ᠪᠦᠷᠢᠯᠳᠦᠭᠦᠯᠤᠨ ᠨᠠᠢ᠌ᠳᠠ ᠶᠢᠨ ᠠᠰᠠᠷᠠᠮᠵᠢ ᠶᠢ ᠰᠠᠢ᠌ᠵᠢᠷᠠᠭᠤᠯᠵᠤ᠂ ᠭᠦᠳᠡᠯᠮᠦᠷᠢᠴᠢᠳ ᠤᠨ ᠠᠰᠠᠷᠠᠮᠵᠢ ᠬᠠᠷᠠᠭᠠᠯᠵᠠᠯ ᠢ ᠳᠡᠭᠡᠭ᠍ᠰᠢᠯᠡᠭᠦᠯᠭᠦ ᠭᠡᠷᠡᠭ᠍ᠳᠡᠢ᠃


ᠠᠷᠪᠠᠳᠤᠭᠠᠷ ᠪᠦᠯᠦᠭ᠌      ᠭᠦᠳᠡᠯᠮᠦᠷᠢ ᠶᠢᠨ ᠮᠠᠷᠭᠤᠭᠠᠨ


ᠳᠠᠯᠠᠨ ᠳᠤᠯᠤᠳᠤᠭᠠᠷ ᠵᠣᠢ᠌ᠯ ᠭᠦᠮᠤᠨ ᠭᠡᠷᠡᠭᠯᠡᠭᠦ ᠨᠢᠭᠡᠴᠢ ᠪᠣᠯᠤᠨ ᠭᠦᠳᠡᠯᠮᠦᠷᠢᠴᠢᠨ ᠬᠤᠭᠤᠷᠤᠠᠳᠤ ᠪᠠᠨ ᠭᠦᠳᠡᠯᠮᠦᠷᠢ ᠶᠢᠨ ᠮᠠᠷᠭᠤᠭᠠᠨ ᠭᠠᠷᠪᠠᠯ ᠳᠤᠬᠠᠢ ᠶᠢᠨ ᠭᠦᠮᠤᠨ ᠬᠠᠤᠯᠢ ᠶᠤᠰᠤᠭᠠᠷ ᠡᠶᠡᠳᠡᠭᠦᠯᠭᠦ᠂ ᠭᠦᠡᠳᠡᠯᠡᠨ ᠡᠴᠡ ᠳᠠᠰᠤᠯᠤᠭᠤᠯᠬᠤ ᠭᠤᠶᠤᠴᠢᠯᠠᠯ ᠭᠠᠷᠭᠠᠬᠤ᠂ ᠵᠠᠭᠠᠯᠳᠤᠯᠭ᠎ᠠ ᠭᠠᠷᠭᠠᠬᠤ᠂ ᠵᠦᠪᠳᠠᠯᠴᠠᠨ ᠰᠢ᠌ᠤᠠᠪᠣᠷᠢᠯᠠᠵᠤ ᠴᠤ ᠪᠣᠯᠤᠨ᠎ᠠ᠃

ᠡᠶᠡᠳᠡᠭᠦᠯᠭᠦ ᠵᠠᠷᠴᠢᠮ ᠢ ᠭᠦᠡᠳᠡᠯᠡᠨ ᠡᠴᠡ ᠳᠠᠰᠤᠯᠬᠤ ᠪᠠ ᠵᠠᠷᠭᠤᠯᠳᠤᠬᠤ ᠵᠢᠷᠤᠮ ᠳᠤ ᠭᠡᠷᠡᠭᠯᠡᠨ᠎ᠡ᠃

ᠳᠠᠯᠠᠨ ᠨᠢ᠋ᠮᠠᠳᠤᠭᠠᠷ ᠵᠣᠢ᠌ᠯ ᠭᠦᠳᠡᠯᠮᠦᠷᠢ ᠶᠢᠨ ᠮᠠᠷᠭᠤᠭᠠᠨ ᠢ ᠰᠢ᠌ᠦᠡᠪᠦᠷᠢᠯᠡᠭᠦ ᠳᠡᠭᠡᠨ ᠬᠠᠤᠯᠢ ᠳᠤ ᠨᠡᠢ᠌ᠴᠡᠭᠦ᠂ ᠭᠤᠤᠯᠴᠢ ᠪᠠᠢ᠌ᠬᠤ᠂ ᠴᠠᠭ ᠳᠤᠬᠠᠢ ᠳᠤᠨᠢ ᠰᠢ᠌ᠦᠡᠪᠦᠷᠢᠯᠡᠭᠦ ᠵᠠᠷᠴᠢᠮ ᠢ ᠦᠨᠳᠦᠰᠦᠯᠠᠨ ᠭᠦᠳᠡᠯᠮᠦᠷᠢ ᠶᠢᠨ ᠮᠠᠷᠭᠤᠭᠠᠨ ᠤ ᠳᠤᠬᠠᠢ ᠶᠢᠨ ᠭᠦᠮᠤᠨ ᠤ ᠬᠠᠤᠯᠢ ᠶᠤᠰᠤᠨ ᠤ ᠡᠷᠭᠡ ᠠᠰᠢᠭ ᠢ ᠬᠠᠤᠯᠢ ᠶᠤᠰᠤᠭᠠᠷ ᠬᠠᠮᠠᠭᠠᠯᠠᠬᠤ ᠭᠡᠷᠡᠭ᠍ᠳᠡᠢ᠃

ᠳᠠᠯᠠ ᠶ‍ᠢᠰᠦᠳᠦᠭᠡᠷ ᠵᠣᠢ᠌ᠯ ᠭᠦᠳᠡᠯᠮᠦᠷᠢ ᠶᠢᠨ ᠮᠠᠷᠭᠤᠭᠠᠨ ᠭᠠᠷᠤᠭᠰᠠᠨ ᠤ ᠳᠠᠷᠠᠭ᠎ᠠ᠂ ᠳᠤᠬᠠᠢ ᠶᠢᠨ ᠭᠦᠮᠤᠨ ᠳᠤᠰ ᠨᠢᠭᠡᠴᠢ ᠶᠢᠨ ᠶᠢᠡᠨ ᠭᠦᠳᠡᠯᠮᠦᠷᠢ ᠶᠢᠨ ᠮᠠᠷᠭᠤᠭᠠᠨ ᠢ ᠡᠶᠡᠳᠡᠭᠦᠯᠭᠦ ᠺᠤᠮᠢᠰ ᠲᠤ ᠡᠶᠡᠳᠡᠭᠦᠯᠭᠦ ᠭᠤᠶᠤᠴᠢᠯᠠᠯ ᠭᠠᠷᠭᠠᠵᠤ ᠪᠣᠯᠤᠨ᠎ᠠ ᠡᠶᠡᠳᠡᠭᠦᠯᠤᠨ ᠪᠦᠳᠦᠭ᠍ᠰᠡᠨ ᠦᠭᠡᠶ ᠪᠠᠢ᠌ᠪᠠᠯ᠂ ᠨᠢᠭᠡ ᠳᠠᠯ᠎ᠠ ᠶᠢᠨ ᠳᠤᠬᠠᠢ ᠶᠢᠨ ᠭᠦᠮᠤᠨ ᠨᠢ ᠭᠦᠡᠳᠡᠯᠡᠨ ᠡᠴᠡ ᠳᠠᠰᠤᠯᠤᠭᠤᠯᠬᠤ ᠪᠠᠷ ᠱᠠᠭᠠᠷᠳᠠᠭᠰᠠᠨ ᠪᠣᠯ᠂ ᠭᠦᠳᠡᠯᠮᠦᠷᠢ ᠶᠢᠨ ᠮᠠᠷᠭᠤᠭᠠᠨ ᠢ ᠭᠦᠡᠳᠡᠯᠡᠨ ᠡᠴᠡ ᠳᠠᠰᠤᠯᠬᠤ ᠺᠤᠮᠢᠰ ᠲᠤ ᠭᠦᠡᠳᠡᠯᠡᠨ ᠡᠴᠡ ᠳᠠᠰᠤᠯᠤᠭᠤᠯᠬᠤ ᠪᠠᠷ ᠭᠤᠶᠤᠴᠢᠯᠠᠯ ᠭᠠᠷᠭᠠᠵᠤ ᠪᠣᠯᠤᠨ᠎ᠠ᠃ ᠨᠢᠭᠡ ᠳᠠᠯ᠎ᠠ ᠶᠢᠨ ᠳᠤᠬᠠᠢ ᠶᠢᠨ ᠭᠦᠮᠤᠨ ᠨᠢ ᠭᠦᠳᠡᠯᠮᠦᠷᠢ ᠶᠢᠨ ᠮᠠᠷᠭᠤᠭᠠᠨ ᠢ ᠭᠦᠡᠳᠡᠯᠡᠨ ᠡᠴᠡ ᠳᠠᠰᠤᠯᠬᠤ ᠺᠤᠮᠢᠰ ᠲᠤ ᠰᠢᠭᠤᠳ ᠭᠦᠡᠳᠡᠯᠡᠨ ᠡᠴᠡ ᠳᠠᠰᠤᠯᠤᠭᠤᠯᠬᠤ ᠭᠤᠶᠤᠴᠢᠯᠠᠯ ᠭᠠᠷᠭᠠᠵᠤ ᠴᠤ ᠪᠣᠯᠤᠨ᠎ᠠ᠃ ᠭᠦᠡᠳᠡᠯᠡᠨ ᠡᠴᠡ ᠳᠠᠰᠤᠯᠤᠭᠰᠠᠨ ᠭᠢᠨᠠᠨ ᠳᠠᠰᠤᠯᠤᠯᠳᠠ ᠶᠢ ᠵᠥᠪᠰᠢᠶᠡᠷᠡᠭᠦ ᠦᠭᠡᠶ ᠪᠠᠢ᠌ᠪᠠᠯ ᠠᠷᠠᠤᠨ ᠤᠨ ᠰᠢᠭᠦᠭᠦ ᠬᠤᠷᠢᠶᠠᠨ ᠳᠤ ᠵᠠᠭᠠᠯᠳᠤᠯᠭ᠎ᠠ ᠭᠠᠷᠭᠠᠵᠤ ᠪᠣᠯᠤᠨ᠎ᠠ᠃

ᠨᠠᠶᠠᠳᠤᠭᠠᠷ ᠵᠣᠢ᠌ᠯ ᠭᠦᠮᠤᠨ ᠭᠡᠷᠡᠭᠯᠡᠭᠦ ᠨᠢᠭᠡᠴᠢ ᠳᠤ ᠭᠦᠳᠡᠯᠮᠦᠷᠢ ᠶᠢᠨ ᠮᠠᠷᠭᠤᠭᠠᠨ ᠢ ᠡᠶᠡᠳᠡᠭᠦᠯᠭᠦ ᠺᠤᠮᠢᠰ ᠪᠠᠢ᠌ᠭᠤᠯᠵᠤ ᠪᠣᠯᠤᠨ᠎ᠠ᠃ ᠭᠦᠳᠡᠯᠮᠦᠷᠢ ᠶᠢᠨ ᠮᠠᠷᠭᠤᠭᠠᠨ ᠢ ᠡᠶᠡᠳᠡᠭᠦᠯᠭᠦ ᠺᠤᠮᠢᠰ ᠨᠢ ᠠᠵᠢᠯᠳᠠᠨ ᠠᠵᠢᠯᠴᠢᠨ ᠤ ᠳᠦᠯᠦᠭᠡᠯᠡᠭ᠍ᠴᠢ᠂ ᠭᠦᠮᠤᠨ ᠭᠡᠷᠡᠭᠯᠡᠭᠦ ᠨᠢᠭᠡᠴᠢ ᠶᠢᠨ ᠳᠦᠯᠦᠭᠡᠯᠡᠭ᠍ᠴᠢ ᠪᠠ ᠠᠵᠢᠯᠴᠢᠨ ᠤ ᠡᠪᠯᠡᠯ ᠤᠨ ᠳᠦᠯᠦᠭᠡᠯᠡᠭ᠍ᠴᠢ ᠪᠠᠷ ᠪᠦᠷᠢᠯᠳᠦᠨ᠎ᠡ᠃ ᠭᠦᠳᠡᠯᠮᠦᠷᠢ ᠶᠢᠨ ᠮᠠᠷᠭᠤᠭᠠᠨ ᠢ ᠳᠠᠰᠤᠯᠬᠤ ᠡᠶᠡᠳᠡᠭᠦᠯᠭᠦ ᠺᠤᠮᠢᠰ ᠤᠨ ᠡᠷᠭᠢᠯᠡᠭ᠍ᠴᠢ ᠶᠢᠨ ᠳᠤᠰᠢᠶᠠᠯ ᠢ ᠠᠵᠢᠯᠳᠠᠨ ᠤ ᠡᠪᠯᠡᠯ ᠤᠨ ᠳᠦᠯᠦᠭᠡᠯᠡᠭ᠍ᠴᠢ ᠡᠭᠦᠷᠭᠡᠯᠡᠨ᠎ᠡ᠃ ᠭᠦᠳᠡᠯᠮᠦᠷᠢ ᠶᠢᠨ ᠮᠠᠷᠭᠤᠭᠠᠨ ᠢ ᠡᠶᠡᠳᠡᠭᠦᠯᠦᠭᠡᠤᠨ ᠭᠡᠯᠡᠯᠴᠡᠭᠡᠷ ᠳᠤᠭᠢᠷᠠᠭᠰᠠᠨ ᠪᠠᠢ᠌ᠪᠠᠯ ᠳᠤᠬᠠᠢ ᠶᠢᠨ ᠭᠦᠮᠤᠨ ᠭᠡᠷᠡᠭ᠍ᠵᠢᠭᠦᠯᠭᠦ ᠭᠡᠷᠡᠭ᠍ᠳᠡᠢ᠃

ᠨᠠᠶᠠᠨ ᠨᠢᠭᠡᠳᠦᠭᠡᠷ ᠵᠣᠢ᠌ᠯ ᠭᠦᠳᠡᠯᠮᠦᠷᠢ ᠶᠢᠨ ᠮᠠᠷᠭᠤᠭᠠᠨ ᠢ ᠭᠦᠡᠳᠡᠯᠡᠨ ᠡᠴᠡ ᠳᠠᠰᠤᠯᠬᠤ ᠺᠤᠮᠢᠰ ᠨᠢ ᠭᠦᠳᠡᠯᠮᠦᠷᠢ ᠶᠢᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠤᠨ ᠳᠦᠯᠦᠭᠡᠯᠡᠭ᠍ᠴᠢ᠂ ᠠᠳᠠᠯᠢ ᠱᠠᠳᠤᠨ ᠤ ᠠᠵᠢᠯᠴᠢᠨ ᠤ ᠡᠪᠯᠡᠯ ᠤᠨ ᠳᠦᠯᠦᠭᠡᠯᠡᠭ᠍ᠴᠢ᠂ ᠭᠦᠮᠤᠨ ᠭᠡᠷᠡᠭᠯᠡᠭᠦ ᠨᠢᠭᠡᠴᠢ ᠶᠢᠨ ᠳᠠᠯ᠎ᠠ ᠶᠢᠨ ᠳᠦᠯᠦᠭᠡᠯᠡᠭ᠍ᠴᠢ ᠪᠠᠷ ᠪᠦᠷᠢᠯᠳᠦᠨ᠎ᠡ᠃ ᠭᠦᠳᠡᠯᠮᠦᠷᠢ ᠶᠢᠨ ᠮᠠᠷᠭᠤᠭᠠᠨ ᠢ ᠭᠦᠡᠳᠡᠯᠡᠨ ᠡᠴᠡ ᠳᠠᠰᠤᠯᠬᠤ ᠺᠤᠮᠢᠰ ᠤᠨ ᠡᠷᠭᠢᠯᠡᠭ᠍ᠴᠢ ᠶᠢᠨ ᠳᠤᠰᠢᠶᠠᠯ ᠢ ᠭᠦᠳᠡᠯᠮᠦᠷᠢ ᠶᠢᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠤᠨ ᠳᠦᠯᠦᠭᠡᠯᠡᠭ᠍ᠴᠢ ᠡᠭᠦᠷᠭᠡᠯᠡᠨ᠎ᠡ᠃

ᠨᠠᠶᠠᠨ ᠬᠤᠶᠠᠳᠤᠭᠠᠷ ᠵᠣᠢ᠌ᠯ ᠭᠦᠡᠳᠡᠯᠡᠨ ᠡᠴᠡ ᠳᠠᠰᠤᠯᠤᠭᠤᠯᠬᠤ ᠱᠠᠭᠠᠷᠳᠠᠯᠭ᠎ᠠ ᠳᠤᠷᠠᠳᠤᠭᠰᠠᠨ ᠳᠠᠯ᠎ᠠ ᠪᠠᠷ ᠨᠢ ᠭᠦᠳᠡᠯᠮᠦᠷᠢ ᠶᠢᠨ ᠮᠠᠷᠭᠤᠭᠠᠨ ᠭᠠᠷᠤᠭᠰᠠᠨ ᠡᠳᠦᠷ ᠡᠴᠡ ᠡᠭᠢᠯᠡᠨ ᠵᠢᠷᠠᠨ ᠬᠤᠨᠤᠭ ᠤᠨ ᠳᠤᠳᠤᠷ᠎ᠠ ᠭᠦᠳᠡᠯᠮᠦᠷᠢ ᠶᠢᠨ ᠮᠠᠷᠭᠤᠭᠠᠨ ᠢ ᠭᠦᠡᠳᠡᠯᠡᠨ ᠡᠴᠡ ᠳᠠᠰᠤᠯᠬᠤ ᠺᠤᠮᠢᠰ ᠲᠤ ᠪᠢᠴᠢᠭ᠌ ᠶᠢᠡᠷ ᠭᠤᠶᠤᠴᠢᠯᠠᠯ ᠭᠠᠷᠭᠠᠬᠤ ᠭᠡᠷᠡᠭ᠍ᠳᠡᠢ᠃ ᠭᠦᠡᠳᠡᠯᠡᠨ ᠡᠴᠡ ᠳᠠᠰᠤᠯᠬᠤ ᠭᠢᠨᠠᠨ ᠳᠠᠰᠤᠯᠤᠯᠳᠠ ᠶᠢ ᠡᠡᠭ᠌ ᠤᠨ ᠪᠠᠢ᠌ᠳᠠᠯ ᠳᠤᠤᠷ᠎ᠠ ᠭᠦᠡᠳᠡᠯᠡᠨ ᠡᠴᠡ ᠳᠠᠰᠤᠯᠤᠭᠤᠯᠬᠤ ᠭᠤᠶᠤᠴᠢᠯᠠᠯ ᠢ ᠣᠯᠤᠭᠰᠠᠨ ᠡᠳᠦᠷ ᠡᠴᠡ ᠬᠣᠢ᠌ᠰᠢ ᠶᠢᠨ ᠵᠢᠷᠠᠨ ᠬᠤᠨᠤᠭ ᠤᠨ ᠳᠤᠳᠤᠷ᠎ᠠ ᠭᠠᠷᠭᠠᠨ᠎ᠠ᠂ ᠭᠦᠡᠳᠡᠯᠡᠨ ᠡᠴᠡ ᠳᠠᠰᠤᠯᠤᠭᠰᠠᠨ ᠭᠢᠨᠠᠨ ᠳᠠᠰᠤᠯᠤᠯᠳᠠ ᠳᠤ ᠣᠠᠳᠤᠤ ᠰᠠᠨᠠᠯ ᠦᠭᠡᠶ ᠪᠣᠯ ᠳᠤᠬᠠᠢ ᠶᠢᠨ ᠭᠦᠮᠤᠨ ᠡᠷᠭᠡᠪᠰᠢ ᠭᠡᠷᠡᠭ᠍ᠵᠢᠭᠦᠯᠭᠦ ᠭᠡᠷᠡᠭ᠍ᠳᠡᠢ᠃

ᠨᠠᠶᠠᠨ ᠭᠤᠷᠪᠠᠳᠤᠭᠠᠷ ᠵᠣᠢ᠌ᠯ ᠭᠦᠳᠡᠯᠮᠦᠷᠢ ᠶᠢᠨ ᠮᠠᠷᠭᠤᠭᠠᠨ ᠤ ᠳᠤᠬᠠᠢ ᠶᠢᠨ ᠭᠦᠮᠤᠨ ᠭᠦᠡᠳᠡᠯᠡᠨ ᠡᠴᠡ ᠳᠠᠰᠤᠯᠤᠭᠰᠠᠨ ᠭᠢᠨᠠᠨ ᠳᠠᠰᠤᠯᠤᠯᠳᠠ ᠶᠢ ᠵᠥᠪᠰᠢᠶᠡᠷᠡᠭᠦ ᠦᠭᠡᠶ ᠪᠠᠢ᠌ᠪᠠᠯ ᠭᠦᠡᠳᠡᠯᠡᠨ ᠡᠴᠡ ᠳᠠᠰᠤᠯᠤᠭᠰᠠᠨ ᠭᠢᠨᠠᠨ ᠳᠠᠰᠤᠯᠤᠯᠳᠠ ᠶᠢᠨ ᠪᠢᠴᠢᠭ᠌ ᠢ ᠣᠯᠤᠭᠰᠠᠨ ᠡᠳᠦᠷ ᠡᠴᠡ ᠡᠭᠢᠯᠡᠨ ᠠᠷᠪᠠᠨ ᠳᠠᠪᠤᠨ ᠬᠤᠨᠤᠭ ᠤᠨ ᠳᠤᠳᠤᠷ᠎ᠠ ᠠᠷᠠᠤᠨ ᠤᠨ ᠰᠢᠭᠦᠭᠦ ᠬᠤᠷᠢᠶᠠᠨ ᠳᠤ ᠵᠠᠭᠠᠯᠳᠤᠯᠭ᠎ᠠ ᠭᠠᠷᠭᠠᠵᠤ ᠪᠣᠯᠤᠨ᠎ᠠ᠂ ᠨᠢᠭᠡ ᠳᠠᠯ᠎ᠠ ᠶᠢᠨ ᠳᠤᠬᠠᠢ ᠶᠢᠨ ᠭᠦᠮᠤᠨ ᠨᠢ ᠬᠠᠤᠯᠢ ᠳᠤ ᠳᠤᠭᠳᠠᠭᠠᠭᠰᠠᠨ ᠬᠤᠭᠤᠴᠠᠭᠠᠨ ᠳᠤᠳᠤᠷ᠎ᠠ ᠵᠠᠭᠠᠯᠳᠤᠯᠭ᠎ᠠ ᠭᠠᠷᠭᠠᠬᠤ ᠦᠭᠡᠶ ᠪᠦᠭᠡᠤᠨ ᠭᠦᠡᠳᠡᠯᠡ ᠡᠴᠡ ᠳᠠᠰᠤᠯᠤᠭᠰᠠᠨ ᠭᠢᠨᠠᠨ ᠳᠠᠰᠤᠯᠤᠯᠳᠠ ᠶᠢ ᠭᠡᠷᠡᠭ᠍ᠵᠢᠭᠦᠯᠭᠦ ᠦᠭᠡᠶ ᠪᠠᠢ᠌ᠪᠠᠯ ᠨᠥᠭᠦᠭᠡ ᠳᠠᠯ᠎ᠠ ᠶᠢᠨ ᠳᠤᠬᠠᠢ ᠶᠢᠨ ᠭᠦᠮᠤᠨ ᠠᠯᠪᠠᠳᠠᠨ ᠭᠦᠢᠴᠡᠳᠭᠡᠭᠦᠯᠭᠦ ᠪᠠᠷ ᠠᠷᠠᠤᠨ ᠤᠨ ᠰᠢᠭᠦᠭᠦ ᠬᠤᠷᠢᠶᠠᠨ ᠳᠤ ᠭᠤᠶᠤᠴᠢᠯᠠᠯ ᠭᠠᠷᠭᠠᠵᠤ ᠪᠣᠯᠤᠨ᠎ᠠ᠃

ᠨᠠᠶᠠᠨ ᠳᠦᠷᠪᠠᠳᠦᠭᠡᠷ ᠵᠣᠢ᠌ᠯ ᠬᠠᠮᠳᠤ ᠶᠢᠨ ᠭᠡᠷ᠎ᠡ ᠳᠤᠭᠳᠠᠭᠠᠭᠰᠠᠨ ᠤ ᠳᠠᠷᠠᠭ᠎ᠠ ᠪᠠᠷ ᠮᠠᠷᠭᠤᠭᠠᠨ ᠭᠠᠷᠤᠭᠠᠤᠨ ᠳᠤᠬᠠᠢ ᠶᠢᠨ ᠭᠦᠮᠤᠨ ᠵᠦᠪᠳᠠᠯᠴᠠᠨ ᠰᠢ᠌ᠤᠠᠪᠣᠷᠢᠯᠠᠵᠤ ᠴᠢᠳᠠᠭᠰᠠᠨ ᠦᠭᠡᠶ ᠪᠠᠢ᠌ᠪᠠᠯ ᠳᠤᠬᠠᠢ ᠶᠢᠨ ᠭᠠᠵᠠᠷ ᠤᠨ ᠠᠷᠠᠤᠨ ᠤᠨ ᠵᠠᠰᠠᠭ ᠤᠨ ᠣᠷᠳᠤᠨ ᠤ ᠭᠦᠳᠡᠯᠮᠦᠷᠢ ᠶᠢᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠬᠤᠯᠪᠣᠭᠳᠠᠯ ᠪᠦᠭᠦᠢ ᠳᠠᠯ᠎ᠠ ᠶᠢᠨ ᠭᠢᠨ ᠢ ᠵᠤᠬᠢᠶᠠᠨ ᠪᠠᠢ᠌ᠭᠤᠯᠵᠤ ᠵᠤᠭᠢᠴᠠᠭᠤᠯᠤᠨ ᠰᠢ᠌ᠤᠠᠪᠣᠷᠢᠯᠠᠵᠤ ᠪᠣᠯᠤᠨ᠎ᠠ᠃

ᠬᠠᠮᠳᠤ ᠶᠢᠨ ᠭᠡᠷ᠎ᠡ ᠶᠢ ᠭᠡᠷᠡᠭ᠍ᠵᠢᠭᠦᠯᠦᠭ᠍ᠰᠡᠨ ᠤ ᠳᠠᠷᠠᠭ᠎ᠠ ᠪᠠᠷ ᠮᠠᠷᠭᠤᠭᠠᠨ ᠭᠠᠷᠤᠭᠠᠤᠨ ᠳᠤᠬᠠᠢ ᠶᠢᠨ ᠭᠦᠮᠤᠨ ᠵᠦᠪᠳᠠᠯᠴᠠᠨ ᠰᠢ᠌ᠤᠠᠪᠣᠷᠢᠯᠠᠵᠤ ᠴᠢᠳᠠᠭᠰᠠᠨ ᠦᠭᠡᠶ ᠪᠠᠢ᠌ᠪᠠᠯ ᠭᠦᠳᠡᠯᠮᠦᠷᠢ ᠶᠢᠨ ᠮᠠᠷᠭᠤᠭᠠᠨ ᠢ ᠭᠦᠡᠳᠡᠯᠡᠨ ᠡᠴᠡ ᠳᠠᠰᠤᠯᠬᠤ ᠺᠤᠮᠢᠰ ᠲᠤ ᠭᠦᠡᠳᠡᠯᠡᠨ ᠡᠴᠡ ᠳᠠᠰᠤᠯᠤᠭᠤᠯᠬᠤ ᠭᠤᠶᠤᠴᠢᠯᠠᠯ ᠭᠠᠷᠭᠠᠵᠤ ᠪᠣᠯᠤᠨ᠎ᠠ᠃ ᠭᠦᠡᠳᠡᠯᠡᠨ ᠡᠴᠡ ᠳᠠᠰᠤᠯᠤᠭᠰᠠᠨ ᠭᠢᠨᠠᠨ ᠳᠠᠰᠤᠯᠤᠯᠳᠠ ᠶᠢ ᠵᠥᠪᠰᠢᠶᠡᠷᠡᠭᠦ ᠦᠭᠡᠶ ᠪᠠᠢ᠌ᠪᠠᠯ ᠭᠦᠡᠳᠡᠯᠡᠨ ᠡᠴᠡ ᠳᠠᠰᠤᠯᠤᠭᠰᠠᠨ ᠭᠢᠨᠠᠨ ᠳᠠᠰᠤᠯᠤᠯᠳᠠ ᠶᠢᠨ ᠪᠢᠴᠢᠭ᠌ ᠢ ᠣᠯᠤᠭᠰᠠᠨ ᠡᠳᠦᠷ ᠡᠴᠡ ᠡᠭᠢᠯᠡᠨ ᠠᠷᠪᠠᠨ ᠳᠠᠪᠣ ᠬᠤᠨᠤᠭ ᠤᠨ ᠳᠤᠳᠤᠷ᠎ᠠ ᠠᠷᠠᠤᠨ ᠤᠨ ᠰᠢᠭᠦᠭᠦ ᠬᠤᠷᠢᠶᠠᠨ ᠳᠤ ᠵᠠᠭᠠᠯᠳᠤᠯᠭ᠎ᠠ ᠭᠠᠷᠭᠠᠵᠤ ᠪᠣᠯᠤᠨ᠎ᠠ᠃


ᠠᠷᠪᠠᠨ ᠨᠢᠭᠡᠳᠦᠭᠡᠷ ᠪᠦᠯᠦᠭ᠌      ᠭᠢᠨᠠᠯᠳᠠ ᠳᠠᠯᠪᠢᠵᠤ ᠪᠠᠢ᠌ᠴᠠᠭᠠᠬᠤ


ᠨᠠᠶᠠᠨ ᠳᠠᠪᠣᠳᠤᠭᠠᠷ ᠵᠣᠢ᠌ᠯ ᠰᠢᠶᠠᠨ ᠤ ᠱᠠᠳᠤᠨ ᠡᠴᠡ ᠳᠡᠭᠡᠭ᠍ᠰᠢᠭᠢ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠤ ᠭᠦᠳᠡᠯᠮᠦᠷᠢ ᠶᠢᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠤᠳ ᠭᠦᠮᠤᠨ ᠭᠡᠷᠡᠭᠯᠡᠭᠦ ᠨᠢᠭᠡᠴᠢ ᠶᠢᠨ ᠭᠦᠳᠡᠯᠮᠦᠷᠢ ᠶᠢᠨ ᠬᠠᠤᠯᠢ ᠴᠠᠭᠠᠵᠠ᠂ ᠬᠠᠤᠯᠢ ᠳᠤᠭᠳᠠᠭᠠᠯ ᠢ ᠵᠢᠷᠤᠮᠯᠠᠵᠤ ᠪᠠᠢ᠌ᠭ᠎ᠠ ᠪᠠᠢ᠌ᠳᠠᠯ ᠳᠤ ᠬᠠᠤᠯᠢ ᠶᠤᠰᠤᠭᠠᠷ ᠭᠢᠨᠠᠯᠳᠠ ᠳᠠᠯᠪᠢᠨ ᠪᠠᠢ᠌ᠴᠠᠭᠠᠯᠳᠠ ᠭᠢᠵᠤ᠂ ᠭᠦᠳᠡᠯᠮᠦᠷᠢ ᠶᠢᠨ ᠬᠠᠤᠯᠢ ᠴᠠᠭᠠᠵᠠ᠂ ᠬᠠᠤᠯᠢ ᠳᠤᠭᠳᠠᠭᠠᠯ ᠢ ᠵᠥᠷᠢᠴᠡᠭ᠍ᠰᠡᠨ ᠣᠢ᠌ᠯᠠ ᠠᠵᠢᠯᠯᠠᠭ᠎ᠠ ᠶᠢ ᠬᠤᠷᠢᠭᠯᠠᠨ ᠵᠤᠭᠰᠤᠭᠠᠬᠤ ᠡᠷᠭᠡ ᠲᠡᠶ ᠪᠦᠭᠡᠤᠨ ᠵᠠᠷᠯᠢᠭᠳᠠᠨ ᠵᠠᠯᠠᠷᠠᠭᠤᠯᠬᠤ ᠭᠡᠷᠡᠭ᠍ᠳᠡᠢ᠃

ᠨᠠᠶᠠᠨ ᠵᠢᠷᠭᠤᠳᠤᠭᠠᠷ ᠵᠣᠢ᠌ᠯ ᠰᠢᠶᠠᠨ ᠤ ᠱᠠᠳᠤᠨ ᠡᠴᠡ ᠳᠡᠭᠡᠭ᠍ᠰᠢᠭᠢ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠤ ᠭᠦᠳᠡᠯᠮᠦᠷᠢ ᠶᠢᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠤᠨ ᠭᠢᠨᠠᠯᠳᠠ ᠳᠠᠯᠪᠢᠵᠤ ᠪᠠᠢ᠌ᠴᠠᠭᠠᠬᠤ ᠠᠵᠢᠯᠳᠠᠤᠨ ᠠᠯᠪᠠᠨ ᠠᠵᠢᠯ ᠶᠢᠡᠨ ᠭᠦᠢᠴᠡᠳᠭᠡᠭᠦ ᠳᠡᠭᠡᠨ ᠭᠦᠮᠤᠨ ᠭᠡᠷᠡᠭᠯᠡᠭᠦ ᠨᠢᠭᠡᠴᠢ ᠳᠤ ᠭᠦᠷᠴᠤ ᠭᠦᠳᠡᠯᠮᠦᠷᠢ ᠶᠢᠨ ᠬᠠᠤᠯᠢ ᠴᠠᠭᠠᠵᠠ᠂ ᠬᠠᠤᠯᠢ ᠳᠤᠭᠳᠠᠭᠠᠯ ᠢ ᠭᠡᠷᠡᠭ᠍ᠵᠢᠭᠦᠯᠵᠤ ᠪᠠᠢ᠌ᠭ᠎ᠠ ᠪᠠᠢ᠌ᠳᠠᠯ ᠢ ᠣᠢ᠌ᠯᠠᠭᠠᠵᠤ᠂ ᠴᠢᠬᠤᠯᠠ ᠪᠦᠭᠦᠢ ᠮᠠᠲ᠋ᠸᠷᠢᠶᠠᠯ ᠢ ᠪᠠᠢ᠌ᠴᠠᠭᠠᠨ ᠥᠵᠡᠭᠦ ᠪᠦᠭᠡᠤᠨ ᠭᠦᠳᠡᠯᠮᠦᠷᠢ ᠶᠢᠨ ᠭᠠᠵᠠᠷ ᠲᠤ ᠪᠠᠢ᠌ᠴᠠᠭᠠᠯᠳᠠ ᠭᠢᠭᠦ ᠡᠷᠭᠡ ᠲᠡᠶ᠃

ᠰᠢᠶᠠᠨ ᠤ ᠱᠠᠳᠤᠨ ᠡᠴᠡ ᠳᠡᠭᠡᠭ᠍ᠰᠢᠭᠢ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠤ ᠭᠦᠳᠡᠯᠮᠦᠷᠢ ᠶᠢᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠤᠨ ᠭᠢᠨᠠᠯᠳᠠ ᠳᠠᠯᠪᠢᠵᠤ ᠪᠠᠢ᠌ᠴᠠᠭᠠᠬᠤ ᠠᠵᠢᠯᠳᠠᠨ ᠠᠯᠪᠠᠨ ᠠᠵᠢᠯ ᠶᠢᠡᠨ ᠭᠦᠢᠴᠡᠳᠭᠡᠭᠦ ᠳᠡᠭᠡᠨ ᠡᠷᠭᠡᠪᠰᠢ ᠭᠡᠷᠡᠴᠢ ᠳᠡᠮᠳᠡᠭ᠌ ᠶᠢᠡᠨ ᠥᠵᠡᠭᠦᠯᠵᠤ᠂ ᠬᠠᠤᠯᠢ ᠶᠢ ᠭᠤᠤᠯᠴᠢ ᠪᠠᠷ ᠭᠡᠷᠡᠭ᠍ᠵᠢᠭᠦᠯᠭᠦ ᠶᠢᠨ ᠬᠠᠮᠳᠤ ᠬᠤᠯᠪᠣᠭᠳᠠᠯ ᠪᠦᠭᠦᠢ ᠳᠤᠭᠳᠠᠭᠠᠯ ᠢ ᠰᠠᠭᠢᠬᠤ ᠭᠡᠷᠡᠭ᠍ᠳᠡᠢ᠃

ᠨᠠᠶᠠᠨ ᠳᠤᠯᠤᠳᠤᠭᠠᠷ ᠵᠣᠢ᠌ᠯ ᠰᠢᠶᠠᠨ ᠤ ᠱᠠᠳᠤᠨ ᠡᠴᠡ ᠳᠡᠭᠡᠭ᠍ᠰᠢᠭᠢ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠤ ᠬᠤᠯᠪᠣᠭᠳᠠᠯ ᠪᠦᠭᠦᠢ ᠰᠠᠯᠠᠭ᠎ᠠ ᠮᠦᠴᠢᠷ ᠤᠳ ᠳᠤᠰ ᠳᠤᠰ ᠤᠨ ᠡᠭᠦᠷᠭᠡ ᠬᠠᠷᠢᠭᠤᠴᠠᠯᠭ᠎ᠠ ᠶᠢᠨ ᠭᠡᠪᠴᠢᠶᠡᠨ ᠳᠤᠳᠤᠷ᠎ᠠ ᠪᠠᠨ ᠭᠦᠮᠤᠨ ᠭᠡᠷᠡᠭᠯᠡᠭᠦ ᠨᠢᠭᠡᠴᠢ ᠶᠢᠨ ᠭᠦᠳᠡᠯᠮᠦᠷᠢ ᠶᠢᠨ ᠬᠠᠤᠯᠢ ᠴᠠᠭᠠᠵᠠ᠂ ᠬᠠᠤᠯᠢ ᠳᠤᠭᠳᠠᠭᠠᠯ ᠢ ᠵᠢᠷᠤᠮᠯᠠᠵᠤ ᠪᠠᠢ᠌ᠭ᠎ᠠ ᠪᠠᠢ᠌ᠳᠠᠯ ᠳᠤ ᠭᠢᠨᠠᠯᠳᠠ ᠳᠠᠯᠪᠢᠬᠤ ᠭᠡᠷᠡᠭ᠍ᠳᠡᠢ᠃

ᠨᠠᠶᠠᠨ ᠨᠢ᠋ᠮᠠᠳᠤᠭᠠᠷ ᠵᠣᠢ᠌ᠯ ᠡᠯ᠎ᠡ ᠱᠠᠳᠤᠨ ᠤ ᠠᠵᠢᠯᠴᠢᠨ ᠤ ᠡᠪᠯᠡᠯ ᠬᠠᠤᠯᠢ ᠶᠤᠰᠤᠭᠠᠷ ᠭᠦᠳᠡᠯᠮᠦᠷᠢᠴᠢᠳ ᠤᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠵᠤ᠂ ᠭᠦᠮᠤᠨ ᠭᠡᠷᠡᠭᠯᠡᠭᠦ ᠨᠢᠭᠡᠴᠢ ᠶᠢᠨ ᠭᠦᠳᠡᠯᠮᠦᠷᠢ ᠶᠢᠨ ᠬᠠᠤᠯᠢ ᠴᠠᠭᠠᠵᠠ᠂ ᠬᠠᠤᠯᠢ ᠳᠤᠭᠳᠠᠭᠠᠯ ᠢ ᠵᠢᠷᠤᠮᠯᠠᠵᠤ ᠪᠠᠢ᠌ᠭ᠎ᠠ ᠪᠠᠢ᠌ᠳᠠᠯ ᠳᠤ ᠭᠢᠨᠠᠯᠳᠠ ᠳᠠᠯᠪᠢᠬᠤ ᠭᠡᠷᠡᠭ᠍ᠳᠡᠢ᠃

ᠶᠠᠮᠠᠷᠪᠠ ᠵᠤᠬᠢᠶᠠᠨ ᠪᠠᠢ᠌ᠭᠤᠯᠤᠯᠳᠠ᠂ ᠬᠤᠪᠢ ᠭᠦᠮᠤᠨ ᠴᠦᠮ ᠭᠦᠳᠡᠯᠮᠦᠷᠢ ᠶᠢᠨ ᠬᠠᠤᠯᠢ ᠴᠠᠭᠠᠵᠠ᠂ ᠬᠠᠤᠯᠢ ᠳᠤᠭᠳᠠᠭᠠᠯ ᠢ ᠵᠥᠷᠢᠴᠡᠭ᠍ᠰᠡᠨ ᠣᠢ᠌ᠯᠠ ᠠᠵᠢᠯᠯᠠᠭ᠎ᠠ ᠶᠢ ᠢᠯᠠᠴᠢᠯᠠᠨ ᠵᠠᠭᠠᠯᠳᠤᠬᠤ ᠡᠷᠭᠡ ᠲᠡᠶ᠃


ᠠᠷᠪᠠᠨ ᠬᠤᠶᠠᠳᠤᠭᠠᠷ ᠪᠦᠯᠦᠭ᠌     ᠬᠠᠤᠯᠢ ᠶᠢᠨ ᠬᠠᠷᠢᠭᠤᠴᠠᠯᠭ᠎ᠠ


ᠨᠠᠶᠠ ᠶ‍ᠢᠰᠦᠳᠦᠭᠡᠷ ᠵᠣᠢ᠌ᠯ ᠭᠦᠮᠤᠨ ᠭᠡᠷᠡᠭᠯᠡᠭᠦ ᠨᠢᠭᠡᠴᠢ ᠶᠢᠨ ᠳᠤᠭᠳᠠᠭᠠᠭᠰᠠᠨ ᠭᠦᠳᠡᠯᠮᠦᠷᠢ ᠶᠢᠨ ᠳᠦᠷᠢᠮ ᠳᠤᠭᠳᠠᠭᠠᠯ ᠨᠢ ᠬᠠᠤᠯᠢ ᠴᠠᠭᠠᠵᠠ᠂ ᠬᠠᠤᠯᠢ ᠳᠦᠷᠢᠮ ᠤᠨ ᠳᠤᠭᠳᠠᠭᠠᠯ ᠡᠴᠡ ᠵᠥᠷᠢᠴᠡᠭ᠍ᠰᠡᠨ ᠪᠠᠢ᠌ᠪᠠᠯ ᠭᠦᠳᠡᠯᠮᠦᠷᠢ ᠶᠢᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠡᠴᠡ ᠰᠠᠷᠠᠮᠵᠢ ᠥᠭ᠍ᠴᠤ ᠵᠠᠷᠯᠢᠭᠳᠠᠨ ᠵᠠᠯᠠᠷᠠᠭᠤᠯᠬᠤ ᠭᠡᠷᠡᠭ᠍ᠳᠡᠢ᠃

ᠶᠡᠷᠡᠳᠦᠭᠡᠷ ᠵᠣᠢ᠌ᠯ ᠭᠦᠮᠤᠨ ᠭᠡᠷᠡᠭᠯᠡᠭᠦ ᠨᠢᠭᠡᠴᠢ ᠳᠤᠰ ᠬᠠᠤᠯᠢ ᠶᠢᠨ ᠳᠤᠭᠳᠠᠭᠠᠯ ᠡᠴᠡ ᠵᠦᠷᠢᠴᠠᠨ ᠭᠦᠳᠡᠯᠮᠦᠷᠢᠴᠢᠳ ᠤᠨ ᠠᠵᠢᠯᠯᠠᠬᠤ ᠴᠠᠭ ᠢ ᠣᠷᠳᠤᠤᠠᠬᠠᠭᠰᠠᠨ ᠪᠠᠢ᠌ᠪᠠᠯ ᠭᠦᠳᠡᠯᠮᠦᠷᠢ ᠶᠢᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠰᠠᠷᠠᠮᠵᠢ ᠥᠭ᠍ᠴᠤ ᠵᠠᠷᠯᠢᠭᠳᠠᠨ ᠵᠠᠯᠠᠷᠠᠭᠤᠯᠬᠤ ᠭᠡᠷᠡᠭ᠍ᠳᠡᠢ ᠪᠦᠭᠡᠤᠨ ᠵᠤᠭᠤᠰ ᠶᠢᠡᠷ ᠳᠤᠷᠭᠠᠵᠤ ᠪᠣᠯᠤᠨ᠎ᠠ᠃

ᠶᠠᠷᠠᠨ ᠨᠢᠭᠡᠳᠦᠭᠡᠷ ᠵᠣᠢ᠌ᠯ ᠭᠦᠮᠤᠨ ᠭᠡᠷᠡᠭᠯᠡᠭᠦ ᠨᠢᠭᠡᠴᠢ ᠳᠤᠤᠷ᠎ᠠ ᠵᠢᠭᠰᠠᠭᠠᠭᠰᠠᠨ ᠭᠦᠳᠡᠯᠮᠦᠷᠢᠴᠢᠳ ᠤᠨ ᠬᠠᠤᠯᠢ ᠶᠤᠰᠤᠨ ᠤ ᠡᠷᠭᠡ ᠠᠰᠢᠭ ᠢ ᠬᠤᠭᠢᠷᠠᠭᠤᠯᠤᠭᠰᠠᠨ ᠪᠠᠢ᠌ᠳᠠᠯ ᠤᠨ ᠨᠢᠭᠡ ᠶᠢ ᠭᠠᠷᠭᠠᠭᠰᠠᠨ ᠪᠠᠢ᠌ᠪᠠᠯ ᠭᠦᠳᠡᠯᠮᠦᠷᠢ ᠶᠢᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠡᠴᠡ ᠵᠠᠷᠯᠢᠭᠳᠠᠨ ᠭᠦᠳᠡᠯᠮᠦᠷᠢᠴᠢᠳ ᠤᠨ ᠴᠠᠯᠢᠩ ᠭᠦᠯᠦᠰᠤ᠂ ᠠᠵᠤ ᠠᠬᠤᠢ ᠶᠢᠨ ᠨᠥᠭᠦᠪᠦᠷᠢ ᠶᠢ ᠳᠦᠯᠦᠭᠦᠯᠭᠦ ᠪᠦᠭᠡᠤᠨ ᠵᠠᠷᠯᠢᠭᠳᠠᠵᠤ ᠪᠠᠢ᠌ᠭᠠᠤᠨ ᠲᠦᠯᠦᠪᠣᠷᠢ ᠶᠢᠨ ᠮᠥᠩᠭᠦ ᠦᠭ‍ᠭᠦᠭᠦᠯᠵᠤ ᠪᠣᠯᠤᠨ᠎ᠠ᠄

( ᠨᠢᠭᠡ ) ᠭᠦᠳᠡᠯᠮᠦᠷᠢᠴᠢᠳ ᠤᠨ ᠴᠠᠯᠢᠩ ᠢ ᠬᠠᠰᠤᠭᠰᠠᠨ ᠪᠣᠶᠤ ᠣᠴᠢᠷ ᠰᠢᠯᠳᠠᠭᠠᠨ ᠦᠭᠡᠶ ᠪᠠᠷ ᠰᠠᠭᠠᠳᠠᠭᠠᠭᠰᠠᠨ

( ᠬᠤᠶᠠᠷ) ᠭᠦᠳᠡᠯᠮᠦᠷᠢᠴᠢᠳ ᠤᠨ ᠣᠷᠳᠤᠤᠠᠬᠠᠭᠰᠠᠨ ᠠᠵᠢᠯ ᠤᠨ ᠴᠠᠭ ᠤᠨ ᠴᠠᠯᠢᠩ ᠭᠦᠯᠦᠰᠤ ᠶᠢ ᠦᠯᠦ ᠦᠭ‍ᠭᠦᠭ᠍ᠰᠡᠨ

( ᠭᠤᠷᠪᠠ) ᠭᠦᠳᠡᠯᠮᠦᠷᠢᠴᠢᠳ ᠤᠨ ᠴᠠᠯᠢᠩ ᠢ ᠳᠤᠬᠠᠢ ᠶᠢᠨ ᠭᠠᠵᠠᠷ ᠤᠨ ᠬᠠᠮᠤᠭ ᠳᠤᠤᠷ᠎ᠠ ᠴᠠᠯᠢᠩ ᠤᠨ ᠪᠠᠷᠢᠮᠵᠢᠶ᠎ᠠ ᠡᠴᠡ ᠳᠤᠤᠷ᠎ᠠ ᠣᠯᠤᠭᠰᠠᠨ

( ᠳᠦᠷᠪᠡ) ᠭᠦᠳᠡᠯᠮᠦᠷᠢᠴᠢᠳ ᠤᠨ ᠭᠡᠷ᠎ᠡ ᠶᠢ ᠭᠦᠴᠤᠨ ᠦᠭᠡᠶ ᠪᠣᠯᠭᠠᠭᠰᠠᠨ ᠤ ᠳᠠᠷᠠᠭ᠎ᠠ ᠳᠤᠰ ᠬᠠᠤᠯᠢ ᠶᠢᠨ ᠳᠤᠭᠳᠠᠭᠠᠯ ᠶᠤᠰᠤᠭᠠᠷ ᠭᠦᠳᠡᠯᠮᠦᠷᠢᠴᠢᠳ ᠲᠤ ᠠᠵᠤ ᠠᠬᠤᠢ ᠶᠢᠨ ᠨᠥᠭᠦᠪᠦᠷᠢ ᠦᠯᠦ ᠣᠯᠭᠤᠭᠰᠠᠨ᠃

ᠶᠠᠷᠠᠨ ᠬᠤᠶᠠᠳᠤᠭᠠᠷ ᠵᠣᠢ᠌ᠯ ᠭᠦᠮᠤᠨ ᠭᠡᠷᠡᠭᠯᠡᠭᠦ ᠨᠢᠭᠡᠴᠢ ᠶᠢᠨ ᠭᠦᠳᠡᠯᠮᠦᠷᠢ ᠶᠢᠨ ᠡᠡᠶ‍ᠦᠯᠭᠦᠢ ᠶᠢᠨ ᠪᠡᠯᠡᠳᠭᠡᠯ ᠳᠦᠭᠦᠭᠡᠷᠦᠮᠵᠢ ᠪᠠ ᠭᠦᠳᠡᠯᠮᠦᠷᠢ ᠶᠢᠨ ᠡᠷᠡᠭᠦᠯ ᠬᠠᠮᠠᠭᠠᠯᠠᠯ ᠤᠨ ᠨᠥᠭᠦᠴᠡᠯ ᠣᠯᠤᠰ ᠤᠨ ᠳᠤᠭᠳᠠᠭᠠᠯ ᠳᠤ ᠨᠡᠢ᠌ᠴᠡᠭᠦ ᠦᠭᠡᠶ ᠪᠣᠶᠤ ᠭᠦᠳᠡᠯᠮᠦᠷᠢᠴᠢᠳ ᠲᠤ ᠴᠢᠬᠤᠯᠠ ᠪᠦᠭᠦᠢ ᠭᠦᠳᠡᠯᠮᠦᠷᠢ ᠶᠢᠨ ᠬᠠᠮᠠᠭᠠᠯᠠᠯᠳᠠ ᠶᠢᠨ ᠭᠡᠷᠡᠭ᠍ᠰᠡᠯ ᠪᠠ ᠭᠦᠳᠡᠯᠮᠦᠷᠢ ᠶᠢᠨ ᠬᠠᠮᠠᠭᠠᠯᠠᠯᠳᠠ ᠶᠢᠨ ᠳᠦᠭᠦᠭᠡᠷᠦᠮᠵᠢ ᠬᠠᠩᠭ᠋ᠠᠭᠰᠠᠨ ᠦᠭᠡᠶ ᠪᠠᠢ᠌ᠪᠠᠯ ᠭᠦᠳᠡᠯᠮᠦᠷᠢ ᠶᠢᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠪᠣᠶᠤ ᠬᠤᠯᠪᠣᠭᠳᠠᠯ ᠪᠦᠭᠦᠢ ᠰᠠᠯᠠᠭ᠎ᠠ ᠮᠦᠴᠢᠷ ᠡᠴᠡ ᠵᠠᠷᠯᠢᠭᠳᠠᠨ ᠣᠢ᠌ᠯᠠᠤᠠᠪᠣᠷᠢᠯᠠᠯ ᠢ ᠨᠢ ᠵᠤᠭᠰᠤᠭᠠᠵᠤ ᠴᠡᠭ᠍ᠴᠡᠯᠡᠭᠦᠯᠭᠦ ᠪᠠᠷ ᠰᠠᠨᠠᠭᠤᠯᠭ᠎ᠠ ᠭᠠᠷᠭᠠᠵᠤ ᠪᠣᠯᠤᠨ᠎ᠠ ᠭᠡᠨᠡᠳᠡᠯ ᠭᠠᠷᠬᠤ ᠳᠠᠯᠳᠠ ᠭᠡᠮ ᠳᠤ ᠠᠷᠭ᠎ᠠ ᠭᠡᠮᠵᠢᠶ᠎ᠡ ᠠᠪᠣᠭᠰᠠᠨ ᠦᠭᠡᠶ ᠡᠴᠡ ᠪᠣᠯᠵᠤ ᠭᠦᠡᠳᠤ ᠶᠡᠭᠡ ᠭᠡᠨᠡᠳᠡᠯ ᠭᠠᠷᠴᠤ ᠭᠦᠳᠡᠯᠮᠦᠷᠢᠴᠢᠳ ᠤᠨ ᠠᠮᠢ ᠨᠠᠰᠤ ᠪᠠ ᠡᠳ᠋ ᠭᠦᠷᠦᠩᠭᠡ ᠳᠤ ᠬᠤᠭᠢᠷᠠᠯ ᠣᠴᠠᠷᠠᠭᠤᠯᠤᠭᠰᠠᠨ ᠪᠠᠢ᠌ᠪᠠᠯ ᠡᠷᠡᠭᠦᠤ ᠶᠢᠨ ᠬᠠᠤᠯᠢ ᠶᠢᠨ ᠵᠠᠭᠤ ᠨᠠᠶᠠᠨ ᠳᠤᠯᠤᠳᠤᠭᠠᠷ ᠵᠣᠢ᠌ᠯ ᠤᠨ ᠳᠤᠭᠳᠠᠭᠠᠯ ᠶᠤᠰᠤᠭᠠᠷ ᠬᠠᠷᠢᠭᠤᠴᠠᠯᠭ᠎ᠠ ᠲᠡᠶ ᠭᠦᠮᠤᠨ ᠡᠴᠡ ᠡᠷᠡᠭᠦᠤ ᠶᠢᠨ ᠬᠠᠷᠢᠭᠤᠴᠠᠯᠭ᠎ᠠ ᠨᠡᠭᠡᠮᠵᠢᠯᠡᠨ᠎ᠡ᠃

ᠶᠠᠷᠠᠨ ᠭᠤᠷᠪᠠᠳᠤᠭᠠᠷ ᠵᠣᠢ᠌ᠯ ᠭᠦᠮᠤᠨ ᠭᠡᠷᠡᠭᠯᠡᠭᠦ ᠨᠢᠭᠡᠴᠢ ᠭᠦᠳᠡᠯᠮᠦᠷᠢᠴᠢᠨ ᠢ ᠠᠯᠪᠠᠳᠠᠨ ᠳᠤᠭᠳᠠᠭᠠᠯ ᠡᠴᠡ ᠵᠦᠷᠢᠴᠠᠵᠤ ᠠᠶᠤᠯ ᠳᠦᠭ᠍ᠰᠢᠭᠦᠷᠢ ᠲᠡᠶ ᠠᠵᠢᠯ ᠭᠢᠯᠭᠡᠭᠡᠤᠨ ᠰᠢᠷᠬᠠᠳᠤᠭᠰᠠᠨ ᠥᠭᠦᠭ᠍ᠰᠡᠨ ᠭᠦᠡᠳᠤ ᠶᠡᠭᠡ ᠭᠡᠨᠡᠳᠡᠯ ᠭᠠᠷᠴᠤ ᠭᠦᠡᠳᠤ ᠨᠤᠴᠢᠳᠠᠢ ᠣᠷᠰᠢᠭ ᠳᠠᠳᠠᠭᠰᠠᠨ ᠪᠠᠢ᠌ᠪᠠᠯ ᠬᠠᠤᠯᠢ ᠶᠤᠰᠤᠭᠠᠷ ᠬᠠᠷᠢᠭᠤᠴᠠᠯᠭ᠎ᠠ ᠲᠡᠶ ᠭᠦᠮᠤᠨ ᠡᠴᠡ ᠡᠷᠡᠭᠦᠤ ᠶᠢᠨ ᠬᠠᠷᠢᠭᠤᠴᠠᠯᠭ᠎ᠠ ᠨᠡᠭᠡᠮᠵᠢᠯᠡᠨ᠎ᠡ᠃

ᠶᠠᠷᠠᠨ ᠳᠦᠷᠪᠠᠳᠦᠭᠡᠷ ᠵᠣᠢ᠌ᠯ ᠭᠦᠮᠤᠨ ᠭᠡᠷᠡᠭᠯᠡᠭᠦ ᠨᠢᠭᠡᠴᠢ ᠬᠠᠤᠯᠢ ᠪᠣᠰᠤ ᠪᠠᠷ ᠪᠦᠭᠦᠯᠢ ᠠᠷᠪᠠᠨ ᠵᠢᠷᠭᠤᠭᠠᠨ ᠨᠠᠰᠤ ᠭᠦᠷᠦᠭᠡᠳᠦᠢ ᠨᠠᠰᠤᠨ ᠳᠤ ᠦᠯᠦ ᠭᠦᠷᠦᠭ᠍ᠰᠡᠳ ᠢ ᠡᠯᠰᠡᠵᠤ ᠭᠡᠷᠡᠭᠯᠡᠭ᠍ᠰᠡᠨ ᠪᠠᠢ᠌ᠪᠠᠯ ᠭᠦᠳᠡᠯᠮᠦᠷᠢ ᠶᠢᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠡᠴᠡ ᠵᠠᠷᠯᠢᠭᠳᠠᠨ ᠵᠠᠯᠠᠷᠠᠭᠤᠯᠵᠤ ᠵᠤᠭᠤᠰ ᠶᠢᠡᠷ ᠳᠤᠷᠭᠠᠨ᠎ᠠ ᠣᠢ᠌ᠯᠠ ᠪᠠᠢ᠌ᠳᠠᠯ ᠨᠢ ᠭᠦᠡᠳᠤ ᠨᠤᠴᠢᠳᠠᠢ ᠪᠠᠢ᠌ᠪᠠᠯ ᠣᠢ᠌ᠯᠠᠤᠠᠪᠣᠷᠢ ᠬᠤᠳᠠᠯᠳᠤᠭᠠᠨ ᠤ ᠵᠠᠰᠠᠭ ᠵᠠᠭᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠡᠵᠡᠩᠨᠡᠭᠦ ᠦᠨᠡᠮᠯᠠᠯ ᠢ ᠨᠢ ᠬᠤᠷᠢᠶᠠᠵᠤ ᠠᠪᠣᠨ᠎ᠠ᠃

ᠶᠠᠷᠠᠨ ᠳᠠᠪᠣᠳᠤᠭᠠᠷ ᠵᠣᠢ᠌ᠯ ᠭᠦᠮᠤᠨ ᠭᠡᠷᠡᠭᠯᠡᠭᠦ ᠨᠢᠭᠡᠴᠢ ᠡᠮᠡᠭ᠍ᠳᠡᠢ ᠠᠵᠢᠯᠳᠠᠨ ᠠᠵᠢᠯᠴᠢᠨ ᠪᠠ ᠨᠠᠰᠤᠨ ᠳᠤ ᠭᠦᠷᠦᠭᠡᠳᠦᠢ ᠠᠵᠢᠯᠴᠢᠨ ᠤ ᠬᠠᠮᠠᠭᠠᠯᠠᠯᠳᠠ ᠶᠢᠨ ᠳᠤᠬᠠᠢ ᠳᠤᠰ ᠬᠠᠤᠯᠢ ᠶᠢᠨ ᠳᠤᠭᠳᠠᠭᠠᠯ ᠢ ᠵᠦᠷᠢᠴᠠᠨ ᠳᠠᠳᠠ ᠨᠡᠷ ᠤᠨ ᠬᠠᠤᠯᠢ ᠶᠤᠰᠤᠨ ᠤ ᠡᠷᠭᠡ ᠠᠰᠢᠭ ᠲᠤ ᠬᠠᠯᠳᠠᠭᠰᠠᠨ ᠪᠠᠢ᠌ᠪᠠᠯ ᠭᠦᠳᠡᠯᠮᠦᠷᠢ ᠶᠢᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠡᠴᠡ ᠵᠠᠷᠯᠢᠭᠳᠠᠨ ᠵᠠᠯᠠᠷᠠᠭᠤᠯᠵᠤ ᠵᠤᠭᠤᠰ ᠶᠢᠡᠷ ᠳᠤᠷᠭᠠᠨ᠎ᠠ᠃ ᠡᠮᠡᠭ᠍ᠳᠡᠢ ᠠᠵᠢᠯᠳᠠᠨ ᠠᠵᠢᠯᠴᠢᠨ ᠪᠣᠶᠤ ᠨᠠᠰᠤᠨ ᠳᠤ ᠭᠦᠷᠦᠭᠡᠳᠦᠢ ᠠᠵᠢᠯᠴᠢᠨ ᠳᠤ ᠬᠤᠭᠢᠷᠠᠯ ᠣᠴᠠᠷᠠᠭᠤᠯᠤᠭᠰᠠᠨ ᠪᠠᠢ᠌ᠪᠠᠯ ᠳᠦᠯᠦᠭᠦ ᠬᠠᠷᠢᠭᠤᠴᠠᠯᠭ᠎ᠠ ᠡᠭᠦᠷᠭᠡᠯᠡᠭᠦ ᠭᠡᠷᠡᠭ᠍ᠳᠡᠢ᠃

ᠶᠠᠷᠠᠨ ᠵᠢᠷᠭᠤᠳᠤᠭᠠᠷ ᠵᠣᠢ᠌ᠯ ᠭᠦᠮᠤᠨ ᠭᠡᠷᠡᠭᠯᠡᠭᠦ ᠨᠢᠭᠡᠴᠢ ᠳᠤᠤᠷ᠎ᠠ ᠵᠢᠭᠰᠠᠭᠠᠭᠰᠠᠨ ᠣᠢ᠌ᠯᠠ ᠠᠵᠢᠯᠯᠠᠭ᠎ᠠ ᠶᠢᠨ ᠨᠢᠭᠡ ᠶᠢ ᠭᠠᠷᠭᠠᠭᠰᠠᠨ ᠪᠠᠢ᠌ᠪᠠᠯ ᠳᠤᠳᠤᠭᠠᠳᠤ ᠶᠢ ᠬᠠᠮᠠᠭᠠᠯᠠᠬᠤ ᠪᠠᠢ᠌ᠭᠤᠯᠭ᠎ᠠ ᠡᠴᠡ ᠬᠠᠷᠢᠭᠤᠴᠠᠯᠭ᠎ᠠ ᠲᠡᠶ ᠭᠦᠮᠤᠨ ᠳᠤ ᠠᠷᠪᠠᠨ ᠳᠠᠪᠤᠨ ᠬᠤᠨᠤᠭ ᠡᠴᠡ ᠳᠤᠷᠤᠭᠰᠢ ᠲᠦᠷ ᠬᠤᠷᠢᠬᠤ᠂ ᠵᠤᠭᠤᠰ ᠶᠢᠡᠷ ᠳᠤᠷᠭᠠᠬᠤ ᠪᠣᠶᠤ ᠰᠠᠷᠠᠮᠵᠢ ᠦᠭ‍ᠭᠦ ᠰᠢᠦᠡᠭᠡᠯ ᠦᠭ‍ᠭᠦᠨ᠎ᠡ᠃ ᠶᠠᠯ᠎ᠠ ᠪᠣᠯᠵᠤ ᠪᠦᠷᠢᠯᠳᠤᠭᠰᠠᠨ ᠪᠠᠢ᠌ᠪᠠᠯ ᠬᠠᠤᠯᠢ ᠶᠤᠰᠤᠭᠠᠷ ᠬᠠᠷᠢᠭᠤᠴᠠᠯᠭ᠎ᠠ ᠲᠡᠶ ᠭᠦᠮᠤᠨ ᠡᠴᠡ ᠡᠷᠡᠭᠦᠤ ᠶᠢᠨ ᠬᠠᠷᠢᠭᠤᠴᠠᠯᠭ᠎ᠠ ᠨᠡᠭᠡᠮᠵᠢᠯᠡᠨ᠎ᠡ᠄

( ᠨᠢᠭᠡ ) ᠭᠦᠴᠦᠷᠭᠡᠭᠯᠡᠯ᠂ ᠰᠥᠷᠳᠡᠭᠦᠯᠦᠯ ᠪᠣᠶᠤ ᠭᠦᠮᠤᠨ ᠤ ᠪᠠᠶ᠎ᠠ ᠶᠢᠨ ᠡᠷᠭᠡ ᠴᠢᠯᠦᠭᠡ ᠶᠢ ᠬᠠᠤᠯᠢ ᠪᠣᠰᠤ ᠪᠠᠷ ᠭᠢᠵᠠᠭᠠᠷᠯᠠᠬᠤ ᠠᠷᠭ᠎ᠠ ᠪᠠᠷ ᠠᠯᠪᠠᠳᠠᠨ ᠭᠦᠳᠡᠯᠮᠦᠷᠢᠯᠡᠭᠦᠯᠦᠭ᠍ᠰᠡᠨ

( ᠬᠤᠶᠠᠷ ) ᠭᠦᠳᠡᠯᠮᠦᠷᠢᠴᠢᠨ ᠢ ᠳᠤᠷᠤᠮᠵᠢᠯᠠᠵᠤ᠂ ᠳᠠᠮᠤᠯᠠᠨ ᠵᠤᠪᠠᠭᠠᠵᠤ᠂ ᠵᠤᠳᠤᠵᠤ ᠴᠤᠭᠢᠬᠤ᠂ ᠬᠠᠤᠯᠢ ᠪᠣᠰᠤ ᠪᠠᠷ ᠨᠡᠩᠵᠢᠭ᠍ᠰᠡᠨ ᠪᠠ ᠬᠤᠷᠢᠭᠰᠠᠨ᠃

ᠶᠠᠷᠠᠨ ᠳᠤᠯᠤᠳᠤᠭᠠᠷ ᠵᠣᠢ᠌ᠯ ᠭᠦᠮᠤᠨ ᠭᠡᠷᠡᠭᠯᠡᠭᠦ ᠨᠢᠭᠡᠴᠢ ᠶᠢᠨ ᠣᠴᠢᠷ ᠰᠢᠯᠳᠠᠭᠠᠨ ᠡᠴᠡ ᠪᠣᠯᠵᠤ ᠭᠦᠴᠤᠨ ᠦᠭᠡᠶ ᠭᠡᠷ᠎ᠡ ᠪᠠᠢ᠌ᠭᠤᠯᠤᠭᠠᠤᠨ ᠭᠦᠳᠡᠯᠮᠦᠷᠢᠴᠢᠳ ᠲᠤ ᠬᠤᠭᠢᠷᠠᠯ ᠣᠴᠠᠷᠠᠭᠤᠯᠤᠭᠰᠠᠨ ᠪᠠᠢ᠌ᠪᠠᠯ ᠳᠦᠯᠦᠭᠦ ᠬᠠᠷᠢᠭᠤᠴᠠᠯᠭ᠎ᠠ ᠡᠭᠦᠷᠭᠡᠯᠡᠭᠦ ᠭᠡᠷᠡᠭ᠍ᠳᠡᠢ᠃

ᠶᠠᠷᠠᠨ ᠨᠢ᠋ᠮᠠᠳᠤᠭᠠᠷ ᠵᠣᠢ᠌ᠯ ᠭᠦᠮᠤᠨ ᠭᠡᠷᠡᠭᠯᠡᠭᠦ ᠨᠢᠭᠡᠴᠢ ᠳᠤᠰ ᠬᠠᠤᠯᠢ ᠳᠤ ᠳᠤᠭᠳᠠᠭᠠᠭᠰᠠᠨ ᠨᠥᠭᠦᠴᠡᠯ ᠢ ᠵᠦᠷᠢᠴᠠᠨ ᠭᠦᠳᠡᠯᠮᠦᠷᠢ ᠶᠢᠨ ᠭᠡᠷ᠎ᠡ ᠶᠢ ᠭᠦᠴᠤᠨ ᠦᠭᠡᠶ ᠪᠣᠯᠭᠠᠭᠰᠠᠨ ᠪᠣᠶᠤ ᠵᠤᠷᠢᠭᠤᠳᠠ ᠣᠳᠠᠭᠠᠰᠢᠷᠠᠭᠤᠯᠤᠨ ᠭᠦᠳᠡᠯᠮᠦᠷᠢ ᠶᠢᠨ ᠭᠡᠷ᠎ᠡ ᠳᠤᠭᠳᠠᠭᠠᠬᠤ ᠦᠭᠡᠶ ᠪᠠᠢ᠌ᠪᠠᠯ ᠭᠦᠳᠡᠯᠮᠦᠷᠢ ᠶᠢᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠡᠴᠡ ᠵᠠᠷᠯᠢᠭᠳᠠᠨ ᠵᠠᠯᠠᠷᠠᠭᠤᠯᠤᠨ᠎ᠠ᠃ ᠭᠦᠳᠡᠯᠮᠦᠷᠢᠴᠢᠳ ᠲᠤ ᠬᠤᠭᠢᠷᠠᠯ ᠣᠴᠠᠷᠠᠭᠤᠯᠤᠭᠰᠠᠨ ᠪᠠᠢ᠌ᠪᠠᠯ ᠳᠦᠯᠦᠭᠦ ᠬᠠᠷᠢᠭᠤᠴᠠᠯᠭ᠎ᠠ ᠡᠭᠦᠷᠭᠡᠯᠡᠭᠦ ᠭᠡᠷᠡᠭ᠍ᠳᠡᠢ᠃

ᠶᠠᠷᠠ ᠶ‍ᠢᠰᠦᠳᠦᠭᠡᠷ ᠵᠣᠢ᠌ᠯ ᠭᠦᠮᠤᠨ ᠭᠡᠷᠡᠭᠯᠡᠭᠦ ᠨᠢᠭᠡᠴᠢ ᠭᠦᠳᠡᠯᠮᠦᠷᠢ ᠶᠢᠨ ᠭᠡᠷ᠎ᠡ ᠡᠴᠡ ᠪᠠᠨ ᠠᠩᠭᠢᠵᠢᠷᠠᠭᠠᠳᠤᠢ ᠭᠦᠳᠡᠯᠮᠦᠷᠢᠴᠢᠨ ᠢ ᠡᠯᠰᠡᠵᠤ ᠭᠡᠷᠡᠭᠯᠡᠭᠡᠤᠨ ᠣᠤᠯ ᠤᠨ ᠭᠦᠮᠤᠨ ᠭᠡᠷᠡᠭᠯᠡᠭᠦ ᠨᠢᠭᠡᠴᠢ ᠳᠤ ᠠᠵᠤ ᠠᠬᠤᠢ ᠶᠢᠨ ᠬᠤᠭᠢᠷᠠᠯ ᠣᠴᠠᠷᠠᠭᠤᠯᠤᠭᠰᠠᠨ ᠪᠠᠢ᠌ᠪᠠᠯ ᠳᠤᠰ ᠭᠦᠮᠤᠨ ᠭᠡᠷᠡᠭᠯᠡᠭᠦ ᠨᠢᠭᠡᠴᠢ ᠨᠢ ᠬᠤᠯᠪᠣᠭᠳᠠᠭᠰᠠᠨ ᠳᠦᠯᠦᠭᠦ ᠬᠠᠷᠢᠭᠤᠴᠠᠯᠭ᠎ᠠ ᠶᠢ ᠬᠠᠤᠯᠢ ᠶᠤᠰᠤᠭᠠᠷ ᠡᠭᠦᠷᠭᠡᠯᠡᠭᠦ ᠭᠡᠷᠡᠭ᠍ᠳᠡᠢ᠃

ᠵᠠᠭᠤᠳᠤᠭᠠᠷ ᠵᠣᠢ᠌ᠯ ᠭᠦᠮᠤᠨ ᠭᠡᠷᠡᠭᠯᠡᠭᠦ ᠨᠢᠭᠡᠴᠢ ᠣᠴᠢᠷ ᠰᠢᠯᠳᠠᠭᠠᠨ ᠦᠭᠡᠶ ᠪᠠᠷ ᠨᠡᠢ᠌ᠭᠡᠮ ᠤᠨ ᠳᠠᠭᠠᠤᠠᠬᠠᠯ ᠤᠨ ᠰᠥᠢᠦᠡᠭᠡᠯ ᠳᠤᠰᠢᠶᠠᠬᠤ ᠦᠭᠡᠶ ᠪᠠᠢ᠌ᠪᠠᠯ ᠭᠦᠳᠡᠯᠮᠦᠷᠢ ᠵᠠᠰᠠᠭ ᠵᠠᠭᠢᠷᠭᠠᠨ ᠤ ᠰᠠᠯᠠᠭ᠎ᠠ ᠮᠦᠴᠢᠷ ᠡᠴᠡ ᠵᠠᠷᠯᠢᠭᠳᠠᠨ ᠳᠤᠭᠳᠠᠭᠰᠠᠨ ᠬᠤᠭᠤᠴᠠᠭᠠᠨ ᠳᠤ ᠳᠤᠰᠢᠶᠠᠯᠭᠠᠨ᠎ᠠ᠃ ᠬᠤᠭᠤᠴᠠᠭ᠎ᠠ ᠭᠡᠳᠦᠷᠡᠭᠡᠤᠨ ᠳᠤᠰᠢᠶᠠᠬᠤ ᠦᠭᠡᠶ ᠪᠠᠢ᠌ᠪᠠᠯ ᠣᠳᠠᠭᠠᠰᠢᠷᠠᠭᠤᠯᠤᠭᠰᠠᠨ ᠵᠤᠭᠤᠰ ᠨᠠᠮᠠᠨ ᠬᠤᠷᠢᠶᠠᠵᠤ ᠪᠣᠯᠤᠨ᠎ᠠ᠃

ᠵᠠᠭᠤ ᠨᠢᠭᠡᠳᠦᠭᠡᠷ ᠵᠣᠢ᠌ᠯ ᠭᠦᠮᠤᠨ ᠭᠡᠷᠡᠭᠯᠡᠭᠦ ᠨᠢᠭᠡᠴᠢ ᠭᠦᠳᠡᠯᠮᠦᠷᠢ ᠶᠢᠨ ᠵᠠᠰᠠᠭ ᠵᠠᠭᠢᠷᠭᠠᠨ ᠤ ᠰᠠᠯᠠᠭ᠎ᠠ ᠮᠦᠴᠢᠷ᠂ ᠬᠤᠯᠪᠣᠭᠳᠠᠯ ᠪᠦᠭᠦᠢ ᠰᠠᠯᠠᠭ᠎ᠠ ᠮᠦᠴᠢᠷ ᠵᠢᠴᠢ ᠳᠡᠭᠦᠨ ᠤ ᠠᠵᠢᠯᠳᠠᠨ ᠤ ᠭᠢᠨᠠᠯᠳᠠ ᠳᠠᠯᠪᠢᠵᠤ ᠪᠠᠢ᠌ᠴᠠᠭᠠᠬᠤ ᠡᠷᠭᠡ ᠪᠠᠨ ᠭᠡᠷᠡᠭ᠍ᠵᠢᠭᠦᠯᠭᠦ ᠶᠢ ᠶᠤᠰᠤ ᠪᠣᠰᠤ ᠪᠠᠷ ᠬᠠᠷᠰᠢᠯᠠᠵᠤ᠂ ᠢᠯᠠᠴᠢᠯᠠᠨ ᠵᠠᠭᠠᠯᠳᠤᠭᠰᠠᠤᠨ ᠲᠤ ᠴᠤᠭᠢᠯᠳᠠ ᠦᠭ‍ᠭᠦᠨ ᠳᠠᠳᠠᠨ ᠡᠴᠡ ᠬᠠᠷᠢᠭᠤ ᠠᠪᠣᠭᠰᠠᠨ ᠪᠠᠢ᠌ᠪᠠᠯ ᠭᠦᠳᠡᠯᠮᠦᠷᠢ ᠶᠢᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠪᠣᠶᠤ ᠬᠤᠯᠪᠣᠭᠳᠠᠯ ᠪᠦᠭᠦᠢ ᠰᠠᠯᠠᠭ᠎ᠠ ᠮᠦᠴᠢᠷ ᠵᠤᠭᠤᠰ ᠶᠢᠡᠷ ᠳᠤᠷᠭᠠᠨ᠎ᠠ᠃ ᠶᠠᠯ᠎ᠠ ᠪᠣᠯᠵᠤ ᠪᠦᠷᠢᠯᠳᠦᠭ᠍ᠰᠡᠨ ᠪᠠᠢ᠌ᠪᠠᠯ ᠬᠠᠷᠢᠭᠤᠴᠯᠭ᠎ᠠ ᠲᠡᠶ ᠭᠦᠮᠤᠨ ᠡᠴᠡ ᠬᠠᠤᠯᠢ ᠶᠤᠰᠤᠭᠠᠷ ᠡᠷᠡᠭᠦᠤ ᠶᠢᠨ ᠬᠠᠷᠢᠭᠤᠴᠠᠯᠭ᠎ᠠ ᠨᠡᠭᠡᠮᠵᠢᠯᠡᠨ᠎ᠡ᠃

ᠵᠠᠭᠤ ᠬᠤᠶᠠᠳᠤᠭᠠᠷ ᠵᠣᠢ᠌ᠯ ᠭᠦᠳᠡᠯᠮᠦᠷᠢᠴᠢᠨ ᠳᠤᠰ ᠬᠠᠤᠯᠢ ᠳᠤ ᠳᠤᠭᠳᠠᠭᠠᠭᠰᠠᠨ ᠨᠥᠭᠦᠴᠡᠯ ᠢ ᠵᠦᠷᠢᠴᠠᠨ ᠭᠦᠳᠡᠯᠮᠦᠷᠢ ᠶᠢᠨ ᠭᠡᠷ᠎ᠡ ᠶᠢ ᠭᠦᠴᠤᠨ ᠦᠭᠡᠶ ᠪᠣᠯᠭᠠᠭᠰᠠᠨ ᠪᠣᠶᠤ ᠭᠦᠳᠡᠯᠮᠦᠷᠢ ᠶᠢᠨ ᠭᠡᠷ᠎ᠡ ᠳᠤ ᠳᠤᠭᠳᠠᠭᠠᠭᠰᠠᠨ ᠨᠢᠭᠤᠴᠠ ᠶᠢ ᠬᠠᠮᠠᠭᠠᠯᠠᠬᠤ ᠵᠣᠢ᠌ᠯ ᠵᠤᠷᠪᠣᠰ ᠢ ᠵᠥᠷᠢᠴᠡᠭᠡᠤᠨ ᠭᠦᠮᠤᠨ ᠭᠡᠷᠡᠭᠯᠡᠭᠦ ᠨᠢᠭᠡᠴᠢ ᠳᠤ ᠠᠵᠤ ᠠᠬᠤᠢ ᠶᠢᠨ ᠬᠤᠭᠢᠷᠠᠯ ᠣᠴᠠᠷᠠᠭᠤᠯᠤᠭᠰᠠᠨ ᠪᠠᠢ᠌ᠪᠠᠯ ᠬᠠᠤᠯᠢ ᠶᠤᠰᠤᠭᠠᠷ ᠳᠦᠯᠦᠭᠦ ᠬᠠᠷᠢᠭᠤᠴᠠᠯᠭ᠎ᠠ ᠡᠭᠦᠷᠭᠡᠯᠡᠭᠦ ᠭᠡᠷᠡᠭ᠍ᠳᠡᠢ᠃

ᠵᠠᠭᠤ ᠭᠤᠷᠪᠠᠳᠤᠭᠠᠷ ᠵᠣᠢ᠌ᠯ ᠭᠦᠳᠡᠯᠮᠦᠷᠢ ᠶᠢᠨ ᠵᠠᠰᠠᠭ ᠵᠠᠭᠢᠷᠭᠠᠨ ᠤ ᠰᠠᠯᠠᠭ᠎ᠠ ᠮᠦᠴᠢᠷ ᠪᠣᠶᠤ ᠬᠤᠯᠪᠣᠭᠳᠠᠯ ᠪᠦᠭᠦᠢ ᠰᠠᠯᠠᠭ᠎ᠠ ᠮᠦᠴᠢᠷ ᠤᠨ ᠠᠵᠢᠯᠳᠠᠨ ᠡᠷᠭᠡ ᠳᠤᠰᠢᠶᠠᠯ ᠶᠢᠡᠨ ᠳᠤᠷ᠎ᠠ ᠪᠠᠷ ᠶᠢᠡᠨ ᠭᠡᠷᠡᠭᠯᠡᠨ ᠡᠭᠦᠷᠭᠡ ᠳᠤᠰᠢᠶᠠᠯ ᠶᠢᠡᠨ ᠣᠮᠳᠤᠭᠠᠢ᠌ᠯᠠᠵᠤ ᠬᠤᠪᠢ ᠶᠢᠨ ᠨᠠᠢ᠌ᠷ ᠶᠢᠡᠷ ᠬᠠᠤᠯᠢ ᠶᠤᠰᠤ ᠶᠢ ᠵᠥᠷᠢᠴᠡᠭᠡᠤᠨ ᠶᠠᠯ᠎ᠠ ᠪᠣᠯᠤᠨ ᠪᠦᠷᠢᠯᠳᠤᠭᠰᠠᠨ ᠪᠠᠢ᠌ᠪᠠᠯ ᠬᠠᠤᠯᠢ ᠶᠤᠰᠤᠭᠠᠷ ᠡᠷᠡᠭᠦᠤ ᠶᠢᠨ ᠬᠠᠷᠢᠭᠤᠴᠠᠯᠭ᠎ᠠ ᠨᠡᠭᠡᠮᠵᠢᠯᠡᠨ᠎ᠡ᠃ ᠶᠠᠯ᠎ᠠ ᠪᠣᠯᠤᠨ ᠪᠦᠷᠢᠯᠳᠤᠭᠰᠠᠨ ᠦᠭᠡᠶ ᠪᠠᠢ᠌ᠪᠠᠯ ᠵᠠᠰᠠᠭ ᠵᠠᠭᠢᠷᠭᠠᠨ ᠤ ᠰᠢᠦᠡᠭᠡᠯ ᠦᠭ‍ᠭᠦᠨ᠎ᠡ᠃

ᠵᠠᠭᠤ ᠳᠦᠷᠪᠠᠳᠦᠭᠡᠷ ᠵᠣᠢ᠌ᠯ ᠲᠦᠷᠦ ᠶᠢᠨ ᠠᠵᠢᠯᠳᠠᠨ ᠪᠠ ᠨᠡᠢ᠌ᠭᠡᠮ ᠤᠨ ᠳᠠᠭᠠᠤᠠᠬᠠᠯ ᠤᠨ ᠰᠠᠭᠤᠷᠢ ᠮᠥᠩᠭᠦ ᠶᠢ ᠭᠠᠷᠳᠠᠨ ᠡᠷᠭᠢᠯᠡᠭᠦ ᠪᠠᠢ᠌ᠭᠤᠯᠤᠮᠵᠢ ᠶᠢᠨ ᠠᠵᠢᠯᠳᠠᠨ ᠨᠡᠢ᠌ᠭᠡᠮ ᠤᠨ ᠳᠠᠭᠠᠤᠠᠬᠠᠯ ᠤᠨ ᠰᠠᠭᠤᠷᠢ ᠮᠥᠩᠭᠦ ᠶᠢ ᠨᠡᠭᠦᠯᠭᠡᠨ ᠭᠡᠷᠡᠭᠯᠡᠭᠡᠤᠨ ᠶᠠᠯ᠎ᠠ ᠪᠣᠯᠤᠨ ᠪᠦᠷᠢᠯᠳᠦᠭ᠍ᠰᠡᠨ ᠪᠠᠢ᠌ᠪᠠᠯ ᠬᠠᠤᠯᠢ ᠶᠤᠰᠤᠭᠠᠷ ᠡᠷᠡᠭᠦᠤ ᠶᠢᠨ ᠬᠠᠷᠢᠭᠤᠴᠠᠯᠭ᠎ᠠ ᠨᠡᠭᠡᠮᠵᠢᠯᠡᠨ᠎ᠡ᠃

ᠵᠠᠭᠤ ᠳᠠᠪᠣᠳᠤᠭᠠᠷ ᠵᠣᠢ᠌ᠯ ᠳᠤᠰ ᠬᠠᠤᠯᠢ ᠶᠢᠨ ᠳᠤᠭᠳᠠᠭᠠᠯ ᠢ ᠵᠦᠷᠢᠴᠠᠨ ᠭᠦᠳᠡᠯᠮᠦᠷᠢᠴᠢᠳ ᠤᠨ ᠬᠠᠤᠯᠢ ᠶᠤᠰᠤᠨ ᠤ ᠡᠷᠭᠡ ᠠᠰᠢᠭ ᠲᠤ ᠬᠠᠯᠳᠠᠭᠰᠠᠨ ᠶᠠᠪᠣᠳᠠᠯ ᠢ ᠪᠣᠰᠤᠳ ᠬᠠᠤᠯᠢ ᠴᠠᠭᠠᠵᠠ᠂ ᠵᠠᠰᠠᠭ ᠵᠠᠭᠢᠷᠭᠠᠨ ᠤ ᠬᠠᠤᠯᠢ ᠳᠤᠭᠳᠠᠭᠠᠯ ᠳᠤ ᠨᠢᠭᠡᠨᠲᠡ ᠰᠢᠦᠡᠭᠡᠭᠦ ᠪᠠᠷ ᠳᠤᠭᠳᠠᠭᠠᠭᠰᠠᠨ ᠪᠠᠢ᠌ᠪᠠᠯ ᠳᠠᠷᠠ ᠭᠦ ᠬᠠᠤᠯᠢ ᠴᠠᠭᠠᠵᠠ᠂ ᠵᠠᠰᠠᠭ ᠵᠠᠭᠢᠷᠭᠠᠨ ᠤ ᠬᠠᠤᠯᠢ ᠳᠤᠭᠳᠠᠭᠠᠯ ᠶᠤᠰᠤᠭᠠᠷ ᠰᠢᠦᠡᠭᠡᠨ᠎ᠡ᠃


ᠠᠷᠪᠠᠨ ᠭᠤᠷᠪᠠᠳᠤᠭᠠᠷ ᠪᠦᠯᠦᠭ᠌     ᠳᠠᠭᠠᠯᠳᠤᠭᠤᠯᠤᠭᠰᠠᠨ ᠳᠦᠷᠢᠮ


ᠵᠠᠭᠤ ᠵᠢᠷᠭᠤᠳᠤᠭᠠᠷ ᠵᠣᠢ᠌ᠯ ᠮᠤᠵᠢ᠂ ᠥᠪᠠᠷᠳᠡᠭᠡᠨ ᠵᠠᠰᠠᠬᠤ ᠣᠷᠤᠨ᠂ ᠰᠢᠭᠤᠳ ᠬᠠᠷᠢᠶ᠎ᠠ ᠬᠤᠳᠠ ᠶᠢᠨ ᠠᠷᠠᠤᠨ ᠤᠨ ᠵᠠᠰᠠᠭ ᠤᠨ ᠣᠷᠳᠤᠨ ᠳᠤᠰ ᠬᠠᠤᠯᠢ ᠪᠣᠯᠤᠨ ᠳᠤᠰ ᠭᠠᠵᠠᠷ ᠣᠷᠤᠨ ᠤ ᠪᠠᠨ ᠪᠣᠳᠠᠳᠠᠢ ᠪᠠᠢ᠌ᠳᠠᠯ ᠶᠢᠡᠨ ᠦᠨᠳᠦᠰᠦᠯᠠᠨ ᠭᠦᠳᠡᠯᠮᠦᠷᠢ ᠶᠢᠨ ᠭᠡᠷ᠎ᠡ ᠶᠢᠨ ᠳᠦᠷᠢᠮ ᠢ ᠭᠡᠷᠡᠭ᠍ᠵᠢᠭᠦᠯᠭᠦ ᠠᠯᠬᠤᠮ ᠳᠠᠷᠠᠭ᠎ᠠ ᠪᠠᠨ ᠳᠤᠭᠳᠠᠭᠠᠵᠤ ᠲᠦᠷᠦ ᠶᠢᠨ ᠶᠠᠪᠣᠳᠠᠯ ᠤᠨ ᠬᠤᠷᠢᠶᠠᠨ ᠳᠤ ᠮᠡᠳᠡᠭᠦᠯᠤᠨ ᠳᠠᠩᠰᠠᠯᠠᠭᠤᠯᠤᠨ᠎ᠠ᠃

ᠵᠠᠭᠤ ᠳᠤᠯᠤᠳᠤᠭᠠᠷ ᠵᠣᠢ᠌ᠯ ᠳᠤᠰ ᠬᠠᠤᠯᠢ ᠶᠢ 1995 ᠣᠨ ᠤ 1 ᠰᠠᠷ᠎ᠠ ᠶᠢᠨ 1 ᠤ ᠡᠳᠦᠷ ᠡᠴᠡ ᠭᠡᠷᠡᠭ᠍ᠵᠢᠭᠦᠯᠦᠨ᠎ᠡ᠃


ᠵᠤᠬᠢᠶᠠᠭᠴᠢ᠄
ᠢᠷᠡᠯᠲᠡ᠄
ᠳᠠᠷᠤᠮ᠄ 4033
ᠴᠠᠭ᠄ 2010 ᠤᠨ ᠤ 05 ᠰᠠᠷ᠎ᠠ ᠶᠢᠨ 30
ᠪᠢᠴᠢᠭ᠍‍ᠯᠡᠭᠴᠢ᠄ ᠪᠦᠬᠡᠡᠷᠳᠡᠨᠢ
ᠨᠠᠢ᠌ᠷᠠᠭᠤᠯᠤᠭᠴᠢ᠄ ᠪᠦᠬᠡᠡᠷᠳᠡᠨᠢ
ᠲᠤᠰ ᠵᠤᠬᠢᠶᠠᠯ ᠢ ᠪᠦᠷᠭᠡ ᠳᠡᠭᠡᠨ ᠬᠠᠳᠠᠭᠠᠯᠠᠬᠤ
ᠰᠢᠭᠦᠮᠵᠢ ᠪᠢᠴᠢᠬᠦ
ᠨᠡᠪᠲᠡᠷᠡᠨ ᠤᠷᠤᠭᠠᠷᠠᠢ᠃
ᠨᠡᠪᠲᠡᠷᠡᠨ ᠤᠷᠤᠪᠠᠯ ᠰᠠᠶ‍ᠢ ᠰᠢᠭᠦᠮᠵᠢ ᠪᠢᠴᠢᠵᠦ ᠳᠡᠢ᠌ᠯᠦᠨ᠎ᠡ᠃

ᠪᠠᠢ᠌ᠷᠢ᠄ ᠮᠤᠩᠭ᠋ᠤᠯ ᠬᠡᠪ ᠬᠠᠤᠯᠢ ᠳᠦᠷᠢᠮ - ᠬᠦᠳᠡᠯᠮᠦᠷᠢ ᠶᠢᠨ ᠬᠠᠤᠯᠢ